ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠵᠡᠷᠭᠡ ᠪᠠᠷ ᠲᠡᠯᠬᠡᠷᠡᠭᠦᠯᠤᠨ᠎ᠠ
ᠨᠡᠶᠢᠲᠡᠯᠡᠭᠰᠡᠨ ᠴᠠᠭ᠄
2021/9/1
   — ᠡᠮᠦᠨᠡᠲᠦ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠪᠣᠳᠠᠲᠤ ᠲᠡᠮᠳᠡᠭᠯᠡᠯ    ᠤᠳᠬ᠎ᠠ ᠤᠷᠠᠯᠢᠭ ᠤᠨ ᠬᠢᠨ ᠤ ᠬᠤᠯᠪᠣᠭ᠎ᠠ ᠪᠣᠯ ᠨᠠᠮ ᠪᠠ ᠵᠠᠰᠠᠭ ᠤᠨ ᠣᠷᠳᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠮᠥᠨ᠃ ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠨᠢ ᠰᠢ ᠶᠢᠨ ᠫᠢᠩ ᠶᠡᠷᠦᠩᠬᠡᠶ ᠱᠦᠵᠢ ᠶᠢᠨ ᠣᠯᠠᠨ ᠲᠦᠮᠡᠨ ᠤ ᠪᠦᠯᠬᠦᠮ ᠤᠨ ᠠᠵᠢᠯ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠠᠵᠢᠯ᠂ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠱᠤᠭᠤᠮ ᠪᠣᠯᠭᠠᠵᠤ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠣᠯᠠᠨ ᠲᠦᠮᠡᠨᠴᠢ ᠴᠢᠨᠠᠷ ᠤᠨ ᠴᠢᠳᠠᠮᠵᠢ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠢᠭᠡ ᠬᠠᠷᠠᠯᠲᠠ ᠭᠤᠷᠪᠠ ᠶᠢ ᠪᠠᠷᠢᠮᠲᠠᠯᠠᠬᠤ︾ ᠦᠨᠳᠦᠰᠦᠲᠡᠨ ᠤ ᠪᠦᠯᠬᠦᠮᠳᠡᠯ ᠲᠠᠪᠰᠢᠯᠳᠡ ᠶᠢ ᠡᠭᠦᠳᠦᠨ ᠪᠠᠶᠢᠭᠤᠯᠬᠤ ᠵᠠᠭᠪᠤᠷ ᠢ ᠰᠦᠪᠡᠭᠴᠢᠯᠡᠨ ᠪᠦᠷᠢᠯᠳᠦᠭᠦᠯᠵᠦ᠂ ᠤᠯᠤᠰ ᠲᠦᠷᠦ ᠪᠠᠷ ᠦᠨᠳᠦᠰᠦᠲᠡᠨ ᠤ ᠪᠦᠯᠬᠦᠮᠳᠡᠯ ᠢ ᠬᠦᠳᠦᠯᠦᠨ ᠳᠠᠭᠠᠭᠤᠯᠬᠤ ᠶᠢ ᠪᠠᠷᠢᠮᠲᠠᠯᠠᠬᠰᠠᠭᠠᠷ ᠢᠷᠠᠵᠠᠢ᠃ ᠤᠳᠬ᠎ᠠ ᠤᠷᠠᠯᠢᠭ ᠢᠶᠠᠷ ᠦᠨᠳᠦᠰᠦᠲᠡᠨ ᠤ ᠪᠦᠯᠬᠦᠮᠳᠡᠯ ᠢ ᠪᠠᠳᠤᠳᠬᠠᠵᠤ᠂ ᠬᠥᠭᠵᠢᠯᠲᠡ ᠪᠠᠷ ᠦᠨᠳᠦᠰᠦᠲᠡᠨ ᠤ ᠪᠦᠯᠬᠦᠮᠳᠡᠯ ᠢ ᠠᠬᠢᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠮᠡᠳᠡᠷᠡᠮᠵᠢ︾ ᠪᠠᠷ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠ ᠠᠵᠢᠯᠯᠠᠭ᠎ᠠ ᠶᠢᠨ ᠤᠬᠠᠮᠰᠠᠷ ᠪᠣᠯᠭᠠᠵᠤ᠂ ᠤᠳᠬ᠎ᠠ ᠤᠷᠠᠯᠢᠭ ᠤᠨ ᠥᠪᠡᠷᠮᠢᠴᠡ ᠳᠠᠪᠠᠭᠤᠯᠢᠭ ᠢᠶᠠᠷ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠬᠠᠷᠢᠯᠴᠠᠨ ᠴᠡᠴᠡᠭᠯᠡᠬᠦᠯᠵᠤ ᠳᠡᠯᠭᠡᠷᠡᠭᠦᠯᠦᠨ᠎ᠡ᠃    ᠤᠯᠤᠰ ᠲᠥᠷᠥ ᠪᠠᠷ ᠦᠨᠳᠦᠰᠦᠲᠡᠨ ᠤ ᠪᠦᠯᠬᠦᠮᠳᠡᠯ ᠢ ᠬᠥᠲᠥᠯᠦᠨ ᠳᠠᠭᠠᠭᠤᠯᠤᠨ᠎ᠠ    ᠡᠮᠦᠨᠡᠲᠦ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠬᠢᠨ ᠢᠮᠠᠭᠲᠠ ᠤᠯᠤᠰ ᠲᠥᠷᠥ ᠪᠠᠷ ᠦᠨᠳᠦᠰᠦᠲᠡᠨ ᠤ ᠪᠦᠯᠬᠦᠮᠳᠡᠯ ᠢ ᠬᠥᠲᠥᠯᠦᠨ ᠳᠠᠭᠠᠭᠤᠯᠬᠤ ᠶᠢ ᠪᠠᠷᠢᠮᠲᠠᠯᠠᠵᠤ᠂ 2015 ᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠵᠡᠢ᠃ ᠤᠳᠬ᠎ᠠ ᠤᠷᠠᠯᠢᠭ ᠤᠨ ᠬᠢᠨ ᠤ ᠬᠤᠯᠪᠣᠭ᠎ᠠ ᠳᠤ ᠣᠲᠣ 6 ᠠᠵᠢᠯᠲᠠᠨ ᠲᠠᠢ᠂ ᠡᠭᠦᠨ ᠳᠤ ᠦᠨᠳᠦᠰᠦᠲᠡᠨ ᠤ ᠺᠠᠳ᠋ᠷ 4 ᠪᠣᠶ᠂ ᠣᠲᠣ ᠵᠣᠬᠢᠶᠠᠯᠴᠢᠳ ᠤᠨ ᠡᠪᠯᠡᠯ᠂ ᠳᠥᠷᠪᠡᠨ ᠤᠲᠠᠰᠤᠲᠤ ᠬᠤᠭᠤᠷ ᠤᠨ ᠨᠡᠶᠢᠭᠡᠮᠯᠢᠭ᠂ ᠤᠷᠠᠨ ᠪᠢᠴᠢᠯᠭᠡᠲᠡᠨ ᠤ ᠨᠡᠶᠢᠭᠡᠮᠯᠢᠭ᠂ ᠬᠤᠷᠴᠢᠨ ᠤ ᠮᠣᠩᠭᠤᠯ ᠤᠷᠠᠨ ᠪᠢᠴᠢᠯᠭᠡ ᠤᠷᠠᠨ ᠵᠢᠷᠤᠭ ᠤᠨ ᠨᠡᠶᠢᠭᠡᠮᠯᠢᠭ ᠵᠡᠷᠭᠡ 6 ᠤᠳᠬ᠎ᠠ ᠤᠷᠠᠯᠢᠭᠴᠢᠳ ᠤᠨ ᠨᠡᠶᠢᠭᠡᠮᠯᠢᠭ ᠪᠣᠶ᠃ ᠵᠣᠬᠢᠶᠠᠯᠴᠢᠳ ᠤᠨ ᠡᠪᠯᠡᠯ ᠳᠤ ᠮᠣᠩᠭᠤᠯ ᠦᠨᠳᠦᠰᠦᠲᠡᠨ ᠤ ᠳᠡᠳ᠋ ᠲᠡᠷᠢᠭᠦᠯᠡᠭᠴᠢ 1 ᠶᠢ ᠳᠣᠭᠢᠷᠠᠭᠤᠯᠵᠤ᠂ ᠵᠣᠬᠢᠶᠠᠯᠴᠢᠳ ᠤᠨ ᠡᠪᠯᠡᠯ ᠤᠨ ᠮᠠᠯᠴᠢᠨ ᠲᠠᠷᠢᠶᠠᠴᠢᠨ ᠤ ᠤᠳᠬ᠎ᠠ ᠵᠣᠬᠢᠶᠠᠯ ᠤᠨ ᠵᠣᠬᠢᠶᠠᠨ ᠪᠦᠲᠦᠭᠡᠬᠦ ᠺᠣᠮᠢᠰ ᠢ ᠪᠠᠶᠢᠭᠤᠯᠵᠤ᠂ ᠮᠣᠩᠭᠤᠯ ᠬᠡᠯᠡᠨ ᠤ ᠤᠳᠬ᠎ᠠ ᠵᠣᠬᠢᠶᠠᠯ ᠤᠨ ᠵᠣᠬᠢᠶᠠᠨ ᠪᠦᠲᠦᠭᠡᠯᠭᠡ ᠶᠢ ᠰᠠᠶᠢᠲᠤᠷ ᠬᠢᠬᠦ ᠶᠢ ᠬᠠᠷᠢᠭᠤᠴᠠᠭᠤᠯᠪᠠ᠃    ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠶᠢ ᠵᠣᠬᠢᠶᠠᠨ ᠪᠠᠶᠢᠭᠤᠯᠵᠤ ᠠᠬᠢᠭᠤᠯᠬᠤ ᠲᠠᠯ᠎ᠠ ᠪᠠᠷ᠂ ᠤᠳᠬ᠎ᠠ ᠤᠷᠠᠯᠢᠭ ᠤᠨ ᠬᠢᠨ ᠤ ᠬᠤᠯᠪᠣᠭᠠᠨ ᠤ ᠲᠡᠷᠢᠭᠦᠯᠡᠭᠴᠢ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠳᠡᠳ᠋ ᠲᠡᠷᠢᠭᠦᠯᠡᠭᠴᠢ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠠᠵᠢᠯ ᠢ ᠪᠣᠳᠠᠲᠠᠶ ᠬᠠᠷᠢᠭᠤᠴᠠᠭᠤᠯᠵᠤ᠂ ᠵᠣᠬᠢᠶᠠᠨ ᠪᠠᠶᠢᠭᠤᠯᠤᠯᠲᠠ ᠲᠠᠢ᠂ ᠤᠳᠤᠷᠢᠳᠤᠯᠭ᠎ᠠ ᠲᠠᠢ᠂ ᠠᠭᠤᠯᠭ᠎ᠠ ᠲᠠᠢ᠂ ᠬᠡᠯᠪᠡᠷᠢ ᠲᠠᠢ ᠪᠠᠶᠢᠯᠭᠠᠬᠤ ᠶᠢ ᠪᠡᠶᠡᠯᠡᠭᠦᠯᠵᠡᠢ᠃    ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠠᠮ ᠤᠨ ᠡᠭᠦᠷ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠪᠠ ᠤᠨᠤᠯ ᠢᠶᠠᠷ ᠵᠡᠪᠰᠡᠭᠯᠡᠬᠦ ᠶᠢ ᠴᠢᠨᠠᠭᠰᠢᠳᠠ ᠴᠢᠩᠭᠠᠳᠬᠠᠵᠤ᠂ ᠮᠠᠷᠺᠰ ᠤᠨ ᠦᠵᠡᠯ ᠤᠨ ᠦᠨᠳᠦᠰᠦᠲᠡᠨ ᠤ ᠦᠵᠡᠯᠲᠡ ᠪᠠ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢ ᠰᠤᠷᠤᠯᠴᠠᠬᠤ ᠠᠭᠤᠯᠭ᠎ᠠ ᠳᠤ ᠣᠷᠣᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠭᠤᠣᠯ ᠰᠡᠳᠦᠪᠲᠦ ᠨᠠᠮ ᠤᠨ ᠡᠳᠦᠷᠯᠢᠭ᠂ ︽ᠭᠤᠷᠪᠠᠨ ᠬᠤᠷᠠᠯ ᠨᠢᠭᠡ ᠬᠢᠴᠢᠶᠡᠯ︾᠂ ᠰᠤᠷᠤᠯᠴᠠᠯᠭ᠎ᠠ ᠶᠢᠨ ᠬᠦᠴᠤᠷᠭᠡᠭ ᠤᠯᠤᠰ ᠵᠡᠷᠭᠡ ᠪᠠᠷ ᠳᠠᠮᠵᠢᠨ᠂ ᠤᠯᠤᠰ ᠲᠦᠷᠦ ᠶᠢᠨ ᠰᠤᠷᠤᠯᠴᠠᠯᠭ᠎ᠠ ᠬᠢᠵᠦ᠂ ᠤᠯᠤᠰ ᠲᠦᠷᠦ ᠶᠢᠨ ᠬᠡᠪ ᠪᠣᠯᠪᠠᠰᠤᠷᠠᠯ ᠪᠠ ᠤᠯᠤᠰ ᠲᠦᠷᠦ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠡᠢ᠃    ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠳᠤᠳᠬᠠᠵᠤ ᠤᠳᠬ᠎ᠠ ᠤᠷᠠᠯᠢᠭ ᠢᠶᠠᠷ ᠦᠨᠳᠦᠰᠦᠲᠡᠨ ᠤ ᠪᠦᠯᠬᠦᠮᠳᠡᠯ ᠢ ᠪᠠᠳᠤᠳᠬᠠᠨ᠎ᠠ    ᠡᠮᠦᠨᠡᠲᠦ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠨᠢ ︽ᠨᠢᠭᠡ ᠬᠠᠷᠠᠯᠲᠠ᠂ ᠬᠤᠶᠠᠷ ᠲᠠᠯ᠎ᠠ᠂ ᠭᠤᠷᠪᠠ ᠳᠤ ᠬᠦᠴᠦ ᠨᠡᠮᠡᠷᠢᠯᠡᠬᠦ︾ ᠪᠠᠷ ᠶᠡᠷᠦᠩᠬᠡᠶᠢᠯᠡᠨ ᠵᠢᠯᠣᠭᠤᠳᠴᠤ᠂ ᠦᠨᠳᠦᠰᠦᠲᠡᠨ ᠤ ᠪᠦᠯᠬᠦᠮᠳᠡᠯ ᠢ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ᠂ ᠤᠳᠬ᠎ᠠ ᠤᠷᠠᠯᠢᠭ ᠤᠨ ᠰᠠᠶᠢᠨ ᠲᠤᠷᠠᠴᠤᠤᠯ ᠤᠨ ᠦᠶ᠋ᠯᠡᠴᠢᠯᠡᠭᠡ ᠵᠡᠷᠭᠡ ᠡᠯ᠎ᠡ ᠵᠦᠶ᠋ᠯ ᠤᠨ ᠠᠵᠢᠯ ᠳᠤ ᠠᠭᠤᠰᠬᠠᠵᠤ᠂ ︽ᠠᠷᠠᠳ ᠲᠦᠮᠡᠨ ᠤ ᠳᠤᠮᠳᠠ ᠣᠴᠢᠬᠤ︾ ︽ᠮᠠᠯᠴᠢᠨ ᠲᠠᠷᠢᠶᠠᠴᠢᠨ ᠤ ᠤᠳᠬ᠎ᠠ ᠤᠷᠠᠯᠢᠭ︾ ︽ᠪᠢᠴᠢᠭ ᠤᠨ ᠰᠤᠷᠪᠤᠯᠵᠢᠲᠤ ᠡᠮᠦᠨᠠᠳᠥ ᠬᠤᠰᠢᠭᠤ︾ ᠭᠡᠬᠦ ᠭᠤᠷᠪᠠᠨ ᠲᠣᠮᠣ ᠨᠠᠷᠠᠲᠤ ᠲᠡᠮᠳᠡᠭᠲᠦ ᠶᠢ ᠡᠭᠦᠳᠴᠥ᠂ ᠤᠳᠬ᠎ᠠ ᠤᠷᠠᠯᠢᠭ ᠤᠨ ᠬᠦᠴᠦᠨ ᠢᠶᠠᠷ ᠬᠡᠪ ᠰᠤᠷᠲᠠᠯ ᠢ ᠬᠥᠲᠥᠯᠦᠨ ᠳᠠᠭᠠᠭᠤᠯᠵᠤ᠂ ᠤᠳᠬ᠎ᠠ ᠤᠷᠠᠯᠢᠭ ᠤᠨ ᠢᠲᠡᠭᠡᠯ ᠵᠣᠷᠢᠭ ᠢ ᠪᠠᠲᠤᠳᠬᠠᠬᠤ᠂ ᠬᠥᠮᠦᠰ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠶᠢ ᠲᠠᠰᠤᠷᠠᠯᠲᠠ ᠥᠬᠡᠶ ᠲᠡᠬᠡᠭᠰᠢᠯᠠᠭᠦᠯᠵᠡᠢ᠃    ᠡᠮᠤᠨᠡᠳᠥ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠬᠢᠨ ᠤᠯᠠᠮᠵᠢᠯᠠᠯᠲᠤ ᠰᠣᠶᠣᠯ ᠤᠨ ᠤᠶᠤᠨ ᠰᠠᠨᠠᠭᠠᠨ ᠤ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠠᠷᠠᠳ ᠲᠦᠮᠡᠨ ᠤ ᠳᠤᠮᠳᠠ ᠣᠴᠢᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠣᠷᠣᠨ ᠨᠤᠲᠤᠭ ᠤᠨ ᠣᠨᠴᠠᠯᠢᠭ ᠲᠠᠢ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠶᠢ ᠬᠡᠷᠡᠭᠯᠡᠬᠦ ᠶᠢ ᠴᠢᠬᠤᠯᠠᠴᠢᠯᠠᠵᠤ᠂ ᠦᠨᠳᠦᠰᠦᠲᠡᠨ ᠤ ᠰᠣᠶᠣᠯ ᠢ ᠠᠷᠠᠳ ᠤᠯᠠᠨ ᠤ ᠰᠡᠳᠬᠢᠯ ᠳᠤ ᠦᠨᠳᠦᠰᠦᠯᠡᠭᠦᠯᠵᠦ᠂ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ︽ᠡᠴᠦᠰ ᠤᠨ ᠨᠢᠭᠡ ᠺᠢᠯᠣᠮᠧᠳ᠋ᠷ︾ ᠢ ᠬᠦᠴᠦᠯᠡᠨ ᠨᠡᠪᠲᠡᠷᠡᠭᠦᠯᠭᠡ᠃    ᠨᠡᠶᠢᠲᠡᠯᠢᠭ ᠵᠢᠱᠢᠶ᠎ᠡ ᠪᠠᠷ ᠵᠠᠮᠴᠢᠯᠠᠵᠤ ᠬᠥᠭᠵᠢᠯᠲᠡ ᠪᠠᠷ ᠦᠨᠳᠦᠰᠦᠲᠡᠨ ᠤ ᠪᠦᠯᠬᠦᠮᠳᠡᠯ ᠢ ᠠᠬᠢᠭᠤᠯᠤᠨ᠎ᠠ    ᠡᠮᠦᠨᠡᠲᠦ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠬᠢᠨ ᠦᠨᠳᠦᠰᠦᠲᠡᠨ ᠤ ᠭᠠᠵᠠᠷ ᠣᠷᠣᠨ ᠤ ᠡᠬᠢ ᠪᠠᠶᠠᠯᠢᠭ ᠡᠯᠪᠡᠭ ᠳᠡᠯᠪᠡᠭ᠂ ᠠᠮᠢ ᠠᠬᠤᠶ ᠶᠢᠨ ᠬᠠᠯᠬᠠᠪᠴᠢ᠂ ᠰᠣᠶᠣᠯ ᠤᠨ ᠣᠨᠴᠠᠯᠢᠭ ᠪᠦᠬᠦᠢ ᠳᠠᠪᠠᠭᠤᠯᠢᠭ ᠢ ᠴᠢᠩᠭ᠎ᠠ ᠠᠳᠬᠤᠵᠤ᠂ ᠦᠨᠳᠦᠰᠦᠲᠡᠨ ᠤ ᠭᠠᠵᠠᠷ ᠣᠷᠣᠨ ᠤ ᠤᠳᠬ᠎ᠠ ᠤᠷᠠᠯᠢᠭ ᠤᠨ ᠦᠶ᠋ᠯᠡᠰ ᠤᠨ ᠴᠡᠴᠡᠭᠯᠡᠨ ᠬᠥᠭᠵᠢᠵᠦ ᠰᠢᠨ᠎ᠡ ᠶᠢ ᠡᠭᠦᠳᠬᠦ ᠲᠠᠢ ᠨᠢᠭᠲᠠ ᠤᠶᠠᠯᠳᠤᠭᠤᠯᠤᠨ ᠠᠬᠢᠭᠤᠯᠵᠤ᠂ ᠵᠣᠬᠢᠶᠠᠨ ᠪᠠᠶᠢᠭᠤᠯᠤᠯᠲᠠ ᠶᠢᠨ ᠴᠤᠬᠴᠠᠯᠠᠯᠳᠠ ᠶᠢ ᠴᠢᠩᠭᠠᠳᠬᠠᠬᠤ᠂ ᠤᠳᠬ᠎ᠠ ᠤᠷᠠᠯᠢᠭ ᠤᠨ ᠠᠵᠢᠯᠯᠠᠭ᠎ᠠ ᠥᠷᠨᠢᠭᠦᠯᠬᠦ᠂ ᠵᠢᠭᠰᠠᠭᠠᠯ ᠤᠨ ᠭᠠᠵᠠᠷ ᠤᠨ ᠲᠠᠪᠴᠠᠩ ᠪᠠᠶᠢᠭᠤᠯᠬᠤ ᠵᠡᠷᠭᠡ ᠪᠠᠷ ᠳᠠᠮᠵᠢᠭᠤᠯᠤᠨ ᠬᠠᠮᠲᠤ ᠪᠠᠷ ᠬᠦᠴᠦᠯᠡᠵᠦ᠂ ᠤᠯᠠᠭᠠᠨᠮᠣᠳᠣ ᠰᠤᠮᠤᠨ ᠤ ᠤᠳᠬ᠎ᠠ ᠤᠷᠠᠯᠢᠭ ᠤᠨ ᠴᠡᠴᠡᠭᠯᠡᠨ ᠬᠥᠭᠵᠢᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠴᠡᠭ ᠢᠶᠠᠷ ᠪᠥᠭᠦ ᠲᠠᠯ᠎ᠠ ᠶᠢ ᠳᠠᠶᠢᠴᠢᠯᠠᠨ᠂ ᠨᠡᠶᠢᠲᠡᠯᠢᠭ ᠵᠢᠱᠢᠶ᠎ᠡ ᠪᠠᠷ ᠵᠠᠮ ᠳᠠᠭᠠᠭᠤᠯᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠤᠨ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠠᠩ ᠣᠯᠠᠨ ᠨᠠᠩ ᠭᠤᠤᠯᠴᠢ ᠪᠠᠷ ᠬᠦᠷᠲᠡᠭᠡᠵᠡᠢ᠃ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠴᠤᠬᠴᠠᠯᠠᠯᠳᠠ ᠶᠢ ᠪᠠᠬᠢᠵᠢᠭᠦᠯᠵᠦ᠂ ᠡᠮᠦᠨᠡᠲᠦ ᠬᠤᠰᠢᠭᠤᠨ ᠤ ᠠᠩᠬᠠᠳᠠᠭᠴᠢ ᠰᠤᠮᠤ ᠰᠢᠶᠠᠩ ᠪᠠᠯᠭᠠᠰᠤᠨ ᠤ ᠲᠠᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ — ᠤᠯᠠᠭᠠᠨᠮᠣᠳᠣ ᠰᠤᠮᠤ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢ ᠪᠠᠶᠢᠭᠤᠯᠵᠡᠢ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠳᠬ᠎ᠠ ᠤᠷᠠᠯᠢᠭ ᠤᠨ ᠵᠣᠷᠢᠭ ᠰᠠᠨᠠᠭ᠎ᠠ᠂ ᠰᠣᠶᠣᠯ ᠤᠨ ᠠᠮᠢᠨ ᠰᠤᠳᠠᠰᠤ ᠶᠢ ᠪᠥᠬᠦ ᠬᠦᠴᠦᠨ ᠢᠶᠠᠷ ᠢᠶᠠᠨ ᠠᠭᠤᠳᠠᠯᠯᠠᠵᠤ᠂ ᠵᠠᠪᠳᠤᠨ ᠠᠪᠤᠷᠠᠵᠤ᠂ ᠤᠯᠠᠮᠵᠢᠯᠠᠨ ᠵᠠᠯᠭᠠᠮᠵᠢᠯᠠᠵᠤ᠂ ︽ᠳᠤᠮᠳᠠᠳᠤ ᠤᠯᠤᠰ ᠤᠨ ᠤᠮᠠᠷᠠᠲᠤ ᠶᠢᠨ ᠲᠠᠯ᠎ᠠ ᠨᠤᠲᠤᠭ ᠤᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠰᠠᠭᠤᠷᠢᠨ ᠭᠠᠵᠠᠷ ᠢ ᠪᠠᠶᠢᠭᠤᠯᠬᠤ︾ ᠪᠠᠷ ᠬᠠᠷᠠᠯᠲᠠ ᠪᠣᠯᠭᠠᠵᠤ᠂ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠤᠳᠤ ᠶᠢᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠰᠠᠭᠤᠷᠢᠨ ᠭᠠᠵᠠᠷ︾ ᠢ ᠪᠠᠶᠢᠭᠤᠯᠵᠤ᠂ ᠳᠤᠰ ᠬᠤᠰᠢᠭᠤᠨ ᠤ ᠪᠠᠨ ᠰᠢᠨ᠎ᠡ ᠨᠡᠷ᠎ᠡ ᠶᠢᠨ ᠬᠠᠭᠤᠳᠠᠰᠤ ᠪᠣᠯᠭᠠᠨ ᠪᠥᠲᠥᠭᠡᠨ ᠪᠠᠶᠢᠭᠤᠯᠵᠤ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号