ᠪᠠᠶᠠᠵᠢᠯ ᠤᠨ ᠳᠠᠭᠠᠭᠤᠯᠤᠭᠴᠢ — ᠬᠦ᠋ ᠸᠠᠩ
ᠨᠡᠶᠢᠲᠡᠯᠡᠭᠰᠡᠨ ᠴᠠᠭ᠄
2021/9/15
  ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠨᠡᠳᠥᠭᠡᠷ ᠪᠠᠯᠭᠠᠰᠥᠨ ᠤ ᠴᠢ ᠰᠢᠨ ᠲᠣᠰᠬᠤᠨ ᠤ ᠤᠢ ᠶᠢᠨ ᠵᠢᠮᠢᠰ ᠤᠨ ᠲᠤᠰᠬᠠᠢ ᠮᠡᠷᠭᠡᠵᠢᠯᠲᠡᠨ ᠬᠦ᠋ ᠸᠠᠩ ᠪᠣᠯ ᠲᠣᠰᠬᠤᠨ ᠤ ᠠᠷᠠᠳ ᠤᠨ ᠰᠡᠳᠬᠢᠯ ᠳᠠᠬᠢ ᠪᠠᠶᠠᠵᠢᠯ ᠤᠨ ᠴᠢᠳᠠᠪᠤᠷᠢᠲᠠᠨ ᠪᠣᠯᠤᠨ᠎ᠠ᠃ ᠬᠦ᠋ ᠸᠠᠩ ᠦᠨᠥ ᠵᠢᠷᠠ ᠭᠠᠷᠤᠭᠰᠠᠨ ᠴᠥ ᠠᠵᠢᠯᠴᠢ ᠬᠦᠳᠡᠯᠮᠥᠷᠢᠴᠢ ᠳᠤ ᠪᠠᠨ ᠲᠦᠰᠢᠭᠯᠡᠨ ᠵᠢᠮᠢᠰ ᠤᠨ ᠮᠤᠳᠥᠨ ᠤ ᠠᠵᠤ ᠥᠢᠯᠡᠰ ᠢ ᠰᠠᠶᠢᠳᠥᠷ ᠬᠦᠭᠵᠢᠬᠦᠯᠥᠨ᠂ ᠬᠤᠯᠠ ᠤᠢᠢᠷ᠎ᠠ ᠳᠤ ᠪᠠᠨ ᠨᠡᠷ᠎ᠠ ᠠᠯᠳᠠᠷᠰᠢᠭᠰᠠᠨ ᠠᠵᠤ ᠥᠢᠯᠡᠰ ᠤᠨ ᠪᠠᠶᠠᠵᠢᠯ ᠤᠨ ᠳᠠᠭᠠᠭᠤᠯᠤᠭᠴᠢ ᠪᠤᠯᠤᠭᠰᠠᠨ ᠶᠤᠮ᠃   ᠬᠦ᠋ ᠸᠠᠩ ᠤᠨ ᠲᠦᠷᠥᠭᠰᠡᠨ ᠨᠤᠳᠤᠭ ᠨᠢ ᠯᠢᠶᠣᠤᠨᠢᠩ ᠮᠤᠵᠢ ᠶᠢᠨ ᠬᠠᠶᠢᠴᠧᠩ ᠬᠤᠳᠠ ᠳᠤ ᠪᠤᠢ᠂ ᠲᠡᠷᠡ ᠨᠤᠲᠤᠭ ᠤᠨ ᠢᠶᠠᠨ ᠤᠢ ᠵᠢᠮᠢᠰ ᠤᠨ ᠲᠠᠷᠢᠮᠠᠯ ᠤᠨ ᠦᠢᠯᠡᠰ ᠤᠨ ᠨᠥᠯᠥᠭᠡ ᠪᠠᠷ 2009 ᠣᠨ ᠠᠴᠠ ᠡᠬᠢᠯᠡᠨ᠂ ᠴᠢ ᠰᠢᠨ ᠲᠣᠰᠬᠤᠨ ᠳᠤ ᠵᠢᠮᠢᠰ ᠤᠨ ᠮᠣᠳᠣ ᠲᠠᠷᠢᠬᠤ ᠦᠢᠯᠡᠰ ᠢ ᠬᠥᠭᠵᠢᠭᠦᠯᠵᠦ᠂ ᠬᠠᠮᠤᠭ ᠠᠩᠬᠠᠨ ᠳᠤ ᠪᠠᠨ ᠡᠯ᠎ᠡ ᠲᠦᠷᠦᠯ ᠤᠨ ᠵᠢᠮᠢᠰ ᠤᠨ ᠮᠣᠳᠣ ᠶᠢ 20 ᠮᠦ ᠲᠠᠷᠢᠵᠦ ᠪᠠᠶᠢᠭᠰᠠᠨ ᠠᠴᠠ ᠪᠠᠨ ᠤᠳᠤ 60 ᠮᠦ ᠪᠤᠯᠭᠠᠨ ᠨᠡᠮᠡᠭᠳᠡᠬᠦᠯᠵᠤ᠂ ᠤᠤᠯ ᠤᠨ ᠳ᠋ᠠᠩ ᠭᠠᠭᠴᠠ ᠬᠡᠯᠪᠡᠷᠢ ᠶᠢᠨ ᠡᠩ ᠤᠨ ᠵᠢᠮᠢᠰ ᠤᠨ ᠮᠣᠳᠣᠨ ᠳᠤ ᠴᠢᠬᠢ ᠪᠤᠶᠢᠵᠢᠭᠤᠯᠵᠤ ᠪᠠᠶᠢᠭᠰᠠᠨ ᠠᠴᠠ ᠪᠠᠨ ᠣᠳᠣᠬᠠᠨ ᠳᠤ ᠰᠢᠨ᠎ᠡ ᠪᠠᠷ ᠨᠡᠮᠡᠭᠳᠡᠭᠰᠡᠨ ᠠᠯᠢᠮ᠎ᠠ ᠶᠢᠨ ᠮᠣᠳᠣ᠂ ︽ᠯᠦᠩ ᠹᠧᠩ ᠵᠢᠮᠢᠰ︾᠂ ︽ᠰᠢᠨ ᠫᠢᠩ ᠵᠢᠮᠢᠰ︾᠂ ︽ᠰᠢᠨ ᠱᠤᠸᠠᠢ ᠵᠢᠮᠢᠰ︾ ᠵᠡᠷᠭᠡ ᠤᠯᠠᠨ ᠲᠦᠷᠦᠯ ᠤᠨ ᠵᠢᠮᠢᠰ ᠤᠨ ᠲᠦᠷᠥᠯ ᠵᠥᠢᠯ ᠢ ᠶᠡᠷᠦᠩᠬᠡᠶᠢᠯᠡᠨ ᠬᠥᠭᠵᠢᠭᠦᠯᠬᠦ ᠪᠣᠯᠵᠠᠢ᠃ ᠤᠯᠠᠨ ᠵᠢᠯ ᠤᠨ ᠲᠤᠷᠰᠢ᠂ ᠲᠡᠷᠡ ᠤᠢ ᠶᠢᠨ ᠵᠢᠮᠢᠰ ᠤᠨ ᠲᠠᠷᠢᠮᠠᠯ ᠢ ᠬᠦᠭᠵᠢᠭᠦᠯᠦᠭᠰᠡᠨ ᠦᠢᠯᠡᠳᠦᠯᠭᠡ ᠲᠤᠷᠰᠢᠯᠭ᠎ᠠ ᠪᠠᠨ ᠳ᠋ᠦᠩᠨᠡᠵᠦ᠂ ᠦᠪᠡᠰᠥᠪᠡᠨ ᠪᠠᠶᠠᠵᠢᠯ ᠤᠨ ᠵᠠᠮ ᠢᠶᠠᠷ ᠵᠠᠮᠨᠠᠭᠰᠠᠨ ᠢᠶᠠᠷ ᠪᠠᠷᠠᠬᠤ ᠦᠬᠡᠢ᠂ ᠪᠤᠰᠤᠳ ᠳᠠᠷᠢᠶᠠᠴᠢᠳ ᠢᠶᠠᠨ ᠳᠠᠶᠢᠴᠢᠯᠠᠨ ᠤᠨᠴᠠᠯᠢᠬᠳᠥ ᠠᠵᠤ ᠥᠢᠯᠡᠰ ᠤᠨ ᠬᠦᠭᠵᠢᠯᠳᠡ ᠶᠢᠨ ᠵᠠᠮ ᠢᠶᠠᠷ ᠳᠠᠭᠠᠭᠤᠯᠵᠠᠢ᠃ ᠬᠦ᠋ ᠸᠠᠩ ᠤᠨ ᠪᠠᠷᠢᠮᠳᠠᠯᠠᠳᠠᠭ ᠬᠦᠭᠵᠢᠯᠳᠡ ᠶᠢᠨ ᠰᠡᠳᠬᠢᠬᠦᠶ ᠨᠢ ᠵᠥᠪᠬᠡᠨ ᠲᠠᠷᠢᠶ᠎ᠠ ᠳᠠᠷᠢᠬᠤ ᠳᠤ ᠯᠠ ᠬᠢᠵᠠᠭᠠᠷᠯᠠᠭᠳᠠᠬᠤ ᠪᠢᠰᠢ᠂ ᠬᠠᠷᠢᠨ ᠰᠢᠨ᠎ᠡ ᠶᠢ ᠡᠬᠦᠳᠬᠦ ᠶᠢ ᠰᠦᠪᠡᠭᠴᠢᠯᠡᠵᠤ᠂ ᠲᠥᠷᠥ ᠶᠢᠨ ᠪᠣᠳᠣᠯᠭ᠎ᠠ ᠶᠢ ᠳᠠᠭᠠᠵᠤ᠂ ᠴᠠᠭ ᠲᠣᠬᠢᠶᠠᠯ ᠢ ᠴᠢᠳᠠᠮᠠᠭᠠᠶ ᠪᠠᠷ ᠡᠵᠡᠮᠳᠡᠬᠦ ᠳᠤ ᠪᠤᠢ᠃   ᠬᠦ᠋ ᠸᠠᠩ ᠤᠢ ᠶᠢᠨ ᠵᠢᠮᠢᠰ ᠤᠨ ᠲᠠᠷᠢᠮᠠᠯ ᠢ ᠬᠥᠭᠵᠢᠭᠦᠯᠬᠦ ᠶᠢᠨ ᠬᠠᠮᠲᠤ᠂ ᠰᠤᠯᠠ ᠰᠡᠯᠡᠭᠦᠦ ᠴᠠᠭ ᠲᠤ ᠪᠠᠨ ᠨᠤᠮ ᠳᠡᠪᠳᠡᠷ ᠦᠵᠡᠬᠦ ᠪᠤᠶᠤ ᠰᠦᠯᠵᠢᠶᠡᠨ ᠳᠡᠭᠡᠷ᠎ᠡ ᠠᠴᠠ ᠳᠡᠷᠢᠬᠦᠨ ᠤ ᠮᠡᠷᠭᠡᠵᠢᠯ ᠢ ᠰᠤᠷᠴᠥ ᠡᠵᠡᠮᠰᠢᠳᠡᠭ᠃ ᠳᠡᠷᠡ ᠲᠠᠷᠢᠮᠠᠯ ᠤᠨ ᠮᠡᠷᠭᠡᠵᠢᠯ ᠢ ᠲᠠᠰᠤᠷᠠᠯᠳᠡ ᠦᠭᠡᠢ ᠰᠤᠷᠴᠤ ᠡᠵᠡᠮᠰᠢᠬᠦ ᠶᠢᠨ ᠬᠠᠮᠳᠥ᠂ ᠮᠤᠳᠥᠨ ᠤ ᠴᠢᠬᠢ ᠪᠤᠶᠢᠵᠢᠭᠤᠯᠬᠤ ᠳᠤ ᠠᠩᠬᠠᠷᠬᠤ ᠵᠥᠢᠯ᠂ ᠡᠪᠡᠳᠴᠢᠨ ᠬᠤᠷᠤᠬᠠᠢ ᠶᠢ ᠰᠡᠷᠭᠡᠶᠢᠯᠡᠬᠦ ᠵᠡᠷᠭᠡ ᠮᠡᠳᠡᠯᠭᠡ ᠶᠢ ᠳᠠᠷᠢᠶᠠᠴᠢᠳ ᠲᠤ ᠴᠠᠭ ᠲᠤᠬᠠᠢ ᠳᠤ ᠨᠢ ᠳᠠᠮᠵᠢᠭᠤᠯᠥᠨ ᠦᠭᠳᠡᠭ᠃ ᠲᠡᠷᠡ 2015 ᠣᠨ ᠳᠤ ᠳᠠᠪᠤᠨ ᠳᠡᠰ ᠤᠨ ᠵᠢᠮᠢᠰ ᠤᠨ ᠮᠣᠳᠣᠨ ᠤ ᠠᠵᠢᠯ ᠤᠨ ᠤᠷ᠎ᠠ ᠮᠡᠷᠭᠡᠵᠢᠯ ᠤᠨ ᠬᠢᠷᠢ ᠬᠡᠮ ᠤᠨ ᠦᠨᠡᠮᠯᠡᠯ ᠢ ᠰᠢᠯᠭᠠᠨ ᠠᠪᠴᠤ᠂ 2016 ᠣᠨ ᠳᠤ ᠬᠢᠩᠭᠠᠨ ᠠᠶᠢᠮᠠᠭ ᠤᠨ ᠣᠶ ᠰᠢᠭᠤᠶ ᠶᠢᠨ ᠲᠣᠪᠴᠢᠶᠠᠨ ᠳᠤ ᠬᠢᠩᠭᠠᠨ ᠠᠶᠢᠮᠠᠭ ᠤᠨ ᠣᠶ ᠶᠢᠨ ᠵᠢᠮᠢᠰ ᠤᠨ ᠦᠢᠯᠡᠰ ᠢ ᠳᠡᠯᠭᠡᠷᠡᠭᠦᠯᠬᠦ ᠲᠤᠰᠬᠠᠶ ᠮᠡᠷᠭᠡᠵᠢᠯᠲᠡᠨ ᠢᠶᠠᠷ ᠤᠷᠢᠭᠳᠠᠵᠤ᠂ 2017 ᠣᠨ ᠳᠤ ᠥᠪᠥᠷ ᠮᠣᠩᠭᠤᠯ ᠤᠨ ᠤᠯᠠᠭᠠᠨᠬᠠᠳᠠ ᠬᠤᠲᠠ ᠳᠤ ᠬᠦᠷᠴᠦ ᠣᠶ ᠶᠢᠨ ᠵᠢᠮᠢᠰ ᠳᠠᠷᠢᠵᠤ ᠪᠤᠶᠢᠵᠢᠭᠤᠯᠬᠤ ᠲᠤᠰᠬᠠᠶ ᠮᠡᠷᠭᠡᠵᠢᠯ ᠢ ᠳᠠᠪᠲᠠᠨ ᠪᠣᠯᠪᠠᠰᠤᠷᠠᠵᠤ᠂ 2018 ᠣᠨ ᠳᠤ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ ᠳᠤ ᠤᠴᠢᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠳᠡᠭᠡ ᠲᠣᠰᠬᠤᠨ ᠤ ᠪᠠᠶᠠᠵᠢᠯ ᠤᠨ ᠳᠠᠭᠠᠭᠤᠯᠤᠭᠴᠢ᠂ ᠬᠥᠳᠡᠭᠡ ᠲᠣᠰᠬᠤᠨ ᠤ ᠪᠤᠳᠠᠳᠥ ᠬᠡᠷᠡᠭᠯᠡᠭᠡᠨ ᠤ ᠴᠢᠳᠠᠪᠤᠷᠢᠲᠠᠨ ᠤ ᠪᠣᠯᠪᠠᠰᠤᠷᠠᠯ ᠤᠨ ᠠᠩᠭᠢ ᠳᠤ ᠳᠠᠪᠲᠠᠨ ᠪᠣᠯᠪᠠᠰᠤᠷᠠᠬᠤ ᠶᠢᠨ ᠬᠠᠮᠲᠤ ᠦᠨᠳᠦᠷ ᠬᠢᠷᠢ ᠪᠦᠳᠦᠮᠵᠢ ᠪᠠᠷ ᠰᠤᠷᠤᠯᠭ᠎ᠠ ᠲᠡᠭᠦᠰᠬᠡᠵᠦ᠂ ᠪᠦᠬᠦ ᠠᠶᠢᠮᠠᠭ ᠤᠨ ᠤᠢ ᠶᠢᠨ ᠵᠢᠮᠢᠰ ᠳᠠᠷᠢᠬᠤ ᠪᠣᠯᠪᠠᠰᠤᠷᠠᠯ ᠤᠨ ᠠᠩᠭᠢ ᠳᠤ ᠣᠯᠠᠨᠲᠠ ᠣᠷᠣᠯᠴᠠᠭᠰᠠᠨ ᠪᠥᠭᠡᠳ ᠰᠤᠷᠤᠯᠭ᠎ᠠ ᠲᠡᠭᠦᠰᠦᠭᠰᠡᠨ ᠦᠨᠡᠮᠯᠡᠯ ᠣᠯᠵᠤ᠂ 2019 ᠣᠨ ᠳᠤ ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠨᠡᠳᠥᠭᠡᠷ ᠪᠠᠯᠭᠠᠰᠥᠨ ᠤ ︽ᠠᠵᠤ ᠦᠶ᠋ᠯᠡᠰ ᠤᠨ ᠳᠠᠭᠠᠭᠤᠯᠤᠭᠴᠢ︾ ᠶᠢᠨ ᠴᠣᠯᠠ ᠭᠥᠷᠳᠡᠪᠡ᠃    ᠬᠦ᠋ ᠸᠠᠩ ᠪᠤᠯ ᠨᠢᠭᠡᠨ ᠠᠵᠢᠯᠴᠢ ᠬᠦᠳᠡᠯᠮᠥᠷᠢᠴᠢ᠂ ᠡᠭᠡᠯ ᠪᠣᠷᠣᠭᠵᠢᠭᠤᠨ᠂ ᠬᠠᠯᠠᠭᠤᠨ ᠰᠡᠳᠬᠢᠯ ᠲᠠᠢ ᠬᠦᠮᠥᠨ᠃ ᠡ᠊ᠨᠡ ᠬᠡᠳᠦᠨ ᠵᠢᠯ ᠤᠨ ᠲᠤᠷᠰᠢ᠂ ᠤᠢ ᠶᠢᠨ ᠵᠢᠮᠢᠰ ᠤᠨ ᠦᠢᠯᠡᠰ ᠢ ᠬᠦᠭᠵᠢᠬᠦᠯᠬᠦ ᠳᠤᠮᠳᠠ ᠳᠡᠷᠡ ᠪᠣᠳᠠᠲᠤ ᠠᠵᠢᠯᠯᠠᠭ᠎ᠠ ᠪᠠᠷ ᠢᠶᠠᠨ ᠲᠣᠰᠬᠤᠨ ᠤ ᠠᠷᠠᠳ ᠢᠶᠠᠨ ᠬᠠᠪᠰᠤᠷᠤᠨ ᠲᠡᠮᠵᠢᠵᠦ᠂ ᠳᠠᠭᠠᠭᠤᠯᠤᠨ ᠪᠠᠶᠠᠵᠢᠭᠤᠯᠵᠤ᠂ ᠲᠠᠷᠢᠮᠠᠯ ᠤᠨ ᠤᠷ᠎ᠠ ᠮᠡᠷᠭᠡᠵᠢᠯ ᠢᠶᠠᠨ ᠬᠠᠷᠠᠮ ᠦᠬᠡᠢ ᠤᠯᠠᠮᠵᠢᠯᠠᠨ᠂ ᠦᠵᠡᠯᠳᠡ ᠲᠠᠨᠢᠯᠳᠠ ᠦᠨᠳᠥᠷ᠂ ᠴᠢᠷᠮᠠᠶᠢᠯᠳᠠ ᠳᠠᠪᠰᠢᠯᠳᠠ ᠲᠠᠢ ᠲᠠᠷᠢᠶᠠᠴᠢᠳ ᠢ ᠳᠠᠭᠠᠭᠤᠯᠥᠨ ᠤᠨᠴᠠᠯᠢᠬᠳᠥ ᠠᠵᠤ ᠥᠢᠯᠡᠰ ᠢ ᠬᠦᠭᠵᠢᠬᠦᠯᠬᠦ ᠵᠠᠮ ᠢᠶᠠᠷ ᠵᠠᠮᠨᠠᠭᠤᠯᠬᠤ ᠶᠢᠨ ᠬᠠᠮᠳᠥ ᠳᠡᠳᠡᠨ ᠢ ᠬᠠᠪᠰᠥᠷᠥᠨ ᠴᠢ ᠰᠢᠨ ᠲᠤᠰᠬᠤᠨ ᠤ ᠪᠠᠶᠠᠵᠢᠯ ᠤᠨ ᠲᠠᠭᠠᠭᠤᠯᠤᠭᠴᠢ ᠪᠤᠯᠭᠠᠭᠰᠠᠨ ᠪᠠᠶᠢᠨ᠎ᠠ᠃ ᠤᠤᠯ ᠨᠢ ᠲᠣᠰᠬᠤᠨ ᠤ ᠶᠠᠳᠠᠭᠤ ᠡᠷᠦᠬᠡ ᠪᠠᠶᠢᠭᠰᠠᠨ ᠯᠢ ᠬᠦᠢ ᠯᠢᠶᠠᠩ ᠲᠡᠭᠦᠨ ᠤ ᠵᠢᠯᠤᠭᠤᠳᠤᠯᠭ᠎ᠠ ᠪᠠᠷ ᠵᠢᠮᠢᠰ ᠤᠨ ᠮᠤᠳᠥ ᠳᠠᠷᠢᠬᠤ ᠮᠡᠷᠭᠡᠵᠢᠯ ᠰᠤᠷᠴᠥ᠂ ᠦᠪᠠᠷ ᠤᠨ ᠬᠦᠷᠢᠶ᠎ᠠ ᠬᠠᠰᠢᠶᠠᠨ ᠳᠤ ᠪᠠᠨ ᠵᠢᠮᠢᠰ ᠤᠨ ᠮᠤᠳᠥ ᠵᠠᠶᠢᠯᠠᠭᠠᠳ ᠠᠰᠢᠭ ᠬᠦᠷᠳᠡᠵᠡᠢ᠃   2016 ᠣᠨ ᠳᠤ ︽ᠬᠥ᠋ ᠸᠠᠩ ᠵᠢᠮᠢᠰ ᠤᠨ ᠮᠣᠳᠣ ᠳᠠᠷᠢᠬᠤ ᠲᠤᠰᠬᠠᠢ ᠬᠤᠷᠰᠢᠶᠠᠵᠢᠯ︾ ᠪᠠᠶᠢᠭᠤᠯᠤᠭᠳᠠᠭᠰᠠᠨ ᠠᠴᠠ ᠨᠠᠭᠠᠰᠢ᠂ 10 ᠤᠳᠠᠭᠠᠨ ᠤ ᠵᠢᠮᠢᠰ ᠤᠨ ᠮᠤᠳᠥ ᠳᠠᠷᠢᠬᠤ ᠲᠤᠰᠬᠠᠢ ᠪᠤᠯᠪᠠᠰᠤᠷᠠᠯ ᠡᠷᠬᠢᠯᠡᠵᠤ᠂ 