ᠲᠠᠯ᠎ᠠ ᠨᠤᠳᠤᠭ ᠲᠤ ᠡᠪᠡᠰᠤ ᠤᠷᠭᠤᠮᠡᠯ ᠬᠠᠯᠢᠭᠤᠷᠠᠨ᠂ ᠲᠠᠷᠢᠶ᠎ᠠ ᠲᠦᠮᠤᠰᠤ ᠪᠤᠯᠪᠠᠰᠤᠷᠠᠵᠤ ᠡᠬᠢᠯᠡᠭᠰᠡᠨ | ᠨᠠᠮᠤᠷ ᠤᠨ ᠡᠬᠢᠨ ᠤ ᠡᠨᠡ ᠰᠠᠶᠢᠬᠠᠨ ᠴᠠᠭ ᠲᠤ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠴᠠᠷᠠᠰᠤᠨ | ᠪᠠᠯᠭᠠᠰᠤᠨ ᠤ ᠪᠤᠷᠤᠬᠤᠰᠢᠭᠤ ᠭᠠᠴᠠᠭᠠᠨ ᠳᠤ ᠬᠦᠷᠬᠦ ᠳᠤ ᠦᠡᠭᠭᠡ ᠦᠵᠡᠮᠵᠢ ᠡᠳᠡᠭᠡᠳ ᠭᠤᠶᠤ ᠪᠠᠶᠢᠵᠤ᠂ ᠨᠡᠯᠡᠶᠢᠨ | ᠴᠡᠯᠡᠶᠢᠭᠰᠡᠨ ᠴᠠᠷᠠᠰᠤᠨ ᠤᠰᠤᠨ ᠴᠦᠬᠦᠷᠤᠮ ᠳᠤ ᠨᠢ ᠴᠡᠯᠮᠡᠭ ᠬᠦᠭᠡ ᠤᠬᠳᠠᠷᠭᠤᠢ ᠶᠢᠨ ᠰᠡᠭᠦᠳᠡᠷ ᠤᠢᠢᠵᠦ᠂ | ᠴᠦᠬᠦᠷᠤᠮ ᠢ ᠨᠢ ᠲᠤᠭᠤᠷᠢᠭᠠᠳ ᠤᠢ ᠮᠤᠳᠤ᠂ ᠠᠭᠤᠯᠠ ᠲᠠᠯ᠎ᠠ ᠲᠠᠷᠢᠶ᠎ᠠ ᠲᠦᠮᠤᠰᠤ ᠠᠯᠠᠬᠯᠠᠨ ᠬᠠᠷᠠᠬᠳᠠᠨ᠎ᠠ᠃ | ᠪᠢᠳᠡ ᠭᠠᠴᠠᠭᠠᠨ ᠤ ᠵᠦᠪᠯᠡᠯ ᠤᠨ ᠠᠵᠢᠯᠯᠠᠬᠤ ᠭᠡᠷ ᠲᠤ ᠬᠦᠷᠬᠦ ᠳᠤ᠂ ᠬᠠᠵᠠᠭᠤᠳᠠᠬᠢ ᠲᠦᠷᠪᠡᠨ ᠤᠳᠠᠰᠤᠳᠤ | ᠬᠤᠭᠤᠷ ᠤᠨ ᠰᠤᠶᠤᠯ ᠤᠷᠠᠯᠢᠭ ᠤᠨ ᠦᠢᠯᠡᠴᠢᠯᠡᠬᠡᠨ ᠤ ᠲᠦᠪ ᠲᠤ ᠬᠤᠭᠤᠷ ᠬᠦᠭᠵᠢᠮ ᠬᠦᠡᠭᠭᠢᠨᠡᠵᠤ᠂ ᠮᠤᠩᠭᠤᠯ | ᠬᠤᠪᠴᠠᠰᠤ ᠡᠮᠤᠰᠦᠭᠰᠡᠨ ᠦᠳᠡᠯᠤᠬᠡ ᠵᠠᠯᠠᠭᠤᠰ ᠪᠦᠵᠢᠭ ᠪᠤᠯᠪᠠᠰᠤᠷᠠᠵᠤ ᠶᠠᠭᠠᠷᠠᠯᠳᠤᠨ᠎ᠠ᠃ ᠰᠤᠷᠪᠤᠯᠵᠢᠯᠠᠬᠴᠢ ᠡᠨᠡ | ᠭᠠᠴᠠᠭᠠᠨ ᠤ ᠰᠤᠶᠤᠯ ᠤᠷᠠᠯᠢᠭ ᠤᠨ ᠪᠦᠯᠬᠦᠮ ᠤᠨ ᠬᠠᠷᠢᠭᠤᠴᠠᠬᠴᠢ ᠪᠤᠤ ᠶᠢᠨ ᠬᠠᠢ ᠶᠢ ᠰᠤᠷᠪᠤᠯᠵᠢᠯᠠᠬᠤ ᠪᠠᠷ ᠲᠠᠮᠵᠢᠨ | ᠲᠤᠰ ᠪᠦᠯᠬᠦᠮ ᠤᠨ ᠡᠬᠢᠯᠡᠵᠤ ᠪᠠᠶᠢᠭᠤᠯᠤᠬᠳᠠᠬᠰᠠᠨ ᠪᠠ ᠡᠭᠦᠰᠴᠤ ᠭᠦᠭᠵᠢᠭᠰᠡᠨ ᠲᠤᠬᠠᠢ ᠲᠦᠢᠮᠤ ᠦᠢᠯᠠᠭᠠᠯ᠎ᠠ᠃ | ᠪᠤᠷᠤᠬᠤᠰᠢᠭᠤ ᠭᠠᠴᠠᠭᠠᠨ ᠳᠤ ᠮᠤᠩᠭᠤᠯ ᠦᠨᠳᠤᠰᠤᠳᠡᠨ ᠲᠦᠪᠯᠡᠷᠡᠨ ᠰᠠᠭᠤᠷᠢᠰᠢᠵᠤ᠂ 213 ᠡᠷᠤᠬᠡ 859 | ᠬᠦᠮᠤᠨ ᠠᠮᠠ ᠲᠠᠢ᠃ 2011 ᠠᠴᠠ ᠦᠪᠦᠷ ᠮᠤᠩᠭᠤᠯ ᠤᠨ ᠷᠠᠳᠢᠣ᠋ ᠲᠧᠯᠸᠢᠰ ᠲᠤᠪᠴᠢᠶ᠎ᠠ ᠠᠴᠠ ᠪᠤᠷᠤᠬᠤᠰᠢᠭᠤ | ᠭᠠᠴᠠᠭ᠎ᠠ ᠶᠢ ᠬᠠᠪᠰᠤᠷᠤᠨ ᠲᠡᠳᠭᠦᠭᠰᠡᠨ ᠠᠴᠠ ᠭᠠᠴᠠᠭᠠᠨ ᠤ ᠲᠦᠷᠢ ᠲᠦᠷᠬᠦ᠂ ᠨᠡᠶᠢᠳᠡ ᠶᠢᠨ ᠠᠵᠤ ᠠᠬᠤᠢ ᠶᠢᠨ | ᠤᠷᠤᠯᠭ᠎ᠠ᠂ ᠠᠷᠠᠳ ᠤᠨ ᠰᠤᠶᠤᠯ ᠤᠨ ᠠᠮᠢᠳᠤᠷᠠᠯ ᠳᠤ ᠴᠦᠮ ᠶᠡᠬᠡᠬᠡᠨ ᠬᠤᠪᠢᠷᠠᠯᠳᠡ ᠭᠠᠷᠤᠬᠰᠠᠨ ᠪᠠᠶᠢᠨ᠎ᠠ᠃ ᠨᠡᠩ | ᠴᠤ 2017 ᠤᠨ ᠳᠤ ᠮᠤᠩᠭᠤᠯ ᠺᠠᠳ᠋ᠷ ᠶᠠᠩ ᠴᠢᠩ ᠬᠠᠢ ᠦᠪᠦᠷ ᠮᠤᠩᠭᠤᠯ ᠤᠨ ᠷᠠᠳᠢᠣ᠋ ᠲᠧᠯᠸᠢᠰ ᠲᠤᠪᠴᠢᠶ᠎ᠠ ᠶᠢᠨ | ᠪᠤᠷᠤᠬᠤᠰᠢᠭᠤ ᠭᠠᠴᠠᠭ᠎ᠠ ᠶᠢ ᠬᠠᠪᠰᠤᠷᠤᠨ ᠲᠡᠳᠭᠦᠬᠦ ᠲᠤᠭᠤᠢᠢᠯᠠᠩ ᠤᠨ ᠲᠠᠷᠤᠭ᠎ᠠ ᠪᠠᠷ ᠲᠤᠮᠢᠯᠠᠬᠳᠡᠨ ᠢᠷᠡᠭᠰᠡᠨ ᠤ | ᠲᠠᠷᠠᠭ᠎ᠠ᠂ ᠶᠠᠳᠠᠭᠤ ᠶᠢ ᠲᠡᠳᠭᠦᠬᠦ ᠭᠤᠷᠪᠡᠨ ᠵᠢᠯ ᠤᠨ ᠬᠤᠭᠤᠴᠠᠭᠠᠨ ᠳᠤ ᠪᠠᠨ ᠠᠷᠠᠳ ᠤᠨ ᠰᠤᠶᠤᠯ ᠤᠨ ᠠᠮᠢᠳᠤᠷᠠᠯ ᠢ | ᠪᠠᠶᠠᠯᠢᠬᠵᠢᠭᠤᠯᠬᠤ ᠳᠤ ᠭᠤᠤᠯᠳᠠᠯᠭ᠎ᠠ ᠲᠠᠢ ᠬᠦᠴᠤ ᠲᠠᠯᠪᠢᠬᠰᠠᠨ ᠶᠤᠮ᠃ | ︽2018 ᠤᠨ ᠳᠤ᠂ ᠦᠪᠦᠷ ᠮᠤᠩᠭᠤᠯ ᠤᠨ ᠷᠠᠳᠢᠣ᠋ ᠲᠧᠯᠸᠢᠰ ᠲᠤᠪᠴᠢᠶ᠎ᠠ ᠶᠢᠨ ᠭᠠᠴᠠᠭ᠎ᠠ ᠶᠢ ᠬᠠᠪᠰᠤᠷᠤᠨ | ᠲᠡᠳᠭᠦᠬᠦ ᠲᠤᠭᠤᠢᠢᠯᠠᠩ ᠤᠨ ᠲᠠᠷᠤᠭ᠎ᠠ ᠶᠠᠩ ᠴᠢᠩ ᠬᠠᠢ ᠨᠠᠳᠠ ᠶᠢ ᠲᠠᠭᠠᠭᠤᠯᠤᠨ ᠬᠤᠷᠴᠢᠨ ᠪᠠᠷᠠᠭᠤᠨ ᠭᠠᠷᠤᠨ | ᠲᠤᠮᠳᠠᠳᠤ ᠬᠤᠰᠢᠭᠤᠨ ᠤ ᠬᠠᠳᠠ ᠬᠤᠭᠤᠷᠴᠢ ᠶᠢᠨ ᠲᠤᠤᠷ᠎ᠠ ᠲᠦᠷᠪᠡᠨ ᠤᠳᠠᠰᠤᠳᠤ ᠬᠤᠭᠤᠷ ᠵᠤᠬᠢᠶᠠᠬᠤ ᠪᠠ | ᠬᠤᠭᠤᠷ ᠲᠠᠳᠠᠬᠤ ᠮᠡᠷᠭᠡᠵᠢᠯ ᠢ ᠰᠤᠷᠤᠯᠴᠠᠭᠤᠯᠪᠠ᠃ ᠪᠢ ᠬᠡᠰᠡᠭ ᠬᠤᠭᠤᠴᠠᠭ᠎ᠠ ᠰᠤᠷᠤᠯᠴᠠᠵᠤ ᠪᠤᠴᠠᠵᠤ ᠢᠷᠡᠭᠰᠡᠨ ᠤ | ᠲᠠᠷᠠᠭ᠎ᠠ᠂ ᠲᠦᠴᠢᠭᠡᠳ ᠬᠤᠭᠤᠷ ᠵᠤᠬᠢᠶᠠᠵᠤ᠂ ᠭᠠᠴᠠᠭᠠᠨ ᠤ ᠪᠠᠨ ᠬᠤᠭᠤᠷ ᠬᠦᠭᠵᠢᠮ ᠳᠤ ᠲᠤᠷ᠎ᠠ ᠪᠠᠭ᠎ᠠ ᠲᠠᠢ | ᠬᠦᠮᠤᠰ ᠲᠤ ᠬᠤᠭᠤᠷ ᠲᠠᠳᠠᠬᠤ ᠶᠢ ᠵᠢᠭᠠᠵᠤ ᠦᠭᠴᠠᠢ᠃ ᠬᠡᠳᠤᠨ ᠵᠢᠯ ᠤᠨ ᠴᠢᠷᠮᠠᠶᠢᠯᠭ᠎ᠠ ᠪᠠᠷ ᠤᠳᠤᠬᠠᠨ ᠮᠠᠨ ᠤ | ᠭᠠᠴᠠᠭᠠᠨ ᠳᠤ ᠦᠳᠡᠯᠤᠬᠡ ᠵᠠᠯᠠᠭᠤ ᠲᠠᠢ ᠪᠠᠨ ᠪᠠᠷᠤᠭ ᠬᠤᠷᠢ ᠰᠢᠬᠠᠮ ᠬᠦᠮᠤᠨ ᠬᠤᠭᠤᠷ ᠲᠠᠳᠠᠵᠤ ᠴᠢᠳᠠᠬᠤ ᠪᠤᠯᠵᠠᠢ︾ | ᠭᠡᠵᠤ ᠭᠠᠴᠠᠭᠠᠨ ᠤ ᠤᠷᠠᠯᠢᠭ ᠤᠨ ᠪᠦᠯᠬᠦᠮ ᠤᠨ ᠬᠠᠷᠢᠭᠤᠴᠠᠬᠴᠢ ᠪᠤᠤ ᠶᠢᠨ ᠬᠠᠢ ᠲᠠᠨᠢᠯᠴᠠᠭᠤᠯᠤᠨ᠎ᠠ᠃ | ᠭᠠᠴᠠᠭᠠᠨ ᠤ ᠰᠤᠶᠤᠯ ᠤᠷᠠᠯᠢᠭ ᠤᠨ ᠦᠢᠯᠡᠰ ᠢ ᠨᠡᠩ ᠰᠠᠶᠢᠨ ᠬᠦᠭᠵᠢᠬᠦᠯᠬᠦ ᠶᠢᠨ ᠲᠦᠯᠦᠭᠡ ᠶᠠᠩ ᠴᠢᠩ ᠬᠠᠢ | ᠨᠦᠬᠦᠷ ᠦᠪᠡᠷ ᠤᠨ ᠪᠠᠶᠢᠭᠤᠯᠭ᠎ᠠ ᠦᠪᠦᠷ ᠮᠤᠩᠭᠤᠯ ᠤᠨ ᠷᠠᠳᠢᠣ᠋ ᠲᠧᠯᠸᠢᠰ ᠲᠤᠪᠴᠢᠶ᠎ᠠ ᠲᠠᠢ ᠪᠠᠨ ᠬᠠᠷᠢᠯᠴᠡᠨ | ᠭᠠᠴᠠᠭᠠᠨ ᠤ ᠵᠦᠪᠯᠡᠯ ᠤᠨ ᠠᠵᠢᠯᠯᠠᠬᠤ ᠭᠡᠷ ᠤᠨ ᠬᠠᠵᠠᠭᠤ ᠳᠤ ᠲᠦᠷᠪᠡᠨ ᠤᠳᠠᠰᠤᠳᠤ ᠬᠤᠭᠤᠷ ᠤᠨ ᠰᠤᠶᠤᠯ | ᠤᠷᠠᠯᠢᠭ ᠤᠨ ᠦᠢᠯᠡᠴᠢᠯᠡᠬᠡᠨ ᠤ ᠲᠦᠪ ᠪᠠᠶᠢᠭᠤᠯᠵᠦ ᠦᠭᠭᠦᠭᠰᠡᠨ ᠪᠠ ᠬᠤᠭᠤᠷ ᠬᠦᠭᠵᠢᠮ᠂ ᠮᠤᠩᠭᠤᠯ ᠬᠤᠪᠴᠠᠰᠤ | ᠵᠠᠰᠡᠯ ᠵᠡᠷᠭᠡ ᠶᠢ ᠪᠦᠷᠢᠯᠳᠤᠬᠦᠯᠵᠤ ᠦᠭᠭᠦᠭᠰᠡᠨ ᠢᠶᠠᠷ ᠭᠠᠴᠠᠭᠠᠨ ᠤ ᠤᠯᠠᠨ ᠲᠦᠮᠡᠨ ᠤ ᠲᠠᠭᠤᠤ ᠪᠦᠵᠢᠭ ᠬᠤᠭᠤᠷ | ᠬᠦᠭᠵᠢᠮ ᠰᠤᠷᠬᠤ ᠢᠳᠡᠪᠬᠢᠵᠢᠯ ᠢ ᠶᠡᠭᠡ ᠪᠠᠷ ᠲᠠᠶᠢᠴᠢᠯᠠᠵᠤ ᠴᠢᠳᠠᠬᠰᠠᠨ ᠪᠠᠶᠢᠨ᠎ᠠ᠃ | ︽ᠮᠠᠨ ᠤ ᠪᠤᠷᠤᠬᠤᠰᠢᠭᠤ ᠭᠠᠴᠠᠭᠠᠨ ᠤ ᠰᠤᠶᠤᠯ ᠤᠷᠠᠯᠢᠭ ᠤᠨ ᠪᠦᠯᠬᠦᠮ ᠤᠳᠤ ᠬᠤᠯᠠ ᠦᠢᠷ᠎ᠠ ᠳᠤ ᠪᠠᠨ ᠨᠡᠷ᠎ᠠ | ᠠᠯᠳᠠᠷᠰᠢᠵᠤ ᠪᠠᠶᠢᠨ᠎ᠠ᠂ ᠪᠠᠯᠭᠠᠰᠤ᠂ ᠬᠤᠰᠢᠭᠤᠨ ᠤ ᠬᠡᠪᠴᠢᠶᠡᠨ ᠤ ᠠᠵᠢᠯᠯᠠᠭᠠᠨ ᠳᠤ ᠪᠦᠷ ᠤᠷᠤᠯᠴᠠᠬᠤ | ᠪᠤᠯᠤᠬᠰᠠᠨ ᠢᠶᠠᠷ ᠪᠠᠷᠠᠬᠤ ᠦᠭᠡᠢ ᠮᠤᠩᠭᠤᠯ ᠢᠶᠠᠷ ᠭᠤᠶᠤᠯᠠᠵᠤ᠂ ᠪᠤᠰᠢᠭᠤ ᠭᠠᠷ ᠲᠠᠪᠴᠠᠩ ᠲᠤ ᠬᠤᠭᠤᠷ ᠲᠠᠳᠠᠵᠤ | ᠪᠦᠵᠢᠭ ᠪᠦᠵᠢᠭᠯᠡᠨ ᠤᠯᠠᠨ ᠬᠦᠮᠤᠨ ᠤ ᠠᠩᠬᠠᠷᠤᠯ ᠳᠤ ᠬᠦᠷᠦᠭᠰᠡᠨ ᠪᠠᠶᠢᠨ᠎ᠠ︾ ᠭᠡᠵᠤ ᠮᠠᠨᠤᠰ ᠲᠠᠢ ᠬᠠᠮᠳᠤ ᠶᠠᠪᠤᠵᠤ | ᠪᠠᠶᠢᠬᠰᠠᠨ ᠪᠠᠯᠭᠠᠰᠤᠨ ᠤ ᠺᠠᠳ᠋ᠷ ᠠᠴᠠ ᠬᠠᠵᠠᠭᠤ ᠠᠴᠠ ᠲᠠᠨᠢᠯᠴᠠᠭᠤᠯᠤᠨ᠎ᠠ᠃ | ᠨᠠᠮ ᠤᠨ ᠰᠠᠶᠢᠨ ᠲᠦᠷᠤ ᠶᠢᠨ ᠪᠤᠳᠤᠯᠭ᠎ᠠ᠂ ᠶᠠᠳᠠᠭᠤ ᠶᠢ ᠲᠡᠳᠭᠦᠬᠦ ᠺᠠᠳ᠋ᠷ ᠨᠡᠷ ᠤᠨ ᠦᠢᠭ᠎ᠠ ᠦᠭᠡᠢ ᠵᠢᠳᠭᠦᠯ | ᠲᠤᠤᠷ᠎ᠠ ᠠᠷᠠᠳ ᠲᠦᠮᠡᠨ ᠤ ᠠᠮᠢᠳᠤᠷᠠᠯ ᠲᠡᠭᠵᠢᠷᠡᠵᠤ᠂ ᠰᠤᠶᠤᠯ ᠤᠨ ᠠᠮᠢᠳᠤᠷᠠᠯ ᠪᠠᠶᠠᠯᠢᠬᠵᠢᠵᠤ᠂ ᠭᠠᠴᠠᠭᠠᠨ ᠤ | ᠮᠠᠯᠴᠢᠨ ᠲᠠᠷᠢᠶᠠᠴᠢᠨ ᠤ ᠡᠮᠤᠰᠭᠡᠯ ᠵᠠᠰᠠᠯ᠂ ᠤᠷ᠎ᠠ ᠠᠪᠢᠶᠠᠰ᠂ ᠬᠡᠪ ᠴᠢᠨᠡᠷ ᠤᠨ ᠲᠠᠯ᠎ᠠ ᠪᠠᠷ ᠲᠤᠰᠬᠠᠢ ᠤᠷᠠᠯᠢᠬᠴᠢᠨ ᠤ | ᠬᠢᠷᠢ ᠳᠤ ᠬᠦᠷᠴᠤ ᠴᠢᠳᠠᠬᠰᠠᠨ ᠪᠦᠭᠡᠳ ᠤᠷᠡᠨ ᠪᠦᠵᠢᠭ ᠤᠳᠠᠰᠤᠳᠤ ᠬᠤᠭᠤᠷ ᠢᠶᠠᠷ ᠢᠶᠠᠨ ᠡᠶ᠎ᠡ ᠨᠠᠶᠢᠷᠠᠮᠳᠠᠭᠤ ᠵᠤᠯ | ᠵᠢᠷᠭᠠᠯᠳᠤ ᠠᠮᠢᠳᠤᠷᠠᠯ ᠢᠶᠠᠨ ᠤᠶᠠᠩᠭᠠᠯᠠᠨ᠎ᠠ᠃ |