ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠪᠣᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠳᠡᠭᠡᠳᠦ ᠳᠠᠪᠬᠤᠷᠭ᠎ᠠ ᠶᠢᠨ  ᠸᠢᠳᠢᠤ᠋ ᠶᠢ ᠵᠣᠯᠭᠠᠭᠤᠯᠬᠤ ᠬᠠᠮᠲᠤᠷᠠᠭᠰᠠᠨ ᠬᠤᠷᠠᠯ ᠬᠢᠪᠠ
ᠨᠡᠶᠢᠲᠡᠯᠡᠭᠰᠡᠨ ᠴᠠᠭ᠄
2021/9/8
   8 ᠰᠠᠷ᠎ᠠ ᠶᠢᠨ 26 ᠤ ᠡᠳᠦᠷ᠂ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠪᠣᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2021 ᠣᠨ ᠤ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠳᠡᠭᠡᠳᠦ ᠳᠠᠪᠬᠤᠷᠭ᠎ᠠ ᠶᠢᠨ ᠸᠢᠳᠢᠤ᠋ ᠶᠢ ᠵᠣᠯᠭᠠᠭᠤᠯᠬᠤ ᠬᠠᠮᠲᠤᠷᠠᠭᠰᠠᠨ ᠬᠤᠷᠠᠯ ᠬᠢᠪᠠ᠃ ᠬᠠᠶᠢᠳᠢᠶᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠤᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠸᠠᠩ ᠾᠧ ᠱᠧᠩ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠵᠢᠶᠦ᠋ᠨ ᠵᠢᠶᠧ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠦ ᠲᠤᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠦᠨ ᠹᠧᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠵᠠᠩ ᠰᠢᠤᠢ ᠳ᠋ᠦᠩ ᠵᠢᠴᠢ ᠬᠤᠶᠠᠷ ᠭᠠᠵᠠᠷ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃ ᠬᠤᠷᠠᠯ ᠢ ᠬᠠᠶᠢᠳᠢᠶᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠵᠢᠶᠦ᠋ᠨ ᠵᠢᠶᠧ ᠡᠷᠭᠢᠯᠡᠵᠡᠶ᠃
   ᠬᠤᠶᠠᠷ ᠲᠠᠯ᠎ᠠ ᠪᠠᠷ ᠢᠶᠠᠨ ᠨᠢᠭᠡ ᠭᠡᠷ ᠤᠨ ᠬᠥᠮᠦᠨ ᠮᠡᠲᠦ ᠬᠠᠯᠠᠭᠤᠨ ᠠᠭᠤᠷ ᠠᠮᠢᠰᠬᠤᠯ ᠤᠨ ᠳᠤᠮᠳᠠ᠂ ᠯᠢ ᠵᠢᠶᠦ᠋ᠨ ᠵᠢᠶᠧ ᠪᠣᠯᠤᠨ ᠸᠠᠩ ᠯᠢ ᠳ᠋ᠦᠩ ᠲᠤᠰ ᠲᠤᠰ ᠬᠠᠶᠢᠳᠢᠶᠠᠨ ᠲᠣᠭᠤᠷᠢᠭ ᠪᠣᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠣᠯᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠢ ᠲᠠᠨᠢᠯᠴᠠᠭᠤᠯᠪᠠ᠃ 2018 ᠣᠨ ᠳᠤ ᠬᠠᠶᠢᠳᠢᠶᠠᠨ ᠲᠣᠭᠤᠷᠢᠭ ᠪᠣᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠠᠪᠰᠤᠷᠤᠨ ᠲᠡᠳᠬᠦᠬᠦ ᠬᠠᠮᠵᠢᠯᠴᠠᠭ᠎ᠠ ᠥᠷᠨᠢᠭᠦᠯᠦᠭᠰᠡᠨ ᠠᠴᠠ ᠨᠠᠭᠠᠰᠢ᠂ ᠬᠤᠶᠠᠷ ᠲᠠᠯ᠎ᠠ ᠪᠠᠷ ᠢᠶᠠᠨ ᠠᠵᠤ ᠦᠢᠯᠡᠰ ᠤᠨ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠬᠠᠪᠰᠤᠷᠤᠨ ᠲᠡᠳᠬᠦᠬᠦ ᠲᠥᠷᠥᠯ ᠵᠤᠶᠢᠯ ᠢ ᠬᠡᠷᠡᠭᠵᠢᠭᠦᠯᠦᠨ᠂ ᠬᠠᠮᠵᠢᠯᠴᠠᠬᠤ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ︽ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠬᠠᠮᠲᠤ ᠪᠠᠷ ᠠᠰᠢᠭ ᠭᠥᠷᠳᠡᠵᠦ ᠬᠥᠭᠵᠢᠬᠦ︾ ᠶᠢ ᠪᠡᠶᠡᠯᠡᠭᠦᠯᠵᠦ᠂ ᠬᠤᠶᠠᠷ ᠭᠠᠵᠠᠷ ᠤᠨ ᠬᠠᠶᠢᠷ᠎ᠠ ᠰᠡᠳᠬᠢᠯᠭᠡ ᠲᠠᠰᠤᠷᠠᠯᠲᠠ ᠥᠬᠡᠶ ᠨᠡᠮᠡᠭᠳᠡᠵᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃    ᠸᠠᠩ ᠾᠧ ᠱᠧᠩ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠥᠬᠡᠶ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠵᠤ᠂ ᠡᠯ᠎ᠡ ᠵᠤᠶᠢᠯ ᠤᠨ ᠠᠵᠢᠯ ᠦᠢᠯᠡᠰ ᠲᠤ ᠰᠢᠯᠢᠳᠡᠭ ᠬᠢᠷᠢ ᠪᠦᠲᠦᠮᠵᠢ ᠣᠯᠤᠭᠰᠠᠨ ᠪᠠᠶᠢᠨ᠎ᠠ᠃ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠬᠠᠶᠢᠳᠢᠶᠠᠨ ᠲᠣᠭᠤᠷᠢᠭ ᠤᠨ ᠬᠢᠨ ︽ᠭᠤᠷᠪᠠ ᠶᠢ ᠪᠠᠲᠤᠯᠠᠬᠤ︾ ︽ᠳᠥᠷᠪᠡ ᠶᠢ ᠰᠠᠯᠭᠠᠬᠤ ᠥᠬᠡᠶ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠪᠰᠤᠷᠤᠨ ᠲᠡᠳᠬᠦᠬᠦ ᠡᠷᠴᠢᠮ ᠢ ᠪᠠᠭᠤᠷᠠᠭᠤᠯᠬᠤ ᠥᠬᠡᠶ᠂ ᠪᠠᠷᠢᠮᠵᠢᠶ᠎ᠠ ᠶᠢ ᠪᠠᠭᠤᠷᠠᠭᠤᠯᠬᠤ ᠥᠬᠡᠶ ᠪᠠᠶᠢᠬᠤ ᠶᠢ ᠪᠠᠲᠤᠯᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠠᠢ ᠬᠠᠮᠲᠤ ᠪᠠᠷ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠬᠠᠶᠢᠳᠢᠶᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠠᠮᠢ ᠠᠬᠤᠶ ᠶᠢᠨ  ᠵᠤᠭᠠᠴᠠᠯ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠪᠠᠯᠠ ᠣᠷᠣᠭᠤᠯᠬᠤ ᠶᠢ ᠢᠳᠡᠪᠬᠢᠲᠡᠶ ᠬᠥᠲᠥᠯᠦᠨ ᠵᠢᠯᠣᠭᠤᠳᠴᠤ᠂ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ᠃ ᠬᠠᠶᠢᠳᠢᠶᠠᠨ ᠲᠣᠭᠤᠷᠢᠭ ᠤᠨ ᠬᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠠᠢ ᠬᠠᠮᠲᠤᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳᠤᠮᠳᠠᠬᠢ ᠰᠠᠶᠢᠨ ᠲᠤᠷᠰᠢᠯᠭ᠎ᠠ ᠶᠢ ᠳ᠋ᠦᠩᠨᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠪᠡᠶᠡᠯᠡᠭᠦᠯᠵᠦ᠂ ᠪᠦᠬᠦ ᠲᠠᠯ᠎ᠠ ᠶᠢᠨ᠂ ᠤᠯᠠᠨ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠮᠢ ᠠᠬᠤᠢ᠂ ᠬᠡᠷᠡᠭᠯᠡᠭᠡ᠂ ᠭᠠᠳᠠᠭᠠᠳᠤ ᠨᠡᠬᠡᠬᠡᠯᠳᠡ᠂ ᠦᠨᠳᠦᠰᠦᠲᠡᠨ ᠤ ᠪᠦᠯᠬᠦᠮᠳᠡᠯ ᠵᠡᠷᠭᠡ ᠲᠠᠯ᠎ᠠ ᠪᠠᠷ ᠬᠢ ᠬᠠᠮᠵᠢᠯᠴᠠᠭ᠎ᠠ ᠪᠠᠨ ᠴᠢᠩᠭᠠᠳᠬᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠨ᠎ᠡ ᠬᠡᠵᠡᠢ᠃    ᠰᠦᠨ ᠱᠦ ᠲᠤᠤ ᠬᠠᠶᠢᠳᠢᠶᠠᠨ ᠲᠣᠭᠤᠷᠢᠭ ᠤᠨ ᠣᠷᠳᠣ ᠬᠤᠭᠤᠴᠠᠭᠠᠨ ᠤ ᠲᠤᠷᠰᠢ ᠪᠠᠯᠠ ᠮᠥᠩᠭᠦ᠂ ᠣᠶᠤᠨ ᠤᠬᠠᠭᠠᠨ᠂ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠰ᠂ ᠬᠡᠷᠡᠭᠯᠡᠭᠡ ᠵᠡᠷᠭᠡ ᠡᠯ᠎ᠡ ᠲᠠᠯ᠎ᠠ ᠪᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠦᠨᠡᠨ ᠰᠡᠳᠬᠢᠯ ᠠᠴᠠ ᠪᠠᠨ ᠳᠡᠮᠵᠢᠯᠭᠡ ᠦᠵᠡᠭᠦᠯᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡᠴᠢᠯᠡᠨ ᠬᠤᠶᠠᠷ ᠭᠠᠵᠠᠷ ᠤᠨ ᠬᠢᠨ ᠥᠪᠡᠷ ᠥᠪᠡᠷ ᠤᠨ ᠳᠠᠪᠠᠭᠤᠯᠢᠭ ᠢᠶᠠᠨ ᠤᠯᠠᠮ ᠴᠢᠨᠠᠭᠰᠢᠳᠠ ᠪᠠᠳᠠᠷᠠᠭᠤᠯᠵᠤ᠂ ᠬᠠᠪᠰᠤᠷᠤᠨ ᠲᠡᠳᠬᠦᠬᠦ ᠶᠢ ᠵᠣᠯᠭᠠᠭᠤᠯᠬᠤ ᠬᠠᠷᠢᠴᠠᠭ᠎ᠠ ᠶᠢ ᠨᠠᠷᠢᠯᠢᠬᠵᠢᠭᠤᠯᠵᠤ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠵᠤᠭᠠᠴᠠᠯ᠂ ᠬᠡᠷᠡᠭᠯᠡᠭᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ ᠳᠠᠬᠢ ᠣᠷᠣᠨ ᠪᠦᠰᠡ ᠠᠯᠤᠰᠯᠠᠨ ᠬᠠᠪᠰᠤᠷᠤᠨ ᠲᠡᠳᠬᠦᠬᠦ ᠬᠠᠮᠲᠤᠷᠠᠯᠴᠠᠭ᠎ᠠ ᠶᠢ ᠢᠳᠡᠪᠬᠢᠲᠡᠶ ᠠᠬᠢᠭᠤᠯᠵᠤ᠂ ᠬᠠᠮᠵᠢᠯᠴᠠᠨ ᠬᠥᠭᠵᠢᠭᠦᠯᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠢ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠦᠨᠡᠨᠬᠦ ᠰᠠᠶᠢᠲᠤᠷ ᠬᠢᠬᠦ ᠲᠤᠬᠠᠢ ᠴᠢᠬᠤᠯᠠ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠦᠷᠭᠦᠯᠵᠢᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠠᠵᠠ ᠲᠣᠬᠢᠶᠠᠯ ᠢ ᠠᠮᠵᠢᠵᠤ᠂ ᠠᠰᠢᠭᠲᠠᠢ ᠪᠠᠶᠢᠳᠠᠯ ᠢ ᠠᠮᠵᠢᠨ ᠤᠷᠤᠭᠰᠢᠯᠠᠵᠤ᠂ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号