ᠲᠣᠰ ᠰᠣᠨᠢᠨ ᠤ ᠮᠡᠳᠡᠭᠡ ᠬᠦᠨᠳᠦ ᠶᠡᠭᠡ ᠭᠠᠯ ᠤᠨ ᠠᠶᠣᠯ ᠤᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ | ᠠᠷᠢᠯᠭᠠᠵᠤ᠂ ᠭᠤᠤᠯᠳᠠᠯᠭ᠎ᠠ ᠲᠠᠢ ᠪᠠᠶᠢᠭᠤᠯᠭ᠎ᠠ ᠨᠢᠭᠡᠴᠢ ᠶᠢᠨ ᠭᠠᠯ ᠤᠨ ᠠᠶᠤᠯ ᠢ ᠰᠡᠷᠭᠡᠶᠢᠯᠡᠬᠦ ᠠᠵᠢᠯ ᠢ ᠤᠯᠠᠮ ᠨᠢᠭᠡ | ᠠᠯᠬᠤᠮ ᠴᠢᠩᠭᠠᠳᠬᠠᠬᠤ ᠶᠢᠨ ᠲᠦᠯᠣᠬᠡ ᠣᠢᠢᠷ᠎ᠠ ᠳᠤ᠂ ᠬᠤᠷᠴᠢᠨ ᠪᠠᠷᠠᠭᠤᠨ ᠭᠠᠷᠣᠨ ᠡᠮᠣᠨᠡᠳᠣ ᠬᠤᠰᠢᠭᠤᠨ ᠤ | ᠲᠣᠳᠣᠭᠠᠳᠣ ᠶᠢ ᠬᠠᠮᠠᠭᠠᠯᠠᠬᠤ ᠲᠣᠪᠴᠢᠶ᠎ᠠ ᠶᠢᠨ ᠬᠠᠯᠠᠭᠠᠢ ᠲᠣᠳᠣᠭᠠᠳᠣ ᠶᠢ ᠬᠠᠮᠠᠭᠠᠯᠠᠬᠤ ᠰᠠᠯᠪᠤᠷᠢ ᠬᠠᠷᠢᠶ᠎ᠠ | ᠣᠷᠣᠨ ᠳᠤ ᠭᠦᠨᠵᠡᠭᠡᠶᠢᠷᠡᠨ᠂ ᠭᠠᠯ ᠰᠡᠷᠭᠡᠶᠢᠯᠠᠵᠤ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠭᠢᠵᠠᠢ᠃ | ᠲᠣᠰ ᠣᠳᠠᠭ᠎ᠠ ᠶᠢᠨ ᠠᠵᠢᠯᠯᠠᠭ᠎ᠠ ᠳᠤ᠂ ᠴᠠᠭᠳᠠᠭ᠎ᠠ ᠭᠤᠤᠯᠳᠠᠭᠤ ᠬᠠᠷᠢᠶ᠎ᠠ ᠣᠷᠣᠨ ᠤ ᠪᠠᠨ ᠵᠣᠴᠢᠳ ᠤᠨ | ᠪᠠᠭᠤᠳᠠᠯ᠂ ᠬᠤᠳᠠᠯᠳᠤᠭᠠᠨ ᠤ ᠭᠠᠵᠠᠷ᠂ ᠠᠵᠤ ᠠᠬᠤᠶᠢᠯᠠᠯ᠂ ᠰᠤᠷᠭᠠᠭᠤᠯᠢ ᠵᠡᠷᠭᠡ ᠬᠥᠮᠦᠨ ᠣᠯᠠᠨ ᠴᠤᠭᠯᠠᠷᠠᠬᠤ | ᠭᠠᠵᠠᠷ ᠲᠤ ᠭᠠᠯ ᠰᠡᠷᠭᠡᠶᠢᠯᠡᠵᠤ ᠤᠨᠲᠠᠷᠠᠭᠠᠬᠤ ᠪᠠᠶᠢᠴᠠᠭᠠᠯᠲᠠ ᠬᠢᠵᠣ᠂ ᠭᠤᠤᠯᠳᠠᠭᠤ ᠠᠮᠤᠷ ᠲᠦᠪᠰᠢᠨ ᠤ ᠡᠭᠦᠳᠡ ᠶᠢ | ᠣᠨᠢᠰᠤᠯᠠᠬᠤ᠂ ᠰᠠᠭᠠᠳ ᠦᠬᠡᠢ ᠨᠡᠪᠲᠡᠷᠡᠬᠦ ᠵᠠᠮ ᠢ ᠡᠵᠡᠯᠡᠨ ᠬᠡᠷᠡᠭᠯᠡᠬᠦ ᠪᠠᠶᠢᠳᠠᠯ ᠣᠷᠣᠰᠢᠵᠤ ᠪᠠᠶᠢᠬᠤ ᠡᠰᠡᠬᠦ᠂ ᠭᠠᠯ | ᠤᠨᠲᠠᠷᠠᠭᠠᠬᠤ ᠲᠣᠨᠤᠭ ᠲᠦᠬᠦᠬᠡᠷᠣᠮᠵᠢ ᠨᠢ ᠪᠦᠷᠢᠨ ᠡᠰᠡᠬᠦ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ | ᠵᠢᠭᠠᠯᠲᠠ ᠲᠡᠮᠳᠡᠭ ᠢ ᠲᠣᠬᠢᠷᠠᠭᠤᠯᠤᠭᠰᠠᠨ ᠨᠢ ᠲᠣᠭᠲᠠᠭᠠᠯ ᠳᠤ ᠨᠡᠶᠢᠴᠡᠬᠦ ᠡᠰᠡᠬᠦ᠂ ᠭᠠᠯ ᠤᠨᠲᠠᠷᠠᠭᠠᠭᠤᠷ ᠪᠣᠯᠤᠨ | ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠶᠢᠨ ᠳ᠋ᠧᠩ ᠢ ᠲᠣᠬᠢᠷᠠᠭᠤᠯᠤᠭᠰᠠᠨ ᠨᠢ ᠪᠦᠷᠢᠨ ᠪᠦᠲᠦᠨ ᠪᠠᠶᠢᠬᠤ | ᠡᠰᠡᠬᠦ ᠳᠤ ᠪᠠᠶᠢᠴᠠᠭᠠᠯᠳᠠ ᠬᠢᠪᠠ᠃ | ᠲᠣᠰ ᠤᠳᠠᠭᠠᠨ ᠤ ᠭᠠᠯ ᠰᠡᠷᠭᠡᠶᠢᠯᠡᠵᠤ ᠤᠨᠲᠠᠷᠠᠭᠠᠬᠤ ᠪᠠᠶᠢᠴᠠᠭᠠᠯᠲᠠ ᠳᠤ 5 ᠵᠣᠴᠢᠳ ᠤᠨ ᠪᠠᠭᠤᠳᠠᠯ ᠂ 10 | ᠬᠤᠳᠠᠯᠳᠤᠭᠠᠨ ᠤ ᠳᠡᠯᠭᠡᠭᠦᠷ᠂ 2 ᠠᠵᠤ ᠠᠬᠤᠶᠢᠯᠠᠯ᠂ 2 ᠰᠤᠷᠭᠠᠭᠤᠯᠢ ᠵᠡᠷᠭᠡ ᠶᠢ ᠪᠠᠶᠢᠴᠠᠭᠠᠵᠣ᠂ ᠠᠮᠤᠷ | ᠲᠦᠪᠰᠢᠨ ᠤ ᠳᠠᠯᠳᠠ ᠬᠡᠮ ᠢ 3 ᠢᠯᠡᠷᠡᠬᠦᠯᠣᠨ᠂ ᠳᠠᠷᠤᠶ ᠲᠦᠷᠭᠡᠨ ᠴᠡᠭᠴᠡᠯᠡᠨ ᠵᠠᠰᠠᠯᠳᠡ ᠭᠢᠭᠦ ᠳᠤᠬᠠᠢ ᠱᠠᠭᠠᠷᠳᠠᠵᠠᠢ᠃ | ︵ᠳ᠋ᠦ᠋ ᠵᠢᠶᠥ᠋ᠨ︶ |