ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ 9 ᠰᠠᠷ᠎ᠠ ᠶᠢᠨ 11 ᠤ ᠡᠲᠦᠷ ᠦᠨᠳᠦᠷᠯᠡᠪᠡ
ᠨᠡᠶᠢᠲᠡᠯᠡᠭᠰᠡᠨ ᠴᠠᠭ᠄
2021/9/24
   9 ᠰᠠᠷ᠎ᠠ ᠶᠢᠨ 11 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠤᠷᠴᠢᠨ ᠤ ᠰᠣᠶᠣᠯ ᠤᠨ ᠲᠥᠪ ᠤᠨ ᠬᠤᠷᠠᠯ ᠤᠨ ᠲᠢᠩᠬᠢᠮ ᠳᠤ ᠠᠮᠵᠢᠯᠲᠠ ᠲᠠᠢ ᠲᠡᠭᠦᠰᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠨᠡᠷ᠎ᠡ ᠳᠤᠷᠠᠳᠤᠭᠳᠠᠭᠰᠠᠨ ᠡᠷᠬᠢᠯᠡᠭᠴᠢ ᠶᠢᠨ ᠵᠢᠱᠢᠭᠳᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠨᠡᠷ᠎ᠡ ᠳᠤᠷᠠᠳᠤᠭᠳᠠᠭᠰᠠᠨ ᠲᠡᠷᠢᠭᠦᠯᠡᠭᠴᠢ ᠶᠢᠨ ᠵᠢᠱᠢᠭᠳᠡᠭᠴᠢ ᠶᠤᠸᠠᠢ ᠰᠥᠩ ᠱᠠᠨ ᠵᠡᠷᠭᠡ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠵᠢᠴᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠤ᠂ ᠪᠥᠬᠦ ᠨᠠᠮ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃ ᠰᠦᠨ ᠱᠦ ᠲᠤᠥ ᠬᠤᠷᠠᠯ ᠤᠨ ᠰᠣᠩᠭᠤᠭᠤᠯᠢ ᠪᠠ ᠲᠡᠭᠦᠰᠬᠦ ᠶᠣᠰᠣᠯᠠᠯ ᠢ ᠡᠷᠬᠢᠯᠡᠪᠡ᠃    ᠲᠣᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 235 ᠬᠥᠮᠦᠨ᠂ ᠪᠣᠳᠠᠲᠠᠶ ᠣᠷᠣᠯᠴᠠᠭᠰᠠᠨ ᠲᠥᠯᠥᠭᠡᠯᠡᠭᠴᠢ 230 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃    ᠶᠡᠷᠦᠩᠬᠡᠶ ᠪᠢᠯᠧᠲ ᠬᠢᠨᠠᠭᠴᠢ ᠪᠠ ᠪᠢᠯᠧᠲ ᠬᠢᠨᠠᠭᠴᠢ ᠶᠢᠨ ᠬᠢᠨᠠᠯᠲᠠ ᠳᠣᠣᠷ᠎ᠠ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠨᠢᠭᠤᠴᠠ ᠰᠣᠩᠭᠤᠭᠤᠯᠢ ᠶᠢᠨ ᠬᠡᠯᠪᠡᠷᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠭᠡᠰᠢᠭᠦᠨ᠂ ᠣᠷᠣᠯᠠᠭᠴᠢ ᠭᠡᠰᠢᠭᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠢ ᠰᠣᠩᠭᠤᠵᠤ ᠭᠠᠷᠭᠠᠪᠠ᠃    ᠶᠡᠭᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ  ᠮᠡᠳᠡᠭᠦᠯᠦᠯᠲᠡ ᠶᠢᠨ ᠲᠤᠬᠠᠢ ᠰᠢᠢᠳᠪᠦᠷᠢ︾ ᠶᠢ ᠪᠠᠲᠤᠯᠠᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠬᠤᠷᠠᠯ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠳᠥᠷᠪᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠭᠠᠰᠢ ᠣᠯᠤᠭᠰᠠᠨ ᠬᠥᠭᠵᠢᠯᠲᠡ ᠶᠢᠨ ᠠᠮᠵᠢᠯᠲᠠ ᠶᠢ ᠪᠦᠬᠦ ᠲᠠᠯ᠎ᠠ ᠪᠠᠷ ᠡᠷᠭᠢᠴᠡᠭᠦᠯᠵᠦ᠂ ᠥᠩᠭᠡᠷᠡᠭᠰᠡᠨ ᠲᠠᠪᠤᠨ ᠵᠢᠯ ᠤᠨ ᠦᠢᠯᠡᠳᠦᠯᠭᠡ ᠶᠢᠨ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠶᠢ ᠰᠢᠰᠲ᠋ᠧᠮ ᠲᠠᠢ ᠳ᠋ᠦᠩᠨᠡᠵᠦ᠂ ᠣᠳᠣᠬᠠᠨ ᠳᠤ ᠲᠤᠯᠭᠠᠷᠠᠵᠤ ᠪᠠᠶᠢᠭ᠎ᠠ ᠠᠵᠠ ᠲᠣᠬᠢᠶᠠᠯ ᠪᠠ ᠥᠷᠢᠰᠥᠯᠳᠦᠭᠡᠨ ᠢ ᠪᠤᠰᠤᠳᠴᠢ ᠪᠠᠷ ᠵᠠᠳᠠᠯᠵᠤ᠂ ᠢᠷᠡᠭᠡᠳᠦᠶ ᠶᠢᠨ ᠲᠠᠪᠤᠨ ᠵᠢᠯ ᠤᠨ ᠠᠵᠢᠯ ᠤᠨ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠶ ᠱᠠᠭᠠᠷᠳᠠᠯᠭ᠎ᠠ᠂ ᠲᠡᠮᠡᠴᠡᠯ ᠤᠨ ᠬᠠᠷᠠᠯᠲᠠ ᠪᠠ ᠭᠤᠤᠯ ᠡᠭᠦᠷᠭᠡ ᠶᠢ ᠲᠣᠭᠲᠠᠭᠠᠵᠤ᠂ ᠬᠤᠷᠠᠯ ᠳᠤ ᠣᠷᠣᠯᠴᠠᠭᠰᠠᠨ ᠨᠥᠬᠦᠳ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠵᠣᠷᠢᠭ ᠰᠠᠨᠠᠭ᠎ᠠ ᠪᠠᠷ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠬᠦᠢᠴᠡᠳᠭᠡᠵᠦ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠮᠡᠳᠡᠭᠦᠯᠦᠯᠲᠡ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ᠂ ᠮᠠᠰᠢ ᠣᠯᠠᠨ ᠰᠠᠶᠢᠨ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃    ᠬᠤᠷᠠᠯ ᠠᠴᠠ ᠦᠵᠡᠭᠰᠡᠨ ᠨᠢ᠂ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠢᠯᠡᠳᠭᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠣᠶᠢᠯᠠᠭᠠᠭᠳᠠᠬᠤᠨ ᠢ ᠭᠦᠢᠴᠡᠳ ᠢᠯᠡᠷᠡᠭᠦᠯᠵᠦ᠂ ᠭᠤᠣᠯ ᠰᠡᠳᠦᠪ ᠢᠯᠡ ᠲᠣᠳᠣ᠂ ᠠᠭᠤᠯᠭ᠎ᠠ ᠪᠠᠶᠠᠯᠢᠭ᠂ ᠠᠷᠭ᠎ᠠ ᠬᠡᠮᠵᠢᠶ᠎ᠡ ᠪᠣᠳᠠᠲᠠᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠣᠳᠠᠲᠤ ᠪᠠᠶᠢᠳᠠᠯ ᠲᠠᠢ ᠨᠡᠶᠢᠴᠡᠵᠦ᠂ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠨᠡᠶᠢᠴᠡᠵᠦ᠂ ᠢᠷᠡᠭᠡᠳᠦᠢ ᠶᠢᠨ ᠲᠠᠪᠤᠨ ᠵᠢᠯ ᠤᠨ ᠬᠥᠭᠵᠢᠯᠲᠡ ᠳᠤ ᠴᠢᠬᠤᠯᠠ ᠶᠡᠭᠡ ᠠᠴᠢ ᠬᠤᠯᠪᠣᠭᠳᠠᠯ ᠪᠠ ᠪᠣᠳᠠᠲᠠᠢ ᠵᠢᠯᠣᠭᠤᠳᠬᠤ ᠦᠢᠯᠡᠳᠦᠯ ᠲᠠᠢ ᠪᠠᠶᠢᠵᠤ᠂ ᠦᠨᠡᠨ ᠠᠴᠠ ᠵᠥᠪ ᠢ ᠡᠷᠢᠭᠰᠡᠨ ᠳ᠋ᠦᠩᠨᠡᠯᠲᠡ ᠶᠢᠨ ᠬᠤᠷᠠᠯ ᠪᠣᠯᠬᠤ ᠪᠠᠷ ᠪᠠᠷᠠᠬᠤ ᠦᠭᠡᠢ ᠪᠠᠰᠠ ᠤᠷᠢᠳᠤᠬᠢ ᠶᠢ ᠵᠠᠯᠭᠠᠮᠵᠢᠯᠠᠨ ᠬᠤᠶᠢᠲᠤᠬᠢ ᠶᠢ ᠨᠡᠭᠡᠭᠡᠭᠰᠡᠨ ᠪᠠᠶᠢᠷᠢᠯᠠᠭᠤᠯᠤᠯᠲᠠ ᠶᠢᠨ ᠬᠤᠷᠠᠯ ᠪᠣᠯᠬᠤ ᠪᠥᠭᠡᠳ ᠨᠡᠩ ᠴᠤ ᠨᠢᠭᠡ ᠤᠳᠠᠭ᠎ᠠ ᠶᠢᠨ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠭᠰᠠᠨ ᠲᠠᠶᠢᠴᠢᠯᠠᠯᠳᠠ ᠶᠢᠨ ᠬᠤᠷᠠᠯ ᠪᠣᠯᠤᠨ᠎ᠠ᠃    ᠬᠤᠷᠠᠯ ᠠᠴᠠ ᠴᠢᠬᠤᠯᠠᠴᠢᠯᠠᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠦᠭᠵᠢᠬᠦᠯᠦᠯᠲᠡ ᠶᠢᠨ ᠠᠶᠠᠨ ᠨᠢᠭᠡᠨᠲᠡ ᠡᠬᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠷᠢᠶ᠎ᠡ ᠶᠢ ᠬᠠᠩᠭᠢᠨᠠᠭᠤᠯᠪᠠ᠃ ᠢᠷᠠᠭᠤ ᠠᠯᠳᠠᠷᠲᠤ ᠡᠭᠦᠷᠭᠡ ᠪᠢᠳᠡᠨ ᠢ ᠵᠣᠷᠢᠭᠵᠢᠭᠤᠯᠤᠨ ᠴᠤᠭ ᠰᠦᠯᠳᠡ ᠶᠢ ᠨᠢ ᠪᠠᠳᠠᠷᠠᠭᠤᠯᠵᠤ᠂ ᠦᠢᠯᠡᠰ ᠪᠦᠲᠦᠭᠡᠬᠦ ᠪᠠᠷ ᠬᠦᠴᠦᠯᠡᠨ ᠴᠢᠷᠮᠠᠶᠢᠨ᠎ᠠ᠃ ᠲᠡᠦᠬᠡ ᠶᠢᠨ ᠬᠦᠨᠳᠦ ᠡᠭᠦᠷᠭᠡ ᠨᠢ ᠪᠢᠳᠡᠨ ᠢ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠶᠢ ᠱᠠᠭᠠᠷᠳᠠᠵᠤ ᠪᠠᠶᠢᠨ᠎ᠠ᠃ ᠵᠠᠪᠠᠯ ᠢᠯᠠᠬᠤ ᠢᠲᠡᠭᠡᠯ ᠵᠣᠷᠢᠭ ᠨᠢ ᠪᠢᠳᠡᠨ ᠢ ᠵᠣᠷᠢᠭᠵᠢᠭᠤᠯᠤᠨ ᠡᠷᠡᠯᠬᠡᠭᠯᠡᠨ ᠤᠷᠤᠭᠰᠢᠯᠠᠭᠤᠯᠵᠤ᠂ ᠵᠠᠮ ᠨᠡᠭᠡᠭᠡᠨ ᠤᠷᠤᠭᠰᠢᠯᠠᠭᠤᠯᠤᠨ᠎ᠠ᠃ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠵᠣᠷᠢᠭᠲᠠᠶ ᠪᠠᠷ ᠤᠷᠤᠭᠰᠢᠯᠠᠨ ᠳᠡᠪᠰᠢᠵᠦ᠂ ᠡᠷᠡᠯᠬᠡᠭᠯᠡᠨ ᠲᠡᠮᠡᠴᠡᠵᠦ ᠪᠣᠳᠠᠲᠠᠶ ᠠᠵᠢᠯᠯᠠᠨ᠂ ᠬᠦᠴᠦᠯᠡᠨ ᠴᠢᠷᠮᠠᠶᠢᠵᠤ᠂ ᠪᠣᠬᠢᠷᠲᠤᠯ ᠥᠬᠡᠶ ᠬᠥᠭᠵᠢᠯᠲᠡ ᠶᠢ ᠳᠥᠯᠭᠢᠨ ᠠᠬᠢᠭᠤᠯᠵᠤ᠂ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢᠨ ᠲᠥᠯᠥᠭᠡ᠂ ᠡᠶ᠎ᠡ ᠵᠣᠬᠢᠴᠠᠯ ᠲᠠᠢ᠂ ᠦᠵᠡᠰᠬᠦᠯᠡᠩᠲᠦ ᠰᠠᠶᠢᠬᠠᠨ᠂ ᠵᠣᠯ ᠵᠢᠷᠭᠠᠯ ᠲᠠᠢ᠂ ᠴᠡᠴᠡᠭᠯᠡᠨ ᠬᠥᠭᠵᠢᠭᠰᠡᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠡ ᠬᠡᠵᠡᠢ᠃    ᠶᠡᠭᠡ ᠬᠤᠷᠠᠯ ᠰᠦᠷ ᠵᠢᠪᠬᠤᠯᠠᠩᠲᠤ ︽ᠢᠨᠲ᠋ᠧᠷᠨᠠᠼᠢᠣᠨᠠᠯ ᠤᠨ ᠳᠠᠭᠤᠤ︾ ᠶᠢᠨ ᠳᠤᠮᠳᠠ ᠢᠯᠠᠯᠲᠠ ᠲᠠᠢ ᠪᠠᠷ ᠦᠨᠳᠦᠷᠯᠡᠪᠡ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号