ᠡᠮᠦᠨᠡᠲᠦ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠬᠢᠨᠠᠨ ᠪᠤᠳᠤᠬᠤ ᠴᠡᠭᠴᠡᠯᠡᠯᠲᠡ ᠶᠢᠨ ᠠᠵᠢᠯ ᠢ ᠲᠦᠯᠬᠢᠨ ᠠᠬᠢᠭᠤᠯᠵᠦ ᠳᠤᠪᠤᠶᠢᠮ᠎ᠠ ᠦᠷ᠎ᠡ ᠪᠦᠲᠦᠮᠵᠢ ᠤᠯᠵᠦ ᠪᠤᠢ
ᠨᠡᠶᠢᠲᠡᠯᠡᠭᠰᠡᠨ ᠴᠠᠭ᠄
2021/9/2
   ᠲᠤᠰ ᠰᠤᠨᠢᠨ ᠤ ᠮᠡᠳᠡᠭᠡ ᠬᠢᠨᠠᠨ ᠪᠤᠳᠤᠬᠤ ᠴᠡᠭᠴᠡᠯᠡᠯᠲᠡ ᠶᠢ ᠴᠢᠩᠭᠠᠳᠬᠠᠵᠤ᠂ ᠬᠢᠨᠠᠨ ᠪᠤᠳᠤᠬᠤ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠨᠡᠩ ᠴᠢᠨᠠᠭᠰᠢᠳᠠ ᠪᠠᠳᠠᠷᠠᠭᠤᠯᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠠᠵᠢᠯ ᠤᠨ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠴᠢᠩᠭᠠᠷᠠᠭᠤᠯᠵᠤ᠂ ᠬᠢᠨᠠᠨ ᠪᠤᠳᠤᠬᠤ ᠴᠡᠭᠴᠡᠯᠡᠯᠲᠡ ᠶᠢᠨ ᠠᠵᠢᠯ ᠤᠨ ᠲᠣᠭᠲᠠᠴᠠ ᠶᠢ ᠬᠦᠴᠦᠯᠡᠨ ᠪᠦᠷᠢᠨᠰᠢᠬᠦᠯᠵᠦ᠂ ᠬᠢᠨᠠᠨ ᠪᠤᠳᠤᠬᠤ ᠲᠠᠰ ᠳᠠᠷᠠᠭᠠᠯᠠᠯ ᠢ ᠲᠡᠭᠦᠯᠳᠡᠷᠵᠢᠭᠦᠯᠦᠨ᠂ ᠬᠢᠨᠠᠨ ᠪᠤᠳᠤᠬᠤ ᠴᠡᠭᠴᠡᠯᠡᠯᠲᠡ ᠶᠢᠨ ᠠᠵᠢᠯ ᠢ ᠲᠤᠭᠤᠰᠢᠲᠠᠢ ᠲᠦᠯᠬᠢᠨ ᠠᠬᠢᠭᠤᠯᠵᠦ ᠪᠠᠶᠢᠨ᠎ᠠ᠃    — ᠬᠢᠨᠠᠨ ᠪᠤᠳᠤᠬᠤ ᠴᠡᠭᠴᠡᠯᠡᠯᠲᠡ ᠶᠢᠨ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠦᠵᠡᠯ ᠤᠬᠠᠮᠰᠠᠷ ᠢ ᠴᠢᠩᠭᠠᠷᠠᠭᠤᠯᠪᠡ᠃ ᠬᠢᠨᠠᠨ ᠪᠤᠳᠤᠬᠤ ᠴᠡᠭᠴᠡᠯᠡᠯᠲᠡ ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠬᠠᠷᠢᠭᠤᠴᠠᠯᠭ᠎ᠠ᠂ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ᠂ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠦᠷᠢᠵᠢᠭᠤᠯᠵᠠᠢ᠃ ᠬᠢᠨᠠᠭᠳᠠᠬᠤ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠠᠭ ᠲᠤᠬᠠᠶ ᠳᠤ ᠨᠢ ᠪᠠᠶᠢᠷᠢᠯᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠠᠪᠤᠳᠠᠯ ᠢ ᠵᠢᠯᠣᠭᠤᠳᠴᠤ ᠰᠢᠮᠳᠠᠭᠤᠯᠤᠨ ᠰᠢᠢᠳᠪᠦᠷᠢᠯᠡᠭᠦᠯᠵᠡᠢ᠃ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ᠂ ᠤᠳᠠᠭᠠᠰᠢᠷᠠᠭᠤᠯᠤᠭᠰᠠᠨ ᠪᠥᠭᠡᠳ ᠬᠦᠨᠳᠦ ᠶᠡᠭᠡ ᠨᠥᠯᠥᠭᠡ ᠪᠠ ᠬᠤᠬᠢᠷᠠᠯ ᠤᠴᠠᠷᠠᠭᠤᠯᠤᠭᠰᠠᠨ ᠬᠢᠨᠠᠨ ᠪᠤᠳᠤᠯᠲᠠ ᠬᠢᠯᠭᠡᠭᠰᠡᠨ ᠨᠢᠭᠡᠴᠢ ᠪᠠ ᠰᠠᠯᠠᠭ᠎ᠠ ᠮᠥᠴᠢᠷ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠠᠢ᠃    — ᠬᠢᠨᠠᠨ ᠪᠤᠳᠤᠬᠤ ᠠᠵᠢᠯ ᠤᠨ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠢᠨᠠᠨ ᠪᠤᠳᠤᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠪᠡ᠃ ᠬᠢᠨᠠᠨ ᠪᠤᠳᠤᠯᠲᠠ ᠶᠢ ᠬᠡᠷᠡᠭᠵᠢᠭᠦᠯᠬᠦ ᠶᠠᠪᠤᠴᠠ ᠳᠤ᠂ ᠬᠢᠨᠠᠨ ᠪᠤᠳᠤᠬᠤ ᠴᠡᠭᠴᠡᠯᠡᠯᠲᠡ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠶᠢ ᠴᠢᠩᠭᠠᠳᠬᠠᠵᠤ᠂ ᠲᠡᠷᠡ ᠳᠠᠷᠤᠶ ᠳᠤ ᠨᠢ ᠪᠠᠶᠢᠴᠠᠭᠠᠵᠤ ᠥᠭᠡᠷᠡᠴᠢᠯᠡᠬᠦ ᠶᠢ ᠪᠠᠷᠢᠮᠲᠠᠯᠠᠨ᠂ ᠨᠢᠭᠡ ᠲᠠᠯ᠎ᠠ ᠪᠠᠷ ᠬᠢᠨᠠᠵᠤ ᠨᠦᠬᠦᠭᠡ ᠲᠠᠯ᠎ᠠ ᠪᠠᠷ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠠᠪᠤᠴᠠ ᠶᠢ ᠤᠷᠤᠭᠰᠢ ᠰᠢᠯᠵᠢᠭᠦᠯᠵᠦ᠂ ᠬᠢᠨᠠᠨ ᠪᠤᠳᠤᠬᠤ ᠶᠠᠪᠤᠴᠠ ᠳᠤ ᠠᠰᠠᠭᠤᠳᠠᠯ ᠢ ᠢᠯᠡᠷᠡᠭᠦᠯᠵᠦ᠂ ᠬᠢᠨᠠᠨ ᠪᠤᠳᠤᠯᠲᠠ ᠬᠢᠯᠭᠡᠭᠰᠡᠨ ᠨᠢᠭᠡᠴᠢ ᠶᠢ ᠱᠠᠭᠠᠷᠳᠠᠯᠭ᠎ᠠ ᠶᠣᠰᠣ ᠪᠠᠷ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠲᠡᠷᠡ ᠳᠠᠷᠤᠶ ᠳᠤ ᠨᠢ ᠪᠠᠶᠢᠴᠠᠭᠠᠵᠤ ᠲᠡᠷᠡ ᠳᠠᠷᠤᠶ ᠳᠤ ᠨᠢ ᠥᠭᠡᠷᠡᠴᠢᠯᠡᠨ ᠰᠠᠶᠢᠵᠢᠷᠠᠭᠤᠯᠵᠤ᠂ ᠬᠢᠨᠠᠨ ᠪᠤᠳᠤᠬᠤ ᠴᠡᠭᠴᠡᠯᠡᠯᠲᠡ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠠᠢ᠃    — ᠬᠢᠨᠠᠨ ᠪᠤᠳᠤᠬᠤ ᠴᠡᠭᠴᠡᠯᠡᠯᠲᠡ ᠶᠢᠨ ᠠᠵᠢᠯ ᠤᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠡᠯ᠎ᠡ ᠵᠤᠶᠢᠯ ᠤᠨ ᠬᠢᠨᠠᠨ ᠪᠤᠳᠤᠬᠤ ᠴᠡᠭᠴᠡᠯᠡᠯᠲᠡ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠪᠠ᠃ ᠬᠢᠨᠠᠨ ᠪᠤᠳᠤᠯᠲᠠ ᠬᠢᠯᠭᠡᠭᠰᠡᠨ ᠨᠢᠭᠡᠴᠢ ᠨᠢ ᠬᠢᠨᠠᠨ ᠪᠤᠳᠤᠯᠲᠠ ᠶᠢᠨ ᠮᠡᠳᠡᠭᠦᠯᠦᠯᠲᠡ᠂ ᠬᠢᠨᠠᠨ ᠪᠤᠳᠤᠯᠲᠠ ᠶᠢᠨ ᠲᠣᠭᠲᠠᠭᠠᠯ ᠢ ᠬᠦᠷᠭᠡᠵᠦ ᠥᠭᠭᠦᠭᠰᠡᠨ ᠡᠳᠦᠷ ᠠᠴᠠ ᠡᠬᠢᠯᠡᠨ᠂ 60 ᠡᠳᠦᠷ ᠤᠨ ᠳᠣᠲᠣᠷ᠎ᠠ ᠬᠢᠨᠠᠨ ᠪᠤᠳᠤᠬᠤ ᠴᠡᠭᠴᠡᠯᠡᠯᠲᠡ ᠶᠢᠨ ᠠᠵᠢᠯ ᠢ ᠪᠡᠶᠡᠯᠡᠭᠦᠯᠬᠦ ᠶᠢᠨ ᠬᠠᠮᠲᠤ᠂ ᠪᠢᠴᠢᠭ ᠤᠨ ᠬᠡᠯᠪᠡᠷᠢ ᠪᠠᠷ ᠬᠢᠨᠠᠨ ᠪᠤᠳᠤᠬᠤ ᠲᠣᠪᠴᠢᠶ᠎ᠠ ᠳᠤ ᠬᠢᠨᠠᠨ ᠪᠤᠳᠤᠯᠲᠠ ᠶᠢᠨ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠤᠨ ᠮᠡᠳᠡᠭᠦᠯᠦᠯᠲᠡ ᠪᠠᠨ ᠬᠦᠷᠭᠡᠵᠦ᠂ ᠬᠢᠨᠠᠨ ᠪᠤᠳᠤᠯᠲᠠ ᠶᠢᠨ ᠦᠷ᠎ᠡ ᠳ᠋ᠦᠩ ᠢ ᠨᠠᠶᠢᠳᠠᠪᠤᠷᠢᠵᠢᠭᠤᠯᠤᠭᠰᠠᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠲᠣᠭᠲᠠᠭᠰᠠᠨ ᠬᠤᠭᠤᠴᠠᠭ᠎ᠠ ᠶᠣᠰᠣ ᠪᠠᠷ ᠴᠠᠭ ᠲᠤᠬᠠᠶ ᠳᠤ ᠨᠢ ᠮᠡᠳᠡᠭᠦᠯᠦᠨ ᠬᠦᠷᠭᠡᠭᠰᠡᠨ ᠥᠬᠡᠶ ᠪᠠᠶᠢᠪᠠᠯ᠂ ᠬᠢᠨᠠᠨ ᠪᠤᠳᠤᠯᠲᠠ ᠶᠢᠨ ᠲᠣᠭᠲᠠᠭᠠᠯ ᠢ ᠥᠯᠥ ᠬᠡᠷᠡᠭᠵᠢᠭᠦᠯᠦᠭᠰᠡᠨ ᠲᠣᠭᠲᠠᠭᠠᠯ ᠶᠣᠰᠣ ᠪᠠᠷ ᠰᠢᠢᠳᠪᠦᠷᠢᠯᠡᠬᠦ ᠪᠤᠯᠤᠨ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号