ᠴᠠᠷᠠᠰᠦᠨ ᠪᠠᠯᠭᠠᠰᠦ ᠲᠠᠷᠢᠶᠠᠯᠠᠩ ᠵᠤᠭᠠᠴᠠᠯ ᠢ ᠠᠭᠤᠰᠤᠯᠴᠠᠭᠤᠯᠤᠨ ᠬᠦᠭᠵᠢᠭᠦᠯᠵᠦ ᠵᠤᠭᠠᠴᠠᠬᠰᠠᠳ ᠤᠨ ᠲᠠᠭᠠᠰᠢᠶᠠᠯ ᠢ ᠬᠦᠷᠳᠡᠵᠦ ᠪᠠᠶᠢᠨ᠎ᠠ
ᠨᠡᠶᠢᠲᠡᠯᠡᠭᠰᠡᠨ ᠴᠠᠭ᠄
2021/8/30
   ᠲᠤᠰ ᠰᠤᠨᠢᠨ ᠤ ᠮᠡᠳᠡᠭᠡ ︵ᠰᠤᠷᠪᠤᠯᠵᠢᠯᠠᠬᠴᠢ ᠯᠢᠶᠠᠨ ᠪᠤᠤ︶ ᠤᠢᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠦᠨ ᠡᠮᠤᠨᠡᠲᠦ ᠬᠤᠰᠢᠭᠤᠨ ᠤ ᠴᠠᠷᠠᠰᠦᠨ ᠪᠠᠯᠭᠠᠰᠤ ︽ᠠᠮᠢ ᠠᠬᠤᠢ ᠶᠢᠨ ᠵᠤᠭ᠎ᠠ ᠰᠡᠯᠡᠭᠦᠴᠡᠯ ᠤᠨ ᠤᠨᠴᠠᠯᠢᠬᠳᠤ ᠵᠢᠵᠢᠭ ᠪᠠᠯᠭᠠᠰᠤ︾ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠲᠠᠷᠢᠶᠠᠯᠠᠩ ᠢᠶᠠᠷ ᠵᠤᠭᠠᠴᠠᠯ ᠢ ᠠᠬᠢᠭᠤᠯᠬᠤ᠂ ᠵᠤᠭᠠᠴᠠᠯ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ ᠵᠠᠭᠪᠤᠷ ᠢ ᠬᠡᠷᠡᠭᠯᠡᠨ᠂ ᠲᠠᠷᠢᠶᠠᠯᠠᠩ ᠵᠤᠭᠠᠴᠠᠯ ᠠᠭᠤᠰᠤᠯᠴᠠᠨ ᠬᠦᠭᠵᠢᠭᠰᠡᠨ ᠬᠢᠯᠡᠰ ᠴᠡᠭ ᠢ ᠡᠭᠦᠳᠴᠤ᠂ ᠵᠤᠭᠠᠴᠠᠭᠰᠠᠳ ᠤᠨ ᠠᠩᠬᠠᠷᠦᠯ ᠢ ᠶᠡᠭᠡᠪᠡᠷ ᠳᠠᠲᠠᠵᠦ ᠪᠤᠢ᠃    ᠴᠠᠷᠠᠰᠤᠨ ᠪᠠᠯᠭᠠᠰᠤᠨ ᠤ ᠥᠩᠭᠡ ᠦᠵᠡᠮᠵᠢ ᠳᠥᠷᠪᠡᠨ ᠤᠯᠠᠷᠢᠯ ᠳᠤ ᠪᠦᠷ ᠭᠤᠶᠤ ᠮᠦᠷᠳᠡᠭᠡᠨ ᠰᠣᠶᠣᠯ ᠲᠠᠮᠢᠷ ᠤᠨ ᠠᠵᠢᠯᠯᠠᠭᠠᠨ ᠨᠢ ᠴᠤ ᠡᠯᠪᠡᠭ ᠪᠠᠶᠠᠯᠢᠭ ᠪᠠᠶᠢᠳᠠᠭ᠃ ᠠᠮᠢ ᠠᠬᠤᠶ ᠶᠢᠨ ᠰᠡᠯᠡᠭᠦᠴᠡᠯ ᠵᠤᠭᠠᠴᠠᠯ ᠤᠨ ᠠᠵᠦ ᠦᠢᠯᠡᠰ ᠢ ᠠᠬᠢᠭᠤᠯᠬᠤ ᠶᠢᠨ ᠲᠥᠯᠥᠭᠡ᠂ ᠤᠢᠢᠷ᠎ᠠ ᠶᠢᠨ ᠵᠢᠯ ᠳᠤ ᠴᠠᠷᠠᠰᠤᠨ ᠪᠠᠯᠭᠠᠰᠤ ︽ᠳᠤᠮᠳᠠᠳᠤ ᠤᠯᠤᠰ · ᠴᠠᠷᠠᠰᠤᠨ ᠤ ᠠᠮᠢ ᠠᠬᠤᠶ ᠶᠢᠨ ᠰᠡᠯᠡᠭᠦᠴᠡᠯ ᠵᠤᠭᠠᠴᠡᠯ ᠤᠨ ᠤᠨᠴᠠᠯᠢᠬᠳᠤ ᠵᠢᠵᠢᠭ ᠪᠠᠯᠭᠠᠰᠤ︾ ᠶᠢᠨ ᠲᠠᠨᠢᠯᠴᠠᠭᠤᠯᠭ᠎ᠠ ᠶᠢᠨ ᠬᠤᠷᠠᠯ ᠬᠤᠷᠠᠯᠳᠤᠭᠤᠯᠵᠦ᠂ ᠪᠣᠬᠢᠷᠲᠤᠯ ᠥᠬᠡᠶ ᠠᠮᠢ ᠠᠬᠤᠶ᠂ ᠰᠡᠯᠡᠭᠦᠴᠡᠯ ᠵᠤᠭᠠᠴᠠᠯ ᠤᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠤᠷᠢᠳ ᠬᠤᠵᠢᠳ ︽ᠡᠪᠦᠯ ᠤᠨ ᠤᠯᠠᠷᠢᠯ ᠤᠨ ᠵᠢᠭᠠᠰᠤ ᠠᠩᠨᠠᠬᠤ ᠨᠠᠶᠢᠷ᠂ ᠠᠭᠤᠯᠠ ᠠᠪᠠᠷᠢᠬᠤ ᠨᠠᠶᠢᠷ᠂ ᠨᠠᠭᠤᠷ ᠲᠣᠭᠤᠷᠢᠭᠰᠠᠨ ᠳᠤᠭᠤᠶ ᠲᠡᠷᠭᠡᠨ ᠤ ᠤᠷᠤᠯᠳᠤᠭᠠᠨ᠂ ᠬᠡᠭᠡᠷ᠎ᠡ ᠪᠠᠭᠤᠳᠠᠯᠯᠠᠬᠤ ᠠᠵᠢᠯᠯᠠᠭ᠎ᠠ︾ ᠵᠡᠷᠭᠡ ᠶᠢ ᠦᠷᠨᠢᠬᠦᠯᠵᠦ᠂ ᠬᠤᠯᠠ ᠤᠢᠢᠷ᠎ᠠ ᠶᠢᠨ ᠵᠤᠭᠠᠴᠠᠬᠰᠡᠳ ᠤᠨ ᠲᠤᠷ᠎ᠠ ᠰᠤᠨᠢᠷᠬᠠᠯ ᠢ ᠲᠠᠳᠠᠨ᠂ ᠵᠤᠭᠠᠴᠠᠯ ᠤᠨ ᠤᠢᠢᠯᠡᠰ ᠢᠶᠠᠨ ᠡᠷᠡᠭᠦᠯ ᠮᠦ᠋ᠷᠳᠡᠭᠡᠨ ᠲᠦᠷᠭᠡᠨ ᠬᠦᠭᠵᠢᠭᠦᠯᠵᠦ᠂ ᠪᠦᠬᠦ ᠪᠠᠯᠭᠠᠰᠦᠨ ᠤ ᠪᠠᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠨ ᠲᠤᠯᠭᠠᠭᠤᠷᠢᠯᠠᠯ ᠬᠠᠩᠭᠠᠵᠠᠢ᠃ ᠲᠤᠰ ᠪᠠᠯᠭᠠᠰᠤ ᠪᠠᠰᠠ ᠭᠦᠨ ᠵᠤᠵᠠᠭᠠᠨ ᠰᠣᠶᠣᠯ ᠢᠷᠭᠡᠨᠰᠢᠯ ᠪᠠ ᠡᠯᠪᠡᠭ ᠪᠠᠶᠠᠯᠢᠭ ᠪᠠᠶᠢᠭᠠᠯᠢ ᠶᠢᠨ ᠦᠵᠡᠮᠵᠢ ᠳᠤ ᠪᠠᠨ ᠲᠦᠰᠢᠭᠯᠡᠨ᠂ ᠪᠠᠯᠭᠠᠰᠤ ᠪᠠᠨ ᠲᠤᠭᠤᠷᠢᠭᠤᠯᠤᠨ ᠰᠡᠯᠡᠭᠦᠴᠡᠯ ᠵᠤᠭ᠎ᠠ ᠴᠡᠩᠭᠡᠯ ᠤᠨ ᠪᠦᠰᠡ ᠪᠠ ᠨᠠᠭᠤᠷ ᠲᠣᠭᠤᠷᠢᠭᠰᠠᠨ ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠶᠢᠨ ᠪᠦᠰᠡ ᠶᠢ ᠪᠦᠷᠢᠯᠳᠦᠭᠦᠯᠵᠠᠢ᠃    ᠲᠠᠷᠢᠶᠠᠯᠠᠩ ᠵᠤᠭᠠᠴᠠᠯ ᠢ ᠨᠡᠩ ᠢᠯᠡᠭᠦᠦ ᠠᠭᠤᠰᠤᠯᠴᠠᠭᠤᠯᠦᠨ᠂ ᠦᠵᠡᠰᠭᠦᠯᠠᠩᠲᠦ ᠰᠠᠶᠢᠬᠠᠨ ᠵᠤᠭᠠᠴᠠᠯ ᠤᠨ ᠴᠡᠭ ᠢ ᠡᠭᠦᠳᠬᠦ ᠪᠠᠷ ᠴᠠᠷᠠᠰᠦᠨ ᠪᠠᠯᠭᠠᠰᠦ ᠬᠢᠩᠭᠠᠨ ᠵᠢᠶᠠ ᠾᠧ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶ᠋ᠯᠡᠰ ᠢ ᠠᠭᠤᠰᠤᠯᠴᠠᠭᠤᠯᠤᠨ ᠬᠥᠭᠵᠢᠭᠦᠯᠵᠦ ᠵᠢᠱᠢᠶ᠎ᠡ ᠦᠵᠡᠭᠦᠯᠤᠨ᠂ ᠲᠠᠷᠢᠶᠠᠯᠠᠩ ᠢ ᠲᠣᠭᠤᠷᠢᠨ ᠦᠵᠡᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠰᠣᠶᠣᠯ ᠢ ᠤᠯᠠᠮᠵᠢᠯᠠᠬᠤ᠂ ᠬᠤᠨᠤᠬᠳᠤ ᠵᠤᠭᠠᠴᠠᠯ ᠢ ᠡᠷᠭᠢᠯᠡᠬᠦ᠂ ᠢᠳᠡᠭᠡᠨ ᠤᠮᠳᠠᠭᠠᠨ ᠤ ᠦᠶ᠋ᠯᠡᠴᠢᠯᠡᠭᠡᠨ ᠬᠠᠩᠭᠠᠬᠤ ᠵᠡᠷᠭᠡ ᠲᠥᠷᠥᠯ ᠵᠦᠶ᠋ᠯ ᠢ ᠲᠠᠭᠠᠯᠳᠤᠭᠤᠯᠤᠨ ᠬᠥᠭᠵᠢᠭᠦᠯᠵᠦ᠂ ᠠᠯᠬᠤᠵᠦ ᠪᠡᠶ᠎ᠡ ᠴᠢᠭᠢᠷᠠᠭᠵᠢᠭᠤᠯᠬᠤ ᠵᠤᠭᠠᠴᠠᠯ᠂ ᠲᠠᠷᠢᠶ᠎ᠠ ᠶᠢ ᠪᠡᠶᠡᠴᠢᠯᠡᠨ ᠣᠶᠢᠯᠠᠭᠠᠬᠤ ᠵᠤᠭᠠᠴᠠᠯ᠂ ᠲᠤᠲᠤᠷᠭ᠎ᠠ ᠶᠢ ᠡᠳ᠋ᠰᠢᠭᠦᠯᠬᠦ ᠠᠵᠤ ᠦᠶ᠋ᠯᠡᠳᠪᠦᠷᠢ ᠶᠢᠨ ᠵᠤᠭᠠᠴᠠᠯ᠂ ᠲᠤᠲᠤᠷᠭ᠎ᠠ ᠶᠢᠨ ᠰᠣᠶᠣᠯ ᠢ ᠲᠦᠭᠡᠮᠡᠯᠵᠢᠭᠦᠯᠬᠦ ᠰᠢᠨᠵᠢᠯᠡᠬᠦ ᠤᠬᠠᠭᠠᠨᠴᠢ ᠵᠤᠭᠠᠴᠠᠯ ᠢ ᠬᠦᠭᠵᠢᠭᠦᠯᠦᠨ ᠤᠯᠠᠨ ᠤ ᠠᠩᠬᠠᠷᠤᠯ ᠢ ᠲᠠᠳᠠᠵᠠᠢ᠃ ᠲᠤᠰ ᠪᠠᠯᠭᠠᠰᠤ ᠪᠠᠰᠠ ᠭᠠᠵᠠᠷ ᠤᠷᠤᠨ ᠤ ᠪᠠᠨ ᠦᠵᠡᠮᠵᠢ ᠶᠢᠨ ᠡᠬᠢ ᠪᠠᠶᠠᠯᠢᠭ ᠢᠶᠠᠨ ᠠᠰᠢᠭᠯᠠᠨ᠂ ᠲᠤᠲᠤᠷᠭ᠎ᠠ ᠶᠢᠨ ᠰᠤᠶᠤᠯ ᠢ ᠪᠡᠶᠡᠴᠢᠯᠡᠨ ᠣᠶᠢᠯᠠᠭᠠᠬᠤ ᠲᠠᠢ ᠤᠶᠠᠯᠳᠤᠭᠤᠯᠤᠨ᠂ ᠵᠢᠯ ᠪᠦᠷᠢ ᠲᠤᠲᠤᠷᠭ᠎ᠠ ᠶᠢᠨ ᠴᠢᠬᠢ ᠰᠠᠭᠤᠯᠭᠠᠬᠤ ᠨᠠᠶᠢᠷ ᠡᠷᠭᠢᠯᠡᠵᠦ᠂ ᠲᠤᠲᠤᠷᠭ᠎ᠠ ᠶᠢᠨ ᠨᠠᠶᠢᠷ ᠤᠨ ᠨᠠᠷᠠᠲᠤ ᠲᠡᠮᠳᠡᠭ ᠢ ᠡᠭᠦᠳᠴᠤ᠂ ᠵᠤᠭᠠᠴᠠᠭᠰᠠᠳ ᠲᠤ ᠰᠡᠭᠦᠳᠡᠷ ᠲᠠᠲᠠᠬᠤ᠂ ᠦᠵᠡᠮᠵᠢ ᠰᠣᠨᠢᠷᠬᠠᠬᠤ ᠭᠤᠴᠤ ᠰᠠᠶᠢᠬᠠᠨ ᠦᠵᠡᠮᠵᠢ ᠬᠠᠩᠭᠠᠬᠰᠠᠨ ᠪᠠᠶᠢᠨ᠎ᠠ᠃ ᠮᠦᠨ ᠪᠠᠶᠠᠷ ᠳᠤᠷᠠᠰᠬᠠᠯ ᠤᠨ ᠡᠳᠦᠷ ᠢ ᠲᠤᠬᠢᠶᠠᠯᠳᠤᠭᠤᠯᠤᠨ ᠵᠢᠯ ᠪᠦᠷᠢ ᠶᠢᠨ 6 ᠰᠠᠷ᠎ᠠ ᠳᠤ ᠲᠣᠮᠣ ᠬᠡᠯᠪᠡᠷᠢ ᠶᠢᠨ ᠣᠪᠣᠭᠠᠨ ᠲᠠᠬᠢᠯᠭ᠎ᠠ ᠬᠢᠵᠦ᠂ ᠴᠠᠷᠠᠰᠤᠨ ᠨᠤᠳᠤᠭ ᠤᠨ ᠢᠶᠠᠨ ᠲᠡᠤᠬᠡ ᠰᠣᠶᠣᠯ ᠪᠠ ᠠᠷᠠᠳ ᠤᠨ ᠵᠠᠩ ᠳᠠᠳᠬᠠᠯ ᠢ ᠤᠬᠠᠭᠤᠯᠤᠨ ᠤᠯᠠᠮᠵᠢᠯᠠᠵᠦ ᠪᠤᠢ᠃    ᠪᠠᠯᠭᠠᠰᠦᠨ ᠤ ᠬᠠᠪᠢ ᠳᠠᠬᠢ ᠬᠢᠩᠭᠠᠨ ᠮᠣᠩᠭᠤᠯ ᠬᠡᠷ ᠤᠨ ᠵᠤᠭᠠᠴᠠᠯ ᠤᠨ ᠲᠣᠰᠬᠤᠨ ᠪᠣᠯ ᠤᠯᠤᠰ ᠤᠨ AAA ᠲᠠᠰ ᠤᠨ ᠵᠤᠭᠠᠴᠠᠯ ᠤᠨ ᠦᠵᠡᠮᠵᠢ ᠶᠢᠨ ᠣᠷᠣᠨ ᠪᠣᠯᠤᠨ᠎ᠠ᠃ ᠵᠡᠭᠦᠨ ᠬᠤᠶᠢᠲᠤ ᠲᠠᠯ᠎ᠠ ᠪᠠᠷ ᠨᠢ ᠬᠥᠪᠡᠭᠡ ᠬᠢᠵᠠᠭᠠᠷ ᠨᠢ ᠬᠠᠷᠠᠭᠳᠠᠬᠤ ᠥᠬᠡᠶ ᠬᠤᠷᠴᠢᠨ ᠤ ᠲᠠᠯ᠎ᠠ ᠨᠤᠲᠤᠭ ᠲᠠᠢ᠂ ᠡᠮᠦᠨ᠎ᠡ ᠲᠠᠯ᠎ᠠ ᠪᠠᠷ ᠨᠢ ᠴᠠᠷᠠᠰᠦᠨ ᠤ ᠤᠯᠤᠰ ᠤᠨ ᠲᠠᠰ ᠤᠨ ᠣᠶ ᠰᠢᠭᠤᠶ ᠶᠢᠨ ᠴᠡᠴᠡᠷᠯᠢᠭ ᠲᠠᠢ᠂ ᠪᠠᠷᠠᠭᠤᠨ ᠲᠠᠯ᠎ᠠ ᠪᠠᠷ ᠨᠢ ︽ᠬᠤᠷᠴᠢᠨ ᠤ ᠲᠠᠯ᠎ᠠ ᠨᠤᠲᠤᠭ ᠤᠨ ᠭᠡᠷᠡᠯᠲᠦ ᠰᠤᠪᠤᠳ︾ ᠬᠡᠮᠡᠭᠳᠡᠭᠰᠡᠨ ᠴᠠᠷᠠᠰᠦᠨ ᠤᠰᠤᠨ ᠴᠥᠭᠦᠷᠥᠮ ᠲᠠᠢ᠃ ᠡ᠊ᠨᠳᠡ ᠵᠤᠭᠠᠴᠠᠯ ᠤᠨ ᠵᠠᠰᠠᠮᠠᠯ ᠵᠠᠮ ᠰᠦᠯᠵᠢᠯᠳᠦᠨ᠂ ᠵᠠᠮ ᠬᠠᠷᠢᠯᠴᠠᠭ᠎ᠠ ᠳᠥᠭᠦᠮ᠂ ᠥᠩᠭᠡ ᠦᠵᠡᠮᠵᠢ ᠥᠪᠡᠷᠮᠢᠴᠡ᠂ ᠠᠭᠤᠷ ᠠᠮᠢᠰᠬᠤᠯ ᠲᠠᠭᠠᠯᠠᠮᠵᠢᠲᠠᠶ ᠪᠤᠯᠬᠤᠷ ᠬᠤᠯᠠ ᠤᠢᠢᠷ᠎ᠠ ᠠᠴᠠ ᠢᠷᠡᠭᠰᠡᠨ ᠬᠦᠮᠦᠰ ᠤᠨ ᠵᠤᠭᠠᠴᠠᠬᠤ᠂ ᠠᠮᠠᠷᠠᠬᠤ᠂ ᠵᠤᠰᠠᠬᠤ ᠵᠢᠷᠭᠠᠯ ᠤᠨ ᠤᠷᠤᠨ ᠪᠤᠯᠪᠠ᠃ ᠦᠵᠡᠮᠵᠢ ᠶᠢᠨ ᠣᠷᠣᠨ ᠳᠠᠬᠢ ᠲᠠᠨᠠᠨ ᠴᠠᠭᠠᠨ ᠮᠣᠩᠭᠤᠯ ᠬᠡᠷ ᠨᠢ ᠶᠠᠭ ᠯᠠ ᠲᠠᠨᠢᠭᠡᠷ ᠠᠭᠤᠳᠠᠮ ᠲᠠᠯ᠎ᠠ ᠨᠤᠲᠤᠭ ᠲᠤ ᠲᠡᠯᠭᠡᠷᠡᠭᠰᠡᠨ ᠴᠠᠰᠤᠳᠤ ᠯᠢᠩᠬ᠊ ᠤᠠ᠋ ᠴᠡᠴᠡᠭ ᠰᠢᠭ ᠭᠤᠶᠤ ᠬᠠᠷᠠᠬᠳᠠᠵᠦ᠂ ᠰᠦᠷᠦᠭ ᠰᠦᠷᠦᠭ ᠦᠬᠡᠷ ᠬᠤᠨᠢᠳ᠂ ᠦᠷᠭᠦᠯᠵᠢᠯᠡᠭᠰᠡᠨ ᠠᠭᠤᠯᠠ ᠤᠰᠤ᠂ ᠢᠭᠴᠤ ᠰᠠᠬᠤᠯᠢᠭ ᠤᠢ ᠰᠢᠭᠤᠢ ᠨᠢ ᠦᠨᠡᠭᠡᠷ ᠬᠦᠮᠦᠰ ᠢ ᠭᠠᠶᠢᠬᠠᠰᠢ ᠠᠯᠳᠠᠭᠤᠯᠦᠨ᠎ᠠ᠃    ᠴᠠᠷᠠᠰᠤᠨ ᠤᠯᠤᠰ ᠤᠨ ᠲᠡᠰ ᠤᠨ ᠣᠶ ᠰᠢᠭᠤᠶ ᠶᠢᠨ ᠴᠡᠴᠡᠷᠯᠢᠭ ᠨᠢ ᠵᠡᠭᠦᠨ ᠪᠠᠷᠠᠭᠤᠨ ᠢ ᠬᠤᠯᠪᠤᠵᠦ ᠪᠠᠶᠢᠬᠤ ᠪᠦᠭᠡᠳ ︽ᠴᠢᠩᠭ᠎ᠠ ᠬᠠᠮᠠᠭᠠᠯᠠᠬᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠨᠢᠭᠡᠳᠦᠯᠲᠡᠶ ᠬᠠᠮᠢᠶᠠᠷᠬᠤ᠂ ᠵᠣᠬᠢᠰᠲᠠᠶ ᠠᠰᠢᠭᠯᠠᠬᠤ᠂ ᠵᠣᠬᠢᠴᠠᠩᠭᠤᠶ ᠬᠥᠭᠵᠢᠭᠦᠯᠬᠦ︾ ᠵᠠᠷᠴᠢᠮ ᠶᠤᠰᠤ ᠪᠠᠷ ᠵᠢᠷᠤᠵᠦ ᠲᠦᠯᠦᠪᠯᠡᠨ᠂ ᠣᠶ ᠰᠢᠭᠤᠶ ᠶᠢᠨ ᠠᠮᠢ ᠠᠬᠤᠶ ᠶᠢᠨ ᠰᠢᠰᠲ᠋ᠧᠮ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠰᠠᠨ ᠢᠶᠠᠷ ᠪᠠᠷᠠᠬᠤ ᠦᠭᠡᠢ ᠡᠬᠢ ᠪᠠᠶᠠᠯᠢᠭ ᠤᠨ ᠳᠠᠪᠠᠭᠤᠯᠢᠭ ᠢ ᠭᠦᠶ᠋ᠴᠡᠳ ᠪᠠᠳᠠᠷᠠᠭᠤᠯᠵᠤ᠂ ᠡᠷᠬᠢᠨ ᠲᠣᠭᠤᠷᠢᠨ ᠤ ᠦᠵᠡᠮᠵᠢ ᠶᠢᠨ ᠣᠷᠣᠨ ᠢᠶᠠᠷ ᠨᠦᠬᠦᠪᠦᠷᠢᠯᠡᠯ ᠪᠤᠯᠭᠠᠵᠦ᠂ ᠵᠤᠭᠠᠴᠠᠯ ᠤᠨ ᠪᠦᠲᠦᠭᠡᠭᠳᠡᠬᠦᠨ ᠤ ᠲᠥᠷᠥᠯ ᠬᠡᠯᠪᠡᠷᠢ ᠶᠢ ᠪᠠᠶᠠᠯᠢᠭᠵᠢᠭᠤᠯᠤᠨ ᠂ ᠵᠤᠭᠠᠴᠠᠬᠰᠡᠳ ᠲᠤ ᠣᠶ ᠰᠢᠭᠤᠶ ᠶᠢᠨ ᠰᠡᠯᠡᠭᠦᠴᠡᠯ ᠢ ᠡᠷᠢᠯᠬᠢᠯᠡᠬᠦ᠂ ᠰᠣᠨᠢᠨ ᠰᠡᠪᠡᠭᠦᠨ ᠵᠤᠭ᠎ᠠ ᠰᠣᠨᠢᠷᠬᠠᠯ ᠢ ᠡᠷᠢᠬᠦ᠂ ᠵᠤᠰᠠᠯᠠᠩ ᠤᠨ ᠠᠮᠠᠷᠠᠯᠲᠠ ᠶᠢ ᠥᠩᠭᠡᠷᠡᠭᠦᠯᠬᠦ᠂ ᠬᠡᠭᠡᠷ᠎ᠡ ᠪᠠᠭᠤᠳᠠᠯᠯᠠᠵᠤ ᠨᠠᠷᠭᠢᠨ ᠴᠡᠩᠭᠡᠯᠳᠦᠬᠦ ᠥᠷᠭᠡᠨ ᠲᠠᠯᠠᠪᠤᠷ ᠬᠠᠩᠭᠠᠵᠦ᠂ ᠤᠷᠤᠨ ᠨᠤᠲᠤᠭ ᠤᠨ ᠵᠤᠭᠠᠴᠠᠯ ᠤᠨ ᠤᠢᠢᠯᠡᠰ ᠪᠠ ᠠᠵᠦ ᠠᠬᠤᠢ ᠶᠢᠨ ᠬᠦᠭᠵᠢᠯᠲᠠ ᠶᠢ ᠵᠡᠷᠭᠡᠪᠡᠷ ᠠᠬᠢᠭᠤᠯᠵᠦ ᠴᠢᠳᠠᠬᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号