ᠪᠠᠶᠠᠨᠪᠤᠯᠠᠭ ᠭᠠᠴᠠᠭ᠎ᠠ ᠬᠡᠷ ᠤᠨ ᠲᠡᠵᠢᠭᠡᠪᠦᠷᠢ ᠶᠢᠨ ᠠᠷᠠᠴᠢᠯᠠᠭᠴᠢ ᠶᠢᠨ ᠪᠤᠯᠪᠠᠰᠤᠷᠠᠯ ᠡᠷᠬᠢᠯᠡᠨ ᠮᠠᠯᠴᠢᠨ ᠳᠠᠷᠢᠶᠠᠴᠢᠳ ᠲᠤ ᠳᠡᠵᠢᠭᠡᠪᠦᠷᠢ ᠶᠢᠨ ᠤᠷ᠎ᠠ ᠮᠡᠷᠭᠡᠵᠢᠯ ᠤᠯᠠᠮᠵᠢᠯᠠᠨ᠎ᠠ
ᠨᠡᠶᠢᠲᠡᠯᠡᠭᠰᠡᠨ ᠴᠠᠭ᠄
2021/8/4
   ᠳᠤᠰ ᠰᠤᠨᠢᠨ ᠤ ᠮᠡᠳᠡᠭᠡ ︽ᠪᠢ ᠣᠯᠠᠨ ᠲᠦᠮᠡᠨ ᠳᠤ ᠪᠣᠳᠠᠲᠤ ᠠᠵᠢᠯ ᠬᠢᠵᠦ ᠥᠭᠬᠦ︾  ᠦᠢᠯᠡᠳᠦᠯᠭᠡ ᠶᠢᠨ ᠠᠵᠢᠯᠯᠠᠭ᠎ᠠ ᠶᠢ ᠬᠦᠨᠵᠡᠭᠡᠶᠢᠷᠡᠬᠦᠯᠤᠨ ᠪᠤᠳᠠᠳᠠᠶᠢᠵᠢᠭᠤᠯᠵᠦ᠂ ᠪᠦᠬᠦ ᠪᠠᠯᠭᠠᠰᠤᠨ ᠤ ᠲᠡᠵᠢᠭᠡᠨ ᠦᠷᠡᠵᠢᠭᠦᠯᠬᠦ ᠠᠵᠤ ᠦᠢᠯᠡᠰ ᠢ ᠤᠯᠠᠮ ᠨᠢᠭᠡ ᠠᠯᠬᠤᠮ ᠪᠤᠵᠠᠭᠠᠶᠢᠷᠠᠭᠤᠯᠤᠨ᠂ ᠮᠠᠯᠴᠢᠨ ᠲᠠᠷᠢᠶᠠᠴᠢᠳ ᠤᠨ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠨ ᠪᠠᠶᠠᠵᠢᠬᠤ ᠢᠲᠡᠭᠡᠯ ᠵᠣᠷᠢᠭ ᠪᠠ ᠬᠥᠳᠡᠯᠭᠡᠬᠦ ᠬᠦᠴᠦᠨ ᠢ ᠬᠥᠭᠵᠢᠭᠡᠬᠦ ᠪᠠᠷ᠂ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠳᠡᠪᠰᠡᠭ ᠪᠠᠯᠭᠠᠰᠤᠨ ᠤ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠬᠡᠷ ᠤᠨ ᠲᠡᠵᠢᠭᠡᠪᠦᠷᠢ ᠶᠢᠨ ᠪᠣᠯᠪᠠᠰᠤᠷᠠᠯ ᠤᠨ ᠠᠩᠬᠢ ᠪᠠᠶᠠᠨᠪᠤᠯᠠᠭ ᠭᠠᠴᠠᠭ᠎ᠠ ᠳᠤ ᠠᠮᠵᠢᠯᠲᠠ ᠲᠠᠢ ᠡᠬᠢᠯᠡᠪᠡ᠃    ᠲᠣᠰ ᠤᠳᠠᠭᠠᠨ ᠤ ᠬᠡᠷ ᠤᠨ ᠲᠡᠵᠢᠭᠡᠪᠦᠷᠢ ᠶᠢᠨ ᠪᠤᠯᠪᠠᠰᠤᠷᠠᠯ ᠤᠨ ᠠᠩᠬᠢ ᠶᠢ ᠦᠨᠡᠨ ᠬᠦ ᠰᠠᠶᠢᠲᠤᠷ ᠡᠷᠬᠢᠯᠡᠬᠦ ᠪᠠᠷ᠂ ᠳᠡᠪᠰᠡᠭ ᠪᠠᠯᠭᠠᠰᠤᠨ ᠤ ᠬᠢᠨ ᠤᠳᠤᠬᠠᠨ ᠤ ᠮᠠᠯᠴᠢᠨ ᠳᠠᠷᠢᠶᠠᠴᠢᠳ ᠤᠨ ᠲᠠᠷᠢᠶᠠᠯᠠᠩ ᠤᠨ ᠰᠡᠯᠡᠭᠦᠦ ᠴᠠᠭ ᠢ ᠠᠰᠢᠬᠯᠠᠨ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠢᠳᠡᠪᠬᠢᠲᠡᠶ ᠬᠠᠷᠢᠯᠴᠠᠵᠦ᠂ ᠠᠶᠢᠮᠠᠭ ᠤᠨ ᠸᠠᠨ ᠶᠢᠩ ᠪᠦᠦ ᠬᠡᠷ ᠤᠨ ᠶᠠᠪᠤᠳᠠᠯ ᠤᠨ ᠠᠵᠢᠯ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠲᠠᠢ ᠬᠤᠯᠪᠣᠭᠠᠯᠠᠨ᠂ ᠳᠡᠭᠡᠳᠦ ᠲᠠᠰ ᠤᠨ ᠮᠠᠯ ᠠᠵᠤ ᠠᠬᠤᠶ ᠶᠢᠨ ᠮᠡᠷᠭᠡᠵᠢᠯᠲᠡᠨ ᠪᠤᠯᠤᠨ ᠮᠠᠯ ᠤᠨ ᠡᠮᠴᠢ ᠶᠢ ᠤᠷᠢᠵᠤ᠂ ᠣᠨᠣᠯ ᠤᠨ ᠲᠠᠶᠢᠯᠤᠮᠵᠢ ᠪᠠ ᠲᠤᠬᠠᠶ ᠶᠢᠨ ᠭᠠᠵᠠᠷ ᠢᠶᠠᠷ ᠲᠣᠭᠤᠷᠢᠨ ᠦᠵᠡᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠵᠢᠭᠠᠨ ᠵᠢᠯᠤᠭᠤᠳᠤᠯᠭ᠎ᠠ ᠬᠢᠪᠡ᠃ ᠬᠢᠴᠢᠶᠡᠯ ᠳᠠᠶᠢᠯᠤᠮᠵᠢ ᠳᠤ᠂ ᠳᠤᠰᠬᠠᠢ ᠮᠡᠷᠭᠡᠵᠢᠯ ᠤᠨ ᠪᠠᠭᠰᠢ ᠠᠴᠠ ᠲᠡᠵᠢᠭᠡᠨ ᠦᠷᠡᠵᠢᠭᠦᠯᠬᠦ ᠡᠷᠦᠬᠡ ᠲᠠᠢ ᠪᠠᠶᠢᠨ ᠪᠠᠶᠢᠨ ᠬᠠᠷᠢᠯᠴᠠᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠲᠡᠵᠢᠭᠡᠨ ᠦᠷᠡᠵᠢᠭᠦᠯᠬᠦ ᠶᠠᠪᠤᠴᠠ ᠳᠤ ᠢᠯᠡᠷᠡᠭᠰᠡᠨ ᠡᠯ᠎ᠡ ᠵᠦᠶ᠋ᠯ ᠤᠨ ᠠᠰᠠᠭᠤᠳᠠᠯ ᠳᠤ ᠨᠠᠷᠢᠨ ᠬᠢᠨᠠᠮᠠᠭᠠᠶ ᠬᠠᠷᠢᠭᠤᠯᠲᠠ ᠥᠭᠴᠦ᠂ ᠠᠰᠠᠭᠤᠯᠳᠠ ᠬᠠᠷᠢᠭᠤᠯᠳᠠ ᠶᠠᠷᠢᠯᠴᠠᠭᠠᠨ ᠤ ᠳᠤᠮᠳᠠ ᠮᠡᠳᠡᠯᠭᠡ ᠮᠡᠷᠭᠡᠵᠢᠯ ᠤᠯᠠᠮᠵᠢᠯᠠᠬᠰᠠᠨ ᠪᠠᠶᠢᠨ᠎ᠠ᠃    ᠲᠣᠰ ᠤᠳᠠᠭᠠᠨ ᠤ ᠪᠣᠯᠪᠠᠰᠤᠷᠠᠯ ᠤᠨ ᠵᠣᠷᠢᠯᠭ᠎ᠠ ᠨᠢ ᠮᠠᠯᠴᠢᠨ ᠳᠠᠷᠢᠶᠠᠴᠢᠳ ᠤᠨ ᠪᠦᠳᠦᠭᠦᠯᠢᠭ ᠬᠡᠯᠪᠡᠷᠢ ᠶᠢᠨ ᠲᠡᠵᠢᠭᠡᠨ ᠦᠷᠡᠵᠢᠭᠦᠯᠬᠦ ᠦᠵᠡᠯ ᠰᠠᠨᠠᠭ᠎ᠠ ᠶᠢ ᠬᠤᠪᠢᠷᠠᠭᠤᠯᠤᠨ᠂ ᠪᠥᠬᠦ ᠪᠠᠯᠭᠠᠰᠤᠨ ᠤ ᠲᠡᠵᠢᠭᠡᠨ ᠦᠷᠡᠵᠢᠭᠦᠯᠬᠦ ᠦᠢᠯᠡᠰ ᠤᠨ ᠢᠳᠡᠪᠬᠢᠲᠡᠶ ᠪᠥᠭᠡᠳ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠣᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠬᠦ ᠶᠢ ᠲᠣᠭᠲᠠᠭᠤᠨ ᠢᠶᠠᠷ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃ ︵ᠬᠤ᠋ ᡁᠢ ᠮᠢᠨ ᠬᠠᠰᠡᠷᠳᠡᠨᠢ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号