ᠨᠡᠲᠦᠭᠡᠷ ᠪᠠᠯᠭᠠᠰᠤᠡ ᠳᠤ ︽ᠡᠯᠪᠡᠭ ᠬᠤᠷᠢᠶᠠᠯᠲᠠ ᠶᠢᠨ ᠤᠯᠠᠷᠢᠯ ● ᠨᠡᠲᠦᠭᠡᠷ ᠤᠨ ᠦᠨᠦᠷ ᠠᠮᠲᠠ ● ᠠᠭᠠᠯᠢᠭ ᠠᠯᠢᠮ᠎ᠠ ᠶᠢᠨ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ ᠲᠠᠨᠢᠯᠴᠠᠭᠤᠯᠭ᠎ᠠ ᠶᠢᠨ ᠬᠤᠷᠠᠯ︾ ᠶᠠᠪᠤᠭᠳᠠᠯ᠎ᠠ
ᠨᠡᠶᠢᠲᠡᠯᠡᠭᠰᠡᠨ ᠴᠠᠭ᠄
2021/9/15
   ᠳᠤᠰ ᠰᠤᠨᠢᠨ ᠤ ᠮᠡᠳᠡᠭᠡ ︵ᠰᠤᠷᠪᠤᠯᠵᠢᠯᠠᠭᠴᠢ ᠬᠠᠨ ᠯᠢᠶᠠᠨ ᠵᠦ ᠵᠣᠣ ᠢᠦᠢ ᠪᠣᠣ ᠲᠤᠯᠭᠠᠭᠤᠷᠢ︶ ᠠᠯᠲᠠᠨ ᠨᠠᠮᠤᠷ ᠤᠨ 9 ᠰᠠᠷ᠎ᠠ ᠳᠤ ᠠᠭᠠᠯᠢᠭ ᠠᠯᠢᠮ᠎ᠠ ᠶᠢᠨ ᠠᠩᠬᠢᠯᠤᠮ᠎ᠠ ᠦᠨᠦᠷ ᠬᠠᠩᠬᠤᠯᠵᠦ᠂ ᠡᠯᠪᠡᠭ ᠬᠤᠷᠢᠶᠠᠯᠲᠠ ᠶᠢᠨ ᠪᠠᠶᠠᠷ ᠪᠠᠶᠠᠰᠤᠯ ᠢᠶᠠᠷ ᠪᠢᠯᠬᠠᠨ᠎ᠠ᠃ ᠬᠤᠷᠴᠢᠨ ᠪᠠᠷᠠᠭᠤᠨ ᠭᠠᠷᠤᠨ ᠡᠮᠦᠨᠡᠳᠤ ᠬᠤᠰᠢᠭᠤᠨ ᠤ ᠨᠡᠳᠦᠭᠡᠷ ᠪᠠᠯᠭᠠᠰᠤ ᠤᠢ ᠶᠢᠨ ᠵᠢᠮᠢᠰ ᠵᠤᠭᠠᠴᠠᠯ ᠤᠨ ᠠᠵᠤ ᠦᠢᠯᠡᠰ ᠤᠨ ᠬᠦᠭᠵᠢᠯᠳᠡ ᠶᠢ ᠳᠦᠷᠭᠡᠳᠭᠡᠵᠤ᠂ ︽ᠤᠢ ᠶᠢᠨ ᠵᠢᠮᠢᠰ + ᠠᠮᠢ ᠠᠬᠤᠢ + ᠵᠤᠭᠠᠴᠠᠯ︾ ᠤᠨ ᠠᠵᠤ ᠦᠢᠯᠠᠰ ᠤᠨ ᠠᠭᠤᠰᠤᠯᠴᠠᠨ ᠬᠦᠭᠵᠢᠬᠦ ᠰᠢᠨ᠎ᠡ ᠠᠵᠤ ᠦᠢᠯᠡᠰ ᠤᠨ ᠵᠠᠬᠪᠤᠷ ᠢ ᠡᠭᠦᠳᠴᠤ᠂ ︽ᠵᠢᠵᠢᠭ ᠠᠭᠠᠯᠢᠭ ᠠᠯᠢᠮ᠎ᠡ ᠳᠤᠮᠤ ᠠᠵᠤ ᠦᠢᠯᠡᠰ︾ ᠢ ᠳᠦᠯᠬᠢᠨ ᠠᠬᠢᠭᠤᠯᠬᠤ ᠪᠠᠷ 9 ᠰᠠᠷ᠎ᠠ ᠶᠢᠨ 7 ᠤ ᠡᠳᠦᠷ᠂ ᠨᠠᠳᠦᠭᠡᠷ ᠪᠠᠯᠭᠠᠰᠤᠨ ᠤ ᠴᠢ ᠰᠢᠨ ᠳᠤᠰᠬᠤᠨ ᠳᠤ ︽ᠡᠯᠪᠡᠭ ᠬᠤᠷᠢᠶᠠᠯᠲᠠ ᠶᠢᠨ ᠤᠯᠠᠷᠢᠯ · ᠨᠡᠲᠦᠭᠡᠷ ᠤᠨ ᠦᠨᠦᠷ ᠠᠮᠲᠠ · ᠠᠭᠠᠯᠢᠭ ᠠᠯᠢᠮ᠎ᠠ ᠶᠢᠨ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ ᠲᠠᠨᠢᠯᠴᠠᠭᠤᠯᠭ᠎ᠠ ᠶᠢᠨ ᠬᠤᠷᠠᠯ︾ ᠶᠠᠪᠤᠭᠳᠠᠯ᠎ᠠ᠃ ᠳᠡᠯᠡᠬᠡᠶ ᠶᠢᠨ ᠬᠠᠮᠤᠭ ᠤᠨ ᠦᠨᠳᠦᠷ ᠬᠥᠮᠦᠨ ᠪᠦᠦ ᠰᠢ ᠱᠦᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳ᠋ᠠᠱᠢᠵᠠᠢ ᠪᠠᠯᠭᠠᠰᠤᠨ ᠳᠤ ᠬᠦᠷᠴᠤ ᠢᠷᠡᠭᠰᠡᠨ ᠤ ᠪᠠᠨ ᠳᠠᠷᠠᠭ᠎ᠠ ᠂ 9 ᠰᠠᠷ᠎ᠠ ᠶᠢᠨ 7 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠡᠲᠦᠭᠡᠷ ᠪᠠᠯᠭᠠᠰᠤᠨ ᠤ ᠴᠢ ᠰᠢᠨ ᠲᠣᠰᠬᠤᠨ ᠳᠤ ᠲᠠᠬᠢᠨᠲᠠ ᠬᠦᠷᠴᠤ ᠢᠷᠡᠨ᠂ ︽ᠡᠯᠪᠡᠭ ᠬᠤᠷᠢᠶᠠᠯᠲᠠ ᠶᠢᠨ ᠤᠯᠠᠷᠢᠯ · ᠨᠡᠲᠦᠭᠡᠷ ᠤᠨ ᠦᠨᠦᠷ ᠠᠮᠲᠠ · ᠠᠭᠠᠯᠢᠭ ᠠᠯᠢᠮ᠎ᠠ ᠶᠢᠨ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ ᠲᠠᠨᠢᠯᠴᠠᠭᠤᠯᠭ᠎ᠠ ᠶᠢᠨ ᠬᠤᠷᠠᠯ︾ ᠳᠤ ᠣᠷᠣᠯᠴᠠᠪᠠ᠃    ᠬᠤᠷᠴᠢᠨ ᠪᠠᠷᠠᠭᠤᠨ ᠭᠠᠷᠤᠨ ᠡᠮᠦᠨᠡᠳᠤ ᠬᠤᠰᠢᠭᠤᠨ ᠤ ᠤᠯᠠᠭᠠᠨᠮᠦ᠋ᠴᠢᠷ ᠤᠨ ᠬᠢᠨ ᠤ ᠬᠠᠷᠠᠭ᠎ᠠ ᠶᠢ ᠲᠠᠲᠠᠵᠦ᠂ ᠰᠤᠨᠤᠷ ᠢ ᠪᠠᠶᠠᠰᠬᠠᠭᠰᠠᠨ ᠭᠤᠶᠢᠳᠠ ᠰᠠᠶᠢᠬᠠᠨ ᠲᠤᠭᠯᠠᠯᠲᠠ ᠶᠢᠨ ᠲᠠᠷᠠᠭ᠎ᠠ ︽ᠡᠯᠪᠡᠭ ᠬᠤᠷᠢᠶᠠᠯᠲᠠ ᠶᠢᠨ ᠤᠯᠠᠷᠢᠯ · ᠨᠡᠲᠦᠭᠡᠷ ᠤᠨ ᠦᠨᠦᠷ ᠠᠮᠲᠠ · ᠠᠭᠠᠯᠢᠭ ᠠᠯᠢᠮ᠎ᠠ ᠶᠢᠨ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ ᠲᠠᠨᠢᠯᠴᠠᠭᠤᠯᠭ᠎ᠠ ᠶᠢᠨ ᠬᠤᠷᠠᠯ︾ ᠵᠢᠩᠬᠢᠨᠢ ᠪᠠᠷ ᠡᠬᠢᠯᠡᠪᠡ᠃ ᠲᠣᠰ ᠤᠳᠠᠭᠠᠨ ᠤ ᠠᠵᠢᠯᠯᠠᠭ᠎ᠠ ᠨᠢ ︽ᠰᠦᠯᠵᠢᠶᠡᠨ ᠳᠡᠭᠡᠷᠡᠬᠢ ᠡᠯᠧᠺᠳ᠋ᠷᠣᠨ ᠬᠤᠳᠠᠯᠳᠤᠭᠠᠨ ᠤ ᠲᠠᠪᠴᠠᠩ ᠳᠤ ᠠᠭᠤᠰᠤᠯᠴᠠᠨ ᠵᠢᠵᠢᠭ ᠠᠭᠠᠯᠢᠭ ᠠᠯᠢᠮ᠎ᠠ ᠪᠠᠷ ᠲᠣᠮᠣ ᠠᠵᠤ ᠦᠢᠯᠡᠰ ᠢ ᠠᠬᠢᠭᠤᠯᠬᠤ︾ ᠪᠠᠷ ᠭᠤᠤᠯ ᠰᠡᠳᠦᠪ ᠪᠣᠯᠭᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠣᠷᠳᠣᠨ ᠠᠴᠠ ᠪᠠᠶᠢᠭᠤᠯᠤᠭᠰᠠᠨ ᠨᠡᠷᠡᠲᠦ ᠡᠯᠧᠺᠳ᠋ᠷᠣᠨ ᠬᠤᠳᠠᠯᠳᠤᠭᠠᠨ ᠤ ᠾᠧ ᠮᠠ ᠰᠢᠶᠠᠨ ᠱᠧᠩ ᠬᠠᠮᠲᠤᠷᠠᠯᠴᠠᠭᠠᠨ ᠤ ᠲᠠᠪᠴᠠᠩ ᠢ ᠠᠰᠢᠭᠯᠠᠨ᠂ ᠠᠭᠠᠯᠢᠭ ᠠᠯᠢᠮ᠎ᠠ ᠶᠢᠨ ᠪᠤᠷᠤᠯᠠᠭᠤᠯᠭ᠎ᠠ ᠶᠢᠨ ᠠᠷᠭ᠎ᠠ ᠵᠠᠮ ᠢ ᠦᠷᠭᠡᠳᠭᠡᠵᠦ᠂ ᠤᠢ ᠶᠢᠨ ᠵᠢᠮᠢᠰ ᠤᠨ ᠦᠢᠯᠡᠰ ᠤᠨ ᠬᠥᠭᠵᠢᠯᠲᠡ ᠪᠠ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠶᠢᠨ ᠤᠯᠠᠮ ᠢᠶᠠᠷ ᠠᠵᠤ ᠦᠢᠯᠡᠰ ᠢ ᠬᠥᠭᠵᠢᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃    