ᠮᠠᠨ ᠤ ᠬᠤᠰᠢᠭᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠦᠳᠡᠯᠬᠡᠬᠡᠨ ᠤ ᠰᠠᠷ᠎ᠠ ᠶᠢᠨ ᠡᠬᠢᠯᠡᠯᠲᠡ ᠶᠢᠨ ᠶᠣᠰᠣᠯᠠᠯ ᠵᠢᠴᠢ ︽ᠡᠭᠦᠷᠢᠳᠡ ᠨᠠᠮ ᠢᠶᠠᠨ ᠳᠠᠭᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ ᠬᠡᠮᠡᠬᠦ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠭᠡᠬᠦ ᠭᠤᠤᠯ ᠰᠡᠳᠦᠪᠲᠦ ᠬᠥᠮᠦᠵᠢᠯ ᠤᠨ  ᠬᠦᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2021/9/8
   8 ᠰᠠᠷ᠎ᠠ ᠶᠢᠨ 30 ᠤ ᠡᠳᠦᠷ᠂ ︽ᠳᠤᠮᠳᠠᠳᠤ ᠶᠢᠨ ᠬᠥᠪᠡᠭᠦᠳ ᠥᠬᠢᠳ ᠰᠠᠶᠢᠳᠤᠷ ᠪᠦᠯᠬᠦᠮᠳᠡᠵᠦ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾ — ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠦᠳᠡᠯᠭᠡᠭᠡᠨ ᠤ ᠰᠠᠷ᠎ᠠ ᠶᠢᠨ ᠡᠬᠢᠯᠡᠯᠲᠡ ᠶᠢᠨ ᠶᠣᠰᠣᠯᠠᠯ ᠵᠢᠴᠢ ︽ ᠡᠭᠦᠷᠢᠳᠡ ᠨᠠᠮ ᠢᠶᠠᠨ ᠳᠠᠭᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ ᠬᠡᠮᠡᠬᠦ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠭᠡᠬᠦ ᠭᠤᠤᠯ ᠰᠡᠳᠦᠪᠲᠦ ᠬᠥᠮᠦᠵᠢᠯ ᠤᠨ ᠬᠦᠳᠡᠯᠭᠡᠭᠡᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ ᠰᠤᠷᠤᠯᠴᠠᠬᠤ  ᠦᠢᠯᠡᠳᠦᠯᠬᠡ ᠶᠢᠨ ᠬᠥᠮᠦᠵᠢᠯ ᠤᠨ ᠰᠠᠭᠤᠷᠢᠨ ᠭᠠᠵᠠᠷ ᠲᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠨᠡᠷ᠎ᠡ ᠳᠤᠷᠠᠳᠤᠭᠳᠠᠭᠰᠠᠨ ᠲᠡᠷᠢᠭᠦᠯᠡᠭᠴᠢ ᠶᠢᠨ ᠵᠢᠱᠢᠭᠳᠡᠭᠴᠢ ᠶᠤᠸᠠᠢ ᠰᠥᠩ ᠱᠠᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠭᠠᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠶᠢᠨ ᠵᠢᠴᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠤᠯᠭ᠎ᠠ ᠬᠦᠳᠡᠯᠭᠡᠭᠡᠨ ᠳᠤ ᠣᠷᠣᠯᠴᠠᠵᠠᠶ᠃ ᠲᠣᠰ ᠬᠦᠳᠡᠯᠭᠡᠭᠡᠨ  ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠠ ᠨᠢᠩ ᠡᠷᠭᠢᠯᠡᠵᠡᠶ᠃ ᠠᠶᠢᠮᠠᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠂ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠡᠤ ᠴᠠᠩ ᠴᠢᠩ᠂ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠪᠦᠬᠡᠴᠢᠯᠡᠭᠤ ᠬᠦᠳᠡᠯᠭᠡᠭᠡᠨ ᠳᠤ ᠣᠷᠣᠯᠴᠠᠵᠠᠶ᠃
   ᠪᠥᠬᠦ ᠬᠤᠰᠢᠭᠤᠨ ᠤ ᠡᠯ᠎ᠡ ᠦᠨᠳᠦᠰᠦᠲᠡᠨ ᠤ ᠪᠠᠭᠰᠢ ᠰᠤᠷᠤᠭᠴᠢᠳ ᠪᠠᠶᠠᠷ ᠤᠨ ᠡᠳᠦᠷ ᠤᠨ ᠬᠤᠪᠴᠠᠰᠤ ᠪᠠᠨ ᠡᠮᠦᠰᠴᠦ᠂ ᠨᠣᠮᠢᠨ ᠨᠣᠭᠤᠭᠠᠨ ᠲᠠᠯ᠎ᠠ ᠨᠤᠲᠤᠭ ᠢᠶᠠᠨ ᠥᠩᠭᠡ ᠢᠯᠭᠠᠷᠠᠭᠰᠠᠨ ᠴᠡᠩᠭᠡᠯ ᠤᠨ ᠲᠡᠯᠡᠶ ᠲᠠᠩᠭᠢᠰ ᠰᠢᠭ᠋ ᠴᠢᠮᠡᠵᠡᠶ᠃ ᠲᠤᠭᠲᠤᠯᠤᠮ᠎ᠠ ᠰᠠᠶᠢᠬᠠᠨ ᠬᠥᠭᠵᠢᠮ ᠤᠨ ᠠᠶᠠᠰ ᠤᠨ ᠳᠤᠮᠳᠠ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠬᠤᠷᠠᠯ ᠳᠤ ᠣᠷᠣᠯᠴᠠᠭᠰᠠᠳ ᠲᠤ ᠤᠯᠠᠭᠠᠨ ᠪᠦᠴᠡ ᠡᠷᠭᠦᠪᠡ᠃ ᠲᠤᠰ ᠬᠦᠳᠡᠯᠬᠡᠬᠡᠨ ᠨᠢ ᠰᠦᠷ ᠵᠢᠪᠬᠤᠯᠠᠩᠲᠤ ᠤᠯᠤᠰ ᠤᠨ ᠲᠤᠭ ᠮᠠᠨᠳᠤᠭᠤᠯᠬᠤ ᠶᠣᠰᠣᠯᠠᠯ ᠤᠨ ᠲᠤᠮᠳᠠ ᠵᠢᠩᠬᠢᠨᠢ ᠪᠠᠷ ᠡᠬᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ ᠤᠯᠤᠰ ᠤᠨ ᠲᠤᠭ ᠤᠨ ᠳᠣᠤᠷ᠎ᠠ ᠶᠠᠷᠢᠶ᠎ᠠ ᠲᠠᠯᠪᠢᠵᠤ ᠂ 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠣᠶ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠪᠠᠶᠢᠯᠳᠤᠬᠤ ᠪᠣᠳᠣᠯᠭ᠎ᠠ ᠶᠢᠨ ᠴᠢᠬᠤᠯᠠ ᠠᠵᠠ ᠲᠣᠬᠢᠶᠠᠯᠳᠤ ᠬᠤᠭᠤᠴᠠᠭᠠᠨ ᠳᠤ ᠪᠢᠳᠡ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠦ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠬᠡ ᠤᠯᠤᠰ ᠤᠨ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤ ᠪᠠᠷ ᠴᠣᠭᠴᠠᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠰᠦᠨ ᠱᠦ ᠲᠤᠤ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠪᠣᠯ ᠰᠦᠭ ᠰᠦᠨᠡᠰᠦ ᠶᠢ ᠱᠤᠭᠤᠬᠤ ᠦᠢᠯᠡᠰ ᠮᠥᠨ᠂ ᠵᠠᠯᠠᠭᠤᠴᠤᠳ ᠪᠠᠭᠠᠴᠤᠳ ᠪᠣᠯ ᠡᠬᠡ ᠤᠯᠤᠰ ᠤᠨ ᠢᠷᠡᠭᠡᠳᠦᠢ ᠮᠥᠨ᠃ ᠮᠠᠨ ᠤ ᠨᠠᠮ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠠᠭᠤᠤ ᠦᠢᠯᠡᠰ ᠲᠤ ᠵᠣᠷᠢᠭ ᠰᠢᠢᠳᠳᠤᠭᠰᠠᠨ ᠪᠣᠯᠬᠤᠷ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠬᠦ᠂ ᠨᠡᠶᠢᠭᠡᠮ ᠵᠢᠷᠤᠮ ᠤᠨ ᠪᠠᠶᠢᠭᠤᠯᠤᠯ ᠢ ᠬᠦᠷᠢᠶᠡᠯᠡᠬᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠲᠥᠯᠥᠭᠡ ᠨᠠᠰᠤ ᠪᠠᠷ ᠢᠶᠠᠨ ᠲᠡᠮᠡᠴᠡᠬᠦ ᠪᠠᠷ ᠵᠣᠷᠢᠭ ᠰᠢᠢᠳᠳᠤᠭᠰᠠᠨ ᠲᠤᠯᠭᠠᠭᠤᠷᠢ ᠴᠢᠳᠠᠪᠤᠷᠢᠲᠠᠨ ᠢ ᠦᠶ᠎ᠡ ᠦᠶ᠎ᠡ ᠪᠠᠷ ᠬᠥᠮᠦᠵᠢᠭᠦᠯᠬᠦ ᠬᠡᠷᠡᠭᠲᠡᠶ᠃ ᠰᠢᠨ᠎ᠡ ᠴᠠᠭ ᠦᠶ᠎ᠡ ᠰᠢᠨ᠎ᠡ ᠡᠬᠢᠯᠡᠯᠲᠡ ᠶᠢᠨ ᠴᠡᠭ ᠳᠡᠭᠡᠷ᠎ᠡ᠂ ᠥᠷᠭᠡᠨ ᠤᠯᠠᠨ ᠵᠠᠯᠠᠭᠤᠴᠤᠳ ᠪᠠᠭᠠᠴᠤᠳ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠠᠯᠤᠰ ᠬᠡᠳᠦ ᠶᠢᠨ ᠵᠣᠷᠢᠯᠲᠠ ᠲᠠᠢ ᠪᠠᠶᠢᠵᠤ᠂ ᠰᠢᠷᠭᠠᠭᠤ ᠬᠠᠲᠠᠭᠤᠵᠢᠯᠲᠠᠢ ᠰᠤᠷᠤᠯᠴᠠᠵᠤ᠂ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃    ᠰᠦᠨ ᠱᠦ ᠲᠤᠤ ᠱᠠᠭᠠᠷᠳᠠᠭᠰᠠᠨ ᠨᠢ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠨ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶ ᠥᠷᠨᠢᠭᠦᠯᠵᠦ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠲᠡᠨ ᠤ ᠪᠦᠯᠬᠦᠮᠳᠡᠯ ᠤᠨ ᠤᠯᠠᠮᠵᠢᠯᠠᠭᠴᠢ᠂ ᠦᠢᠯᠡᠳᠦᠯᠭᠡᠵᠢᠬᠦᠯᠦᠭᠴᠢ ᠪᠠ ᠠᠬᠢᠭᠤᠯᠤᠭᠴᠢ ᠪᠣᠯᠭᠠᠬᠤ ᠬᠡᠷᠡᠭᠲᠡᠶ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠬᠠᠮᠲᠤ ᠪᠠᠷ ᠳᠡᠮᠵᠢᠵᠦ᠂ ᠵᠠᠯᠠᠭᠤᠴᠤᠳ ᠪᠠᠭᠠᠴᠤᠳ ᠤᠨ ᠢᠳᠡᠷᠡᠭᠦᠨ ᠢᠶᠠᠷ ᠦᠰᠦᠨ ᠪᠤᠶᠢᠵᠢᠬᠤ ᠳᠤ ᠠᠰᠢᠭᠲᠠᠶ ᠨᠥᠬᠦᠴᠡᠯ ᠢ ᠡᠭᠦᠳᠦᠨ ᠥᠭᠴᠦ᠂ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠂ ᠮᠠᠨ ᠤ ᠬᠤᠰᠢᠭᠤᠨ ᠤ ︽ᠬᠥᠭᠵᠢᠯᠲᠡ ᠪᠠᠷ ᠪᠦᠯᠬᠦᠮᠳᠡᠯ ᠢ ᠠᠬᠢᠭᠤᠯᠵᠤ᠂ ᠪᠦᠯᠬᠦᠮᠳᠡᠯ ᠢᠶᠠᠷ ᠬᠥᠮᠦᠰ ᠤᠨ ᠰᠡᠳᠬᠢᠯ ᠢ ᠨᠢᠭᠲᠠᠷᠠᠭᠤᠯᠬᠤ︾ ᠪᠠᠶᠠᠷᠯᠠᠭᠤᠰᠢᠲᠠᠶ ᠪᠠᠶᠢᠳᠠᠯ ᠢ ᠲᠠᠰᠤᠷᠠᠯᠲᠠ ᠥᠬᠡᠶ ᠪᠠᠬᠢᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠴᠢᠨᠠᠷ ᠰᠠᠶᠢᠲᠠᠶ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠦ᠂ ᠴᠢᠨᠠᠷ ᠰᠠᠶᠢᠲᠠᠶ ᠵᠣᠯ ᠵᠢᠷᠭᠠᠯᠲᠤ ᠠᠮᠢᠳᠤᠷᠠᠯ ᠢ ᠬᠠᠮᠲᠤ ᠪᠠᠷ ᠡᠳ᠋ᠯᠡᠭᠦᠯᠬᠦ ᠬᠡᠷᠡᠭᠲᠡᠶ᠃ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠠᠷᠢᠯᠴᠠᠨ ᠬᠠᠪᠰᠤᠷᠤᠯᠴᠠᠵᠤ᠂ ᠰᠡᠳᠬᠢᠯ ᠨᠢᠭᠡᠳᠦᠨ᠂ ᠵᠠᠮ ᠨᠡᠭᠡᠭᠡᠨ ᠤᠷᠤᠭᠰᠢᠯᠠᠵᠤ᠂ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠳᠥᠯᠭᠢᠨ ᠠᠬᠢᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠥᠲᠥᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠥᠬᠡᠶ ᠲᠡᠮᠡᠴᠡᠲᠦᠭᠡᠶ ᠭᠡᠵᠦ ᠤᠷᠢᠶᠠᠯᠠᠵᠠᠶ᠃     ᠳᠠᠷᠠᠭ᠎ᠠ ᠪᠠᠷ ᠨᠢ᠂ ︽ᠡᠭᠦᠷᠢᠳᠡ ᠨᠠᠮ ᠢᠶᠠᠨ ᠳᠠᠭᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ ᠬᠡᠮᠡᠬᠦ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠭᠡᠬᠦ ᠭᠤᠣᠯ ᠰᠡᠳᠦᠪᠲᠦ ᠬᠥᠮᠦᠵᠢᠯ ᠦᠵᠡᠬᠦᠯᠬᠡ ᠶᠢᠨ ᠲᠣᠭᠯᠠᠯᠲᠠ ᠶᠢᠨ ᠤᠷᠠᠨ ᠰᠠᠶᠢᠬᠠᠨ ᠤ ᠬᠦᠳᠡᠯᠭᠡᠭᠡᠨ ᠳᠡᠰ ᠳᠠᠷᠠᠭ᠎ᠠ ᠲᠠᠢ ᠪᠠᠷ ᠰᠢᠯᠦᠭ ᠤᠨ ᠤᠩᠰᠢᠯᠭ᠎ᠠ ︽ᠨᠠᠮ ᠰᠠᠨᠠᠭ᠎ᠠ ᠠᠮᠤᠷ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠤᠢ︾ ᠭᠡᠬᠦ ᠡᠷᠡᠰ ᠴᠢᠩᠭ᠎ᠠ ᠲᠠᠩᠭᠠᠷᠢᠭ᠂ ᠨᠠᠶᠢᠷᠠᠯ ᠳᠠᠭᠤᠤ ︽ᠨᠤᠲᠤᠭ ᠤᠨ ᠳᠠᠭᠤᠤ ᠶᠢ ᠨᠠᠮ ᠳᠠᠭᠠᠨ ᠳᠠᠭᠤᠯᠠᠶ᠎ᠠ︾ ᠭᠡᠬᠦ ᠭᠦᠨ ᠰᠡᠳᠬᠢᠯᠭᠡ ᠪᠠᠨ ᠢᠯᠡᠳᠬᠡᠵᠦ᠂ ᠪᠡᠭᠡᠵᠢᠩ ᠤᠨ ᠤᠢ ᠰᠢᠭᠤᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠢ ᠳᠡᠮᠵᠢᠬᠦ ᠪᠦᠯᠬᠦᠮ ᠤᠨ ᠤᠩᠰᠢᠭᠰᠠᠨ ︽ᠪᠠᠷᠠᠭᠤᠨ ᠣᠷᠣᠨ ᠳᠤ ᠣᠴᠢᠶ᠎ᠠ︾ ᠭᠡᠬᠦ ᠵᠠᠯᠠᠭᠤ ᠨᠠᠰᠤᠨ ᠤ ᠲᠤᠩᠬᠠᠭ ᠤᠯᠠᠭᠠᠨᠮᠤᠳᠤ ᠶᠢᠨ ᠲᠠᠯ᠎ᠠ ᠨᠤᠲᠤᠭ ᠲᠤ ᠴᠤᠤᠷᠢᠶᠠᠲᠤᠪᠠ᠃ ᠡᠯ᠎ᠡ ᠲᠦᠷᠦᠯ ᠤᠨ ᠲᠣᠭᠯᠠᠯᠲᠠ ᠭᠤᠶᠢᠳᠠ ᠰᠠᠶᠢᠬᠠᠨ ᠪᠠᠶᠢᠵᠤ᠂ ᠪᠠᠶᠠᠷ ᠴᠡᠩᠭᠡᠯ ᠤᠨ ᠳᠤᠮᠳᠠ ᠬᠥᠮᠦᠵᠢᠯ ᠬᠦᠷᠲᠡᠭᠡᠵᠦ᠂ ᠥᠷᠭᠡᠨ ᠤᠯᠠᠨ ᠪᠠᠭᠰᠢ ᠰᠤᠷᠤᠭᠴᠢ ᠪᠣᠯᠤᠨ ᠭᠡᠷ ᠤᠨ ᠠᠬᠠᠮᠠᠳ ᠬᠦᠳᠡᠯᠭᠡᠭᠡᠨ ᠤ ᠳᠤᠮᠳᠠ ᠪᠠᠨ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠮᠡᠳᠡᠷᠡᠮᠵᠢ ᠪᠠᠨ ᠴᠢᠩᠭᠠᠳᠬᠠᠵᠠᠢ᠃     ᠬᠤᠷᠠᠯ ᠳᠤ ᠣᠷᠣᠯᠴᠠᠭᠰᠠᠳ ᠪᠠᠰᠠ ᠬᠠᠮᠲᠤ ᠪᠠᠷ ᠤᠯᠠᠭᠠᠨ ᠴᠢᠬᠢ ᠶᠢᠨ ᠬᠢᠴᠢᠶᠡᠯ ᠤᠨ ᠲᠠᠩᠬᠢᠮ᠂ ᠬᠠᠳᠬᠤᠮᠠᠯ ᠤᠨ ᠦᠢᠯᠡᠳᠦᠯᠭᠡ ᠶᠢᠨ ᠬᠢᠴᠢᠶᠡᠯ ᠤᠨ ᠲᠠᠩᠬᠢᠮ᠂ ᠠᠨᠠᠷ ᠤᠨ ᠦᠷ᠎ᠡ ᠶᠢᠨ ᠪᠠᠭ᠎ᠠ ᠬᠢᠴᠢᠶᠡᠯ ᠤᠨ ᠲᠠᠩᠬᠢᠮ᠂ ᠰᠣᠩᠭᠤᠳᠠᠭ ᠬᠢᠲᠠᠳ ᠰᠤᠳᠤᠯᠤᠯ ᠤᠨ ᠬᠢᠴᠢᠶᠡᠯ ᠤᠨ ᠲᠠᠩᠬᠢᠮ ᠵᠡᠷᠭᠡ ᠰᠤᠳᠤᠯᠤᠨ ᠰᠤᠷᠤᠯᠴᠠᠬᠤ ᠬᠦᠳᠡᠯᠭᠡᠭᠡᠨ ᠢ ᠲᠣᠭᠤᠷᠢᠨ ᠦᠵᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号