ᠮᠠᠯ ᠪᠡᠯᠴᠢᠭᠡᠷ ᠤᠨ ᠲᠡᠩᠴᠡᠭᠦᠷᠢᠰᠢᠯ ᠢ ᠠᠬᠢᠭᠤᠯᠵᠤ ᠲᠠᠯ᠎ᠠ ᠨᠤᠳᠤᠭ ᠢᠶᠠᠨ ᠦᠨᠢᠳᠡ ᠦᠷᠬᠦᠯᠵᠢᠯᠡᠡ ᠠᠰᠢᠬᠯᠠᠨ᠎ᠠ
ᠨᠡᠶᠢᠲᠡᠯᠡᠭᠰᠡᠨ ᠴᠠᠭ᠄
2021/9/24
   ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2021 ᠣᠨ ᠤ ᠬᠠᠤᠯᠢ ᠲᠣᠭᠲᠠᠭᠠᠬᠤ ᠲᠥᠯᠥᠪᠯᠡᠭᠡ ᠶᠢᠨ ᠭᠤᠤᠯᠳᠠᠯᠭ᠎ᠠ ᠲᠠᠢ ᠬᠢᠨᠠᠨ ᠵᠥᠪᠯᠡᠬᠦ ᠵᠦᠢᠯᠡᠰ ᠪᠣᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠰᠢᠬᠦᠯᠬᠦ ᠪᠠ ᠮᠠᠯᠵᠢᠬᠤ ᠶᠢ ᠴᠠᠭᠠᠵᠠᠯᠠᠵᠤ ᠰᠡᠯᠭᠦᠨ ᠮᠠᠯᠵᠢᠬᠤ ᠲᠦᠷᠢᠮ︾ ᠢ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠣᠯᠣᠳᠤᠭᠠᠷ ᠬᠤᠷᠠᠯ ᠠᠴᠠ ᠪᠠᠲᠤᠯᠠᠵᠦ᠂ 10 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠤᠨ᠎ᠠ᠃    ᠨᠢᠭᠡ ᠵᠢᠯ ᠭᠠᠷᠤᠶ ᠶᠢᠨ ᠬᠤᠭᠤᠴᠠᠭ᠎ᠠ ᠬᠡᠷᠡᠭᠰᠡᠨ ᠨᠡᠶᠢᠲᠡᠯᠡᠭᠰᠡᠨ ᠡᠨᠡ ᠬᠦ ᠲᠦᠷᠢᠮ ᠨᠢ ᠮᠠᠯ ᠪᠡᠯᠴᠢᠭᠡᠷ ᠤᠨ ᠲᠡᠩᠴᠡᠬᠦᠷᠢ ᠶᠢ ᠬᠠᠮᠠᠭᠠᠯᠠᠬᠤ ᠳᠤ ᠶᠠᠮᠠᠷ ᠰᠢᠤ ᠦᠢᠯᠡᠳᠦᠯ ᠦᠵᠡᠬᠦᠯᠬᠦ ᠪᠤᠢ︖    ︽ᠲᠦᠷᠢᠮ︾ ᠢ ᠲᠤᠬᠳᠠᠭᠠᠬᠰᠠᠨ ᠠᠬᠤᠢ ᠪᠠᠶᠢᠳᠠᠯ    ᠲᠠᠯ᠎ᠠ ᠨᠤᠲᠤᠭ ᠪᠣᠯ ᠥᠪᠥᠷ ᠮᠣᠩᠭᠤᠯ ᠤᠨ ᠬᠠᠮᠤᠭ ᠤᠨ ᠶᠡᠭᠡ ᠡᠬᠡ ᠬᠠᠭᠤᠷᠠᠶ ᠶᠢᠨ ᠠᠮᠢ ᠠᠬᠤᠶ ᠶᠢᠨ ᠰᠢᠰᠲ᠋ᠧᠮ ᠪᠠ ᠪᠠᠶᠢᠭᠠᠯᠢ ᠶᠢᠨ ᠡᠬᠢ ᠪᠠᠶᠠᠯᠢᠭ ᠮᠥᠨ᠂ ᠪᠠᠰᠠ ᠴᠤ ᠮᠠᠯ ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠪᠣᠳᠠᠰ ᠤᠨ ᠰᠠᠭᠤᠷᠢ ᠪᠠᠶᠢᠵᠤ᠂ ᠮᠠᠯᠴᠢᠨ ᠲᠦᠮᠡᠨ ᠤ ᠣᠷᠣᠰᠢᠨ ᠠᠮᠢᠳᠤᠷᠠᠬᠤ ᠦᠨᠳᠦᠰᠦᠨ ᠦᠶ᠋ᠯᠡᠳᠪᠦᠷᠢᠯᠡᠯ ᠤᠨ ᠬᠡᠷᠡᠭᠰᠡᠯ ᠪᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢ ᠰᠠᠶᠢᠲᠤᠷ ᠬᠠᠮᠠᠭᠠᠯᠠᠬᠤ ᠨᠢ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠴᠤᠬᠴᠠᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠳᠤ ᠴᠢᠬᠤᠯᠠ ᠦᠶ᠋ᠯᠡᠳᠦᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠬᠤᠶᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠨᠤᠲᠤᠭ ᠪᠡᠯᠴᠢᠭᠡᠷ᠂ ᠤᠢ ᠰᠢᠭᠤᠢ ᠶᠢ ᠬᠠᠮᠠᠭᠠᠯᠠᠬᠤ ᠪᠣᠯ ᠥᠪᠥᠷ ᠮᠣᠩᠭᠤᠯ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠲᠡᠷᠢᠭᠦᠨ ᠴᠢᠬᠤᠯᠠ ᠡᠭᠦᠷᠭᠡ ᠮᠥᠨ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠲᠠᠭᠠᠭᠠᠮᠠᠭᠠᠢ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠰᠢᠬᠦᠯᠬᠦ ᠪᠠ ᠮᠠᠯᠵᠢᠬᠤ ᠶᠢ ᠴᠠᠭᠠᠵᠠᠯᠠᠵᠤ ᠰᠡᠯᠭᠦᠨ ᠮᠠᠯᠵᠢᠬᠤ ᠲᠦᠷᠢᠮ︾ ᠢ ᠲᠣᠭᠲᠠᠭᠠᠬᠤ ᠪᠣᠯ ᠮᠠᠨ ᠤ ᠣᠷᠣᠨ ᠤ ᠶᠡᠷᠦᠩᠭᠡᠢ ᠱᠦᠵᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠬᠦᠴᠦᠲᠡᠶ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠴᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠪᠣᠯᠤᠨ᠎ᠠ᠃    ᠣᠶᠢᠷ᠎ᠠ ᠶᠢᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠬᠦᠯᠬᠦ ᠬᠢᠨᠠᠯᠲᠠ ᠬᠠᠮᠢᠶᠠᠷᠤᠯᠲᠠ ᠶᠢᠨ ᠠᠷᠭ᠎ᠠ︾ ᠵᠡᠷᠭᠡ ᠰᠢᠷᠢᠰ ᠲᠣᠭᠲᠠᠭᠠᠯ ᠢ ᠨᠡᠶᠢᠲᠡᠯᠡᠵᠦ᠂ ᠮᠠᠯ ᠪᠡᠯᠴᠢᠭᠡᠷ ᠢ ᠲᠡᠩᠴᠡᠭᠦᠷᠢᠰᠢᠬᠦᠯᠬᠦ ᠪᠠ ᠮᠠᠯᠵᠢᠬᠤ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ ᠢ ᠨᠠᠶᠢᠳᠠᠪᠤᠷᠢᠵᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠠᠵᠢᠯ ᠢᠳᠡᠪᠬᠢᠲᠡᠶ ᠦᠷ᠎ᠡ ᠪᠦᠲᠦᠭᠡᠯ ᠣᠯᠪᠠ᠃ ᠭᠡᠪᠡᠴᠦ ᠣᠯᠠᠨ ᠵᠦᠶ᠋ᠯ ᠤᠨ ᠬᠦᠴᠦᠨ ᠵᠤᠶᠢᠯ ᠤᠨ ᠨᠥᠯᠥᠭᠡ ᠠᠴᠠ ᠪᠣᠯᠵᠣ᠂ ᠨᠤᠲᠤᠭ ᠪᠡᠯᠴᠢᠭᠡᠷ ᠤᠨ ᠳᠠᠭᠠᠭᠠᠴᠠ ᠲᠠᠰᠤᠷᠠᠯᠲᠠ ᠥᠬᠡᠶ ᠨᠡᠮᠡᠭᠳᠡᠵᠦ᠂ ᠳᠠᠭᠠᠭᠠᠴᠠ ᠠᠴᠠ ᠬᠡᠲᠦᠷᠡᠭᠰᠡᠨ ᠮᠠᠯᠵᠢᠬᠤ ᠶᠢ ᠬᠤᠷᠢᠬᠯᠠᠨ ᠵᠣᠭᠰᠣᠭᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠦᠶ ᠵᠣᠬᠢᠰᠲᠠᠢ ᠠᠰᠢᠬᠯᠠᠬᠤ ᠠᠰᠠᠭᠤᠳᠠᠯ ᠢ ᠪᠠᠴᠢᠮ ᠰᠢᠢᠳᠪᠤᠷᠢᠯᠡᠬᠦ ᠴᠢᠬᠤᠯᠠᠳᠠᠢ ᠪᠤᠯᠵᠠᠢ᠃ ᠡᠭᠦᠨ ᠳᠤ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠰᠢᠬᠦᠯᠬᠦ ᠪᠠ ᠮᠠᠯᠵᠢᠬᠤ ᠶᠢ ᠴᠠᠭᠠᠵᠠᠯᠠᠵᠤ ᠰᠡᠯᠬᠦᠨ ᠮᠠᠯᠵᠢᠬᠤ ᠲᠦᠷᠢᠮ︾ ᠤᠨ ᠬᠠᠤᠯᠢ ᠲᠣᠭᠲᠠᠭᠠᠬᠤ ᠳᠠᠷᠠᠭᠠᠯᠠᠯ ᠢ ᠡᠬᠢᠯᠡᠭᠦᠯᠵᠦ᠂ ᠬᠠᠤᠯᠢ ᠲᠣᠭᠲᠠᠭᠠᠬᠤ ᠪᠠᠷ ᠳᠠᠮᠵᠢᠭᠤᠯᠤᠨ ᠨᠤᠲᠤᠭ ᠪᠡᠯᠴᠢᠭᠡᠷ ᠢ ᠬᠠᠮᠠᠭᠠᠯᠠᠵᠤ᠂ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠶ ᠶᠢᠨ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠬᠰᠠᠨ ᠭᠦᠭᠵᠢᠯᠳᠠ ᠶᠢ ᠠᠬᠢᠭᠤᠯᠪᠠ᠃    ︽ᠲᠦᠷᠢᠮ︾ ᠤᠨ ᠬᠢᠯᠡᠰ ᠴᠡᠭ    ᠲᠣᠰ ᠲᠦᠷᠢᠮ ᠨᠢ ᠨᠡᠶᠢᠲᠡ 38 ᠵᠤᠶᠢᠯ ᠪᠠᠶᠢᠵᠤ᠂ ᠮᠠᠯ ᠪᠡᠯᠴᠢᠭᠡᠷ ᠢ ᠲᠡᠩᠴᠡᠭᠦᠷᠢᠰᠢᠬᠦᠯᠬᠦ ᠪᠠ ᠮᠠᠯᠵᠢᠬᠤ ᠶᠢ ᠴᠠᠭᠠᠵᠠᠯᠠᠵᠤ ᠰᠡᠯᠬᠦᠨ ᠮᠠᠯᠵᠢᠬᠤ ᠠᠵᠢᠯ ᠤᠨ ᠵᠠᠷᠴᠢᠮ᠂ ᠨᠥᠬᠦᠪᠥᠷᠢ ᠥᠭᠬᠦ ᠲᠣᠭᠲᠠᠴᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠲᠣᠭᠲᠠᠴᠠ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠣᠯᠭᠤᠬᠤ ᠵᠢᠴᠢ ᠬᠤᠯᠪᠣᠭᠳᠠᠯ ᠪᠥᠬᠦᠶ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠲᠠᠯ᠎ᠠ ᠶᠢᠨ ᠠᠭᠤᠯᠭ᠎ᠠ ᠶᠢ ᠲᠣᠭᠲᠠᠭᠠᠵᠠᠶ᠃ ᠭᠤᠣᠯᠳᠠᠭᠤ᠄ ᠮᠠᠯ ᠪᠡᠯᠴᠢᠭᠡᠷ ᠢ ᠲᠡᠩᠴᠡᠭᠦᠷᠢᠰᠢᠬᠦᠯᠬᠦ ᠪᠠ ᠮᠠᠯᠵᠢᠬᠤ ᠶᠢ ᠴᠠᠭᠠᠵᠠᠯᠠᠵᠤ ᠰᠡᠯᠬᠦᠨ ᠮᠠᠯᠵᠢᠬᠤ ᠠᠵᠢᠯ ᠤᠨ ᠤᠳᠤᠷᠢᠳᠤᠮᠵᠢ᠂ ᠬᠠᠷᠠᠯᠲᠠ᠂ ᠴᠢᠭᠯᠡᠯᠲᠡ ᠪᠣᠯᠤᠨ ᠵᠠᠷᠴᠢᠮ ᠤᠨ ᠲᠤᠬᠠᠶ ᠲᠣᠭᠲᠠᠭᠠᠯ᠃ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠪᠡᠶᠡᠴᠢ ᠴᠣᠭᠴᠠ ᠶᠢᠨ ᠲᠤᠬᠠᠶ ᠲᠣᠭᠲᠠᠭᠠᠯ︔ ᠮᠠᠯ ᠪᠡᠯᠴᠢᠭᠡᠷ ᠢ ᠲᠡᠩᠴᠡᠭᠦᠷᠢᠰᠢᠬᠦᠯᠬᠦ ᠪᠠ ᠮᠠᠯᠵᠢᠬᠤ ᠶᠢ ᠴᠠᠭᠠᠵᠠᠯᠠᠵᠤ ᠰᠡᠯᠬᠦᠨ ᠮᠠᠯᠵᠢᠬᠤ ᠣᠯᠠᠨ ᠡᠰᠢᠵᠢᠭᠰᠡᠨ ᠨᠥᠬᠦᠪᠥᠷᠢ ᠶᠢᠨ ᠲᠣᠭᠲᠠᠴᠠ ᠶᠢ ᠪᠠᠶᠢᠭᠤᠯᠬᠤ ᠲᠤᠬᠠᠶ ᠲᠣᠭᠲᠠᠭᠠᠯ︔ ᠮᠠᠯ ᠪᠡᠯᠴᠢᠭᠡᠷ ᠢ ᠲᠡᠩᠴᠡᠭᠦᠷᠢᠰᠢᠬᠦᠯᠬᠦ ᠣᠷᠣᠨ ᠂ ᠮᠠᠯᠵᠢᠬᠤ ᠶᠢ ᠴᠠᠭᠠᠵᠠᠯᠠᠬᠤ ᠣᠷᠣᠨ᠂ ᠰᠡᠯᠭᠦᠨ ᠮᠠᠯᠵᠢᠬᠤ ᠣᠷᠣᠨ ᠢ ᠲᠣᠭᠲᠠᠭᠠᠬᠤ ᠲᠤᠬᠠᠶ ᠲᠤᠬᠳᠠᠭᠠᠯ︔ ᠮᠠᠯ ᠪᠡᠯᠴᠢᠭᠡᠷ ᠢ ᠲᠡᠩᠴᠡᠭᠦᠷᠢᠰᠢᠬᠦᠯᠬᠦ ᠪᠠ ᠮᠠᠯᠵᠢᠬᠤ ᠶᠢ ᠴᠠᠭᠠᠵᠠᠯᠠᠵᠤ ᠰᠡᠯᠬᠦᠨ ᠮᠠᠯᠵᠢᠬᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ ᠨᠠᠶᠢᠳᠠᠪᠤᠷᠢᠵᠢᠭᠤᠯᠬᠤ ᠲᠤᠬᠠᠶ ᠲᠣᠭᠲᠠᠭᠠᠯ︔ ᠤᠢ ︵ᠨᠤᠲᠤᠭ︶ ᠶᠢᠨ ᠳᠠᠷᠤᠭ᠎ᠠ ᠶᠢᠨ ᠳᠦ᠋ᠷᠢᠮ ᠢ ᠨᠠᠶᠢᠳᠠᠪᠤᠷᠢᠵᠢᠭᠤᠯᠬᠤ ᠲᠤᠬᠠᠶ ᠲᠣᠭᠲᠠᠭᠠᠯ︔ ᠮᠡᠯ ᠤᠨ ᠲᠤᠭ᠎ᠠ ᠬᠡᠮᠵᠢᠶ᠎ᠡ ᠶᠢ ᠬᠢᠨᠠᠨ ᠲᠣᠭᠲᠠᠭᠠᠬᠤ ᠲᠤᠬᠠᠶ ᠲᠣᠭᠲᠠᠭᠠᠯ︔ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠡᠯᠡ ᠮᠥᠩᠭᠦ ᠣᠯᠭᠤᠬᠤ ᠲᠤᠬᠠᠶ ᠲᠣᠭᠲᠠᠭᠠᠯ︔ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠤᠬᠠᠶ ᠲᠣᠭᠲᠠᠭᠠᠯ ᠵᠡᠷᠭᠡ ᠶᠢ ᠪᠠᠭᠳᠠᠭᠠᠪᠠ᠃    ᠲᠤᠰ ᠳᠦᠷᠢᠮ ᠤᠨ ᠬᠠᠮᠤᠭ ᠤᠨ ᠬᠦᠮᠦᠰ ᠤᠨ ᠠᠩᠬᠠᠷᠤᠯ ᠢ ᠲᠠᠳᠠᠬᠤ ᠨᠢ ᠨᠤᠲᠤᠭ ᠪᠡᠯᠴᠢᠭᠡᠷ ᠢ ᠬᠡᠷᠡᠭᠯᠡᠭᠴᠢ᠂ ᠳᠠᠭᠠᠭᠠᠴᠢᠯᠠᠨ ᠡᠵᠡᠩᠨᠡᠭᠴᠢ ᠪᠣᠯ ᠨᠤᠲᠤᠭ ᠪᠡᠯᠴᠢᠭᠡᠷ ᠢ ᠬᠠᠮᠠᠭᠠᠯᠠᠬᠤ ᠭᠤᠣᠯ ᠴᠣᠭᠴᠠ ᠪᠣᠯᠬᠤ ᠶᠢ ᠲᠣᠳᠣᠷᠬᠠᠶᠢᠯᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠬᠥᠳᠡᠯᠦᠩᠭᠦᠶ ᠪᠠᠷ ᠲᠡᠩᠴᠡᠭᠦᠷᠢᠲᠡᠶ ᠪᠠᠶᠢᠯᠭᠠᠬᠤ ᠶᠢ ᠬᠡᠷᠡᠭᠵᠢᠭᠦᠯᠬᠦ ᠶᠠᠪᠤᠳᠠᠯ ᠪᠣᠯᠤᠨ᠎ᠠ᠃ ᠲᠦᠷᠢᠮ ᠢ ᠲᠣᠭᠲᠠᠭᠠᠬᠤ ᠳᠠᠭᠠᠨ ᠮᠠᠨ ᠤ ᠤᠷᠤᠨ ᠤ ᠪᠣᠳᠠᠲᠤ ᠪᠠᠶᠢᠳᠠᠯ ᠢ ᠭᠦᠶ᠋ᠴᠡᠳ ᠪᠣᠳᠣᠯᠬᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠣᠳᠠᠲᠠᠶ ᠠᠰᠠᠭᠤᠳᠠᠯ ᠢ ᠲᠣᠪᠤᠶᠢᠮ᠎ᠠ ᠰᠠᠶᠢᠲᠤᠷ ᠰᠢᠶ᠋ᠳᠪᠦᠷᠢᠯᠡᠵᠦ᠂ ᠠᠮᠢ ᠠᠬᠤᠶ᠂ ᠦᠶ᠋ᠯᠡᠳᠪᠦᠷᠢᠯᠡᠯ᠂ ᠠᠮᠢᠳᠤᠷᠠᠯ ᠤᠨ ᠬᠠᠷᠢᠴᠠᠭ᠎ᠠ ᠶᠢ ᠵᠤᠬᠢᠰᠳᠠᠢ ᠰᠢᠶ᠋ᠳᠪᠦᠷᠢᠯᠡᠨ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ ᠬᠢᠭᠡᠳ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠪᠡ᠃ ᠵᠢᠱᠢᠶᠡᠯᠡᠪᠡᠯ᠂ ᠬᠥᠮᠦᠨ ᠪᠦᠷᠢ ᠶᠢᠨ ᠳᠤᠮᠳᠠᠴᠢ ᠬᠠᠳᠤᠯᠠᠩ ᠪᠡᠯᠴᠢᠭᠡᠷ ᠤᠨ ᠲᠠᠯᠠᠪᠠᠶ ᠶᠢᠨ ᠶᠡᠭᠡ ᠪᠠᠭ᠎ᠠ ᠵᠡᠷᠭᠡ ᠪᠣᠳᠠᠲᠠᠶ ᠬᠦᠴᠦᠨ ᠵᠦᠢᠯ ᠢ ᠪᠣᠳᠣᠯᠬᠢᠯᠠᠵᠦ᠂ ᠳᠦᠷᠢᠮ ᠳᠤ ︽ᠬᠥᠮᠦᠨ ᠳᠤᠮᠳᠠᠴᠢ ᠶᠢᠨ ᠨᠤᠳᠤᠭ ᠪᠡᠯᠴᠢᠭᠡᠷ ᠤᠨ ᠲᠠᠯᠠᠪᠠᠶ ᠨᠢ ᠪᠠᠭ᠎ᠠ ᠪᠠᠶᠢᠢᠬᠤ ᠭᠠᠵᠠᠷ ᠣᠷᠣᠨ ᠳᠤ ᠨᠦᠬᠦᠪᠦᠷᠢ ᠤᠯᠭᠤᠨ ᠱᠠᠩᠨᠠᠬᠤ ᠪᠠᠷᠢᠮᠵᠢᠶ᠎ᠠ ᠪᠠᠨ ᠵᠣᠬᠢᠰᠲᠠᠶ ᠳᠡᠭᠡᠭᠰᠢᠯᠡᠭᠦᠯᠵᠦ ᠪᠣᠯᠤᠨ᠎ᠠ︾ ᠭᠡᠵᠦ ᠲᠣᠭᠲᠠᠭᠠᠭᠰᠠᠨ ᠪᠦᠭᠡᠳ ︽ᠨᠥᠬᠦᠴᠡᠯ ᠲᠠᠢ ᠭᠠᠵᠠᠷ ᠣᠷᠣᠨ ᠢ ᠵᠣᠷᠢᠭᠵᠢᠭᠤᠯᠵᠤ ᠨᠤᠳᠤᠭ ᠪᠡᠯᠴᠢᠭᠡᠷ ᠤᠨ ᠲᠠᠯᠠᠪᠠᠶ ᠨᠢ ᠪᠠᠭ᠎ᠠ᠂ ᠣᠷᠣᠯᠭ᠎ᠠ ᠨᠢ ᠳᠣᠣᠷ᠎ᠠ ᠮᠠᠯᠴᠢᠳ ᠲᠤ ᠲᠤᠬᠠᠶ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠣᠷ᠎ᠠ ᠦᠭᠡᠶ ᠨᠥᠬᠦᠪᠥᠷᠢ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︾ ᠭᠡᠵᠦ ᠲᠣᠭᠲᠠᠭᠠᠪᠠ᠃    ᠡᠭᠦᠨ ᠤ ᠬᠠᠮᠲᠤ᠂ ᠲᠦᠷᠢᠮ ᠳᠤ ᠳᠠᠭᠠᠭᠠᠴᠠ ᠠᠴᠠ ᠬᠡᠲᠦᠷᠡᠭᠦᠯᠦᠨ ᠮᠠᠯ ᠮᠠᠯᠵᠢᠬᠤ ᠪᠠ ᠮᠠᠯᠵᠢᠬᠤ ᠶᠢ ᠴᠠᠭᠠᠵᠠᠯᠠᠬᠤ ᠣᠷᠣᠨ ᠳᠤ ᠮᠠᠯ ᠮᠠᠯᠵᠢᠬᠤ ᠦᠶ᠋ᠯᠡ ᠠᠵᠢᠯᠯᠠᠭ᠎ᠠ ᠶᠢ ᠰᠢᠢᠳᠬᠡᠬᠦ ᠡᠷᠴᠢᠮ ᠢᠶᠠᠨ ᠴᠢᠩᠭᠠᠷᠠᠭᠤᠯᠪᠠ᠃ ᠬᠢᠨᠠᠨ ᠲᠣᠭᠲᠠᠭᠠᠭᠰᠠᠨ ᠪᠡᠯᠴᠢᠭᠡᠷ ᠤᠨ ᠲᠠᠭᠠᠭᠠᠴᠠ ᠠᠴᠠ ᠬᠡᠲᠦᠷᠡᠲᠡᠯ᠎ᠡ ᠮᠠᠯ ᠮᠠᠯᠵᠢᠭᠰᠠᠨ ᠪᠠ ᠮᠠᠯᠵᠢᠬᠤ ᠶᠢ ᠴᠠᠭᠠᠵᠠᠯᠠᠬᠤ ᠣᠷᠣᠨ ᠪᠤᠶᠤ ᠰᠡᠯᠬᠦᠨ ᠮᠠᠯᠵᠢᠬᠤ ᠬᠤᠭᠤᠴᠠᠭᠠᠨ ᠳᠤ ᠮᠠᠯ ᠮᠠᠯᠵᠢᠭᠰᠠᠨ ᠪᠣᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠵᠦᠪᠯᠡᠯ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ︔ ᠬᠤᠭᠤᠴᠠᠭ᠎ᠠ ᠨᠢ ᠬᠡᠲᠦᠷᠡᠭᠡᠳ ᠵᠠᠯᠠᠷᠠᠭᠤᠯᠤᠭᠰᠠᠨ ᠥᠬᠡᠶ ᠪᠠᠶᠢᠪᠠᠯ᠂ ᠲᠤᠰ ᠲᠤᠰ ᠳᠠᠭᠠᠭᠠᠴᠠ ᠠᠴᠠ ᠬᠡᠲᠦᠷᠡᠭᠰᠡᠨ ᠬᠤᠨᠢᠴᠢᠯᠠᠬᠰᠠᠨ ᠨᠢᠭᠡᠴᠢ ᠪᠠᠷ ᠨᠢᠭᠡᠴᠢ ᠪᠦᠷᠢ ᠶᠢ 100 ᠲᠥᠭᠦᠷᠢᠭ ᠢᠶᠠᠷ ᠲᠣᠷᠭᠠᠬᠤ ᠪᠠ ᠬᠠᠤᠯᠢ ᠠᠴᠠ ᠵᠥᠷᠢᠴᠡᠨ ᠪᠡᠯᠴᠢᠬᠡᠷᠯᠡᠬᠦᠯᠦᠭᠰᠡᠨ ᠮᠠᠯ ᠤᠨᠤᠭ᠎ᠠ ᠳᠤ ᠬᠤᠨᠢᠴᠢᠯᠠᠬᠰᠠᠨ ᠨᠢᠭᠡᠴᠢ ᠪᠠᠷ ᠨᠢᠭᠡᠴᠢ ᠪᠦᠷᠢ ᠶᠢ 120 ᠲᠥᠭᠦᠷᠢᠭ ᠢᠶᠠᠷ ᠲᠣᠷᠭᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠳᠤ ᠱᠠᠩᠨᠠᠬᠤ ᠪᠠ ᠰᠢᠢᠳᠬᠡᠬᠦ ᠶᠢ ᠵᠡᠷᠭᠡ ᠪᠠᠷ ᠬᠡᠷᠡᠭᠵᠢᠭᠦᠯᠬᠦ ᠲᠣᠭᠲᠠᠴᠠ ᠶᠢ ᠪᠠᠶᠢᠭᠤᠯᠪᠠ᠃    ᠲᠦᠷᠢᠮ ᠢ ᠲᠣᠭᠲᠠᠭᠠᠬᠤ ᠶᠠᠪᠤᠴᠠ ᠳᠤ ᠠᠮᠢ ᠠᠬᠤᠶ ᠶᠢ ᠤᠷᠢᠳ ᠢᠶᠠᠷ ᠪᠣᠳᠣᠯᠬᠢᠯᠠᠵᠦ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠠᠷ ᠬᠠᠷᠠᠯᠲᠠ ᠪᠣᠯᠭᠠᠵᠤ᠂ ᠠᠶᠠᠨᠳᠠᠭᠠᠨ ᠰᠡᠷᠭᠦᠭᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠬᠠᠤᠯᠢ ᠲᠣᠭᠲᠠᠭᠠᠬᠤ ᠪᠠᠷ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠳᠤ ᠬᠠᠷᠢᠭᠤᠯᠲᠠ ᠥᠭᠪᠡ᠃ ᠲᠤᠰ ᠲᠦᠷᠢᠮ ᠨᠢ ᠮᠠᠨ ᠤ ᠣᠷᠣᠨ ᠤ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠥᠨᠢᠳᠡ ᠦᠷᠭᠦᠯᠵᠢᠯᠡᠨ ᠠᠰᠢᠬᠯᠠᠬᠤ ᠶᠢ ᠪᠡᠶᠡᠯᠡᠭᠦᠯᠬᠦ ᠳᠤ ᠬᠠᠤᠯᠢᠵᠢᠯ ᠤᠨ ᠬᠤᠷᠴᠠ ᠵᠡᠪᠰᠡᠭ ᠨᠡᠮᠡᠷᠢᠯᠡᠭᠰᠡᠨ ᠪᠠᠶᠢᠨ᠎ᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号