ᠰᠦᠨ ᠱᠦ ᠲᠤᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/9/8
   8 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠦ ᠲᠤᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠦᠨ ᠹᠧᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠵᠠᠩ ᠰᠢᠤᠢ ᠳ᠋ᠦᠩ ᠨᠡᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠃
   ᠰᠦᠨ ᠱᠦ ᠲᠤᠤ ᠨᠠᠷ ᠬᠠᠮ ᠵᠠᠭᠤᠴᠢᠯᠠᠭᠤᠷ ᠤᠨ ᠲᠥᠪ ᠤᠨ ᠦᠢᠯᠡᠳᠬᠦ ᠲᠢᠩᠬᠢᠮ᠂ ᠨᠡᠪᠲᠡᠷᠡᠭᠦᠯᠬᠦ ᠲᠠᠰᠤᠭ᠂ ᠳᠠᠭᠤ ᠰᠢᠩᠭᠡᠭᠡᠬᠦ ᠲᠠᠰᠤᠭ᠂ ᠰᠢᠭᠤᠳ ᠨᠡᠪᠳᠡᠷᠡᠭᠦᠯᠬᠡ ᠪᠠᠷ ᠪᠠᠷᠠᠭ᠎ᠠ ᠬᠤᠳᠠᠯᠳᠤᠬᠤ ᠲᠠᠰᠤᠭ ᠢ ᠲᠣᠭᠤᠷᠢᠨ ᠦᠵᠡᠪᠡ᠃ ᠰᠤᠷᠪᠤᠯᠵᠢᠯᠠᠭᠴᠢ ᠶᠢᠨ ᠡᠩᠨᠡᠭᠡᠨ ᠤ ᠳᠤᠮᠳᠠ ᠬᠦᠷᠴᠦ ᠤᠯᠠᠨ ᠲᠠᠢ ᠳᠣᠲᠣᠨᠣ ᠪᠠᠷ ᠶᠠᠷᠢᠯᠴᠠᠵᠤ᠂ ᠰᠤᠷᠪᠤᠯᠵᠢᠯᠠᠨ ᠨᠠᠶᠢᠷᠠᠭᠤᠯᠬᠤ ᠡᠮᠦᠨ᠎ᠡ ᠹᠷᠣᠨᠲ ᠢ ᠪᠠᠲᠤ ᠰᠠᠬᠢᠵᠤ ᠪᠠᠶᠢᠭᠰᠠᠨ ᠰᠣᠨᠢᠨ ᠮᠡᠳᠡᠭᠡᠨ ᠤ ᠰᠤᠷᠪᠤᠯᠵᠢᠯᠠᠭᠴᠢᠳ ᠢ ᠬᠠᠯᠠᠮᠵᠢᠯᠠᠨ ᠲᠣᠬᠤᠨᠢᠭᠤᠯᠵᠤ ᠪᠠᠶᠢᠬᠤ ᠪᠠᠨ ᠢᠯᠡᠳᠬᠡᠵᠦ᠂ ᠤᠯᠠᠨ ᠢ ᠤᠯᠤᠰ ᠲᠦᠷᠦ ᠶᠢᠨ ᠬᠡᠪ ᠪᠣᠯᠪᠠᠰᠤᠷᠠᠯ ᠪᠣᠯᠤᠨ ᠲᠤᠬᠠᠶᠢᠯᠠᠭᠰᠠᠨ ᠠᠵᠢᠯ ᠤᠨ ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠵᠦ᠂ ᠪᠦᠬᠦ ᠬᠤᠰᠢᠭᠤᠨ ᠤ ᠤᠬᠠᠭᠤᠯᠭ᠎ᠠ ᠶᠢᠨ ᠠᠵᠢᠯ ᠳᠤ ᠨᠡᠩ ᠶᠡᠭᠡ ᠦᠢᠯᠡᠳᠦᠯ ᠦᠵᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠪᠠᠨ ᠦᠵᠡᠭᠦᠯᠦᠭᠡᠷᠡᠢ ᠭᠡᠵᠦ ᠵᠣᠷᠢᠭᠵᠢᠭᠤᠯᠪᠠ᠃ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠬᠠᠷᠢᠭᠤᠴᠠᠯᠭᠠᠲᠠᠳ ᠵᠠᠭᠤᠴᠢᠯᠠᠭᠤᠷ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ᠂ ᠳᠠᠮᠵᠢᠭᠤᠯᠭ᠎ᠠ ᠶᠢᠨ ᠵᠢᠭᠰᠠᠭᠠᠯ ᠤᠨ ᠥᠷᠭᠡᠳᠬᠡᠯ᠂ ᠬᠠᠮ ᠵᠠᠭᠤᠴᠢᠯᠠᠭᠤᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠪᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠵᠡᠷᠭᠡ ᠣᠯᠠᠨ ᠲᠠᠯ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠬᠢᠵᠡᠶ᠃    ᠰᠦᠨ ᠱᠦ ᠲᠤᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠡᠯ᠎ᠡ ᠵᠦᠢᠯ ᠤᠨ ᠠᠵᠢᠯ ᠢ ᠨᠤᠲᠠᠯᠠᠨ ᠵᠣᠷᠢᠭᠵᠢᠭᠤᠯᠬᠤ ᠶᠢᠨ ᠬᠠᠮᠲᠤ᠂ ᠬᠠᠮ ᠵᠠᠭᠤᠴᠢᠯᠠᠭᠤᠷ ᠤᠨ ᠲᠥᠪ ᠤᠨ ᠪᠦᠬᠦ ᠺᠠᠳ᠋ᠷ ᠠᠵᠢᠯᠲᠠᠳ ︽ᠨᠠᠮ ᠤᠨ ᠵᠠᠭᠤᠴᠢᠯᠠᠭᠤᠷ ᠨᠠᠮ ᠳᠠᠭᠠᠨ ᠦᠢᠯᠡᠴᠢᠯᠡᠬᠦ︾ ᠤᠢᠢᠯᠠᠭᠠᠭᠳᠠᠬᠤᠨ ᠢ ᠦᠷᠭᠦᠯᠵᠢᠯᠡᠨ ᠪᠠᠲᠤ ᠪᠤᠢ ᠪᠣᠯᠭᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠳᠠᠭᠤᠨ ᠬᠤᠭᠤᠯᠠᠢ︾ ᠶᠢᠨ ᠦᠢᠯᠡᠳᠦᠯ ᠢᠶᠠᠨ ᠪᠠᠳᠠᠷᠠᠭᠤᠯᠵᠤ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ᠂ ᠨᠥᠯᠥᠭᠡᠯᠡᠬᠦ ᠬᠦᠴᠦᠨ ᠲᠠᠢ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ᠂ ᠤᠯᠠᠨ ᠲᠦᠮᠡᠨ ᠢ ᠨᠡᠩ ᠰᠠᠶᠢᠲᠤᠷ ᠬᠦᠳᠦᠯᠦᠨ ᠵᠢᠯᠣᠭᠤᠳᠴᠤ᠂ ᠤᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠦᠴᠦᠷᠬᠡᠭ ᠶᠡᠭᠡ ᠬᠦᠳᠦᠯᠦᠨ ᠳᠠᠭᠠᠭᠤᠯᠬᠤ ᠬᠦᠴᠦᠨ᠂ ᠳᠠᠮᠵᠢᠭᠤᠯᠬᠤ ᠬᠦᠴᠦᠨ᠂ ᠨᠥᠯᠥᠭᠡᠯᠡᠬᠦ ᠬᠦᠴᠦᠨ ᠲᠠᠢ ᠰᠢᠨ᠎ᠡ ᠬᠡᠯᠪᠡᠷᠢ ᠶᠢᠨ ᠭᠤᠣᠯ ᠵᠠᠭᠤᠴᠢᠯᠠᠭᠤᠷ ᠢ ᠪᠠᠶᠢᠭᠤᠯᠬᠤ ᠬᠡᠷᠡᠭᠲᠡᠢ᠃ ᠬᠠᠮ ᠵᠠᠭᠤᠴᠢᠯᠠᠭᠤᠷ ᠤᠨ ᠴᠠᠭ ᠦᠶ᠎ᠡ ᠶᠢᠨ ᠬᠥᠭᠵᠢᠯᠲᠡ ᠶᠢᠨ ᠶᠡᠭᠡ ᠬᠠᠨᠳᠤᠰᠢ ᠳᠤ ᠢᠳᠡᠪᠬᠢᠲᠡᠶ ᠵᠣᠬᠢᠴᠠᠵᠤ᠂ ᠵᠠᠭᠤᠴᠢᠯᠠᠭᠤᠷ ᠤᠨ ᠠᠭᠤᠰᠤᠯᠴᠠᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠳᠣᠲᠣᠭᠠᠳᠤ ᠭᠠᠳᠠᠭᠠᠳᠤ ᠶᠢᠨ ᠤᠬᠠᠭᠤᠯᠭ᠎ᠠ ᠮᠡᠳᠡᠭᠡᠯᠡᠯ ᠤᠨ ᠡᠷᠴᠢᠮ ᠢ ᠴᠢᠩᠭᠠᠷᠠᠭᠤᠯᠵᠤ᠂ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠠᠮ ᠤᠨ ᠲᠠᠭᠤᠨ ᠢ ᠤᠯᠠᠮᠵᠢᠯᠠᠨ᠂ ᠡᠮᠦᠨᠡᠲᠦ ᠬᠤᠰᠢᠭᠤᠨ ᠤ ᠥᠯᠢᠭᠡᠷ ᠢ ᠰᠠᠶᠢᠲᠤᠷ ᠶᠠᠷᠢᠵᠤ᠂ ᠪᠥᠬᠦ ᠬᠤᠰᠢᠭᠤᠨ ᠤ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠬᠡᠵᠡᠢ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号