ᠤᠯᠠᠭᠠᠨᠮᠣᠳᠣ ᠲᠤᠳᠤᠭᠠᠳᠤ ᠶᠢ ᠬᠠᠮᠠᠭᠠᠯᠠᠬᠤ ᠰᠠᠯᠪᠤᠷᠢ ᠶᠢᠨ ᠬᠢᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠡᠮᠬᠢ ᠵᠢᠷᠦᠮ ᠢ ᠴᠡᠭᠴᠡᠯᠡᠨ ᠵᠠᠰᠠᠬᠤ ᠠᠵᠢᠯ ᠢ ᠰᠠᠶᠢᠳᠦᠷ ᠬᠢᠵᠦ ᠪᠤᠢ
ᠨᠡᠶᠢᠲᠡᠯᠡᠭᠰᠡᠨ ᠴᠠᠭ᠄
2021/8/6
    ᠲᠤᠰ ᠰᠤᠨᠢᠨ ᠤ ᠮᠡᠳᠡᠭᠡ ᠠᠮᠤᠷ ᠠᠮᠤᠭᠤᠯᠠᠩ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠰᠠᠶᠢᠨ ᠰᠠᠶᠢᠬᠠᠨ ᠠᠮᠤᠷ ᠲᠦᠪᠰᠢᠨ ᠤ ᠡᠮᠬᠢ ᠳᠢᠭᠯᠢᠮ ᠢ ᠦᠨᠡᠨ ᠬᠦ ᠬᠠᠮᠠᠭᠠᠯᠠᠨ᠂ ᠰᠤᠷᠭᠠᠭᠤᠯᠢ ᠶᠢᠨ ᠬᠦᠷᠢᠶᠡᠨ ᠤ ᠬᠡᠪ ᠤᠨ ᠵᠢᠭᠠᠨ ᠰᠤᠷᠭᠠᠯᠲᠠ᠂ ᠰᠤᠷᠤᠯᠴᠠᠯᠭ᠎ᠠ ᠪᠠ ᠠᠮᠢᠳᠤᠷᠠᠯ ᠤᠨ ᠡᠮᠬᠢ ᠳᠢᠭᠯᠢᠮ ᠢ ᠪᠠᠲᠤᠯᠠᠵᠤ᠂ ᠪᠠᠭᠰᠢ ᠰᠤᠷᠤᠭᠴᠢᠳ ᠤᠨ ᠪᠡᠶ᠎ᠡ ᠮᠠᠬᠠᠪᠣᠳ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ᠂ ᠤᠢᠢᠷ᠎ᠠ ᠶᠢᠨ ᠡᠳᠦᠷ᠂ ᠬᠤᠷᠴᠢᠨ ᠪᠠᠷᠠᠭᠤᠨ ᠭᠠᠷᠦᠨ ᠡᠮᠤᠨᠡᠲᠦ ᠬᠤᠰᠢᠭᠤᠨ ᠤ ᠤᠯᠠᠭᠠᠨᠮᠣᠳᠣ ᠲᠤᠳᠤᠭᠠᠳᠤ ᠶᠢ ᠬᠠᠮᠠᠭᠠᠯᠠᠬᠤ ᠰᠠᠯᠪᠤᠷᠢ ᠶᠢᠨ ᠬᠢᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠡᠮᠬᠢ ᠵᠢᠷᠦᠮ ᠢ ᠴᠡᠭᠴᠡᠯᠡᠨ ᠵᠠᠰᠠᠪᠠ᠃      ᠴᠠᠬᠳᠠᠭ᠎ᠠ ᠨᠠᠷ ᠰᠤᠷᠭᠠᠭᠤᠯᠢ ᠶᠢᠨ ᠬᠦᠷᠢᠶᠠᠨ ᠤ ᠡᠷᠬᠢᠨ ᠲᠤᠭᠤᠷᠢᠨ ᠤ ᠪᠣᠳᠠᠲᠠᠶ ᠪᠠᠶᠢᠳᠠᠯ ᠢ ᠨᠠᠷᠢᠨ ᠬᠢᠨᠠᠮᠠᠭᠠᠶ ᠵᠠᠳᠠᠯᠤᠭᠰᠠᠨ ᠰᠠᠭᠤᠷᠢᠨ ᠳᠡᠭᠡᠷ᠎ᠡ᠂ ᠴᠠᠭᠳᠠᠭᠠᠨ ᠤ ᠬᠦᠴᠦᠨ ᠢᠶᠠᠨ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠦᠢᠯᠡᠴᠢᠯᠡᠭᠡ ᠶᠢ ᠵᠦᠶ ᠵᠣᠬᠢᠰᠲᠠᠶ ᠳᠣᠭᠢᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠭᠤᠤᠯᠳᠠᠯᠭ᠎ᠠ ᠲᠠᠢ ᠵᠠᠮ ᠤᠨ ᠬᠡᠰᠡᠭ᠂ ᠭᠤᠤᠯᠳᠠᠯᠭ᠎ᠠ ᠲᠠᠢ ᠴᠠᠭ᠂ ᠢᠯᠠᠩᠭᠤᠶ᠎ᠠ ᠰᠤᠷᠭᠠᠭᠤᠯᠢ ᠳᠤ ᠣᠷᠣᠬᠤ᠂ ᠰᠤᠷᠭᠠᠭᠤᠯᠢ ᠲᠠᠷᠬᠠᠬᠤ ᠴᠠᠭ ᠤᠨ ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠵᠤ᠂ ᠠᠷᠠᠳ ᠤᠨ ᠴᠠᠭᠳᠠᠭ᠎ᠠ ᠶᠢᠨ ᠠᠵᠢᠯ ᠳᠤ ᠭᠠᠷᠬᠤ ᠨᠣᠷᠮ᠎ᠠ ᠪᠠ ᠬᠠᠮᠢᠶᠠᠷᠤᠯᠲᠠ ᠶᠢᠨ ᠨᠣᠷᠮ᠎ᠠ ᠶᠢ ᠦᠨᠡᠨ ᠬᠦ ᠳᠡᠭᠡᠭᠰᠢᠯᠡᠭᠦᠯᠵᠦ᠂ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ ᠢᠶᠠᠨ ᠴᠢᠩᠭᠠᠷᠠᠭᠤᠯᠵᠠᠢ᠃ ᠡᠭᠦᠨ ᠳᠤ ᠴᠠᠭᠳᠠᠭ᠎ᠠ ᠬᠤᠷᠴᠠ ᠭᠠᠷᠠᠭ ᠪᠦᠷᠢ ᠰᠤᠷᠭᠠᠭᠤᠯᠢ ᠡᠬᠢᠯᠡᠬᠦ ᠪᠠ ᠰᠤᠷᠭᠠᠭᠤᠯᠢ ᠳᠠᠯᠪᠢᠬᠤ ᠦᠶᠡᠰ ᠢᠶᠠᠷ ᠤᠷᠢᠳᠴᠢᠯᠠᠨ ᠰᠤᠷᠭᠠᠭᠤᠯᠢ ᠳᠤ ᠬᠦᠷᠴᠦ ᠪᠠᠶᠢᠳᠠᠯ ᠢ ᠣᠶᠢᠯᠠᠭᠠᠵᠤ᠂ ᠰᠤᠷᠭᠠᠭᠤᠯᠢ ᠳᠤ ᠲᠤᠯᠭᠠᠷᠠᠭᠰᠠᠨ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠵᠦ᠂ ᠪᠠᠭᠰᠢ ᠰᠤᠷᠤᠭᠴᠢᠳ ᠤᠨ ᠶᠠᠪᠤᠵᠤ ᠰᠠᠭᠤᠬᠤ ᠳᠤ ᠠᠮᠤᠷ ᠲᠦᠪᠰᠢᠨ ᠪᠠᠶᠢᠬᠤ ᠶᠢ ᠪᠠᠲᠤᠯᠠᠳᠠᠭ᠃ ᠡᠭᠦᠨ ᠤ ᠬᠠᠮᠲᠤ᠂ ᠤᠯᠠᠭᠠᠨᠮᠤᠲᠤ ᠶᠢᠨ ᠲᠤᠳᠤᠭᠠᠳᠤ ᠶᠢ ᠬᠠᠮᠠᠭᠠᠯᠠᠬᠤ ᠰᠠᠯᠪᠤᠷᠢ ᠪᠠᠯᠠ ᠮᠥᠩᠭᠦ ᠭᠠᠷᠭᠠᠵᠦ᠂ ᠰᠤᠷᠭᠠᠭᠤᠯᠢ ᠶᠢᠨ ᠬᠦᠷᠢᠶᠡᠨ ᠤ ᠵᠢᠵᠢᠭᠦᠷ ᠤᠨ ᠲᠠᠰᠤᠭ ᠢ ᠰᠤᠷᠭᠠᠭᠤᠯᠢ ᠶᠢᠨ ᠬᠦᠷᠢᠶᠡᠨ ᠤ ᠴᠠᠭᠳᠠᠭᠠᠨ ᠤ ᠶᠠᠪᠤᠳᠠᠯ ᠤᠨ ᠲᠠᠰᠤᠭ ᠪᠣᠯᠭᠠᠨ ᠥᠭᠡᠷᠡᠴᠢᠯᠡᠭᠰᠡᠨ ᠪᠥᠭᠡᠳ ᠡᠷᠬᠢᠨ ᠲᠣᠭᠤᠷᠢᠨ ᠤ ᠡᠮᠬᠢ ᠵᠢᠷᠤᠮ ᠢ ᠴᠡᠭᠴᠡᠯᠡᠨ ᠵᠠᠰᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠪᠠᠭᠰᠢ ᠰᠣᠷᠣᠭᠴᠢ ᠵᠢᠴᠢ ᠬᠡᠷ ᠤᠨ ᠠᠬᠠᠮᠠᠳ ᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃      ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠰᠠᠭᠤᠳᠠᠯ ᠪᠣᠯ ᠣᠳᠣᠬᠠᠨ ᠤ ᠠᠩᠬᠠᠷᠤᠯ ᠤᠨ ᠬᠡᠮᠵᠢᠶ᠎ᠠ ᠲᠦᠢᠯ ᠤᠨ ᠥᠨᠳᠥᠷ ᠪᠠᠶᠢᠭ᠎ᠠ ᠠᠰᠠᠭᠤᠳᠠᠯ ᠪᠣᠯᠤᠨ᠎ᠠ᠃ ᠡᠶᠢᠮᠦ ᠠᠴᠠ ᠣᠯᠠᠨ ᠵᠢᠯ ᠤᠨ ᠲᠤᠷᠰᠢ᠂ ᠤᠯᠠᠭᠠᠨᠮᠣᠳᠣ ᠳᠤᠮᠳᠠᠳᠤ ᠰᠤᠷᠭᠠᠭᠤᠯᠢ ᠶᠢ ᠬᠠᠮᠠᠭᠠᠯᠠᠭᠰᠠᠭᠠᠷ ᠢᠷᠡᠭᠰᠡᠨ ᠤᠯᠠᠭᠠᠨᠮᠣᠳᠣ ᠲᠤᠳᠤᠭᠠᠳᠤ ᠶᠢ ᠬᠠᠮᠠᠭᠠᠯᠠᠬᠤ ᠰᠠᠯᠪᠤᠷᠢ ᠶᠢᠨ ᠬᠢᠨ ᠪᠠᠲᠦ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠᠷ ᠰᠤᠷᠭᠠᠭᠤᠯᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠪᠠᠲᠤ ᠪᠠᠬᠢ ᠬᠠᠯᠬᠠᠪᠴᠢ ᠶᠢ ᠴᠣᠭᠴᠠᠯᠠᠨ ᠥᠭᠴᠦ᠂ ᠬᠡᠷ ᠤᠨ ᠠᠬᠠᠮᠠᠳ᠂ ᠪᠠᠭᠰᠢ ᠰᠤᠷᠤᠭᠴᠢᠳ ᠤᠨ ᠰᠠᠨᠠᠭ᠎ᠠ ᠠᠮᠤᠷ ᠤᠷᠤᠵᠦ ᠭᠠᠷᠬᠤ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠬᠠᠨᠭ᠍ᠭᠠᠬᠰᠠᠨ ᠪᠦᠭᠡᠳ ᠨᠡᠶᠢᠭᠡᠮ ᠨᠡᠶᠢᠲᠡ ᠳᠤ ᠲᠠᠭᠠᠰᠢᠶᠠᠭᠳᠠᠭᠰᠠᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠣᠶ ᠪᠣᠯᠭᠠᠵᠤ ᠥᠭᠭᠦᠭᠰᠡᠨ ᠪᠠᠶᠢᠨ᠎ᠠ᠃ ︵ᠢᠤᠢ ᠠᠷᠢᠭᠤᠨ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号