ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠲᠥᠪ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠰᠠᠨᠠᠯ ᠤᠳ ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2021/9/2
   ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 18 ᠤ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠢᠢᠷ᠎ᠠ ᠳᠤ ︽ᠲᠥᠪ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠰᠠᠨᠠᠯ ᠤᠳ︾ ︵ᠳᠣᠷᠣᠭᠰᠢ ︽ᠰᠠᠨᠠᠯ ᠤᠳ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃    ︽ᠰᠠᠨᠠᠯ ᠤᠳ︾ ᠲᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢ ᠥᠭᠡᠷᠡᠴᠢᠯᠡᠨ ᠲᠡᠭᠦᠯᠳᠡᠷᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢ ᠰᠢᠯᠢᠳᠡᠭᠵᠢᠭᠦᠯᠬᠦ ᠠᠯᠢ ᠣᠯᠠᠨ ᠲᠥᠷᠥ ᠶᠢᠨ ᠪᠣᠳᠣᠯᠭ᠎ᠠ ᠪᠢᠴᠢᠭ ᠮᠠᠲ᠋ᠧᠷᠢᠶᠠᠯ ᠪᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠤᠷᠢᠳ ᠬᠤᠵᠢᠳ ᠨᠡᠶᠢᠲᠡᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠪᠦᠲᠦᠭᠡᠯᠴᠢ ᠴᠢᠨᠠᠷ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠦᠴᠦᠲᠡᠶ ᠬᠥᠭᠵᠢᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠤᠭᠰᠠᠨ ᠪᠣᠯᠪᠠᠴᠤ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢᠨ ᠲᠠᠯ᠎ᠠ ᠪᠠᠷ ᠮᠥᠨ ᠯᠡ ᠲᠥᠷᠥ ᠶᠢᠨ ᠪᠣᠳᠣᠯᠭ᠎ᠠ ᠶᠢ ᠪᠤᠳᠠᠳᠠᠢ ᠪᠠᠷ ᠨᠠᠶᠢᠳᠠᠪᠤᠷᠢᠵᠢᠭᠤᠯᠤᠭᠰᠠᠨ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠳᠡᠭᠡᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠡᠩ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠴᠢᠨᠠᠷ ᠰᠠᠶᠢᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠢᠯᠡᠭᠦᠬᠡᠨ ᠭᠠᠷᠭᠠᠬᠤ ᠶᠢ ᠤᠯᠠᠮ ᠴᠢᠨᠠᠭᠰᠢᠳᠠ ᠵᠣᠷᠢᠭᠵᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢᠨ ᠲᠥᠯᠥᠭᠡ᠂ ᠲᠥᠪ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢ ᠤᠯᠠᠮ ᠴᠢᠨᠠᠭᠰᠢᠳᠠ ᠥᠭᠡᠷᠡᠴᠢᠯᠡᠨ ᠲᠡᠭᠦᠯᠳᠡᠷᠵᠢᠭᠦᠯᠬᠦ ᠴᠢᠬᠤᠯᠠᠲᠠᠢ ᠪᠤᠯᠵᠠᠢ ᠬᠡᠵᠥ ᠵᠢᠭᠠᠵᠥ ᠭᠠᠷᠭᠠᠪᠠ᠃    ︽ᠰᠠᠨᠠᠯ ᠤᠳ︾ ᠲᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢᠨ ᠡᠵᠡᠨ ᠮᠡᠳᠡᠬᠦ ᠡᠷᠬᠡ ᠶᠢ ᠥᠷᠭᠡᠳᠬᠡᠵᠦ᠂ ᠲᠥᠰᠦᠪ ᠢ ᠨᠠᠶᠢᠷᠠᠭᠤᠯᠤᠨ ᠵᠣᠬᠢᠶᠠᠬᠤ ᠶᠢ ᠳᠥᠭᠦᠮᠴᠢᠯᠡᠵᠦ᠂ ᠲᠥᠬᠦᠭᠡᠷᠦᠮᠵᠢ ᠶᠢᠨ ᠵᠠᠷᠤᠳᠠᠯ᠂ ᠲᠤᠬᠠᠶᠢᠯᠠᠭᠰᠠᠨ ᠠᠵᠢᠯ ᠤᠨ ᠵᠠᠷᠤᠳᠠᠯ᠂ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠵᠡᠷᠭᠡ ᠭᠤᠷᠪᠠᠨ ᠶᠡᠭᠡ ᠲᠦᠷᠦᠯ ᠢᠶᠠᠷ ᠰᠢᠭᠤᠳ ᠵᠠᠷᠤᠳᠠᠯ ᠤᠨ ᠲᠥᠰᠦᠪ ᠢ ᠨᠠᠶᠢᠷᠠᠭᠤᠯᠤᠨ ᠵᠣᠬᠢᠶᠠᠬᠤ ᠬᠡᠷᠡᠭᠲᠡᠢ︔ ᠲᠥᠬᠦᠭᠡᠷᠦᠮᠵᠢ ᠶᠢᠨ ᠵᠠᠷᠤᠳᠠᠯ ᠤᠨ ᠲᠥᠰᠦᠪ ᠤᠨ ᠲᠣᠬᠢᠷᠠᠭᠤᠯᠭ᠎ᠠ ᠶᠢᠨ ᠡᠷᠬᠡ ᠶᠢ ᠪᠦᠬᠦᠨ ᠢ ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠢ ᠳᠤ ᠪᠠᠭᠤᠯᠭᠠᠵᠤ᠂ ᠪᠤᠰᠤᠳ ᠵᠠᠷᠤᠳᠠᠯ ᠤᠨ ᠲᠣᠬᠢᠷᠠᠭᠤᠯᠭ᠎ᠠ ᠶᠢᠨ ᠡᠷᠬᠡ ᠶᠢ ᠪᠦᠬᠦᠨ ᠢ ᠲᠥᠷᠥᠯ ᠵᠦᠢᠯ ᠤᠨ ᠬᠠᠷᠢᠭᠤᠴᠠᠯᠭᠠᠲᠠᠨ ᠳᠤ ᠪᠠᠭᠤᠯᠭᠠᠬᠤ ᠬᠡᠷᠡᠭᠲᠡᠢ︔ ᠵᠠᠷᠤᠳᠠᠯ ᠢ ᠳᠠᠭᠠᠭᠠᠴᠢᠯᠠᠬᠤ ᠲᠦᠷᠢᠮ ᠢ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠵᠦ᠂ ᠴᠢᠳᠠᠪᠤᠷᠢᠲᠠᠨ ᠤ ᠲᠦᠷᠦᠯ ᠪᠠ ᠰᠠᠭᠤᠷᠢ ᠰᠤᠳᠤᠯᠭᠠᠨ ᠤ ᠲᠦᠷᠦᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠦᠢᠯᠡᠰ ᠲᠤ ᠵᠠᠷᠤᠳᠠᠯ ᠢ ᠳᠠᠭᠠᠭᠠᠴᠢᠯᠠᠬᠤ ᠲᠦᠷᠢᠮ ᠢ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠵᠠᠷᠤᠳᠠᠯ ᠢ ᠪᠠᠭᠤᠯᠭᠠᠵᠥ ᠦᠭᠭᠦ ᠲᠣᠭᠲᠠᠴᠠ ᠶᠢ ᠲᠡᠭᠦᠯᠳᠡᠷᠵᠢᠭᠦᠯᠦᠨ᠂ ᠵᠠᠷᠤᠳᠠᠯ ᠪᠠᠭᠤᠯᠭᠠᠵᠥ ᠥᠭᠬᠦ ᠲᠥᠯᠥᠪᠯᠡᠭᠡ ᠶᠢ ᠵᠦᠢ ᠵᠣᠬᠢᠰᠲᠠᠶ ᠲᠣᠭᠲᠠᠭᠠᠵᠤ᠂ ᠵᠠᠷᠤᠳᠠᠯ ᠪᠠᠭᠤᠯᠭᠠᠵᠥ ᠥᠭᠬᠦ ᠠᠬᠢᠴᠠ ᠶᠢ ᠲᠦᠷᠭᠡᠳᠬᠡᠨ᠎ᠡ᠃ ᠲᠥᠷᠥᠯ ᠵᠦᠢᠯ ᠤᠨ ᠡᠭᠦᠷᠭᠡ ᠶᠢᠨ ᠪᠢᠴᠢᠭ ᠢ ᠲᠣᠭᠲᠠᠭᠰᠠᠨ ᠤ ᠳᠠᠷᠠᠭ᠎ᠠ 30 ᠡᠳᠦᠷ ᠤᠨ ᠳᠣᠲᠣᠷ᠎ᠠ᠂ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠤᠳᠠᠯ ᠢ ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠢ ᠳᠤ ᠪᠠᠭᠤᠯᠭᠠᠵᠥ ᠥᠭᠬᠦ ᠬᠡᠷᠡᠭᠲᠡᠶ᠃ ᠲᠥᠷᠥᠯ ᠵᠦᠢᠯ ᠳᠠᠭᠤᠰᠤᠭᠰᠠᠨ ᠤ ᠳᠠᠷᠠᠭ᠎ᠠ᠂ ᠦᠯᠡᠳᠡᠪᠦᠷᠢ ᠪᠠᠯᠠ ᠮᠥᠩᠭᠦ ᠶᠢ ᠳᠠᠭᠠᠭᠠᠨ ᠡᠭᠦᠷᠭᠡᠯᠡᠭᠰᠡᠨ ᠨᠢᠭᠡᠴᠢ ᠳᠤ ᠦᠯᠡᠳᠡᠭᠡᠨ ᠬᠡᠷᠡᠭᠯᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠶᠢᠨ ᠰᠢᠭᠤᠳ ᠵᠠᠷᠤᠯᠭ᠎ᠠ ᠳᠤ ᠬᠡᠷᠡᠭᠯᠡᠨ᠎ᠡ ᠬᠡᠵᠥ ᠳᠤᠷᠠᠳᠴᠤ ᠭᠠᠷᠭᠠᠪᠠ᠃    ︽ᠰᠠᠨᠠᠯ ᠤᠳ︾ ᠲᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠢ ᠤᠷᠮᠠᠰᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠳᠠᠮ ᠵᠠᠷᠤᠳᠠᠯ ᠤᠨ ᠬᠠᠷᠢᠴᠠᠯ ᠢ ᠳᠡᠭᠡᠭᠰᠢᠯᠡᠭᠦᠯᠵᠦ᠂ ᠲᠣᠭᠠᠨ ᠤ ᠤᠬᠠᠭᠠᠨ ᠵᠡᠷᠭᠡ ᠴᠤᠯ ᠤᠨᠤᠯ ᠤᠨ ᠰᠠᠭᠤᠷᠢ ᠰᠤᠳᠤᠯᠭᠠᠨ ᠤ ᠲᠦᠷᠦᠯ ᠵᠦᠢᠯ ᠳᠤ᠂ ᠳᠠᠮ ᠵᠠᠷᠤᠳᠠᠯ ᠤᠨ ᠬᠠᠷᠢᠴᠠᠯ ᠢ 60% ᠠᠴᠠ ᠬᠡᠲᠦᠷᠡᠭᠦᠯᠬᠦ ᠦᠬᠡᠢ ᠪᠤᠯᠳᠠᠯ᠎ᠠ ᠳᠡᠬᠡᠭᠰᠢᠯᠡᠬᠦᠯᠵᠥ ᠪᠤᠯᠤᠨ᠎ᠠ︔ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠱᠠᠩᠨᠠᠯ ᠤᠨ ᠵᠠᠷᠤᠳᠠᠯ ᠭᠠᠷᠭᠠᠨ ᠠᠪᠬᠤ ᠶᠢ ᠳᠤᠬᠳᠠᠭᠤᠨ ᠢᠶᠠᠷ ᠳᠡᠮᠵᠢᠬᠦ ᠲᠤᠷᠰᠢᠯᠲᠠ ᠶᠢᠨ ᠴᠡᠭ ᠤᠨ ᠬᠡᠪᠴᠢᠶ᠎ᠡ ᠶᠢ ᠥᠷᠭᠡᠳᠬᠡᠨ᠎ᠡ︔ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠤᠨ ᠵᠠᠷᠤᠯᠭ᠎ᠠ ᠶᠢᠨ ᠬᠡᠪᠴᠢᠶ᠎ᠡ ᠶᠢ ᠥᠷᠭᠡᠳᠬᠡᠵᠦ᠂ ᠪᠠᠶᠢᠭᠤᠯᠭ᠎ᠠ ᠨᠢᠭᠡᠴᠢ ᠶᠢᠨ ᠲᠤᠰᠢᠶᠠᠭᠰᠠᠨ ᠲᠥᠷᠥᠯ ᠵᠦᠢᠯ ᠤᠨ ᠤᠷᠢᠵᠤ ᠬᠡᠷᠡᠭᠯᠡᠭᠰᠡᠨ ᠬᠥᠮᠦᠰ ᠤᠨ ᠨᠡᠶᠢᠭᠡᠮ ᠤᠨ ᠳᠠᠭᠠᠳᠬᠠᠯ ᠤᠨ ᠨᠥᠬᠦᠪᠥᠷᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠶᠢ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠤᠨ ᠵᠦᠢᠯ ᠢᠯᠭᠠᠯ ᠳᠤ ᠣᠷᠣᠭᠤᠯᠤᠨ ᠵᠠᠷᠤᠯᠭ᠎ᠠ ᠪᠣᠯᠭᠠᠨ᠎ᠠ︔ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢ ᠵᠦᠶ ᠵᠣᠬᠢᠰᠲᠠᠶ ᠬᠢᠨᠠᠨ ᠲᠣᠭᠲᠠᠭᠠᠵᠤ᠂ ᠠᠮᠵᠢᠯᠲᠠ ᠪᠦᠲᠦᠮᠵᠢ ᠶᠢᠨ ᠴᠠᠯᠢᠩ ᠤᠨ ᠬᠢᠷᠢ ᠬᠡᠮᠵᠢᠶ᠎ᠡ ᠶᠢ ᠬᠥᠳᠡᠯᠦᠩᠭᠦᠶ ᠪᠠᠷ ᠲᠣᠬᠢᠷᠠᠭᠤᠯᠤᠨ᠎ᠠ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠤᠬᠰᠠᠨ ᠪᠡᠯᠡᠨ ᠵᠣᠭᠤᠰᠣᠨ ᠤ ᠱᠠᠩᠨᠠᠯ ᠨᠢ ᠪᠠᠶᠢᠭ᠎ᠠ ᠨᠢᠭᠡᠴᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠳᠤ ᠬᠢᠵᠠᠭᠠᠷᠯᠠᠭᠳᠠᠬᠤ ᠥᠬᠡᠶ᠂ ᠳᠠᠷᠠᠭ᠎ᠠ ᠵᠢᠯ ᠤᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠰᠠᠭᠤᠷᠢ ᠲᠤᠭ᠎ᠠ ᠪᠣᠯᠭᠠᠨ ᠬᠢᠨᠠᠨ ᠲᠣᠭᠲᠠᠭᠠᠬᠤ ᠥᠬᠡᠶ ᠬᠡᠵᠥ ᠵᠢᠭᠠᠵᠥ ᠭᠠᠷᠭᠠᠪᠠ᠃    ︽ᠰᠠᠨᠠᠯ ᠤᠳ︾ ᠲᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠠᠵᠢᠯ ᠶᠠᠪᠤᠳᠠᠯ ᠤᠨ ᠴᠢᠨᠠᠷᠲᠠᠶ ᠳᠠᠷᠤᠭᠠᠰᠤ ᠶᠢ ᠬᠥᠩᠭᠡᠷᠡᠭᠦᠯᠤᠨ᠎ᠠ᠃ ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠢ ᠶᠢᠨ ᠬᠢᠨ ᠲᠥᠷᠥᠯ ᠵᠦᠢᠯ ᠨᠢᠭᠡ ᠪᠦᠷᠢ ᠳᠤ ᠬᠠᠷᠢᠴᠠᠩᠭᠤᠶ ᠲᠣᠭᠲᠠᠮᠠᠯ ᠰᠢᠨᠵᠢᠯᠡᠬᠦ ᠤᠬᠠᠭᠠᠨ ᠤ ᠰᠤᠳᠤᠯᠭᠠᠨ ᠤ ᠡᠳ᠋ ᠤᠨ ᠶᠠᠪᠤᠳᠠᠯ ᠤᠨ ᠲᠤᠰᠠᠯᠠᠭᠴᠢ ᠲᠣᠬᠢᠷᠠᠭᠤᠯᠬᠤ ᠶᠢ ᠦᠨᠡᠨ ᠬᠦ ᠪᠠᠲᠤᠯᠠᠵᠤ᠂ ᠬᠡᠷᠡᠭᠰᠡᠬᠦ ᠬᠥᠮᠦᠨ ᠤ ᠬᠦᠴᠦᠨ ᠤ ᠥᠪᠡᠷ ᠤᠨ ᠥᠷᠲᠡᠭ ᠤᠨ ᠵᠠᠷᠤᠳᠠᠯ ᠢ ᠲᠥᠷᠥᠯ ᠵᠦᠢᠯ ᠤᠨ ᠵᠠᠷᠤᠳᠠᠯ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠨᠢᠭᠡᠳᠦᠯᠲᠡᠶ ᠲᠥᠯᠥᠪᠵᠢᠬᠦᠯᠦᠨ ᠰᠢᠢᠳᠪᠤᠷᠢᠯᠡᠵᠦ ᠪᠣᠯᠤᠨ᠎ᠠ︔ ᠡᠳ᠋ ᠤᠨ ᠶᠠᠪᠤᠳᠠᠯ ᠤᠨ ᠳᠠᠩᠰᠠ ᠲᠠᠶᠢᠯᠬᠤ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠰᠠᠶᠢᠵᠢᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠴᠠᠭᠠᠰᠤᠨ ᠪᠠᠷᠢᠮᠳᠠ ᠬᠡᠷᠡᠭᠯᠡᠬᠦ ᠦᠭᠡᠶ ᠪᠠᠷ ᠳᠠᠩᠰᠠ ᠲᠠᠶᠢᠯᠬᠤ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠰᠡᠳᠦᠪ ᠢᠶᠠᠨ ᠳᠠᠭᠤᠰᠬᠠᠭᠰᠠᠨ ᠡᠳ᠋ ᠤᠨ ᠶᠠᠪᠤᠳᠠᠯ ᠤᠨ ᠬᠢᠨᠠᠨ ᠪᠣᠳᠣᠬᠤ ᠶᠢ ᠦᠭᠡᠶᠢᠰᠬᠡᠬᠦ ᠳᠤᠷᠰᠢᠯᠳᠠ ᠶᠢᠨ ᠴᠡᠭ ᠤᠨ ᠠᠵᠢᠯ ᠢ ᠦᠷᠨᠢᠬᠦᠯᠵᠥ᠂ ᠰᠢᠨᠵᠢᠯᠡᠬᠦ ᠤᠬᠠᠭᠠᠨ ᠤ ᠰᠤᠳᠤᠯᠭᠠᠨ ᠳᠤ ᠬᠡᠷᠡᠭᠯᠡᠬᠦ ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠶᠢ ᠰᠢᠯᠢᠳᠡᠭᠵᠢᠭᠦᠯᠦᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠠᠯᠪᠠᠨ ᠶᠠᠪᠤᠳᠠᠯ ᠢᠶᠠᠷ ᠭᠠᠳᠠᠭᠠᠳᠤ ︵ᠬᠢᠯᠢ︶ ᠳᠤ ᠭᠠᠷᠬᠤ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠠᠯᠠᠨ ᠰᠠᠶᠢᠵᠢᠷᠠᠭᠤᠯᠤᠨ᠎ᠠ᠃ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠣᠷᠣᠭᠤᠯᠤᠯᠲᠠ ᠬᠢᠭᠡᠳ ᠳᠡᠮᠵᠢᠯᠭᠡ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠤᠰᠢᠭᠤᠷᠠᠵᠤ ᠣᠷᠦ᠋ᠢᠯᠠᠭᠰᠠᠨ ᠰᠢᠨᠵᠢᠯᠡᠬᠦ ᠤᠬᠠᠭᠠᠨᠲᠠᠳ ᠤᠨ ᠳᠡᠮᠵᠢᠯᠭᠡ ᠶᠢᠨ ᠠᠷᠭ᠎ᠠ ᠮᠠᠶ᠋ᠢᠭ ᠤᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ︽ᠲᠥᠰᠦᠪ + ᠨᠠᠵᠠᠭᠠᠢ ᠲᠠᠯ᠎ᠠ ᠶᠢᠨ ᠨᠠᠷᠢᠨ ᠳᠠᠩᠰᠠ︾ ᠶᠢᠨ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠬᠦ ᠶᠢ ᠳᠡᠮᠵᠢᠨ᠎ᠡ ᠬᠡᠵᠥ ᠳᠤᠳᠤᠷᠬᠠᠢᠢᠯᠠᠪᠠ᠃    ︽ᠰᠠᠨᠠᠯ ᠤᠳ︾ ᠲᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠ ᠬᠢᠨᠠᠯᠲᠠ ᠪᠠᠶᠢᠴᠠᠭᠠᠯᠲᠠ ᠶᠢ ᠰᠠᠶᠢᠵᠢᠷᠠᠭᠤᠯᠤᠨ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠦᠨᠳᠦ ᠨᠣᠴᠢᠲᠠᠶ ᠢᠲᠡᠭᠡᠯ ᠠᠯᠳᠠᠭᠰᠠᠨ ᠦᠢᠯᠡ ᠠᠵᠢᠯᠯᠠᠭ᠎ᠠ ᠳᠤ ᠬᠠᠷᠢᠭᠤᠴᠠᠯᠭ᠎ᠠ ᠨᠡᠬᠡᠮᠵᠢᠯᠡᠬᠦ ᠪᠠ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠬᠡᠷᠡᠭᠲᠡᠶ᠃ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠵᠤ᠂ ᠬᠠᠮᠢᠶ᠎ᠠ ᠪᠦᠬᠦᠢ ᠲᠣᠭᠲᠠᠭᠠᠯ ᠢ ᠴᠠᠭ ᠲᠤᠬᠠᠶ ᠳᠤᠨᠢ ᠢᠯᠭᠠᠷᠠᠭᠤᠯᠤᠨ ᠵᠠᠰᠠᠪᠤᠷᠢ ᠣᠷᠣᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠣᠯᠪᠠᠰᠤᠷᠠᠯ ᠤᠨ ᠡᠷᠴᠢᠮ ᠢ ᠴᠢᠩᠭᠠᠷᠠᠭᠤᠯᠤᠨ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠱᠠᠯᠠᠪᠳᠠᠭᠤᠯᠤᠨ ᠵᠢᠯᠣᠭᠤᠳᠬᠤ ᠶᠢ ᠴᠢᠩᠭᠠᠷᠠᠭᠤᠯᠵᠤ᠂ ᠵᠤᠬᠢᠰᠳᠠᠢ ᠴᠠᠭ ᠲᠤ ᠬᠤᠯᠪᠣᠭᠳᠠᠯ ᠪᠦᠬᠦᠢ ᠲᠤᠷᠰᠢᠯᠲᠠ ᠶᠢᠨ ᠴᠡᠭ ᠤᠨ ᠠᠵᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳ᠋ᠦᠩᠨᠡᠨ ᠦᠨᠡᠯᠡᠵᠦ᠂ ᠬᠡᠷᠡᠭᠵᠢᠭᠦᠯᠵᠦ ᠪᠤᠯᠬᠤᠢᠢᠴᠠ ᠪᠦᠲᠦᠮᠵᠢᠲᠡᠶ ᠲᠤᠷᠰᠢᠯᠭ᠎ᠠ ᠪᠠ ᠠᠷᠭ᠎ᠠ ᠪᠠᠷᠢᠯ ᠢ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠬᠦ ᠬᠡᠷᠡᠭᠲᠡᠶ ᠬᠡᠵᠥ ᠴᠢᠬᠤᠯᠠᠴᠢᠯᠠᠪᠠ᠃
 
ᠢᠷᠡᠯᠲᠡ᠄ ᠲᠤᠮᠲᠠᠲᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号