ᠡᠮᠦᠨᠡᠲᠦ ᠬᠤᠰᠢᠭᠤ ᠪᠥᠭᠦ ᠭᠥᠴᠥᠨ ᠢᠶᠠᠷ ᠢᠶᠠᠨ ᠰᠢᠨ᠎ᠡ ᠲᠢᠲᠢᠮᠯᠢᠭ ᠠᠭᠤᠰᠬᠢᠨ ᠥᠷᠪᠢᠰᠤᠯ ᠤᠨ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠳᠥᠯᠭᠢᠨ ᠠᠬᠢᠭᠤᠯᠪᠠ
ᠨᠡᠶᠢᠲᠡᠯᠡᠭᠰᠡᠨ ᠴᠠᠭ᠄
2021/8/25
   ᠲᠤᠰ ᠰᠤᠨᠢᠨ ᠤ ᠮᠠᠳᠡᠭᠡ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠠᠶᠢᠮᠠᠭ ᠤᠨ ᠨᠠᠮ ᠤᠨ ᠬᠤᠷᠢᠶᠠᠨ ᠤ ᠬᠤᠷᠠᠯ ᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠢᠨ᠎ᠡ ᠲᠢᠲᠢᠮᠯᠢᠭ ᠠᠭᠤᠰᠬᠢᠨ ᠥᠷᠪᠢᠰᠤᠯ ᠤᠨ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠨᠢᠭᠡ ᠵᠦᠶ᠋ᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠬᠦᠴᠦᠨ ᠢᠶᠠᠨ ᠲᠥᠪᠯᠡᠷᠡᠭᠦᠯᠦᠨ ᠪᠡᠷᠬᠡ ᠰᠡᠳᠦᠪ ᠢ ᠰᠢᠶ᠋ᠳᠪᠦᠷᠢᠯᠡᠵᠥ ᠪᠠᠶᠢᠨ᠎ᠠ᠃ 5 ᠰᠠᠷ᠎ᠠ ᠶᠢᠨ 1 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠥᠷᠪᠢᠰᠤᠯ ᠤᠨ ᠸᠢᠷᠦ᠋ᠰ ᠤᠨ ᠸᠠᠺᠼᠢᠨ ᠢ ᠲᠥᠪᠯᠡᠷᠡᠭᠦᠯᠦᠨ ᠳᠠᠷᠢᠬᠤ ᠠᠵᠢᠯ ᠪᠥᠬᠦ ᠲᠠᠯ᠎ᠠ ᠪᠠᠷ ᠡᠬᠢᠯᠡᠪᠡ᠃ ᠸᠠᠺᠼᠢᠨ ᠤ ᠲᠠᠷᠢᠯᠭ᠎ᠠ ᠶᠢᠨ ᠠᠵᠢᠯ ᠤᠨ ᠠᠮᠤᠷ ᠲᠦᠪᠰᠢᠨ᠂ ᠯᠠᠪᠳᠠᠭᠤᠨ ᠲᠣᠭᠲᠠᠭᠤᠨ᠂ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠬᠤ ᠶᠢᠨ ᠲᠥᠯᠥᠭᠡ᠂ ᠳᠤᠰ ᠬᠤᠰᠢᠭᠤᠨ ᠤ ᠬᠢᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠪᠦᠷᠢᠨᠰᠢᠬᠦᠯᠦᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠠᠷᠢᠯᠭ᠎ᠠ ᠬᠢᠬᠦ ᠠᠵᠢᠯᠲᠠᠨ ᠤ ᠪᠣᠯᠪᠠᠰᠤᠷᠠᠭᠤᠯᠤᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠠᠷᠢᠯᠭ᠎ᠠ ᠶᠢᠨ ᠶᠠᠪᠤᠴᠠ ᠶᠢ ᠦᠨᠡᠨ ᠬᠦ ᠵᠢᠷᠤᠮᠵᠢᠭᠤᠯᠤᠨ᠂ ᠡᠮᠬᠢ ᠳᠢᠭᠯᠢᠮ ᠤᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ 8 ᠰᠠᠷ᠎ᠠ ᠶᠢᠨ 19 ᠤ ᠡᠳᠦᠷ ᠪᠣᠯᠲᠠᠯ᠎ᠠ᠂ ᠪᠥᠬᠦ ᠬᠤᠰᠢᠭᠤᠨ ᠳᠤ ᠨᠡᠶᠢᠲᠡ 401920 ᠤᠳᠠᠭ᠎ᠠ ᠸᠢᠷᠦ᠋ᠰ ᠤᠨ ᠸᠠᠺᠼᠢᠨ ᠢ ᠳᠠᠷᠢᠪᠠ᠃    ᠸᠠᠺᠼᠢᠨ ᠤ ᠲᠠᠷᠢᠯᠭ᠎ᠠ ᠶᠢ ᠪᠥᠬᠦ ᠲᠠᠯ᠎ᠠ ᠪᠠᠷ ᠨᠢᠭᠡᠳᠦᠯᠲᠡᠶ ᠲᠥᠯᠥᠪᠯᠡᠵᠦ ᠰᠠᠶᠢᠲᠤᠷ ᠨᠠᠶᠢᠳᠠᠪᠤᠷᠢᠵᠢᠭᠤᠯᠵᠥ ᠪᠠᠶᠢᠨ᠎ᠠ    ᠰᠢᠨ᠎ᠡ ᠸᠢᠷᠦ᠋ᠰ ᠤᠨ ᠸᠠᠺᠼᠢᠨ ᠢ ᠳᠠᠷᠢᠬᠤ ᠪᠣᠯ ᠸᠢᠷᠦ᠋ᠰ ᠤᠨ ᠬᠠᠯᠳᠠᠪᠤᠷᠢᠯᠠᠯ ᠢ ᠰᠡᠷᠭᠡᠶᠢᠯᠡᠬᠦ ᠬᠠᠮᠤᠭ ᠤᠨ ᠪᠦᠲᠦᠮᠵᠢᠲᠡᠶ᠂ ᠬᠠᠮᠤᠭ ᠤᠨ ᠳᠥᠭᠦᠮ ᠳᠥᠲᠡ ᠠᠷᠭ᠎ᠠ ᠬᠡᠮᠵᠢᠶ᠎ᠡ ᠮᠥᠨ᠃ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ︾ ᠴᠢᠬᠤᠯᠠ ᠪᠥᠬᠦᠶ ᠠᠷᠭ᠎ᠠ ᠬᠡᠮᠵᠢᠶ᠎ᠡ ᠮᠥᠨ᠃ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠣᠯᠠᠨ ᠤᠳᠠᠭ᠎ᠠ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠨᠠᠮ ᠵᠠᠰᠠᠭ ᠤᠨ ᠭᠤᠤᠯ ᠤᠳᠤᠷᠢᠳᠤᠯᠭ᠎ᠠ ᠸᠠᠺᠼᠢᠨ ᠤ ᠲᠠᠷᠢᠯᠭ᠎ᠠ ᠶᠢᠨ ᠴᠡᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠳᠤ ᠪᠠᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠰᠢᠨ᠎ᠡ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠲᠦᠷᠭᠡᠳᠬᠡᠨ ᠠᠬᠢᠭᠤᠯᠵᠤ᠂ ᠬᠥᠮᠦᠰ ᠤᠨ ᠲᠠᠷᠢᠯᠭ᠎ᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠰᠢᠨ᠎ᠡ ᠸᠢᠷᠦ᠋ᠰ ᠤᠨ ᠬᠠᠯᠳᠠᠪᠤᠷᠢᠯᠠᠬᠤ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠡᠮᠦᠨᠡᠲᠦ ᠬᠤᠰᠢᠭᠤ ᠤᠷᠢᠳ ᠬᠤᠵᠢᠳ ︽ᠸᠠᠺᠼᠢᠨ ᠤ ᠲᠠᠷᠢᠯᠭ᠎ᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ︾᠂ ︽ᠸᠠᠺᠼᠢᠨ ᠤ ᠲᠠᠷᠢᠯᠭ᠎ᠠ ᠶᠢᠨ ᠠᠵᠢᠯ ᠢ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ︾ ᠵᠡᠷᠭᠡ ᠮᠡᠳᠡᠭᠳᠡᠯ ᠢ ᠳᠠᠷᠤᠮᠠᠯᠯᠠᠨ ᠲᠠᠷᠬᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠳᠥᠯᠭᠢᠨ ᠠᠬᠢᠭᠤᠯᠬᠤ ᠳᠤ ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠪᠠ᠃ ᠡᠯ᠎ᠡ ᠱᠠᠲᠤᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠵᠡᠷᠭᠡᠪᠡᠷ ᠠᠳᠬᠤᠵᠤ᠂ ᠰᠢᠶᠠᠩ ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ ᠬᠡᠰᠡᠭ ᠲᠠᠯ᠎ᠠ ᠶᠢ ᠳᠠᠭᠠᠭᠠᠴᠢᠯᠠᠨ ᠠᠳᠬᠤᠵᠤ᠂ ᠬᠠᠮᠵᠢᠯᠴᠠᠨ ᠠᠳᠬᠤᠵᠤ᠂ ᠲᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠬᠥᠮᠦᠨ ᠪᠦᠬᠦᠨ ᠬᠠᠷᠢᠭᠤᠴᠠᠯᠭ᠎ᠠ ᠡᠭᠦᠷᠭᠡᠯᠡᠬᠦ ᠠᠵᠢᠯ ᠤᠨ ᠪᠠᠶᠢᠳᠠᠯ ᠢ ᠪᠤᠢ ᠪᠣᠯᠭᠠᠪᠠ᠃    ᠸᠠᠺᠼᠢᠨ ᠤ ᠲᠠᠷᠢᠯᠭ᠎ᠠ ᠶᠢᠨ ᠤᠬᠠᠭᠤᠯᠭ᠎ᠠ ᠶᠢᠨ ᠠᠵᠢᠯ ᠢ ᠰᠠᠶᠢᠳᠤᠷ ᠬᠢᠵᠥ ᠪᠤᠢ    ᠥᠷᠭᠡᠨ ᠣᠯᠠᠨ ᠲᠦᠮᠡᠨ ᠳᠤ ᠲᠠᠷᠢᠯᠭ᠎ᠠ ᠶᠢ ᠣᠶᠢᠯᠠᠭᠠᠭᠤᠯᠵᠤ᠂ ᠰᠠᠨᠠᠭ᠎ᠠ ᠠᠮᠤᠷ ᠲᠠᠷᠢᠯᠭ᠎ᠠ ᠬᠢᠯᠭᠡᠬᠦ ᠶᠢᠨ ᠲᠥᠯᠥᠭᠡ᠂ ᠡᠮᠦᠨᠡᠲᠦ ᠬᠤᠰᠢᠭᠤᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠦᠳᠲᠡᠷ ᠲᠦᠷᠭᠡᠨ ᠬᠥᠳᠡᠯᠦᠯᠴᠡᠵᠦ ᠂ ᠣᠯᠠᠨ ᠵᠦᠶ᠋ᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠠᠭᠤᠯᠭ᠎ᠠ ᠶᠢ ᠪᠠᠶᠠᠯᠢᠭᠵᠢᠭᠤᠯᠤᠨ᠂ ︽ᠰᠦᠯᠵᠢᠶᠡᠨ ᠳᠡᠭᠡᠷ᠎ᠡ︾᠂ ︽ᠰᠦᠯᠵᠢᠶᠡᠨ ᠭᠠᠳᠠᠨ᠎ᠠ︾ ᠵᠡᠷᠭᠡ ᠪᠠᠷ ᠬᠦᠴᠦᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠪᠥᠬᠦ ᠲᠠᠯ᠎ᠠ ᠶᠢᠨ ᠪᠣᠰᠤᠭ᠎ᠠ ᠴᠣᠭᠴᠠᠲᠤ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠪᠠᠶᠢᠨ᠎ᠠ᠃    ᠰᠦᠯᠵᠢᠶᠡᠨ ᠳᠡᠭᠡᠷ᠎ᠡ ᠬᠤᠷᠴᠢᠨ ᠪᠠᠷᠠᠭᠤᠨ ᠭᠠᠷᠤᠨ ᠡᠮᠤᠨᠡᠳᠥ ᠬᠤᠰᠢᠭᠤᠨ ᠤ ᠸᠢᠴᠠᠲ ᠤᠨ ᠨᠡᠶᠢᠲᠡ ᠶᠢᠨ ᠲᠠᠪᠴᠡᠩ᠂ ︽ᠲᠠᠩᠰᠤᠭ ᠰᠠᠶᠢᠬᠠᠨ ᠡᠮᠦᠨᠡᠲᠦ ᠬᠤᠰᠢᠭᠤ︾ APP ᠁ ᠵᠢᠴᠢ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠸᠢᠴᠠᠲ ᠤᠨ ᠨᠡᠶᠢᠲᠡ ᠶᠢᠨ ᠲᠠᠪᠴᠡᠩ ᠵᠡᠷᠭᠡ ᠬᠠᠮ ᠵᠠᠭᠤᠴᠢᠯᠠᠭᠤᠷ ᠤᠨ ᠵᠢᠭᠰᠠᠭᠠᠯ ᠤᠨ ᠲᠠᠪᠴᠠᠩ ᠳᠤ ᠲᠦᠰᠢᠭᠯᠡᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠂ ᠬᠢᠵᠢᠭ ᠢ ᠰᠡᠷᠭᠡᠶᠢᠯᠡᠬᠦ ᠮᠡᠳᠡᠯᠭᠡ᠂ ᠲᠡᠷᠢᠭᠦᠨ ᠤ ᠬᠥᠮᠦᠰ ᠤᠨ ᠦᠶ᠋ᠯᠡ ᠠᠵᠢᠯᠯᠠᠭ᠎ᠠ ᠵᠡᠷᠭᠡ ᠶᠢ ᠦᠷᠭᠦᠯᠵᠢᠯᠡᠨ ᠤᠬᠠᠭᠤᠯᠵᠤ ᠮᠡᠳᠡᠭᠡᠯᠡᠪᠡ᠃ ᠰᠦᠯᠵᠢᠶᠡᠨ ᠭᠠᠳᠠᠨ᠎ᠠ ︽ᠰᠠᠨᠠᠭᠠᠴᠢᠯᠠᠭ᠎ᠠ ᠶᠢᠨ ᠪᠢᠴᠢᠭ︾ ᠶᠠᠪᠤᠭᠤᠯᠬᠤ᠂ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠹᠢᠯᠢᠮ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠸᠠᠺᠼᠢᠨ ᠤ ᠲᠠᠷᠢᠯᠭ᠎ᠠ ᠶᠢᠨ ᠠᠵᠢᠯ ᠢ ᠤᠬᠠᠭᠤᠯᠤᠨ ᠳᠠᠶᠢᠴᠢᠯᠠᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠳᠡᠩᠰᠡᠯᠡᠵᠦ᠂ ᠠᠯᠢ ᠲᠦᠷᠭᠡᠨ ᠢᠶᠠᠷ ᠲᠠᠷᠢᠯᠭ᠎ᠠ ᠬᠢᠯᠬᠡᠵᠥ᠂ ᠸᠢᠷᠦ᠋ᠰ ᠤᠨ ᠸᠠᠺᠼᠢᠨ ᠤ ᠲᠠᠷᠢᠯᠭ᠎ᠠ ᠶᠢ ᠬᠥᠮᠦᠨ ᠪᠦᠬᠦᠨ ᠴᠥᠮ ᠮᠡᠳᠡᠵᠦ᠂ ᠤᠬᠠᠭᠤᠯᠭ᠎ᠠ ᠶᠢ ᠥᠨᠴᠥᠭ ᠪᠤᠯᠤᠩ ᠥᠬᠡᠶ᠂ ᠪᠦᠬᠦᠨ ᠢ ᠬᠠᠮᠤᠷᠬᠤ ᠶᠢ ᠦᠨᠡᠨ ᠬᠦ ᠪᠡᠶᠡᠯᠡᠭᠦᠯᠪᠡ᠃    ᠸᠠᠺᠼᠢᠨ ᠤ ᠲᠠᠷᠢᠯᠭ᠎ᠠ ᠶᠢᠨ ︽ᠬᠠᠮ ᠠᠷᠭ᠎ᠠ︾ ᠶᠢ ᠨᠠᠷᠢᠯᠢᠭ ᠣᠨᠣᠴᠠᠲᠠᠶ ᠪᠠᠷ ᠡᠷᠢᠨ ᠭᠠᠷᠭᠠᠵᠤ ᠰᠠᠶᠢᠲᠤᠷ ᠬᠢᠵᠤ ᠪᠤᠢ    ᠣᠶᠢᠷ᠎ᠠ ᠶᠢᠨ ᠡᠳᠦᠷ ᠤᠳ ᠲᠤ᠂ ᠡᠮᠦᠨᠡᠲᠦ ᠬᠤᠰᠢᠭᠤᠨ ᠤ ᠬᠠᠷᠢᠶᠠᠲᠤ ᠣᠷᠣᠨ ᠤ ᠬᠠᠷᠢᠭᠤᠴᠠᠯᠭ᠎ᠠ ᠪᠠ ᠠᠵᠢᠯ ᠲᠥᠷᠥᠯ ᠤᠨ ᠰᠠᠯᠠᠭ᠎ᠠ ᠮᠥᠴᠢᠷ ᠤᠨ ᠭᠤᠣᠯᠯᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠠᠮᠢᠶᠠᠷᠬᠤ︾ ᠱᠠᠭᠠᠷᠳᠠᠯᠭ᠎ᠠ ᠶᠣᠰᠣ ᠪᠠᠷ᠂ ᠪᠥᠬᠦ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠶ᠋ᠯᠡᠰ ᠤᠨ ᠨᠢᠭᠡᠴᠢ᠂ ᠰᠤᠮᠤ ᠰᠢᠶᠠᠩ ᠪᠠᠯᠭᠠᠰᠤᠨ ︵ᠨᠡᠶᠢᠭᠡᠮ ᠲᠣᠭᠤᠷᠢᠭ︶ ᠤ ᠨᠠᠮ ᠤᠨ ᠭᠡᠰᠢᠭᠦᠨ ᠺᠠᠳ᠋ᠷᠴᠤᠳ ︽ᠬᠡᠰᠡᠭ ᠬᠤᠪᠢᠶᠠᠨ ᠳᠠᠭᠠᠭᠠᠴᠢᠯᠠᠭᠤᠯᠵᠤ᠂ ᠬᠠᠷᠢᠭᠤᠴᠠᠯᠭ᠎ᠠ ᠶᠢ ᠬᠥᠮᠦᠨ ᠳᠤ ᠨᠢ ᠨᠠᠶᠢᠳᠠᠪᠤᠷᠢᠵᠢᠭᠤᠯᠬᠤ︾ ᠵᠠᠷᠴᠢᠮ ᠶᠣᠰᠣ ᠪᠠᠷ᠂ ᠬᠤᠲᠠ ᠶᠢᠨ ᠲᠣᠭᠤᠷᠢᠭ ᠤᠨ 5 ᠨᠡᠶᠢᠭᠡᠮ ᠲᠣᠭᠤᠷᠢᠭ ᠲᠤ ᠪᠠᠭᠤᠯᠭᠠᠵᠤ᠂ ᠪᠥᠬᠦ ᠬᠤᠰᠢᠭᠤᠨ ᠤ 14 ᠰᠤᠮᠤ ᠰᠢᠶᠠᠩ ᠪᠠᠯᠭᠠᠰᠤᠡ ᠤ 229 ᠭᠠᠴᠠᠭ᠎ᠠ ᠲᠣᠰᠬᠤᠨ ᠵᠢᠴᠢ ᠬᠤᠰᠢᠭᠤᠨ ᠤ ᠬᠡᠪᠴᠢᠶᠡᠨ ᠳᠠᠬᠢ ᠬᠤᠷᠰᠢᠶ᠎ᠠ᠂ ᠠᠵᠤ ᠠᠬᠤᠶᠢᠯᠠᠯ ᠳᠤ ︽ᠡᠭᠦᠳᠡ ᠲᠣᠭᠰᠢᠬᠤ ᠠᠵᠢᠯᠯᠠᠭ᠎ᠠ︾ ᠥᠷᠨᠢᠭᠦᠯᠪᠡ᠃ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠳᠠᠯ ᠲᠠᠢ ᠤᠶᠠᠯᠳᠤᠭᠤᠯᠤᠨ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠨ᠂ ᠡᠷᠦᠬᠡ ᠳᠠᠷᠠᠭᠠᠯᠠᠨ ᠳᠡᠩᠰᠡᠯᠡᠨ ᠲᠡᠮᠳᠡᠭᠯᠡᠬᠦ ᠶᠢ ᠰᠠᠶᠢᠲᠤᠷ ᠬᠢᠵᠦ᠂ ᠪᠥᠬᠦ ᠲᠠᠯ᠎ᠠ ᠪᠠᠷ ᠤᠶᠢᠯᠠᠭᠠᠨ ᠵᠢᠭᠰᠠᠭᠠᠵᠤ᠂ ᠤᠬᠠᠭᠤᠯᠤᠨ ᠳᠠᠶᠢᠴᠢᠯᠠᠬᠤ ᠵᠡᠷᠭᠡ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ ᠲᠤᠭ᠎ᠠ ᠪᠠᠷᠢᠮᠲᠠ ᠶᠢ ᠣᠨᠣᠴᠠᠲᠠᠶ ᠴᠤᠭᠯᠠᠭᠤᠯᠵᠤ ᠸᠠᠺᠼᠢᠨ ᠤ ᠲᠠᠷᠢᠯᠭ᠎ᠠ ᠶᠢᠨ ᠪᠠᠶᠢᠳᠠᠯ ᠢ ᠡᠵᠡᠮᠰᠢᠪᠡ᠃    ᠡᠮᠦᠨᠡᠲᠦ ᠬᠤᠰᠢᠭᠤᠨ ᠳᠤ 19 ᠬᠤᠲᠠ ᠬᠥᠳᠡᠭᠡ ᠶᠢᠨ ᠸᠠᠺᠼᠢᠨ ᠤ ᠲᠠᠷᠢᠯᠭ᠎ᠠ ᠶᠢᠨ ᠴᠡᠭ ᠭᠠᠷᠭᠠᠵᠤ᠂ ᠪᠥᠬᠦ ᠬᠤᠰᠢᠭᠤᠨ ᠤ 14 ᠰᠤᠮᠤ ᠰᠢᠶᠠᠩ ᠪᠠᠯᠭᠠᠰᠤ᠂ 28 