ᠸᠠᠩ ᠯᠢ ᠳ᠋ᠦᠩ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2021/9/28
   9 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠸᠠᠩ ᠯᠢ ᠳ᠋ᠦᠩ ᠠᠶᠤᠯᠭᠦᠶ ᠦᠢᠯᠡᠳᠪᠦᠷᠢᠯᠡᠯ ᠤᠨ ᠭᠤᠤᠯᠳᠠᠯᠭ᠎ᠠ ᠲᠠᠢ ᠣᠷᠣᠨ ᠪᠦᠰᠡ ᠪᠠ ᠬᠥᠮᠦᠨ ᠣᠯᠠᠨ ᠴᠤᠭᠯᠠᠷᠠᠳᠠᠭ ᠭᠠᠵᠠᠷ ᠲᠤ ᠭᠦᠨᠵᠡᠭᠡᠶᠢᠷᠡᠨ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠪᠠ᠃ ᠡᠭᠦᠨ ᠤ ᠬᠠᠮᠲᠤ᠂ ᠪᠠᠶᠠᠷ ᠤᠨ ᠡᠳᠦᠷ ᠤᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠡᠯ᠎ᠡ ᠠᠵᠢᠯ ᠲᠦᠷᠦᠯ ᠤᠨ ᠠᠵᠢᠯᠲᠠᠳ ᠢ ᠡᠷᠬᠢᠨ ᠦᠵᠡᠵᠦ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠵᠥᠩᠨᠡᠯ ᠳᠡᠪᠰᠢᠭᠦᠯᠬᠦ ᠶᠢᠨ ᠬᠠᠮᠲᠤ ᠲᠣᠬᠤᠨᠢᠭᠤᠯᠬᠤ ᠪᠣᠳᠠᠰ ᠬᠦᠷᠭᠡᠪᠡ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠲᠠ ᠶᠢᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠬᠦ ᠲᠥᠷᠥᠯ ᠵᠦᠢᠯ ᠤᠨ ᠲᠣᠭᠤᠷᠢᠭ ᠲᠤ᠂ ᠥᠪᠥᠷ ᠮᠣᠩᠭᠤᠯ ᠤᠨ ᠬᠤᠩ ᠳ᠋ᠠ ᠳᠠᠷᠤᠵᠤ ᠴᠢᠳᠬᠤᠬᠤ ᠪᠦᠷᠢᠨ ᠪᠤᠰᠦ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠬᠢᠩᠭᠠᠨ ᠢᠯᠢ ᠰᠦ ᠶᠢᠨ ᠦᠢᠯᠡᠰ ᠤᠨ ᠪᠦᠷᠢᠨ ᠪᠤᠰᠦ ᠬᠠᠷᠢᠭᠤᠴᠠᠯᠭᠠᠲᠤ ᠺᠣᠮᠫᠠᠨᠢ ᠶᠢᠨ ᠰᠢᠩᠭᠡᠨ ᠲᠦᠯᠦᠪᠲᠦ ᠰᠦ ᠶᠢᠨ ᠠᠵᠢᠯ ᠲᠥᠷᠥᠯ ᠳᠤ ᠬᠠᠨᠳᠤᠭᠤᠯᠤᠭᠰᠠᠨ ︽5G + ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ︾ ᠤᠨ ᠬᠡᠷᠡᠭᠯᠡᠭᠡᠨ ᠤ ᠣᠶᠤᠨᠴᠢ ᠦᠢᠯᠡᠳᠬᠦ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠲᠥᠷᠥᠯ ᠵᠦᠢᠯ᠂ ᠶᠢᠨ ᠬᠤᠩ ᠨᠢᠦ ᠴᠢᠯᠦᠭᠡᠲᠦ ᠳᠡᠯᠭᠡᠭᠦᠷ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠲᠤ ᠸᠠᠩ ᠯᠢ ᠳ᠋ᠦᠩ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠭᠠᠵᠠᠷ ᠤᠨ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃    ᠸᠠᠩ ᠯᠢ ᠳ᠋ᠦᠩ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠡᠮ ᠰᠣᠭᠤᠭ ᠢ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠵᠦᠢᠯ ᠤᠨ ᠠᠮᠤᠷ ᠲᠦᠪᠰᠢᠨ ᠤ ᠭᠡᠮ ᠰᠣᠭᠤᠭ ᠢ ᠰᠡᠷᠭᠡᠶᠢᠯᠡᠨ ᠠᠷᠢᠯᠭᠠᠵᠤ ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠲᠠᠯᠠᠪᠤᠷ ᠤᠨ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠰᠡᠷᠭᠦᠬᠦ ᠶᠢ ᠰᠡᠷᠭᠡᠶᠢᠯᠡᠬᠦ︾ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ᠂ ᠢᠳᠡᠭᠡᠨ ᠤ ᠠᠮᠤᠷ ᠲᠦᠪᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ᠂ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠵᠤ᠂ ᠠᠷᠠᠳ ᠤᠯᠠᠨ ᠢ ᠠᠮᠤᠷ ᠠᠮᠤᠭᠤᠯᠠᠩ᠂ ᠪᠠᠶᠠᠷ ᠪᠠᠶᠠᠰᠤᠯ ᠲᠠᠢ᠂ ᠥᠯᠵᠡᠢ ᠪᠡᠯᠭᠡ ᠲᠠᠢ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号