ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠪᠠᠭᠰᠢ ᠠᠵᠢᠯᠳᠡᠨ ᠤ ᠡᠪᠯᠡᠯ ᠳᠤ ᠣᠷᠣᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2021/8/6
   ᠲᠤᠰ ᠰᠤᠨᠢᠨ ᠤ ᠮᠡᠳᠡᠭᠡ ᠤᠢᠢᠷ᠎ᠠ ᠶᠢᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠪᠠᠭᠰᠢ ᠠᠵᠢᠯᠳᠡᠨᠨ ᠤ ᠡᠪᠯᠡᠯ ᠳᠤ ᠣᠷᠣᠬᠤ ᠶᠣᠰᠣᠯᠠᠯ ᠶᠠᠪᠤᠭᠤᠯᠪᠠ᠃    ᠶᠤᠰᠤᠯᠠᠯ ᠳᠤ᠂ ᠡᠮᠤᠨᠡᠲᠦ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠠ ᠶᠢᠨ ᠤᠳᠤᠷᠢᠳᠤᠯᠭ᠎ᠠ ᠠᠴᠠ ᠥᠷᠭᠡᠨ ᠤᠯᠠᠨ ᠡᠪᠯᠡᠯ ᠤᠨ ᠭᠡᠰᠢᠭᠦᠨ ᠪᠠ ᠪᠠᠭᠰᠢ ᠨᠠᠷ ᠢ ᠳᠤᠷᠠᠲᠠᠶ᠎ᠠ ᠬᠤᠪᠢ ᠨᠡᠮᠡᠷᠢ ᠦᠵᠡᠭᠦᠯᠵᠦ᠂ ᠰᠢᠨ᠎ᠡ ᠰᠤᠷᠲᠠᠯ ᠢ ᠰᠠᠨᠠᠭᠠᠴᠢᠯᠠᠬᠤ᠂ ᠤᠬᠠᠮᠰᠠᠷ ᠠᠴᠠ ᠪᠠᠨ ᠬᠤᠪᠢ ᠨᠡᠮᠡᠷᠢ ᠦᠵᠡᠭᠦᠯᠦᠨ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ ᠶᠢ ᠴᠢᠩ ᠰᠡᠳᠬᠢᠯ ᠠᠴᠠ ᠪᠠᠨ ᠬᠦᠰᠡᠪᠡ᠃ ᠡᠭᠦᠨ ᠤ ᠬᠠᠮᠲᠦ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢᠳᠡ ᠵᠠᠪᠠᠯ ᠡᠨᠡ ᠬᠦ ᠰᠠᠶᠢᠨ ᠰᠠᠶᠢᠬᠠᠨ ᠵᠠᠯᠠᠭᠤ ᠨᠠᠰᠤ ᠪᠠᠨ ᠨᠠᠨᠳᠢᠩᠨᠠᠵᠤ᠂ ᠬᠤᠪᠢ ᠨᠡᠮᠡᠷᠢ ᠦᠵᠡᠭᠦᠯᠤᠨ᠂ ᠵᠣᠷᠢᠭᠲᠠᠢ ᠪᠠᠷ ᠨᠡᠭᠡᠭᠡᠨ ᠤᠷᠤᠭᠰᠢᠯᠠᠵᠤ᠂ ᠪᠠᠯᠴᠢᠷ ᠬᠡᠦᠬᠡᠳ ᠤᠨ ᠰᠤᠷᠭᠠᠨ ᠬᠥᠮᠦᠵᠢᠯ ᠤᠨ ᠠᠵᠢᠯ ᠤᠨ ᠪᠠᠶᠢᠷᠢ ᠳᠡᠭᠡᠷ᠎ᠡ ᠥᠪᠡᠷ ᠤᠨ ᠬᠦᠴᠦᠨ ᠴᠢᠳᠠᠯ ᠢᠶᠠᠨ ᠡᠷᠬᠦᠵᠤ᠂ ᠬᠠᠶᠢᠷ᠎ᠠ ᠪᠠᠷ ᠢᠶᠠᠨ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠦᠳᠦᠯᠦᠨ ᠳᠠᠭᠠᠭᠤᠯᠬᠤ ᠬᠡᠷᠡᠭᠲᠠᠢ ᠭᠡᠪᠠ᠃    ᠪᠥᠬᠦ ᠬᠤᠰᠢᠭᠤᠨ ᠤ ᠡᠯ᠎ᠡ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ 9 ᠨᠡᠷᠡᠰ ᠰᠢᠨ᠎ᠡ ᠡᠪᠯᠡᠯ ᠤᠨ ᠭᠡᠰᠢᠭᠦᠨ ᠤ ᠲᠥᠯᠥᠭᠡᠯᠡᠭᠴᠢ ᠬᠠᠮᠲᠤ ᠪᠠᠷ ᠡᠪᠯᠡᠯ ᠳᠤ ᠣᠷᠣᠬᠤ ᠶᠣᠰᠣᠯᠠᠯ ᠳᠤ ᠤᠷᠤᠯᠴᠠᠵᠦ᠂ ᠡᠪᠯᠡᠯ ᠤᠨ ᠬᠤᠷᠢᠶᠠᠨ ᠤ ᠱᠦᠵᠢ ᠠᠴᠠ ᠰᠢᠨ᠎ᠡ ᠡᠪᠯᠡᠯ ᠤᠨ ᠭᠡᠰᠢᠭᠦᠨ ᠤ ᠨᠡᠷᠡᠰ ᠢ ᠤᠡᠭᠰᠢᠵᠠᠢ᠃ ᠳᠠᠷᠠᠭ᠎ᠠ ᠳᠤ ᠨᠢ ᠡᠯ᠎ᠠ ᠤᠳᠤᠷᠢᠳᠤᠯᠭ᠎ᠠ ᠨᠠᠷ ᠠᠴᠠ ᠰᠢᠨ᠎ᠠ ᠡᠪᠯᠡᠯ ᠤᠨ ᠭᠡᠰᠢᠭᠦᠨ ᠳᠤ ᠡᠪᠯᠡᠯ ᠤᠨ ᠭᠡᠰᠢᠭᠦᠨ ᠤ ᠦᠨᠡᠮᠯᠡᠯ ᠤᠯᠭᠤᠵᠦ᠂ ᠡᠪᠯᠡᠯ ᠤᠨ ᠰᠦᠯᠲᠠ ᠵᠡᠭᠦᠯᠭᠡᠵᠦ᠂ ᠰᠢᠨ᠎ᠠ ᠡᠪᠯᠡᠯ ᠤᠨ ᠭᠡᠰᠢᠭᠦᠳ ᠠᠴᠠ ᠡᠪᠯᠡᠯ ᠤᠨ ᠲᠤᠬ ᠤᠨ ᠲᠤᠤᠷ᠎ᠠ ᠲᠠᠩᠭᠠᠷᠢᠬᠯᠠᠵᠠᠢ᠃    ᠡᠨᠡ ᠤᠳᠠᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ ᠰᠢᠨ᠎ᠡ ᠪᠠᠷ ᠤᠷᠤᠬᠰᠠᠨ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠳ ᠲᠤ ᠨᠢᠭᠡ ᠤᠳᠠᠭᠠᠨ ᠤ ᠰᠡᠳᠬᠢᠯ ᠤᠨ ᠤᠬᠢᠶᠠᠯ ᠬᠦᠷᠲᠡᠭᠡᠵᠦ᠂ ᠥᠨᠥᠳᠦᠷ ᠠᠴᠠ ᠡᠬᠢᠯᠡᠨ᠂ ᠴᠣ᠋ ᠰᠢᠨ᠎ᠡ ᠲᠦᠷᠢ ᠲᠥᠷᠬᠦ ᠪᠠᠷ ᠪᠠᠭᠰᠢ ᠰᠤᠷᠤᠭᠴᠢᠳ ᠤᠨ ᠡᠮᠦᠨ᠎ᠡ ᠢᠯᠡᠷᠡᠵᠦ᠂ ᠪᠣᠳᠠᠲᠤ ᠠᠵᠢᠯᠯᠠᠭ᠎ᠠ ᠪᠠᠷ ᠢᠶᠠᠨ ᠡᠪᠯᠡᠯ ᠤᠨ ᠲᠤᠭ ᠲᠤ ᠦᠡᠭᠭᠡ ᠭᠡᠷᠡᠯ ᠨᠡᠮᠡᠷᠢᠯᠡᠬᠦ ᠵᠤᠷᠢᠬ ᠢ ᠨᠢ ᠬᠦᠪᠴᠢᠯᠡᠵᠠᠢ᠃ ︵ᠲᠠᠷᠬᠠᠨ ᠰᠢᠶᠤᠤ ᠮᠸᠢ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号