ᠲᠠᠨᠢᠯᠴᠠᠭᠤᠯᠭ᠎ᠠ ᠶᠢᠨ ᠬᠤᠷᠠᠯ ᠳᠡᠭᠡᠷ ᠎ᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠤᠷᠳᠤᠨ ᠪᠤᠯᠤᠨ ᠱᠢ ᠬᠤᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠦ ᠺᠤᠮᠫᠠᠨᠢ ᠲᠠᠢ ᠬᠤᠳᠠᠯᠳᠤᠨ ᠠᠪᠬᠤ ᠪᠠ ᠪᠤᠷᠤᠯᠠᠭᠤᠯᠬᠤ ᠬᠡᠯᠡᠯᠴᠡᠭᠡᠷ ᠲᠤᠭᠲᠠᠪᠠ᠃ ᠬᠤᠶᠠᠷ ᠲᠠᠯ ᠎ᠠ ᠶᠢᠨ ᠬᠢᠨ ᠠᠭᠠᠯᠢᠭ ᠠᠯᠢᠮ ᠎ᠠ ᠶᠢᠨ ᠦᠢᠯᠡᠳᠭᠦᠨ ᠤ ᠶᠠᠰᠤ ᠴᠢᠨᠠᠷ ᠢ ᠮᠦᠷᠳᠡᠬᠦ ᠰᠢᠰᠲᠧᠮ ᠢ ᠪᠠᠶᠢᠭᠤᠯᠵᠦ᠂ ᠠᠭᠠᠯᠢᠭ ᠠᠯᠢᠮ᠎ᠠ ᠶᠢᠨ ᠦᠢᠯᠡᠳᠭᠦᠨ ᠤ ᠨᠡᠷᠡᠲᠦ ᠲᠡᠮᠳᠡᠭᠲᠦ ᠶᠢ ᠡᠭᠦᠳᠬᠦ᠂ ᠡᠵᠡᠩᠨᠡᠯᠲᠡ ᠶᠢᠨ ᠦᠢᠯᠡᠴᠢᠯᠡᠭᠡᠨ ᠤ ᠰᠢᠰᠲᠧᠮ ᠢ ᠲᠡᠭᠦᠯᠳᠡᠷᠵᠢᠭᠦᠯᠬᠦ᠂ ᠠᠭᠠᠯᠢᠭ ᠠᠯᠢᠮ ᠎ᠠ ᠶᠢᠨ ᠦᠢᠯᠡᠳᠭᠦᠨ ᠤ ᠲᠦᠷᠦᠯ ᠵᠦᠢᠯ ᠪᠤᠯᠤᠨ ᠶᠠᠰᠤ ᠴᠢᠨᠠᠷ ᠤᠨ ᠰᠢᠰᠲᠧᠮ ᠤᠨ ᠪᠠᠶᠢᠭᠤᠯᠤᠯᠲᠠ ᠶᠢ ᠠᠬᠢᠭᠤᠯᠬᠤ ᠵᠡᠷᠭᠡ ᠲᠠᠯ ᠎ᠠ ᠪᠠᠷ ᠰᠠᠨᠠᠯ ᠨᠢᠭᠡᠳᠦᠭᠰᠡᠨ ᠪᠦᠭᠡᠳ ᠴᠢᠨᠠᠭᠰᠢᠳᠠ ᠬᠠᠮᠲᠦᠷᠠᠯᠴᠠᠬᠤ ᠪᠠᠷ ᠪᠤᠯᠪᠠ᠃ ᠡᠭᠦᠨ ᠤ ᠬᠠᠮᠲᠤ᠂ ᠲᠤᠬᠠᠶ ᠶᠢᠨ ᠲᠠᠯᠠᠪᠤᠷ ᠲᠤ ᠪᠠᠰᠠ ᠠᠭᠠᠯᠢᠭ ᠠᠯᠢᠮ᠎ᠠ ᠶᠢᠨ ᠦᠢᠯᠡᠳᠬᠦᠨ ᠢ ᠠᠮᠲᠠᠯᠠᠨ᠂ ᠠᠭᠠᠯᠢᠭ ᠠᠯᠢᠮ᠎ᠠ ᠶᠢᠨ ᠰᠣᠨᠢᠷᠬᠠᠯᠲᠤ ᠲᠣᠭᠯᠠᠭᠠᠮ ᠢ ᠪᠡᠶᠡᠴᠢᠯᠡᠨ ᠣᠶᠢᠯᠠᠭᠠᠵᠤ᠂ ᠾᠧᠩ ᠵᠢᠶᠠ ᠵᠢᠮᠢᠰ ᠤᠨ ᠦᠢᠯᠡᠰ ᠤᠨ ᠦᠢᠯᠡᠳᠪᠦᠷᠢᠯᠡᠯ ᠤᠨ ᠱᠤᠭᠤᠮ ᠪᠠ ᠠᠭᠠᠯᠢᠭ ᠠᠯᠢᠮ᠎ᠠ ᠶᠢ ᠰᠦᠯᠵᠢᠶᠡᠨ ᠳᠡᠭᠡᠷ᠎ᠡ ᠪᠣᠷᠣᠯᠠᠭᠤᠯᠬᠤ᠂ ᠰᠢᠭᠤᠳ ᠨᠡᠪᠲᠡᠷᠡᠭᠦᠯᠬᠦ ᠲᠠᠰᠤᠭ ᠲᠤ ᠪᠠᠷᠠᠭ᠎ᠠ ᠬᠤᠳᠠᠯᠳᠤᠬᠤ ᠵᠡᠷᠭᠡ ᠰᠢᠷᠢᠰ ᠠᠵᠢᠯᠯᠠᠭ᠎ᠠ ᠶᠢ ᠳᠤᠭᠤᠷᠢᠨ ᠦᠵᠡᠪᠡ᠃    ᠤᠶᠢᠯᠠᠭᠠᠭᠰᠠᠨ ᠢᠶᠠᠷ᠂ ᠣᠳᠣᠬᠠᠨ ᠳᠤ ᠨᠡᠲᠦᠭᠡᠷ ᠪᠠᠯᠭᠠᠰᠤᠨ ᠤ ᠤᠢ ᠶᠢᠨ ᠵᠢᠮᠢᠰ ᠤᠨ ᠲᠠᠷᠢᠮᠠᠯ ᠤᠨ ᠲᠠᠯᠠᠪᠠᠢ 5.5 ᠲᠦᠮᠡᠨ ᠮᠦ ᠳᠤ ᠬᠦᠷᠴᠦ᠂ ᠴᠢ ᠰᠢᠨ ᠲᠣᠰᠬᠤᠨ ᠵᠡᠷᠭᠡ ᠨᠢᠭᠡ ᠪᠦᠯᠦᠭ ᠤᠢ ᠶᠢᠨ ᠵᠢᠮᠢᠰ ᠤᠨ ᠲᠤᠰᠬᠠᠢ ᠲᠣᠰᠬᠤᠨ ᠢ ᠬᠦᠭᠵᠢᠭᠦᠯᠦᠨ᠂ ︽ᠲᠠᠭᠠᠭᠤᠯᠤᠭᠴᠢ ᠠᠵᠤ ᠠᠬᠤᠶᠢᠯᠠᠯ + ᠤᠢ ᠵᠢᠮᠢᠰ ᠤᠨ ᠰᠠᠭᠤᠷᠢᠨ + ᠵᠢᠮᠢᠰ ᠤᠨ ᠲᠠᠷᠢᠶᠠᠴᠢᠨ︾ ᠤ ᠤᠢ ᠶᠢᠨ ᠵᠢᠮᠢᠰ ᠤᠨ ᠠᠵᠤ ᠦᠢᠯᠡᠰ ᠤᠨ ᠬᠥᠭᠵᠢᠯᠲᠡ ᠶᠢᠨ ᠰᠢᠰᠲ᠋ᠧᠮ ᠪᠣᠯᠤᠨ ᠠᠰᠢᠭ ᠲᠤᠰᠠ ᠶᠢᠨ ᠬᠤᠯᠪᠣᠯᠴᠠᠭ᠎ᠠ ᠶᠢᠨ ᠲᠣᠭᠲᠠᠴᠠ ᠶᠢ ᠠᠩᠬ᠎ᠠ ᠠᠯᠬᠤᠮ ᠪᠦᠷᠢᠯᠳᠦᠭᠦᠯᠵᠦ᠂ ᠠᠵᠤ ᠦᠢᠯᠡᠰ ᠢ ᠬᠥᠭᠵᠢᠭᠦᠯᠬᠦ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠰᠠᠶᠢᠨ ᠰᠠᠶᠢᠬᠠᠨ ᠪᠠᠶᠢᠳᠠᠯ ᠢ ᠠᠩᠬ᠎ᠠ ᠠᠯᠬᠤᠮ ᠪᠡᠶᠡᠯᠡᠭᠦᠯᠦᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号