ᠡᠮᠥᠨᠡᠳᠥ ᠬᠤᠰᠢᠭᠤᠨ ᠤ ᠡᠮᠡᠭᠳᠡᠶᠢᠴᠤᠳ ᠤᠨ ᠬᠤᠯᠪᠤᠭ᠎ᠠ ᠸᠠᠺᠼᠢᠨ ᠤ ᠳᠠᠷᠢᠯᠭ᠎ᠠ ᠬᠢᠬᠦ ᠠᠵᠢᠯ ᠢ ᠪᠦᠬᠦ ᠬᠦᠴᠥᠨ ᠢᠶᠠᠷ ᠳᠡᠮᠵᠢᠵᠤ ᠪᠠᠶᠢᠨ᠎ᠠ
ᠨᠡᠶᠢᠲᠡᠯᠡᠭᠰᠡᠨ ᠴᠠᠭ᠄
2021/8/25
   ᠲᠤᠰ ᠰᠤᠨᠢᠨ ᠤ ᠮᠡᠳᠡᠭᠡ ︵ᠰᠤᠷᠪᠤᠯᠵᠢᠯᠠᠭᠴᠢ ᠳᠤᠳᠢ︶ ᠰᠢᠨ᠎ᠡ ᠳᠢᠳᠢᠮᠯᠢᠭ ᠠᠭᠤᠰᠬᠢᠨ ᠦᠷᠪᠢᠰᠥᠯ ᠤᠨ ᠸᠠᠺᠼᠢᠨ ᠤ ᠳᠠᠷᠢᠯᠭ᠎ᠠ ᠶᠢᠨ ᠠᠵᠢᠯ ᠢ ᠡᠬᠢᠯᠡᠬᠦᠯᠥᠭᠰᠡᠨ ᠠᠴᠠ ᠨᠠᠭᠠᠰᠢ᠂ ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠡᠮᠡᠭᠳᠡᠶᠢᠴᠤᠳ ᠤᠨ ᠬᠤᠯᠪᠤᠭ᠎ᠠ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠣᠳᠣᠬᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠠ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠷᠢᠭᠦᠨ ᠴᠢᠬᠤᠯᠠ ᠶᠠᠪᠤᠳᠠᠯ ᠪᠣᠯᠭᠠᠵᠤ᠂ ︽ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠡᠮᠡᠭᠳᠡᠶᠢᠴᠤᠳ ᠤᠨ ᠬᠤᠯᠪᠤᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ︾ ᠢ ᠪᠠᠶᠢᠭᠤᠯᠵᠤ᠂ ᠪᠦᠬᠦ ᠬᠦᠴᠦᠨ ᠢᠶᠠᠨ ᠲᠥᠪᠯᠡᠷᠡᠭᠦᠯᠦᠨ ᠪᠡᠷᠬᠡ ᠰᠡᠳᠦᠪ ᠢ ᠰᠢᠶ᠋ᠳᠪᠦᠷᠢᠯᠡᠵᠦ᠂ ᠳᠠᠶᠢᠴᠢᠯᠠᠬᠤ ᠬᠤᠷᠠᠯ ᠬᠢᠬᠦ᠂ ᠰᠢᠨ᠎ᠡ ᠵᠠᠭᠤᠴᠢᠯᠠᠭᠤᠷ ᠲᠤ ᠲᠦᠰᠢᠭᠯᠡᠨ ᠤᠬᠠᠭᠤᠯᠬᠤ ᠵᠡᠷᠭᠡ ᠠᠷᠭ᠎ᠠ ᠪᠠᠷ ᠳᠠᠮᠵᠢᠨ᠂ ᠸᠠᠺᠼᠢᠨ ᠤ ᠲᠠᠷᠢᠯᠭ᠎ᠠ ᠶᠢᠨ ᠠᠵᠢᠯ ᠤᠨ ᠠᠬᠢᠴᠠ ᠶᠢ ᠲᠦᠷᠭᠡᠳᠬᠡᠵᠡᠶ᠃    ᠡᠮᠡᠭᠳᠡᠶᠢᠴᠤᠳ ᠤᠨ ᠬᠤᠯᠪᠤᠭ᠎ᠠ ᠶᠢᠨ ᠪᠦᠬᠦ ᠺᠠᠳ᠋ᠷᠴᠤᠳ ᠢ ᠵᠣᠬᠢᠶᠠᠨ ᠪᠠᠶᠢᠭᠤᠯᠵᠤ ᠳᠠᠭᠠᠭᠠᠴᠢᠯᠠᠨ ᠠᠪᠤᠭᠰᠠᠨ ᠬᠤᠷᠴᠢᠨ ᠪᠠᠯᠭᠠᠰᠥᠨ ᠤ ᠰᠢᠩ ᠺᠧ ᠨᠡᠶᠢᠭᠡᠮ ᠲᠣᠭᠤᠷᠢᠭ᠂ ᠲᠠᠢ ᠹᠧᠩ ᠪᠠᠭ᠎ᠠ ᠲᠣᠭᠤᠷᠢᠭ᠂ ᠵᠢᠷᠥᠭᠡᠨ ᠪᠠᠯᠭᠠᠰᠤᠨ ᠤ ᠶᠦᠩ ᠰᠢᠩ ᠲᠣᠰᠬᠤᠨ ᠵᠡᠷᠭᠡ ᠭᠠᠵᠠᠷ ᠢᠶᠠᠷ ᠬᠦᠨᠵᠡᠬᠡᠶᠢᠷᠡᠨ᠂ ᠸᠠᠺᠼᠢᠨ ᠤ ᠲᠠᠷᠢᠯᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠲᠠᠷᠢᠯᠭ᠎ᠠ ᠶᠢ ᠲᠦᠷ ᠬᠤᠶᠢᠰᠢᠯᠠᠭᠤᠯᠬᠤ᠂ ᠬᠠᠷᠢᠯᠴᠠᠭ᠎ᠠ ᠲᠠᠰᠤᠷᠠᠭᠰᠠᠨ ᠂ ᠳᠠᠷᠢᠯᠭ᠎ᠠ ᠬᠢᠬᠦ ᠶᠣᠰᠣᠲᠠᠶ ᠶᠢ ᠨᠢ ᠭᠥᠯᠢᠶᠡᠨ ᠠᠪᠤᠭᠰᠠᠨ ᠥᠬᠡᠶ ᠵᠡᠷᠭᠡ 3 ᠲᠥᠷᠥᠯ ᠤᠨ ᠭᠤᠤᠯᠳᠠᠯᠭ᠎ᠠ ᠲᠠᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠦᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠯᠬᠤᠮ ᠳᠠᠷᠠᠭ᠎ᠠ ᠲᠠᠢ ᠳᠠᠷᠢᠯᠭ᠎ᠠ ᠬᠢᠬᠦ ᠶᠢ ᠰᠠᠨᠠᠭᠠᠴᠢᠯᠠᠵᠤ᠂ ︽ᠨᠢᠭᠡ ᠬᠥᠮᠦᠨ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠂ ︽ᠨᠢᠭᠡ ᠺᠠᠳ᠋ᠷ ᠨᠢᠭᠡ ᠬᠦᠮᠥᠨ ᠢ ᠬᠠᠪᠰᠤᠷᠴᠥ ᠳᠠᠷᠢᠯᠭ᠎ᠠ ᠬᠢᠬᠦ︾ ᠶᠢ ᠪᠡᠶᠡᠯᠡᠭᠦᠯᠵᠦ᠂ ᠲᠠᠷᠢᠯᠭ᠎ᠠ ᠬᠢᠭᠰᠡᠨ ᠥᠬᠡᠶ ᠬᠥᠮᠦᠨ ᠨᠢᠭᠡ ᠪᠦᠷᠢ ᠶᠢ ᠲᠤᠰᠬᠠᠶ ᠬᠥᠮᠦᠨ ᠢᠶᠠᠷ ᠬᠠᠷᠢᠭᠤᠴᠠᠭᠤᠯᠤᠨ ᠵᠣᠯᠭᠠᠭᠤᠯᠬᠤ ᠶᠢ ᠦᠨᠡᠨ ᠬᠦ ᠪᠠᠲᠤᠯᠠᠵᠤ ᠪᠤᠢ᠃    ︽ᠬᠢᠵᠢᠭ ᠤᠨ ᠪᠠᠶᠢᠳᠠᠯ ᠪᠣᠯ ᠳᠠᠷᠤᠶ ᠵᠠᠷᠯᠢᠭ ᠮᠥᠨ᠂ ᠰᠡᠷᠭᠡᠶᠢᠯᠡᠨ ᠡᠵᠡᠮᠳᠡᠬᠦ ᠪᠣᠯ ᠳᠠᠷᠤᠶ ᠬᠠᠷᠢᠭᠤᠴᠠᠯᠭ᠎ᠠ ᠮᠥᠨ᠃ ᠡᠨᠡ ᠪᠣᠯ ᠳᠠᠷᠤᠢ ᠮᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠭᠤᠶᠢᠯᠠᠩ ᠤᠨ ᠺᠠᠳ᠋ᠷ ᠠᠵᠢᠯᠳᠠᠳ ᠤᠨ ᠬᠠᠮᠲᠤ ᠶᠢᠨ ᠰᠡᠳᠬᠢᠯ ᠤᠨ ᠲᠠᠭᠤᠨ ᠪᠣᠯᠤᠨ᠎ᠠ᠂ ᠪᠢᠳᠡ ᠬᠦᠮᠥᠨ ᠪᠦᠬᠦᠨ ᠤᠯᠤᠰ ᠤᠨ ᠤᠷᠢᠶᠠᠯᠠᠭ᠎ᠠ ᠶᠢ ᠳᠠᠭᠠᠬᠤ ᠬᠡᠷᠡᠭᠳᠡᠢ᠂ ᠪᠢᠳᠡ ᠡᠷᠥᠭᠡ ᠪᠠᠷ ᠬᠦᠨᠵᠡᠬᠡᠶᠢᠷᠡᠨ ᠤᠬᠠᠭᠤᠯᠬᠤ ᠶᠢᠨ ᠬᠠᠮᠳᠥ ᠤᠯᠠᠨ ᠲᠦᠮᠡᠨ ᠳᠤ ᠸᠠᠺᠼᠢᠨ ᠤ ᠳᠠᠷᠢᠯᠭ᠎ᠠ ᠬᠢᠬᠦ ᠶᠢᠨ ᠠᠰᠢᠭ ᠲᠤᠰᠠ ᠵᠡᠷᠭᠡ ᠶᠢ ᠨᠠᠷᠢᠯᠢᠭ ᠳᠠᠶᠢᠯᠪᠤᠷᠢᠯᠠᠨ ᠦᠭᠴᠥ ᠪᠤᠢ᠃ ᠢᠡᠭᠬᠢᠬᠦ ᠪᠠᠷ ᠳᠠᠮᠵᠢᠨ ᠤᠯᠠᠨ ᠲᠦᠮᠡᠨ ᠤ ᠸᠠᠺᠼᠢᠨ ᠤ ᠳᠠᠷᠢᠯᠭ᠎ᠠ ᠬᠢᠬᠦ ᠦᠵᠡᠯᠳᠡ ᠲᠠᠨᠢᠯᠳᠠ ᠶᠢ ᠳᠡᠭᠡᠭᠰᠢᠯᠡᠬᠦᠯᠵᠤ ᠪᠤᠢ︾ ᠭᠡᠵᠤ ᠡᠮᠥᠨᠡᠳᠥ ᠬᠤᠰᠢᠭᠤᠨ ᠤ ᠡᠮᠡᠭᠳᠡᠶᠢᠴᠤᠳ ᠤᠨ ᠬᠤᠯᠪᠤᠭ᠎ᠠ ᠶᠢᠨ ᠠᠵᠢᠯᠳᠠᠨ ᠸᠠᠩ ᠢᠤᠢ ᠮᠸᠢ ᠬᠡᠯᠡᠨ᠎ᠡ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号