ᠸᠠᠩ ᠯᠢ ᠳ᠋ᠦᠩ ᠬᠤᠯᠪᠣᠭᠳᠠᠯ ᠪᠥᠬᠦᠶ ᠨᠢᠭᠡᠴᠡ ᠳᠤ ᠭᠦᠨᠵᠡᠭᠡᠶᠢᠷᠡᠨ ᠬᠢᠨᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/9/3
  8 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠸᠠᠩ ᠯᠢ ᠳ᠋ᠦᠩ ᠨᠠᠢᠮᠠᠳᠤᠭᠠᠷ ᠤᠳᠠᠭᠠᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠰᠢᠪᠠᠳᠠᠨ ᠪᠠᠶᠢᠴᠠᠭᠠᠯᠲᠠ ᠶᠢᠨ ᠠᠰᠠᠭᠤᠳᠠᠯ ᠤᠨ ᠰᠦᠪᠡᠭᠴᠢ ᠶᠢ ᠴᠣᠭᠯᠠᠭᠤᠯᠬᠤ ᠬᠡᠪᠴᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠳᠤ ᠬᠤᠯᠪᠣᠭᠳᠠᠭᠰᠠᠨ ᠨᠢᠭᠡᠴᠡ ᠳᠤ ᠭᠦᠨᠵᠡᠭᠡᠶᠢᠷᠡᠨ᠂ ᠰᠢᠪᠠᠳᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠶᠠᠩ ᠯᠧᠢ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃
   ᠸᠠᠩ ᠯᠢ ᠳ᠋ᠦᠩ ᠨᠡᠷ ᠤᠷᠢᠳ ᠬᠤᠵᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ᠂ ᠲᠤᠭᠳᠠᠮᠠᠯ ᠬᠥᠷᠥᠩᠭᠡ ᠶᠢᠨ ᠳᠡᠩᠰᠡᠯᠡᠯᠲᠡ ᠶᠢᠨ ᠲᠥᠪ᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠬᠢᠬᠡᠳ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠶᠢ ᠪᠠᠶᠢᠴᠠᠭᠠᠨ ᠦᠵᠡᠪᠡ᠃ ᠨᠠᠢᠮᠠᠳᠤᠭᠠᠷ ᠤᠳᠠᠭᠠᠨ ᠤ ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠰᠢᠪᠠᠳᠠᠨ ᠪᠠᠶᠢᠴᠠᠭᠠᠯᠲᠠ ᠳᠠᠬᠢ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠤᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ᠂ ᠳᠣᠲᠣᠭᠠᠳᠤ ᠬᠡᠷᠡᠭᠴᠡᠭᠡ ᠶᠢ ᠥᠷᠭᠡᠳᠬᠡᠨ ᠠᠵᠢᠯ ᠣᠯᠭᠤᠯᠲᠠ ᠶᠢ ᠪᠠᠲᠤᠯᠠᠵᠤ ᠠᠷᠠᠳ ᠤᠨ ᠠᠮᠢᠳᠤᠷᠠᠯ ᠢ ᠪᠠᠲᠤᠯᠠᠬᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠲᠦᠯᠬᠢᠨ ᠠᠬᠢᠭᠤᠯᠬᠤ ᠵᠡᠷᠭᠡ ᠲᠠᠯ᠎ᠠ ᠪᠠᠷ ᠬᠢ ᠠᠰᠠᠭᠤᠳᠠᠯ ᠤᠨ ᠰᠦᠪᠡᠭᠴᠢ ᠶᠢ ᠴᠤᠭᠯᠠᠭᠤᠯᠬᠤ ᠬᠡᠪᠴᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠬᠢᠨᠠᠨ ᠵᠢᠯᠣᠭᠤᠳᠪᠠ᠃    ᠰᠢᠪᠠᠳᠠᠨ ᠵᠢᠯᠣᠭᠤᠳᠬᠤ ᠶᠠᠪᠤᠴᠠ ᠳᠤ᠂ ᠸᠠᠩ ᠯᠢ ᠳ᠋ᠦᠩ ᠡᠯ᠎ᠡ ᠬᠤᠯᠪᠣᠭᠳᠠᠯ ᠪᠥᠬᠦᠶ ᠨᠢᠭᠡᠴᠡ ᠶᠢᠨ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠸᠠᠩ ᠯᠢ ᠳ᠋ᠦᠩ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠬᠠᠮᠢᠶ᠎ᠠ ᠪᠥᠬᠦᠶ ᠨᠢᠭᠡᠴᠡ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠡᠭᠡ ᠰᠢᠪᠠᠳᠠᠨ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠠᠳᠬᠤᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠡᠯ᠎ᠡ  ᠵᠤᠶᠢᠯ ᠤᠨ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠰᠢᠪᠠᠳᠠᠨ ᠪᠠᠶᠢᠴᠠᠭᠠᠬᠤ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠠᠭᠤᠯᠭ᠎ᠠ ᠶᠢ ᠣᠨᠣᠪᠴᠢᠲᠠᠢ ᠡᠵᠡᠮᠳᠡᠵᠦ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠨᠡᠪᠲᠡᠷᠬᠡᠢ ᠣᠶᠢᠯᠠᠭᠠᠵᠤ᠂ ᠶᠡᠭᠡ  ᠰᠢᠪᠠᠳᠠᠨ ᠪᠠᠶᠢᠴᠠᠭᠠᠬᠤ ᠭᠤᠣᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ ᠨᠠᠷᠢᠨ ᠬᠢᠨᠠᠮᠠᠭᠠᠢ ᠳ᠋ᠦᠩᠨᠡᠵᠦ᠂ ᠪᠦᠬᠦ ᠲᠠᠯ᠎ᠠ ᠪᠠᠷ ᠪᠠᠷᠢᠮᠵᠢᠶ᠎ᠠ ᠬᠦᠰᠦᠨᠦᠭᠲᠦ ᠶᠢ ᠬᠠᠷᠭᠤᠭᠤᠯᠤᠨ ᠡᠮᠬᠢᠯᠡᠵᠦ᠂ ᠠᠵᠢᠯ ᠤᠨ ᠲᠤᠷᠰᠢᠯᠭ᠎ᠠ ᠪᠠᠨ ᠪᠤᠰᠤᠳᠴᠢ ᠪᠠᠷ ᠳ᠋ᠦᠩᠨᠡᠵᠦ᠂ ᠡᠯ᠎ᠡ ᠵᠦᠢᠯ ᠤᠨ ᠠᠵᠢᠯ ᠢᠶᠠᠨ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ᠃ ᠲᠤᠲᠠᠭᠳᠠᠯ ᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠪᠤᠰᠤᠳᠴᠢ ᠦᠨᠡᠨ ᠪᠣᠳᠠᠲᠠᠢ ᠪᠠᠷ ᠪᠦᠬᠦ ᠲᠠᠯ᠎ᠠ ᠪᠠᠷ ᠲᠤᠰᠬᠠᠬᠤ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠬᠤ ᠪᠠᠷ ᠠᠵᠠ ᠲᠣᠬᠢᠶᠠᠯ ᠪᠣᠯᠭᠠᠨ᠂ ︽ᠪᠣᠭᠤᠮᠲᠠ ᠰᠢᠪᠲᠤᠯᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ︾ ᠶᠢ ᠭᠦᠨᠵᠡᠭᠡᠢ ᠥᠷᠨᠢᠭᠦᠯᠬᠦ ᠶᠢ ᠠᠬᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠢ ᠲᠤᠰᠠᠯᠠᠬᠤ ᠶᠢ ᠪᠠᠲᠤᠯᠠᠵᠤ᠂ ᠨᠠᠢᠮᠠᠳᠤᠭᠠᠷ ᠤᠳᠠᠭᠠᠨ ᠤ ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠰᠢᠪᠠᠳᠠᠨ ᠪᠠᠶᠢᠴᠠᠭᠠᠯᠲᠠ ᠶᠢᠨ ᠪᠠᠶᠢᠴᠠᠭᠠᠬᠤ ᠪᠡᠯᠡᠳᠬᠡᠯ ᠠᠵᠢᠯ ᠢ ᠴᠢᠩᠭ᠎ᠠ ᠪᠣᠳᠠᠲᠠᠢ ᠨᠠᠷᠢᠯᠢᠭ ᠰᠠᠶᠢᠲᠤᠷ ᠬᠢᠬᠦ ᠬᠡᠷᠡᠭᠲᠡᠢ ᠬᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号