100 ᠭᠠᠷᠤᠢ ᠬᠥᠮᠦᠨ ᠳᠤ ᠪᠣᠯᠪᠠᠰᠤᠷᠠᠯ ᠬᠦᠷᠲᠡᠭᠡᠵᠦ᠂ ᠲᠠᠷᠢᠶᠠᠴᠢᠨ ᠡᠷᠤᠭᠡ ᠶᠢᠨ ᠲᠠᠷᠢᠬᠰᠠᠨ ᠵᠢᠮᠢᠰ ᠤᠨ ᠮᠣᠳᠣᠨ ᠤ ᠮᠥᠴᠢᠷ ᠬᠠᠶᠢᠴᠢᠯᠠᠬᠤ᠂ ᠲᠣᠭᠤᠰᠣ ᠬᠦᠷᠲᠡᠭᠡᠬᠦ᠂ ᠵᠢᠮᠢᠰ ᠰᠡᠶᠢᠷᠡᠭᠦᠯᠬᠦ ᠵᠡᠷᠭᠡ ᠶᠢ ᠪᠡᠶ᠎ᠡ ᠪᠠᠷ ᠢᠶᠠᠨ ᠵᠢᠭᠠᠵᠤ ᠵᠢᠯᠤᠭᠤᠳᠥᠨ᠂ ᠪᠤᠷᠳᠤᠭᠤᠷ ᠣᠷᠣᠭᠤᠯᠬᠤ᠂ ᠡᠮ ᠰᠦᠷᠴᠢᠬᠦ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠢ ᠨᠢᠭᠡᠳ ᠨᠢᠭᠡ ᠪᠠᠷ ᠵᠢᠭᠠᠨ ᠵᠢᠯᠤᠭᠤᠳᠴᠥ᠂ ᠤᠬᠠᠭᠤᠯᠭ᠎ᠠ ᠪᠠ ᠪᠣᠯᠪᠠᠰᠤᠷᠠᠯ ᠢᠶᠠᠷ ᠲᠠᠮᠵᠢᠨ᠂ ᠡᠯ᠎ᠡ ᠲᠣᠰᠬᠤᠨ ᠳᠤ ᠨᠢᠭᠡ ᠪᠦᠯᠦᠭ ᠤᠢ ᠵᠢᠮᠢᠰ ᠤᠨ ᠴᠢᠬᠢ ᠮᠣᠳᠣ ᠪᠤᠶᠢᠵᠢᠭᠤᠯᠬᠤ ᠴᠢᠳᠠᠪᠤᠷᠢᠲᠠᠨ ᠢ ᠬᠦᠮᠥᠵᠢᠬᠦᠯᠬᠦ ᠪᠠᠷ ᠳᠠᠮᠵᠢᠨ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠲᠠᠷᠢᠶᠠᠴᠢᠨ ᠡᠷᠤᠭᠡ ᠶᠢᠨ ᠣᠷᠣᠯᠭ᠎ᠠ ᠶᠢ ᠨᠡᠮᠡᠭᠳᠡᠭᠦᠯᠬᠦ ᠶᠢ ᠲᠠᠶᠢᠴᠢᠯᠠᠵᠤ ᠴᠢᠳᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号