ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠄ ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ ᠲᠣᠰᠬᠤᠨ ᠳᠤ ᠬᠦᠷᠭᠡᠵᠦ ᠦᠨᠳᠦᠰᠦᠨ ᠱᠠᠲᠤᠨ ᠳᠤ ᠦᠢᠯᠡᠴᠢᠯᠡᠬᠦᠯᠦᠨ᠎ᠡ
ᠨᠡᠶᠢᠲᠡᠯᠡᠭᠰᠡᠨ ᠴᠠᠭ᠄
2021/9/24
   ᠬᠥᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 7 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠲᠤᠰᠬᠠᠢ ᠮᠡᠷᠭᠡᠵᠢᠯᠲᠡᠨ ᠴᠢᠳᠠᠪᠤᠷᠢᠲᠠᠨ ᠦᠨᠳᠦᠰᠦᠨ ᠱᠠᠲᠤᠨ ᠳᠤ ᠦᠢᠯᠡᠴᠢᠯᠡᠬᠦ︾ ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ ᠪᠠᠭᠤᠯᠭᠠᠬᠤ ᠠᠵᠢᠯᠯᠠᠭ᠎ᠠ ᠳᠤ ᠣᠷᠣᠯᠴᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠷᠦᠬᠡᠨ ᠪᠠᠯᠭᠠᠰᠤᠨ ᠤ ᠬᠤᠩ ᠰᠢᠨ ᠲᠣᠰᠬᠤᠨ ᠳᠤ ᠬᠦᠷᠴᠦ᠂ ᠲᠤᠬᠠᠢ ᠶᠢᠨ ᠭᠠᠵᠠᠷ ᠤᠨ ᠲᠠᠷᠢᠶᠠᠴᠢᠳ ᠲᠤ ᠰᠢᠨᠵᠢᠯᠡᠬᠦ ᠤᠬᠠᠭᠠᠨ ᠮᠡᠷᠭᠡᠵᠢᠯ ᠤᠨ ︽ᠬᠤᠭᠤᠯᠠ︾ ᠬᠦᠷᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠠᠶᠢᠲᠤᠷ ᠦᠢᠯᠡᠴᠢᠯᠡᠪᠡ᠃      ᠵᠢᠷᠦᠬᠡᠨ ᠪᠠᠯᠭᠠᠰᠤᠨ ᠤ ᠬᠤᠩ ᠰᠢᠨ ᠲᠣᠰᠬᠤᠨ ᠳᠤ᠂ ᠪᠣᠬᠢᠷᠲᠤᠯ ᠦᠭᠡᠢ ᠣᠶᠤᠨᠴᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠲᠤᠷᠰᠢᠯᠲᠠ ᠶᠢᠨ ᠲᠠᠷᠢᠶᠠᠨ ᠳᠠᠬᠢ ᠡᠷᠳᠡᠨᠢ ᠰᠢᠰᠢ᠂ ᠰᠢᠰᠢ᠂ ᠰᠢᠷ᠎ᠠ ᠪᠤᠷᠴᠠᠭ᠂ ᠨᠠᠷᠢᠮᠤ ᠵᠡᠷᠭᠡ ᠲᠠᠷᠢᠮᠠᠯ ᠨᠢᠭᠡᠨᠲᠡ ᠪᠣᠯᠪᠠᠰᠤᠷᠠᠬᠤ ᠤᠯᠠᠷᠢᠯ ᠪᠤᠯᠵᠤ᠂ ᠡᠯᠪᠡᠭ ᠬᠤᠷᠢᠶᠠᠯᠲᠠ ᠶᠢᠨ ᠪᠠᠶᠢᠳᠠᠯ ᠢᠯᠡᠷᠡᠵᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠲᠤᠬᠠᠢ ᠶᠢᠨ ᠲᠠᠯᠠᠪᠠᠢ ᠶᠢᠨ ᠵᠢᠯᠤᠭᠤᠳᠤᠯᠭ᠎ᠠ᠂ ᠬᠠᠷᠢᠯᠴᠠᠨ ᠠᠰᠠᠭᠤᠯᠲᠠ ᠬᠠᠷᠢᠭᠤᠯᠲᠠ ᠥᠭᠬᠦ ᠵᠡᠷᠭᠡ ᠠᠷᠭ᠎ᠠ ᠬᠡᠯᠪᠡᠷᠢ ᠪᠠᠷ ᠳᠠᠮᠵᠢᠨ ᠰᠤᠷᠤᠯᠴᠠᠵᠦ ᠪᠠᠶᠢᠭ᠎ᠠ ᠲᠠᠷᠢᠶᠠᠴᠢᠳ ᠲᠠᠷᠢᠶᠠᠨ ᠭᠠᠵᠠᠷ ᠤᠨ ᠲᠠᠷᠢᠮᠠᠯ ᠤᠨ ᠲᠦᠷᠦᠯ ᠵᠦᠢᠯ᠂ ᠲᠠᠷᠢᠮᠠᠯ ᠤᠨ ᠬᠡᠯᠪᠡᠷᠢ᠂ ᠦᠷᠡᠵᠢᠯ ᠤᠨ ᠬᠤᠭᠤᠴᠠᠭ᠎ᠠ᠂ ᠤᠨᠠᠯᠲᠠ ᠶᠢᠨ ᠬᠡᠮᠵᠢᠶ᠎ᠡ ᠵᠡᠷᠭᠡ ᠪᠠᠶᠢᠳᠠᠯ ᠢ ᠲᠠᠶᠢᠯᠪᠤᠷᠢᠯᠠᠵᠤ᠂ ᠲᠣᠰᠬᠤᠨ ᠤ ᠠᠷᠠᠳ ᠤᠨ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠣᠯᠵᠠᠢ᠃  ︽ᠲᠤᠰᠬᠠᠶ ᠮᠡᠷᠭᠡᠵᠢᠯᠲᠡᠳ ᠬᠦᠷᠢᠶᠡᠯᠡᠩ ᠲᠣᠭᠤᠷᠢᠭ ᠲᠤ ᠬᠦᠷᠴᠦ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠵᠦ ᠦᠷ᠎ᠡ ᠠᠰᠢᠭ ᠢ ᠨᠡᠮᠡᠭᠳᠡᠭᠦᠯᠬᠦ ᠲᠤᠬᠠᠶ ᠮᠡᠳᠡᠯᠭᠡ ᠶᠢ ᠪᠢᠳᠡᠨ ᠳᠤ ᠲᠠᠶᠢᠯᠪᠤᠷᠢᠯᠠᠨ ᠥᠭᠴᠦ᠂ ᠪᠢᠳᠡᠨ ᠳᠤ ᠮᠠᠰᠢ ᠶᠡᠭᠡ ᠰᠡᠩᠬᠡᠷᠡᠭᠦᠯᠦᠯ ᠣᠯᠭᠤᠵᠤ᠂ ᠪᠢᠳᠡᠨ ᠳᠤ ᠮᠠᠰᠢ ᠶᠡᠭᠡ ᠬᠠᠪᠰᠤᠷᠤᠯᠭ᠎ᠠ ᠦᠵᠡᠭᠦᠯᠵᠡᠶ︾ ᠬᠡᠮᠡᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠩ ᠰᠢᠨ ᠲᠠᠷᠢᠮᠠᠯ ᠤᠨ ᠲᠤᠰᠬᠠᠢ ᠬᠤᠷᠰᠢᠶ᠎ᠠ ᠶᠢᠨ ᠭᠡᠰᠢᠭᠦᠨ ᠢᠦᠢ ᠰᠢᠶᠤᠤ ᠬᠤᠩ ᠬᠡᠯᠡᠨ᠎ᠡ᠃    ᠲᠦᠷᠦᠯ ᠵᠦᠢᠯ ᠢ ᠰᠣᠩᠭᠤᠬᠤ᠂ ᠲᠠᠷᠢᠮᠠᠯ ᠢ ᠲᠠᠷᠢᠬᠤ᠂ ᠪᠤᠷᠳᠤᠭᠤᠷ ᠣᠷᠣᠭᠤᠯᠬᠤ ᠮᠡᠷᠭᠡᠵᠢᠯ᠂ ᠲᠠᠷᠢᠶᠠᠨ ᠭᠠᠵᠠᠷ ᠲᠤ ᠳᠤᠰᠤᠯᠭᠠᠨ ᠤᠰᠤᠯᠠᠬᠤ ᠵᠡᠷᠭᠡ ᠠᠭᠤᠯᠭ᠎ᠠ ᠳᠤ ᠴᠢᠭᠯᠡᠭᠦᠯᠦᠨ᠂ ᠲᠤᠰᠬᠠᠢ ᠮᠡᠷᠭᠡᠵᠢᠯᠲᠡᠨ ᠳᠥᠭᠦᠮ ᠣᠶᠢᠯᠠᠭᠠᠮᠵᠢᠲᠠᠢ ᠦᠭᠡ ᠬᠡᠯᠡ ᠪᠠ ᠠᠮᠢᠳᠤᠯᠢᠭ ᠲᠠᠶᠢᠯᠪᠤᠷᠢᠯᠠᠯᠲᠠ ᠪᠠᠷ ᠮᠡᠷᠭᠡᠵᠢᠯ ᠤᠨ ᠵᠢᠯᠤᠭᠤᠳᠤᠯᠭ᠎ᠠ ᠬᠢᠵᠦ᠂ ᠬᠢᠴᠢᠶᠡᠯᠯᠡᠬᠦ ᠳᠤ ᠬᠤᠯᠪᠣᠭᠳᠠᠬᠤ ᠬᠡᠪᠴᠢᠶ᠎ᠡ ᠨᠢ ᠥᠷᠭᠡᠨ᠂ ᠬᠡᠷᠡᠭᠯᠡᠭᠡᠨ ᠤ ᠴᠢᠨᠠᠷ ᠢᠶᠠᠷ ᠴᠢᠩᠭ᠎ᠠ ᠪᠠᠶᠢᠵᠤ᠂ ᠪᠣᠯᠪᠠᠰᠤᠷᠠᠯ ᠳᠤ ᠣᠷᠣᠯᠴᠠᠭᠰᠠᠨ ᠲᠠᠷᠢᠶᠠᠴᠢᠳ ᠢ ᠰᠤᠷᠪᠠᠯ ᠠᠮᠵᠢᠯᠲᠠ ᠲᠠᠢ᠂ ᠰᠤᠷᠪᠠᠯ ᠣᠯᠤᠯᠲᠠ ᠲᠠᠢ᠂ ᠰᠤᠷᠪᠠᠯ ᠬᠡᠷᠡᠭᠴᠡᠭᠡ ᠲᠠᠢ ᠪᠣᠯᠭᠠᠵᠤ᠂ ᠲᠠᠷᠢᠶᠠᠴᠢᠳ ᠢ ᠦᠨᠡᠨ ᠬᠦ ᠬᠠᠪᠰᠤᠷᠤᠨ ᠲᠠᠷᠢᠮᠠᠯ ᠤᠨ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠦᠴᠢᠷ ᠠᠰᠠᠭᠤᠳᠠᠯ ᠢ ᠨᠡᠩ ᠰᠠᠶᠢᠲᠤᠷ ᠰᠢᠢᠳᠪᠦᠷᠢᠯᠡᠪᠡ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号