ᠰᠦᠨ ᠱᠦ ᠲᠤᠤ ᠠᠵᠤ ᠦᠢᠯᠡᠳᠪᠦᠷᠢ ᠶᠢᠨ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/9/28
   ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ ᠠᠵᠤ ᠦᠢᠯᠡᠳᠪᠦᠷᠢ ᠶᠢᠨ ᠲᠣᠭᠤᠷᠢᠭ ᠤᠨ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ᠂ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠪᠠᠶᠢᠳᠠᠯ ᠪᠠ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ  ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠵᠠᠩ ᠰᠢᠤᠢ ᠳ᠋ᠦᠩ᠂ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠸᠠᠩ ᡁᠢ ᠪᠢᠶᠤᠤ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠰᠦᠨ ᠱᠦ ᠲᠤᠤ ᠨᠠᠷ ᠤᠷᠢᠳ ᠬᠤᠵᠢᠳ ᠷᠠᠰᠢᠶᠠᠨ 1198 ᠠᠷᠢᠬᠢᠨ ᠤ ᠦᠢᠯᠡᠰ ᠤᠨ ᠬᠢᠵᠠᠭᠠᠷᠲᠤ ᠺᠣᠮᠫᠠᠨᠢ᠂ ᠬᠢᠩᠭᠠᠨ ᠤ ᠢᠯᠢ ᠰᠦ ᠶᠢᠨ ᠦᠢᠯᠡᠰ᠂ ᠡᡁᠧ ᠹᠧᠩ ᠲᠠᠷᠢᠶᠠᠯᠠᠩ᠂ ᠳ᠋ᠧ ᠺᠠᠩ ᠲᠠᠷᠢᠶᠠᠯᠠᠩ ᠮᠠᠯ ᠠᠵᠤ ᠠᠬᠤᠢ᠂ ᠬᠤᠩ ᠳ᠋ᠠ ᠳᠠᠷᠤᠵᠤ ᠴᠢᠳᠬᠤᠬᠤ᠂ ᠭᠦᠸᠧ ᠺᠠᠩ ᠡᠮ ᠡᠮᠨᠡᠯᠭᠡ᠂ ᠠᠢ ᠯᠠᠩ ᠰᠠᠯᠬᠢᠨ ᠬᠦᠴᠦᠨ ᠤ ᠴᠠᠬᠢᠯᠭᠠᠨ᠂ ᠮᠧᠩ ᠤᠣ ᠡᠮ ᠤᠨ ᠦᠢᠯᠡᠰ᠂ ᠯᠢ ᠪᠦᠦ ᠬᠠᠶᠠᠭᠳᠠᠮᠠᠯ ᠮᠠᠰᠢᠨ ᠲᠡᠷᠭᠡ ᠶᠢ ᠡᠭᠡᠭᠦᠯᠦᠨ ᠬᠤᠷᠢᠶᠠᠬᠤ ᠬᠢᠵᠠᠭᠠᠷᠲᠤ ᠺᠣᠮᠫᠠᠨᠢ᠂ ᠪᠸᠢ ᠹᠧᠩ ᠯᠢᠩ ᠭᠤᠯᠢᠷ ᠤᠨ ᠦᠢᠯᠡᠳᠪᠦᠷᠢ᠂ ᠠᠯᠳᠠᠨ ᠬᠠᠩᠭᠠᠢ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠬᠦ ᠬᠢᠵᠠᠭᠠᠷᠲᠤ ᠺᠣᠮᠫᠠᠨᠢ᠂ ᠶᠤᠸᠠᠨ ᠳ᠋ᠦᠩ ᠬᠢᠲᠠᠳ ᠡᠮ ᠤᠨ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠳᠤ ᠬᠦᠷᠴᠡᠢ᠃ ᠠᠵᠤ ᠠᠬᠤᠶᠢᠯᠠᠯ ᠤᠨ ᠦᠢᠯᠡᠳᠪᠦᠷᠢ ᠶᠢᠨ ᠲᠠᠰᠤᠭ᠂ ᠦᠢᠯᠡᠳᠪᠦᠷᠢᠯᠡᠯ ᠤᠨ ᠨᠢᠭᠡᠳᠦᠭᠡᠷ ᠹᠷᠣᠨᠲ᠂ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠤᠬᠠᠶ ᠶᠢᠨ ᠲᠠᠯᠠᠪᠤᠷ ᠲᠤ ᠭᠦᠨᠵᠡᠭᠡᠶᠢᠷᠡᠵᠦ᠂ ᠬᠠᠷᠢᠭᠤ ᠮᠡᠳᠡᠭᠦᠯᠦᠯᠲᠡ ᠰᠣᠨᠣᠰᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠡᠵᠡᠩᠨᠡᠯᠲᠡ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠪᠠᠶᠢᠳᠠᠯ ᠵᠢᠴᠢ ᠣᠳᠣᠬᠠᠨ ᠳᠤ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠣᠶᠢᠯᠠᠭᠠᠵᠠᠢ᠃ ᠪᠠᠶᠢᠴᠠᠭᠠᠨ ᠰᠤᠳᠤᠯᠤᠯᠲᠠ ᠶᠢᠨ ᠳᠤᠮᠳᠠ᠂ ᠰᠦᠨ ᠱᠦ ᠲᠤᠤ ᠪᠠᠰᠠ ᠨᠡᠶᠢᠲᠡ ᠶᠢᠨ ᠥᠮᠴᠢᠯᠡᠯ ᠤᠨ ᠪᠤᠰᠤ ᠨᠠᠮ ᠤᠨ ᠪᠠᠶᠢᠭᠤᠯᠤᠯᠲᠠ ᠶᠢᠨ ᠠᠵᠢᠯ ᠢ ᠬᠡᠷᠬᠢᠨ ᠰᠠᠶᠢᠲᠤᠷ ᠬᠢᠬᠦ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠪᠣᠳᠠᠲᠠᠢ ᠵᠢᠯᠣᠭᠤᠳᠬᠤ ᠰᠠᠨᠠᠯ ᠳᠤᠷᠠᠳᠴᠠᠢ᠃    ᠰᠦᠨ ᠱᠦ ᠲᠤᠤ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠭᠦᠨᠵᠡᠭᠡᠶᠢᠷᠡᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠣᠶᠢᠯᠠᠭᠠᠵᠤ᠂ ᠦᠢᠯᠡᠴᠢᠯᠡᠭᠡᠨ ᠤ ᠠᠵᠢᠯ ᠢ ᠢᠳᠡᠪᠬᠢᠲᠡᠢ ᠵᠣᠬᠢᠴᠠᠭᠤᠯᠤᠨ ᠰᠠᠶᠢᠲᠤᠷ ᠬᠢᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠭᠠᠷᠤᠯᠲᠠ ᠶᠢᠨ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠢ᠃ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢ ᠰᠠᠶᠢᠲᠤᠷ ᠠᠳᠬᠤᠬᠤ ᠶᠢᠨ ᠴᠢᠬᠤᠯᠠ ᠴᠢᠨᠠᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠦᠢᠴᠡᠳ ᠲᠠᠨᠢᠵᠤ᠂ ᠵᠤᠨ ᠨᠠᠮᠤᠷ ᠤᠨ ᠪᠠᠷᠢᠯᠭ᠎ᠠ ᠶᠢᠨ ᠠᠵᠢᠯ ᠤᠨ ᠰᠢᠵᠢᠷ ᠠᠯᠳᠠᠨ ᠴᠠᠭ ᠢ ᠠᠮᠵᠢᠨ᠂ ᠠᠬᠢᠴᠠ ᠶᠢ ᠠᠮᠵᠢᠵᠤ᠂ ᠶᠠᠰᠤ ᠴᠢᠨᠠᠷ ᠢ ᠪᠠᠲᠤᠯᠠᠭᠰᠠᠨ ᠪᠠᠶᠢᠳᠠᠯ ᠳᠣᠣᠷ᠎ᠠ᠂ ᠪᠦᠲᠦᠬᠡᠨ ᠪᠠᠶᠢᠭᠤᠯᠵᠤ ᠪᠠᠶᠢᠭ᠎ᠠ ᠵᠦᠢᠯᠡᠰ ᠤᠨ ᠪᠦ᠋ᠳᠦᠭᠡᠨ ᠪᠠᠶᠢᠭᠤᠯᠤᠯᠲᠠ ᠶᠢ ᠬᠦᠴᠦᠲᠡᠶ ᠲᠦᠯᠬᠢᠨ ᠠᠬᠢᠭᠤᠯᠵᠤ᠂ ᠠᠵᠢᠯ ᠢᠶᠠᠨ ᠡᠷᠲᠡᠬᠡᠨ ᠳᠠᠭᠤᠰᠬᠠᠬᠤ ᠪᠠᠷ ᠴᠢᠷᠮᠠᠶᠢᠬᠤ ᠬᠡᠷᠡᠭᠲᠡᠶ᠃ ᠡᠭᠦᠨ ᠤ ᠬᠠᠮᠲᠤ᠂ ᠡᠯ᠎ᠡ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠯᠠᠵᠤ ᠪᠠᠶᠢᠭ᠎ᠠ ᠬᠥᠮᠦᠰ ᠤᠨ ᠠᠶᠤᠯᠭᠦᠢ ᠦᠢᠯᠡᠳᠪᠦᠷᠢᠯᠡᠯ ᠤᠨ ᠤᠷ᠎ᠠ ᠴᠢᠳᠠᠪᠤᠷᠢ ᠪᠣᠯᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠠᠷᠠᠳ ᠤᠯᠠᠨ ᠢ ᠠᠮᠤᠷ ᠲᠦᠪᠰᠢᠨ ᠥᠯᠵᠡᠢ ᠪᠡᠯᠭᠡ ᠲᠠᠢ ᠤᠯᠤᠰ ᠤᠨ ᠪᠠᠶᠠᠷ ᠤᠨ ᠠᠮᠠᠷᠠᠯᠲᠠ ᠶᠢ ᠥᠩᠭᠡᠷᠡᠭᠦᠯᠬᠦ ᠬᠡᠷᠡᠭᠲᠡᠢ ᠬᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号