ᠮᠠᠨ ᠤ ᠬᠤᠰᠢᠭᠤ ᠴᠢᠬᠤᠯᠠ ᠶᠡᠭᠡ ᠲᠥᠷᠥᠯ ᠵᠤᠶᠢᠯ ᠤᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/23
   8 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢᠦ ᠬᠠᠶ ᠲᠤᠤ ᠴᠢᠬᠤᠯᠠ ᠶᠡᠭᠡ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠰᠠᠯᠭᠠᠨ ᠥᠭᠴᠦ ᠬᠡᠷᠡᠭᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠤᠶᠢᠯ ᠢ ᠬᠡᠷᠡᠭᠵᠢᠭᠦᠯᠬᠦ ᠵᠡᠷᠭᠡ ᠴᠢᠬᠤᠯᠠ ᠶᠡᠭᠡ ᠲᠥᠷᠥᠯ ᠵᠤᠶᠢᠯ ᠵᠢᠴᠢ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠦᠨ ᠹᠧᠩ ᠵᠢᠴᠢ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃    ᠴᠢᠬᠤᠯᠠ ᠶᠡᠭᠡ ᠲᠦᠷᠦᠯ ᠵᠦᠢᠯ ᠵᠢᠴᠢ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠢ ᠯᠢᠦ ᠬᠠᠢ ᠲᠤᠤ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠦᠷᠦᠯ ᠵᠦᠢᠯ ᠢ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠬᠤ ᠠᠬᠢᠴᠠ ᠪᠠᠨ ᠲᠦᠷᠭᠡᠳᠬᠡᠵᠦ᠂ ᠬᠢᠨᠠᠨ ᠪᠠᠶᠢᠴᠠᠭᠠᠵᠤ ᠨᠤᠲᠠᠯᠠᠯᠲᠠ ᠬᠢᠵᠦ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡ ᠪᠦᠯᠦᠭ ᠭᠤᠣᠯᠳᠠᠯᠭ᠎ᠠ ᠲᠠᠢ ᠵᠦᠢᠯᠡᠰ ᠢ  ᠡᠷᠳᠡᠨ ᠠᠴᠠ ᠲᠥᠯᠥᠪᠵᠢᠭᠦᠯᠦᠨ ᠬᠡᠷᠡᠭᠵᠢᠭᠦᠯᠵᠦ᠂ ᠪᠡᠯᠡ ᠣᠷᠣᠭᠤᠯᠤᠯᠲᠠ ᠶᠢᠨ ᠶᠡᠷᠦᠩᠬᠡᠶ ᠲᠤᠭ᠎ᠠ ᠶᠢ ᠪᠠᠭᠠᠰᠬᠠᠵᠤ ᠪᠣᠯᠬᠤ ᠦᠭᠡᠢ᠂ ᠲᠦᠯᠬᠢᠨ ᠠᠬᠢᠭᠤᠯᠬᠤ ᠡᠷᠴᠢᠮ ᠢ ᠪᠠᠭᠠᠰᠬᠠᠵᠤ ᠪᠣᠯᠬᠤ ᠦᠭᠡᠢ᠂ ᠵᠦᠢᠯᠡᠰ ᠤᠨ ᠶᠠᠰᠤ ᠴᠢᠨᠠᠷ ᠢ ᠳᠣᠣᠷ᠎ᠠ ᠪᠠᠶᠢᠯᠭᠠᠵᠤ ᠪᠣᠯᠬᠤ ᠦᠭᠡᠢ᠃ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠲᠥᠷᠥᠯ  ᠵᠤᠶᠢᠯ ᠤᠨ ᠠᠵᠢᠯ ᠡᠬᠢᠯᠡᠬᠦ ᠴᠠᠭ ᠢ ᠲᠣᠭᠲᠠᠭᠠᠨ᠂ ᠲᠥᠷᠥᠯ ᠵᠤᠶᠢᠯ ᠤᠨ ᠠᠵᠢᠯ ᠡᠬᠢᠯᠡᠬᠦ ᠨᠣᠷᠮ᠎ᠠ ᠶᠢ ᠳᠡᠭᠡᠭᠰᠢᠯᠡᠭᠦᠯᠵᠦ᠂ ᠲᠥᠷᠥᠯ ᠵᠤᠶᠢᠯ ᠤᠨ ᠬᠢᠨᠠᠨ ᠪᠤᠳᠤᠵᠤ ᠬᠢᠨᠠᠯᠲᠠ ᠲᠠᠯᠪᠢᠬᠤ ᠡᠷᠴᠢᠮ ᠢ ᠴᠢᠩᠭᠠᠷᠠᠭᠤᠯᠤᠨ᠂ ᠡᠯ᠎ᠡ ᠲᠥᠷᠥᠯ ᠵᠤᠶᠢᠯ ᠤᠨ ᠵᠢᠷᠤᠮᠵᠢᠯ ᠲᠠᠢ᠂ ᠠᠷᠪᠢᠲᠠᠶ᠂ ᠥᠨᠳᠥᠷ ᠪᠦᠲᠦᠮᠵᠢᠲᠡᠶ᠂ ᠴᠢᠨᠠᠷ ᠰᠠᠶᠢᠲᠠᠶ ᠠᠵᠢᠯᠯᠠᠭᠠᠨ ᠢ ᠦᠨᠡᠨᠬᠦ ᠪᠠᠲᠤᠯᠠᠬᠤ ᠬᠡᠷᠡᠭᠲᠡᠶ ᠬᠡᠵᠡᠢ᠃    ᠶᠦᠨ ᠹᠧᠩ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠲᠦᠷᠦᠯ ᠵᠦᠢᠯ ᠢ ᠵᠣᠯᠭᠠᠭᠤᠯᠬᠤ᠂ ᠵᠥᠪᠯᠡᠯᠴᠡᠭᠡᠷ ᠲᠣᠭᠲᠠᠬᠤ᠂ ᠲᠦᠷᠦᠯ ᠵᠦᠢᠯ ᠢ ᠬᠡᠷᠡᠭᠵᠢᠭᠦᠯᠬᠦ᠂ ᠪᠡᠯᠡ ᠮᠥᠩᠭᠦ ᠥᠭᠬᠦ ᠪᠠ ᠵᠠᠷᠤᠯᠭ᠎ᠠ ᠥᠭᠬᠦ ᠵᠡᠷᠭᠡ ᠠᠵᠢᠯ ᠢ ᠲᠦᠷᠭᠡᠨ ᠠᠬᠢᠭᠤᠯᠬᠤ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠤᠭᠰᠠᠨ ᠪᠥᠭᠡᠳ ᠲᠤᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠳᠡᠭᠡᠷ᠎ᠡ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠣᠰ ᠲᠣᠰ ᠪᠥᠬᠦ ᠬᠤᠰᠢᠭᠤᠨ ᠤ ᠴᠢᠬᠤᠯᠠ ᠶᠡᠭᠡ ᠲᠥᠷᠥᠯ ᠵᠤᠶᠢᠯ ᠤᠨ ᠨᠥᠭᠡᠴᠡ᠂ ᠵᠠᠰᠠᠭ ᠤᠨ ᠣᠷᠳᠣᠨ ᠤ ᠲᠤᠰᠬᠠᠶ ᠲᠥᠷᠥᠯ ᠤᠨ ᠵᠢᠭᠡᠯᠡᠯᠭᠡ ᠶᠢᠨ ᠲᠡᠮᠳᠡᠭᠲᠦ ᠶᠢᠨ ᠬᠡᠷᠡᠭᠯᠡᠯᠲᠡ᠂ ᠪᠠᠯᠠ ᠮᠥᠩᠭᠦ ᠶᠢᠨ ᠰᠠᠯᠭᠠᠨ ᠥᠭᠭᠦᠭᠰᠡᠨ ᠪᠠᠶᠢᠳᠠᠯ ᠵᠢᠴᠢ 2021 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠤᠶᠢᠯ ᠤᠨ ᠲᠥᠰᠦᠯ ᠢ ᠮᠡᠳᠡᠭᠦᠯᠦᠨ ᠬᠦᠷᠭᠡᠬᠦ ᠵᠡᠷᠭᠡ ᠤᠴᠢᠷ ᠶᠠᠪᠤᠳᠠᠯ ᠢ ᠵᠠᠷᠯᠠᠨ ᠮᠡᠳᠡᠭᠳᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号