ᠨᠡᠶᠢᠭᠡᠮ ᠲᠣᠭᠤᠷᠢᠭ ᠢ ᠬᠠᠮᠤᠷᠴᠤ᠂ ᠡᠯ᠎ᠡ ᠲᠠᠷᠢᠯᠭ᠎ᠠ ᠶᠢᠨ ᠴᠡᠭ ᠲᠤ ᠴᠥᠮ ᠢᠯᠡ ᠲᠣᠳᠣ ᠣᠷᠣᠨ ᠪᠦᠰᠡ ᠶᠢᠨ ᠲᠡᠮᠳᠡᠭ ᠲᠠᠯᠪᠢᠵᠤ᠂ ᠵᠣᠬᠢᠬᠤ ᠡᠮᠴᠢᠯᠡᠭᠡᠨ ᠤ ᠠᠪᠤᠷᠠᠨ ᠵᠠᠰᠠᠬᠤ ᠠᠵᠢᠯᠲᠠᠨ᠂ ᠡᠮ ᠤᠨ ᠵᠦᠶ᠋ᠯ ᠪᠠ ᠪᠠᠭᠠᠵᠢ ᠬᠡᠷᠡᠭᠰᠡᠯ ᠢ ᠳᠣᠭᠢᠷᠠᠭᠤᠯᠤᠨ᠂ ᠨᠡᠶᠢᠭᠡᠮ ᠲᠣᠭᠤᠷᠢᠭ ᠤᠨ ᠠᠵᠢᠯᠲᠠᠨ ᠢ ᠳᠣᠭᠢᠷᠠᠭᠤᠯᠵᠤ᠂ ᠳᠡᠭᠡᠳᠦ ᠳᠣᠤᠷᠠᠳᠤ ᠱᠠᠲᠤ ᠶᠢ ᠵᠣᠬᠢᠴᠠᠭᠤᠯᠬᠤ᠂ ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠢ ᠬᠠᠮᠠᠭᠠᠯᠠᠬᠤ᠂ ᠠᠵᠢᠯᠲᠠᠨ ᠢ ᠲᠣᠭᠠᠯᠠᠨ ᠪᠦᠷᠢᠳᠬᠡᠬᠦ᠂ ᠮᠡᠳᠡᠭᠡ ᠵᠠᠩᠭᠢ ᠶᠢ ᠳᠠᠩᠰᠠᠯᠠᠬᠤ᠂ ᠲᠥᠷᠥ ᠶᠢᠨ ᠪᠣᠳᠣᠯᠭ᠎ᠠ ᠶᠢ ᠤᠬᠠᠭᠤᠯᠬᠤ ᠵᠡᠷᠭᠡ ᠦᠶ᠋ᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠥᠬᠦ ᠶᠠᠪᠤᠴᠠ ᠳᠤ ᠰᠠᠶᠢᠲᠤᠷ ᠬᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠸᠠᠺᠼᠢᠨ ᠤ ᠲᠠᠷᠢᠯᠭ᠎ᠠ ᠶᠢᠨ ᠠᠬᠢᠴᠠ ᠶᠢ ᠡᠳᠦᠷ ᠪᠦᠷᠢ ᠴᠠᠭ ᠲᠤᠬᠠᠶ ᠳᠤ ᠨᠢ ᠳᠠᠭᠠᠵᠤ᠂ ᠲᠠᠷᠢᠯᠭ᠎ᠠ ᠶᠢᠨ ᠡᠯ᠎ᠡ ᠴᠡᠭ ᠤᠨ ᠸᠠᠺᠼᠢᠨ ᠤ ᠬᠥᠮᠥᠷᠭᠡ ᠶᠢᠨ ᠬᠠᠳᠠᠭᠠᠯᠠᠯᠲᠠ ᠶᠢ ᠴᠠᠭ ᠢᠮᠠᠭᠲᠠ ᠠᠩᠬᠠᠷᠴᠤ᠂ ᠴᠠᠭ ᠲᠤᠬᠠᠶ ᠳᠤ ᠨᠢ ᠬᠠᠷᠢᠯᠴᠠᠵᠤ ᠳᠣᠭᠢᠷᠠᠭᠤᠯᠤᠨ ᠸᠠᠺᠼᠢᠨ ᠤ ᠬᠤᠪᠢᠶᠠᠷᠢᠯᠠᠯᠲᠠ ᠶᠢ ᠲᠡᠩᠴᠡᠭᠦᠷᠢᠰᠢᠭᠦᠯᠵᠦ᠂ ᠪᠦᠬᠦᠯᠢ ᠡᠳᠦᠷ ᠢᠶᠠᠷ ᠲᠠᠷᠢᠯᠭ᠎ᠠ ᠬᠢᠬᠦ ᠶᠢ ᠦᠨᠡᠨ ᠬᠦ ᠪᠠᠳᠤᠯᠠᠵᠥ ᠪᠠᠶᠢᠨ᠎ᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号