ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠥ ᠪᠤᠢ
ᠨᠡᠶᠢᠲᠡᠯᠡᠭᠰᠡᠨ ᠴᠠᠭ᠄
2021/8/25
   ᠳᠤᠰ ᠰᠤᠨᠢᠨ ᠤ ᠮᠡᠳᠡᠭᠡ 8 ᠰᠠᠷ᠎ᠠ ᠶᠢᠨ 19 ᠤ ᠡᠳᠦᠷ ᠠᠴᠠ ᠡᠬᠢᠯᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯ᠎ᠠ ᠰᠤᠷᠭᠠᠭᠤᠯᠢ ᠨᠠᠮᠤᠷ ᠤᠨ ᠤᠯᠠᠷᠢᠯ ᠤᠨ ᠰᠤᠷᠭᠠᠭᠤᠯᠢ ᠳᠤ ᠣᠷᠣᠬᠤ ᠠᠴᠠ ᠡᠮᠦᠨᠡᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠠᠯᠭᠠᠭ᠎ᠠ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠡᠯ᠎ᠡ ᠵᠦᠶ᠋ᠯ ᠤᠨ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠶ ᠪᠠᠷ ᠨᠠᠶᠢᠳᠠᠪᠤᠷᠢᠵᠢᠭᠤᠯᠤᠨ᠂ ᠡᠨᠡ ᠵᠢᠯ ᠤᠨ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠠᠴᠠ ᠡᠮᠦᠨᠡᠬᠢ ᠡᠯ᠎ᠡ ᠵᠠᠩᠭᠢᠯᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ ᠂ ᠪᠠᠭᠰᠢ ᠰᠤᠷᠤᠭᠴᠢᠳ ᠤᠨ ᠡᠷᠡᠭᠦᠯ ᠮᠡᠨᠳᠦ᠂ ᠵᠢᠭᠠᠨ ᠰᠤᠷᠭᠠᠯᠲᠠ ᠶᠢᠨ ᠡᠮᠬᠢ ᠵᠢᠷᠤᠮ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠦᠨᠡᠨ ᠬᠦ ᠪᠠᠳᠤᠯᠠᠵᠥ ᠪᠠᠶᠢᠨ᠎ᠠ᠃    19 ᠤ ᠡᠳᠤᠷ ᠤᠨ ᠥᠷᠯᠥᠭᠡ ᠶᠢᠨ ᠨᠠᠢᠮᠠᠨ ᠴᠠᠭ ᠭᠠᠷᠤᠶ ᠶᠢᠨ ᠥ᠊ ᠡᠶ᠎ᠡ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠦᠷᠢᠶᠡᠨ ᠳᠤ ᠡᠮᠴᠢ ᠰᠤᠪᠢᠯᠠᠭᠴᠢᠳ ᠠᠯᠢ ᠡᠷᠲᠡ ᠰᠤᠷᠭᠠᠭᠤᠯᠢ ᠶᠢᠨ ᠬᠦᠷᠢᠶᠡᠨ ᠳᠤ ᠢᠷᠡᠵᠦ 400 ᠭᠠᠷᠤᠶ ᠰᠤᠷᠤᠭᠴᠢᠳ ᠲᠤ ᠰᠢᠨ᠎ᠡ ᠸᠢᠷᠦ᠋ᠰ ᠤᠨ ᠸᠠᠺᠼᠢᠨ ᠳᠠᠷᠢᠵᠤ ᠪᠢᠯᠡ᠃ ᠰᠤᠷᠤᠭᠴᠢᠳ ᠪᠡᠶ᠎ᠡ ᠶᠢᠨ ᠦᠨᠡᠮᠯᠡᠯ ᠪᠠ ᠬᠢᠨᠠᠨ ᠬᠠᠮᠠᠭᠠᠯᠠᠭᠴᠢ ᠶᠢᠨ ᠭᠠᠷ ᠤᠨ ᠥᠰᠥᠭ ᠵᠢᠷᠤᠭᠰᠠᠨ ᠲᠠᠷᠢᠯᠭ᠎ᠠ ᠶᠢᠨ ᠪᠠᠶᠢᠳᠠᠯ ᠢ ᠮᠡᠳᠡᠬᠦ ᠵᠥᠪᠰᠢᠶᠡᠷᠡᠯ ᠤᠨ ᠪᠢᠴᠢᠭ ᠢ ᠭᠠᠷ ᠲᠤ ᠪᠠᠨ ᠪᠠᠷᠢᠵᠤ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠵᠢᠯᠲᠠᠨ ᠪᠠ ᠰᠤᠷᠭᠠᠭᠤᠯᠢ ᠶᠢᠨ ᠪᠠᠭᠰᠢ ᠶᠢᠨ ᠵᠢᠯᠣᠭᠤᠳᠣᠯᠭ᠎ᠠ ᠳᠣᠤᠷ᠎ᠠ ᠮᠥᠷᠯᠡᠵᠦ᠂ ᠲᠡᠮᠳᠡᠭᠯᠡᠵᠦ᠂ ᠮᠡᠳᠡᠭᠡ ᠵᠠᠩᠭᠢ ᠪᠠᠨ ᠪᠢᠴᠢᠵᠦ᠂ ᠴᠢᠰᠤᠨ ᠳᠠᠷᠤᠯᠲᠠ ᠶᠢ ᠬᠡᠮᠵᠢᠨ᠂ ᠸᠠᠺᠼᠢᠨ ᠤ ᠲᠠᠷᠢᠯᠭ᠎ᠠ ᠬᠢᠬᠦ᠂ ᠦᠯᠡᠳᠡᠭᠡᠵᠥ ᠪᠠᠶᠢᠴᠡᠭᠠᠬᠤ᠂ ᠸᠠᠺᠼᠢᠨ ᠤ ᠲᠠᠷᠢᠯᠭ᠎ᠠ ᠶᠢᠨ ᠠᠬᠤᠶ ᠲᠠᠯᠠᠪᠠᠶ ᠡᠮᠬᠢ ᠳᠢᠭᠯᠢᠮ ᠲᠠᠢ ᠪᠠᠶᠢᠯ᠎ᠠ᠃ ᠲᠤᠬᠠᠢ ᠶᠢᠨ ᠲᠠᠯᠠᠪᠡᠢ ᠳᠤ᠂ ᠸᠠᠺᠼᠢᠨ ᠤ ᠲᠠᠷᠢᠯᠭ᠎ᠠ ᠶᠢᠨ ᠲᠠᠯᠠᠪᠠᠶ ᠪᠦᠬᠦᠨ ᠳᠤ ᠭᠠᠭᠴᠠ ᠴᠢᠭᠯᠡᠯ ᠢᠶᠠᠷ ᠶᠠᠪᠤᠭᠤᠯᠬᠤ ᠪᠢᠲᠡᠭᠦᠦ ᠴᠠᠭᠠᠷᠢᠭ ᠬᠡᠯᠪᠡᠷᠢ ᠶᠢᠨ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠦᠭᠰᠡᠨ ᠪᠥᠭᠡᠳ ᠰᠤᠷᠤᠭᠴᠢ ᠨᠢᠭᠡ ᠪᠦᠷᠢ ᠳᠤ 10 ᠮᠢᠨᠦ᠋ᠲ ᠣᠷᠴᠢᠮ ᠯᠠ ᠬᠡᠷᠡᠭᠯᠡᠪᠡᠯ ᠳᠠᠷᠤᠶ ᠸᠠᠺᠼᠢᠨ ᠤ ᠲᠠᠷᠢᠯᠭ᠎ᠠ ᠶᠢ ᠪᠡᠶᠡᠯᠡᠭᠦᠯᠵᠦ᠂ ᠸᠠᠺᠼᠢᠨ ᠤ ᠲᠠᠷᠢᠯᠭ᠎ᠠ ᠶᠢᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃    ᠡᠭᠦᠨ ᠤ ᠬᠠᠮᠲᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠪᠠᠭᠰᠢ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠰᠤᠷᠭᠠᠭᠤᠯᠢ ᠠᠴᠠ ᠠᠵᠢᠯᠲᠠᠳ ᠢᠶᠠᠨ ᠵᠣᠬᠢᠶᠠᠨ ᠪᠠᠶᠢᠭᠤᠯᠵᠤ ᠰᠤᠷᠭᠠᠭᠤᠯᠢ ᠶᠢᠨ ᠬᠦᠷᠢᠶᠡᠨ ᠤ ᠠᠷᠢᠭᠤᠳᠬᠠᠬᠤ ᠠᠵᠢᠯ ᠢ ᠥᠷᠨᠢᠭᠦᠯᠪᠡ᠃ ᠠᠵᠢᠯᠲᠠᠳ ᠠᠷᠢᠭᠤᠳᠬᠠᠬᠤ ᠰᠢᠩᠭᠡᠨ ᠢ ᠨᠠᠷᠢᠨ ᠬᠢᠨᠠᠮᠠᠭᠠᠶ ᠲᠣᠬᠢᠷᠠᠭᠤᠯᠵᠤ᠂ ᠬᠠᠮᠠᠭᠠᠯᠠᠯᠲᠠ ᠶᠢᠨ ᠬᠤᠪᠴᠠᠰᠤ ᠡᠮᠦᠰᠴᠦ᠂ ᠬᠢᠴᠢᠶᠡᠯ ᠤᠨ ᠬᠡᠷ᠂ ᠠᠰᠠᠷ ᠤᠨ ᠬᠤᠩᠭᠢᠯ᠂ ᠬᠤᠭᠤᠯᠠᠨ ᠬᠡᠷ᠂ ᠪᠠᠶᠢᠷᠢ ᠶᠢᠨ ᠠᠰᠠᠷ ᠵᠡᠷᠭᠡ ᠪᠠᠭᠰᠢ ᠰᠤᠷᠤᠭᠴᠢᠳ ᠤᠨ ᠰᠤᠷᠤᠯᠴᠠᠬᠤ᠂ ᠬᠤᠭᠤᠯᠠᠯᠠᠬᠤ᠂ ᠬᠤᠨᠣᠬᠤ ᠭᠠᠵᠠᠷ ᠢ ᠠᠷᠢᠭᠤᠳᠬᠠᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号