ᠡᠯᠳᠡᠪ ᠵᠦᠢᠯ ᠤᠨ ᠪᠤᠯᠪᠠᠰᠦᠷᠠᠯ ᠢ ᠪᠠᠭᠠᠰᠬᠠᠵᠦ ᠡᠷᠡᠭᠦᠯ ᠰᠠᠷᠠᠭᠤᠯ ᠪᠡᠶ᠎ᠠ ᠰᠡᠳᠬᠢᠴᠡ ᠲᠠᠢ ᠪᠠᠶᠢᠯᠭᠠᠶ᠎ᠠ
ᠨᠡᠶᠢᠲᠡᠯᠡᠭᠰᠡᠨ ᠴᠠᠭ᠄
2021/8/6
   ᠬᠡᠦᠬᠡᠳ ᠢᠶᠠᠨ ᠢᠷᠡᠬᠡᠳᠦᠢ ᠳᠤ ᠤᠯᠠᠨ ᠠᠴᠠ ᠤᠷᠦ᠋ᠢᠯᠠᠭᠰᠠᠨ ᠬᠦᠮᠦᠨ ᠪᠤᠯᠭᠠᠨ ᠬᠦᠮᠦᠵᠢᠬᠦᠯᠬᠦ ᠨᠢ ᠤᠯᠠᠩᠬᠢ ᠬᠡᠷ ᠤᠨ ᠠᠬᠠᠮᠠᠳ ᠤᠨ ᠬᠠᠮᠳᠤ ᠶᠢᠨ ᠬᠦᠰᠡᠯ ᠬᠦᠬᠡᠬᠡᠴᠡᠯᠳᠦᠯ ᠪᠤᠯᠬᠤ ᠶᠤᠮ᠃    ᠬᠡᠤᠬᠡᠳ ᠢᠶᠠᠨ ᠬᠦᠮᠦᠨ ᠠᠴᠠ ᠤᠷᠦ᠋ᠢᠯᠠᠬᠰᠠᠨ ᠬᠦᠮᠦᠨ ᠪᠤᠯᠭᠠᠨ ᠬᠦᠮᠦᠵᠢᠬᠦᠯᠬᠦ ᠳᠤ ᠤᠯᠠᠨ ᠵᠦᠢᠯ ᠤᠨ ᠠᠷᠭ᠎ᠠ ᠬᠢᠳᠡᠯ ᠪᠠᠶᠢᠨ᠎ᠠ᠃ ᠤᠳᠤᠬᠠᠨ ᠤ ᠤᠯᠠᠩᠬᠢ ᠭᠡᠷ ᠤᠨ ᠠᠬᠠᠮᠡᠳ ᠬᠡᠦᠬᠡᠳ ᠢᠶᠠᠨ ᠡᠳᠦᠷᠵᠢᠨ ᠤᠷᠢᠯᠠᠵᠤ ᠬᠠᠰᠬᠢᠷᠴᠤ᠂ ᠤᠯᠠᠨ ᠶᠠᠩᠵᠤ ᠶᠢᠨ ᠬᠢᠴᠢᠶᠡᠯ ᠨᠦᠬᠦᠬᠦ ᠠᠩᠬᠢ ᠳᠤ ᠨᠡᠷ᠎ᠡ ᠮᠡᠳᠡᠬᠦᠯᠵᠦ᠂ ᠠᠮᠠᠷᠠᠯᠳᠠ ᠶᠢᠨ ᠡᠳᠦᠷ ᠤᠨ ᠵᠠᠪ ᠴᠢᠯᠦᠬᠡ ᠴᠤ ᠦᠬᠡᠢ ᠡᠨᠡ ᠳᠡᠷᠡ ᠠᠩᠬᠢ ᠳᠤ ᠬᠦᠷᠬᠡᠨ ᠶᠠᠭᠠᠷᠠᠵᠤ ᠶᠠᠪᠤᠳᠠᠭ ᠃ ᠡ᠊ᠨᠠ ᠨᠢ ᠬᠡᠤᠬᠡᠳ ᠤᠨ ᠳᠠᠷᠦᠭᠠᠰᠦ ᠶᠢ ᠬᠦᠨᠳᠦᠷᠡᠭᠦᠯᠵᠦ᠂ ᠪᠡᠶ᠎ᠠ ᠰᠡᠳᠬᠢᠴᠡ ᠶᠢᠨ ᠡᠷᠡᠭᠦᠯ ᠢᠶᠠᠷ ᠬᠦᠭᠵᠢᠬᠦ ᠶᠢ ᠬᠠᠷᠰᠢᠯᠡᠳᠠᠭ᠃ ᠤᠳᠤᠬᠠᠨ ᠤ ᠬᠡᠦᠬᠡᠳ ᠤᠨ ᠪᠡᠶ᠎ᠠ ᠰᠳᠬᠢᠴᠡ ᠶᠢᠨ ᠡᠷᠡᠬᠦᠯ ᠴᠢᠬᠢᠷᠠᠭ ᠦᠰᠦᠨ ᠪᠤᠶᠢᠵᠢᠯᠳᠠ ᠶᠢᠨ ᠶᠠᠪᠤᠴᠠ ᠳᠤ ᠨᠢᠭᠡ ᠬᠡᠰᠡᠭ ᠤᠢᠢᠤᠬᠠᠠᠷ ᠪᠤᠬᠢᠨᠢᠳᠤᠯ ᠢ ᠦᠨᠡᠬᠡᠷ ᠬᠡᠷ ᠤᠨ ᠠᠬᠠᠮᠠᠳ ᠠᠪᠴᠢᠷᠠᠵᠤ ᠪᠠᠶᠢᠭ᠎ᠠ ᠶᠤᠮ᠃ ᠤᠳᠤᠬᠢ ᠰᠤᠷᠭᠠᠨ ᠬᠦᠮᠦᠵᠢᠯ ᠤᠨ ᠪᠠᠶᠢᠳᠠᠯ ᠢ ᠠᠵᠢᠬᠯᠠᠬᠤ ᠳᠤ᠂ ᠵᠠᠷᠢᠮ ᠭᠡᠷ ᠤᠨ ᠠᠬᠠᠮᠡᠳ ᠰᠢᠨᠵᠢᠯᠡᠬᠦ ᠤᠬᠠᠭᠠᠨᠴᠢ ᠰᠤᠷᠭᠠᠨ ᠬᠦᠮᠦᠵᠢᠯ ᠤᠨ ᠤᠢᠢᠯᠠᠭᠠᠯᠳᠠ ᠳᠤᠳᠠᠮᠠᠭ ᠠᠴᠠ ᠪᠤᠯᠵᠤ ᠬᠡᠦᠬᠡᠳ ᠤᠨ ᠢᠶᠠᠨ ᠳᠠᠷᠤᠭᠠᠰᠤ ᠶᠢ ᠤᠯᠠᠮ ᠬᠦᠨᠳᠦᠷᠡᠬᠦᠯᠵᠦ᠂ ᠪᠤᠷᠤᠭᠤ ᠵᠠᠮ ᠢᠶᠠᠷ ᠬᠦᠳᠦᠯᠵᠦ ᠡᠷᠡᠭᠦᠯ ᠰᠠᠷᠠᠭᠤᠯ ᠢᠶᠠᠷ ᠦᠰᠦᠨ ᠪᠤᠶᠢᠵᠢᠬᠤ ᠳᠤ ᠰᠠᠭᠠᠳ ᠪᠤᠯᠵᠦ ᠪᠠᠶᠢᠨ᠎ᠠ᠃ ᠪᠠᠰᠠ ᠵᠠᠷᠢᠮ ᠬᠡᠷ ᠤᠨ ᠠᠬᠠᠮᠠᠳ ᠰᠤᠬᠤᠷ ᠪᠠᠯᠠᠢ ᠪᠠᠷ ᠪᠤᠰᠤᠳ ᠲᠠᠢ ᠠᠳᠠᠯᠢᠳᠬᠠᠵᠤ᠂ ᠬᠡᠦᠬᠡᠳ ᠤᠨ ᠢᠶᠠᠨ ᠪᠡᠶ᠎ᠠ ᠶᠢᠨ ᠤᠨᠴᠠᠯᠢᠭ ᠪᠠ ᠳᠠᠪᠠᠭᠤᠯᠢᠭ ᠢ ᠤᠮᠳᠤᠭᠠᠢᠢᠯᠠᠵᠤ᠂ ᠦᠪᠡᠷ ᠤᠨ ᠪᠤᠳᠤᠵᠦ ᠰᠠᠨᠠᠬᠰᠠᠨ ᠵᠦᠭ ᠲᠤ ᠪᠠᠨ ᠳᠠᠭᠠᠭᠤᠯᠵᠦ᠂ ᠵᠠᠷᠢᠮ ᠦᠶ᠎ᠠ ᠳᠤ ᠬᠡᠥᠬᠡᠳ ᠨᠢ ᠲᠤᠷ᠎ᠠ ᠦᠭᠡᠢ ᠪᠠᠶᠢᠭᠰᠠᠨ ᠴᠤ ᠠᠯᠪᠠᠳᠠᠯᠭ᠎ᠠ ᠪᠠᠷ ᠪᠤᠯᠪᠠᠰᠤᠷᠠᠯ ᠤᠨ ᠠᠩᠬᠢ ᠳᠤ ᠰᠠᠭᠤᠯᠭᠠᠵᠦ ᠪᠠᠶᠢᠭ᠎ᠠ ᠦᠵᠡᠭᠳᠡᠯ ᠮᠤᠩ ᠦᠭᠡᠢ᠃    ᠪᠢᠳᠡ ᠶᠠᠭᠤᠨ ᠤ ᠡᠮᠦᠨ᠎ᠠ ᠬᠡᠤᠬᠡᠤᠨ ᠤᠨ ᠢᠶᠠᠨ ᠲᠤᠷ᠎ᠠ ᠰᠤᠨᠢᠷᠬᠠᠯ ᠠᠴᠠ ᠭᠠᠷᠳᠠᠨ᠂ ᠨᠢᠭᠡᠨ ᠡᠷᠡᠭᠦᠯ ᠰᠠᠷᠠᠭᠤᠯ ᠪᠡᠶ᠎ᠠ ᠰᠡᠳᠬᠢᠴᠡ ᠲᠠᠢ᠂ ᠬᠡᠪ ᠪᠤᠯᠪᠠᠰᠦᠷᠠᠯ ᠲᠠᠢ ᠬᠦᠮᠦᠨ ᠪᠤᠯᠭᠠᠨ ᠬᠦᠮᠦᠵᠢᠬᠦᠯᠬᠦ ᠶᠢ ᠵᠤᠷᠢᠵᠦ᠂ ᠬᠡᠥᠬᠡᠳ ᠢᠶᠠᠨ ᠡᠯᠳᠡᠪ ᠵᠦᠢᠯ ᠤᠨ ᠪᠤᠯᠪᠠᠰᠦᠷᠠᠯ ᠤᠨ ᠠᠩᠬᠢ ᠳᠤ ᠰᠠᠭᠤᠯᠭᠠᠵᠦ᠂ ᠰᠤᠷᠤᠯᠴᠠᠵᠦ ᠠᠮᠠᠷᠠᠬᠤ ᠴᠠᠬ ᠢ ᠨᠢ ᠬᠠᠮᠢᠶᠠᠷᠬᠤ ᠦᠭᠡᠢ ᠮᠠᠭᠤᠬᠠᠢ ᠵᠠᠩ ᠳᠠᠳᠬᠠᠯ ᠢᠶᠠᠨ ᠲᠠᠶᠠᠬᠳᠠᠵᠦ᠂ ᠬᠡᠤᠬᠡᠤᠨ ᠤᠨ ᠰᠤᠷᠤᠯᠴᠠᠬᠤ᠂ ᠨᠠᠭᠠᠳᠬᠤ᠂ ᠠᠮᠠᠷᠠᠬᠤ᠂ ᠢᠳᠡᠵᠦ ᠤᠤᠭᠤᠬᠤ ᠶᠢ ᠰᠢᠨᠵᠢᠯᠡᠬᠦ ᠤᠬᠠᠭᠠᠨᠴᠢ ᠵᠦᠢ ᠵᠤᠬᠢᠰᠲᠠᠢ ᠪᠠᠷ ᠲᠤᠬᠢᠷᠠᠭᠤᠯᠵᠦ᠂ ᠪᠠᠭ᠎ᠠ ᠨᠠᠰᠦ ᠶᠢ ᠨᠢ ᠪᠠᠶᠠᠷ ᠪᠠᠶᠠᠰᠦᠯ ᠲᠠᠢ᠂ ᠤᠳᠬ᠎ᠠ ᠠᠭᠤᠯᠭ᠎ᠠ ᠲᠠᠢ ᠦᠩᠭᠡᠷᠡᠭᠦᠯᠪᠡᠯ ᠵᠤᠬᠢᠨ᠎ᠠ᠃    ᠭᠡᠷ ᠤᠨ ᠠᠬᠠᠮᠡᠳ ᠪᠤᠯᠤᠭᠰᠠᠳ ᠬᠡᠦᠬᠡᠳ ᠤᠨ ᠦᠰᠦᠨ ᠪᠤᠶᠢᠵᠢᠯᠳᠠ ᠳᠤ ᠶᠠᠮᠠᠷ ᠶᠠᠩᠵᠤ ᠶᠢᠨ ᠬᠦᠮᠦᠨ ᠪᠤᠯᠬᠤ᠂ ᠤᠴᠢᠷ ᠶᠠᠪᠤᠳᠠᠯ ᠳᠤ ᠬᠡᠷᠬᠢᠨ ᠬᠠᠨᠳᠤᠬᠤ᠂ ᠬᠠᠮᠲᠦ ᠨᠦᠬᠦᠳ ᠲᠠᠢ ᠪᠠᠨ ᠬᠡᠷᠬᠢᠨ ᠤᠢᠢᠯᠠᠭᠠᠯᠴᠠᠨ ᠲᠠᠰᠦᠯᠴᠠᠬᠤ᠂ ᠬᠡᠷᠬᠢᠨ ᠰᠤᠷᠤᠯᠴᠠᠬᠤ ᠳᠤᠬᠠᠢ ᠵᠦᠪ ᠤᠬᠠᠭᠠᠨ ᠢ ᠵᠢᠭᠠᠵᠤ᠂ ᠨᠢᠬᠡᠨ ᠢᠳᠡᠪᠬᠢ ᠬᠦᠴᠤᠨ ᠲᠠᠢ᠂ ᠴᠢᠷᠮᠠᠶᠢᠨ ᠳᠠᠪᠰᠢᠬᠤ ᠰᠦᠰᠦ ᠵᠤᠷᠢᠭ ᠲᠠᠢ᠂ ᠠᠰᠪᠤᠷᠢ ᠴᠠᠶᠢᠯᠭᠠᠨ ᠤᠷᠬᠢᠯᠤᠮ᠎ᠠ ᠬᠠᠯᠠᠭᠤᠨ ᠰᠡᠳᠬᠢᠯᠬᠡ ᠲᠠᠢ᠂ ᠵᠦᠪ ᠡᠨᠧᠷᠬᠢ ᠲᠠᠢ ᠬᠡᠦᠬᠡᠳ ᠪᠤᠯᠭᠠᠨ ᠬᠦᠮᠦᠵᠢᠬᠦᠯᠬᠦ ᠬᠡᠷᠡᠭᠳᠠᠢ᠃    ᠤᠳᠤ ᠬᠡᠤᠬᠡᠳ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠳᠠᠪᠴᠠᠩ ᠪᠠ ᠠᠵᠠ ᠵᠠᠪᠰᠢᠶᠠᠨ ᠤᠯᠠᠨ ᠪᠤᠢ᠃ ᠵᠦᠪ ᠰᠠᠶᠢᠬᠠᠨ ᠠᠮᠢᠳᠤᠷᠠᠯ ᠤᠨ ᠵᠠᠮ ᠢᠶᠠᠷ ᠴᠤᠴᠠᠯᠳᠠ ᠦᠬᠡᠢ ᠴᠢᠷᠮᠠᠶᠢᠳᠠᠭ ᠯᠡ ᠶᠤᠮ ᠪᠤᠯ ᠦᠨᠡᠬᠡᠷ ᠴᠤ ᠡᠬᠡᠯ ᠵᠢᠷ ᠤᠨ ᠠᠵᠢᠯ ᠤᠨ ᠪᠠᠶᠢᠷᠢ ᠳᠤ ᠵᠢᠷ ᠤᠨ ᠪᠤᠰᠤ ᠠᠮᠵᠢᠯᠳᠠ ᠪᠦᠳᠦᠮᠵᠢ ᠭᠠᠷᠭᠠᠵᠤ ᠴᠢᠳᠠᠨ᠎ᠠ᠃ ᠡᠶᠢᠮᠤ ᠠᠴᠠ ᠭᠡᠷ ᠤᠨ ᠠᠬᠠᠮᠡᠳ ᠪᠤᠯᠤᠬᠰᠡᠳ ᠡᠷᠬᠡᠪᠰᠢ ᠵᠦᠪ ᠲᠠᠯ᠎ᠠ ᠶᠢᠨ ᠦᠵᠡᠯ ᠰᠠᠨᠠᠭ᠎ᠠ ᠶᠢ ᠪᠤᠢ ᠪᠤᠯᠭᠠᠨ᠂ ᠦᠵᠡᠯᠲᠠ ᠲᠠᠨᠢᠯᠲᠠ ᠪᠠᠨ ᠳᠡᠭᠡᠭᠰᠢᠯᠡᠭᠦᠯᠵᠦ᠂ ᠬᠡᠤᠬᠡᠳ ᠲᠤ ᠪᠠᠨ ᠵᠦᠢ ᠵᠤᠬᠢᠰᠲᠠᠢ ᠰᠤᠷᠤᠯᠴᠠᠵᠦ ᠠᠮᠠᠷᠠᠬᠤ ᠤᠷᠴᠢᠨ ᠲᠤᠭᠤᠷᠢᠨ ᠬᠠᠩᠭᠠᠵᠦ᠂ ᠰᠠᠶᠢᠨ ᠰᠠᠶᠢᠬᠠᠨ ᠵᠠᠩ ᠲᠠᠳᠬᠠᠯ ᠲᠠᠢ ᠪᠤᠯᠭᠠᠨ ᠬᠦᠮᠦᠵᠢᠭᠦᠯᠵᠦ᠂ ᠨᠡᠩ ᠰᠠᠶᠢᠨ ᠠᠮᠵᠢᠯᠳᠠ ᠳᠤ ᠬᠦᠷᠭᠡᠬᠦ ᠪᠠᠷ ᠴᠢᠷᠮᠠᠶᠢᠵᠠᠭᠠᠶ᠎ᠠ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号