ᠬᠡᠷᠡᠭᠯᠡᠭᠡ ᠬᠢᠬᠦ ᠳᠡᠭᠡᠨ ᠪᠠᠷᠢᠮᠳᠠ ᠠᠪᠬᠤ ᠪᠠᠨ ᠪᠢᠳᠡᠭᠡᠢ ᠮᠠᠷᠳᠠᠭᠠᠷᠠᠢ
ᠨᠡᠶᠢᠲᠡᠯᠡᠭᠰᠡᠨ ᠴᠠᠭ᠄
2021/9/9
   ᠶᠡᠷᠦᠨᠢ ᠬᠡᠷᠡᠭᠯᠡᠭᠴᠢᠳ ᠬᠡᠷᠡᠭᠯᠡᠭᠡ ᠬᠢᠬᠦ ᠳᠡᠭᠡᠨ ᠡᠵᠡᠩᠨᠡᠯᠳᠡ ᠬᠢᠵᠥ ᠪᠠᠶᠢᠭ᠎ᠠ ᠡᠳᠡᠭᠡᠳ ᠠᠴᠠ ᠪᠠᠷᠢᠮᠳᠠ ᠠᠪᠬᠤ ᠪᠤᠯ ᠵᠦᠢ ᠶᠤᠰᠤᠨ ᠤ ᠤᠴᠢᠷ᠃ ᠬᠡᠳᠡᠯ᠎ᠠ ᠡᠳᠤᠷ ᠳᠤᠳᠤᠮ ᠤᠨ ᠠᠮᠢᠳᠤᠷᠠᠯ ᠳᠤᠮᠳᠠ ᠡᠶᠢᠮᠤ ᠵᠦᠢ ᠶᠤᠰᠤᠨ ᠤ ᠤᠴᠢᠷ ᠨᠢ ᠬᠠᠷᠢᠨ ᠬᠡᠪ ᠢᠶᠠᠨ ᠠᠯᠳᠠᠵᠥ᠂ ᠬᠦᠮᠤᠰ ᠬᠡᠷᠡᠭᠯᠡᠭᠡ ᠬᠢᠭᠰᠡᠨ ᠪᠠᠷᠢᠮᠳᠠ ᠠᠪᠬᠤ ᠭᠡᠭᠰᠡᠭᠡᠷ ᠯᠠ ᠡᠵᠡᠩᠨᠡᠭᠴᠢᠳ ᠡᠯᠳᠡᠪ ᠤᠬᠠᠭᠠᠨ ᠭᠠᠷᠭᠠᠵᠥ ᠠᠯᠢ ᠴᠢᠳᠠᠬᠤ ᠪᠠᠷ ᠪᠠᠷᠢᠮᠳᠠ ᠦᠭᠬᠦ ᠦᠭᠡᠢ ᠪᠠᠷ ᠤᠷᠤᠯᠳᠤᠳᠠᠬ᠃ ᠵᠢᠱᠢᠶᠠᠯᠠᠪᠠᠯ᠂ ᠤᠳᠤᠬᠠᠨ ᠳᠠᠭᠠᠨ ᠪᠠᠷᠢᠮᠳᠠ ᠪᠠᠶᠢᠬᠤ ᠦᠭᠡᠢ᠂ ᠠᠪᠴᠢᠷᠠᠬᠰᠠᠨ ᠨᠡᠮᠡᠭᠳᠡᠯ ᠦᠷᠳᠡᠭ ᠤᠨ ᠭᠠᠶᠢᠯᠢ ᠶᠢᠨ ᠪᠠᠷᠢᠮᠳᠠ ᠪᠠᠨ ᠬᠡᠷᠡᠭᠯᠡᠭᠡᠳ ᠪᠠᠷᠠᠴᠢᠬᠠᠬᠰᠠᠨ ᠬᠡᠮᠡᠨ ᠰᠢᠯᠳᠠᠬᠯᠠᠵᠥ᠂ ᠵᠠᠪᠠᠯ ᠪᠠᠷᠢᠮᠳᠠ ᠠᠪᠬᠤ ᠴᠢᠬᠤᠯᠠ ᠲᠠᠢ ᠪᠤᠯ ᠬᠡᠳᠤᠨ ᠡᠳᠤᠷ ᠤᠨ ᠳᠠᠷᠠᠭ᠎ᠠ ᠢᠷᠡᠵᠥ ᠠᠪ ᠬᠡᠮᠡᠨ ᠰᠠᠶᠢᠬᠠᠨ ᠢᠶᠠᠷ ᠴᠢᠮᠠᠢᠢ ︽ᠳᠦᠯᠬᠢᠭᠡᠳ ᠶᠠᠪᠤᠭᠤᠯᠴᠢᠬᠠᠳᠠᠬ︾︔ ᠪᠠᠰᠠ ᠵᠠᠷᠢᠮ ᠨᠢ ᠪᠠᠷᠢᠮᠳᠠ ᠠᠪᠬᠤ ᠳᠤ ᠬᠦᠷᠪᠡᠯ ᠴᠢᠨᠤ ᠠᠪᠤᠬᠰᠠᠨ ᠪᠠᠷᠠᠭᠠᠨ ᠤ ᠦᠨ᠎ᠠ ᠴᠢᠨᠢ ᠤᠳᠤ ᠶᠢᠨ ᠡᠨᠡ ᠦᠨ᠎ᠠ ᠪᠢᠰᠢ᠂ ᠳᠡᠭᠡᠷ᠎ᠠ ᠨᠢ ᠭᠠᠶᠢᠯᠢ ᠶᠢᠨ ᠰᠦᠢᠳᠭᠡᠯ ᠢ ᠨᠡᠮᠡᠨ᠎ᠠ ᠭᠡᠬᠦ ᠮᠡᠳᠤ ᠪᠠᠷ ᠪᠠᠷᠢᠮᠳᠠ ᠠᠪᠤᠬᠰᠠᠳ ᠢ ᠭᠠᠷᠳᠠᠭᠠᠳᠠᠬ᠃ ᠦᠨᠡᠨᠳᠡᠭᠡᠨ ᠡᠨᠡ ᠪᠤᠯ ᠵᠦᠢ ᠶᠤᠰᠤᠨ ᠳᠤ ᠨᠡᠶᠢᠴᠡᠬᠦ ᠦᠭᠡᠢ ᠶᠤᠮ᠃ ᠡᠨᠡ ᠳᠤᠬᠠᠢ ︽ᠬᠡᠷᠡᠭᠯᠡᠭᠴᠢᠳ ᠤᠨ ᠡᠷᠭᠡ ᠠᠰᠢᠬ ᠢ ᠬᠠᠮᠠᠭᠠᠯᠠᠬᠤ ᠬᠠᠤᠯᠢ︾ ᠳᠤ᠂ ᠡᠵᠡᠩᠨᠡᠭᠴᠢᠳ ᠪᠠᠷᠠᠭ᠎ᠠ ᠬᠤᠳᠠᠯᠳᠤᠬᠰᠠᠨ ᠪᠠᠷᠢᠮᠳᠠ ᠪᠤᠶᠤ ᠦᠢᠯᠡᠴᠢᠯᠡᠭᠡ ᠬᠢᠭᠰᠡᠨ ᠪᠠᠷᠢᠮᠳᠠ ᠭᠠᠷᠭᠠᠵᠥ ᠦᠭᠬᠦ ᠡᠭᠦᠷᠭᠡ ᠲᠠᠢ᠂ ᠬᠡᠷᠡᠭᠯᠡᠭᠴᠢᠳ ᠠᠴᠠ ᠬᠤᠳᠠᠯᠳᠤᠨ ᠠᠪᠤᠬᠰᠠᠨ ᠪᠤᠶᠤ ᠦᠢᠯᠡᠴᠢᠯᠡᠭᠡᠨ ᠤ ᠪᠠᠷᠢᠮᠳᠠ ᠠᠪᠬᠤ ᠭᠡᠪᠡᠯ ᠡᠵᠡᠩᠨᠡᠭᠴᠢᠳ ᠳᠡᠪᠴᠢᠵᠥ ᠪᠤᠯᠬᠤ ᠦᠭᠡᠢ ᠭᠡᠵᠥ ᠳᠤᠳᠤᠷᠬᠠᠢ ᠳᠤᠬᠳᠠᠭᠠᠬᠰᠠᠨ ᠪᠠᠶᠢᠳᠠᠬ᠃ ᠭᠡᠷᠡᠭᠯᠡᠭᠡ ᠬᠢᠭᠰᠡᠨ ᠪᠠᠷᠢᠮᠳᠠ ᠪᠤᠯ ᠡᠵᠡᠩᠨᠡᠭᠴᠢᠳ ᠤᠨ ᠬᠠᠷᠢᠭᠤᠴᠠᠯᠭ᠎ᠠ ᠪᠠᠨ ᠡᠭᠦᠷᠭᠡᠯᠡᠬᠦ‍ ᠨᠢᠭᠡ ᠵᠦᠢᠯ ᠤᠨ ᠴᠢᠬᠤᠯᠠ ᠭᠡᠷᠡᠴᠢ ᠪᠠᠷᠢᠮᠳᠠ ᠪᠤᠯᠬᠤ ᠶᠤᠮ᠂ ᠳᠡᠶᠢᠮᠤ ᠠᠴᠠ ᠪᠠᠷᠢᠮᠳᠠ ᠪᠤᠯ ᠡᠵᠡᠩᠨᠡᠭᠴᠢᠳ ᠤᠨ ᠬᠦᠢᠴᠡᠳᠭᠡᠪᠡᠰᠤ ᠵᠤᠬᠢᠬᠤ ᠡᠭᠦᠷᠭᠡ ᠮᠦᠨ᠃ ᠬᠡᠷᠡᠭᠯᠡᠭᠡ ᠬᠢᠭᠰᠡᠨ ᠪᠠᠷᠢᠮᠳᠠ ᠠᠪᠬᠤ ᠪᠤᠯ ᠬᠡᠷᠡᠭᠯᠡᠭᠴᠢᠳ ᠤᠨ ᠬᠠᠤᠯᠢ ᠶᠤᠰᠤᠨ ᠤ ᠡᠷᠭᠡ ᠮᠦᠨ᠂ ᠮᠦᠨᠴᠤ ᠬᠡᠷᠡᠭᠯᠡᠭᠴᠢᠳ ᠤᠨ ᠬᠡᠷᠡᠭᠯᠡᠭᠡ ᠬᠢᠬᠦ ᠶᠠᠪᠤᠴᠠ ᠳᠤ ᠵᠠᠰᠠᠬ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠡ ᠪᠤᠯᠤᠨ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ᠳᠡᠮᠵᠢᠯᠭᠡ ᠨᠤᠳᠠᠯᠠᠯᠳᠠ ᠶᠢ ᠣᠯᠬᠤ ᠴᠤᠷ ᠤᠨ ᠭᠠᠭᠴᠠ ᠪᠠᠷᠢᠮᠳᠠ ᠪᠤᠯᠬᠤ ᠶᠤᠮ᠃ ᠡᠶᠢᠨᠬᠦ ᠬᠡᠷᠡᠭᠯᠡᠭᠴᠢᠳ ᠮᠠᠨᠢ ᠬᠤᠭᠤᠯᠠᠨ ᠭᠡᠷ᠂ ᠬᠤᠳᠠᠯᠳᠤᠭ᠎ᠠ ᠳᠡᠯᠭᠡᠭᠦᠷ ᠭᠡᠰᠡᠨ ᠦᠭᠡᠢ ᠶᠠᠮᠠᠷ ᠨᠢᠭᠡᠨ ᠭᠠᠵᠠᠷ ᠶᠠᠮᠠᠷ ᠶᠠᠩᠵᠥ ᠶᠢᠨ ᠬᠡᠷᠡᠭᠯᠡᠭᠡ ᠬᠢᠭᠰᠡᠨ ᠴᠤ ᠪᠠᠷᠢᠮᠳᠠ ᠠᠪᠬᠤ ᠪᠠᠨ ᠪᠤᠤ ᠮᠠᠷᠳᠠᠭᠠᠷᠠᠢ᠂ ᠡᠨᠡ ᠪᠤᠯ ᠳᠠ ᠪᠢᠳᠠᠨ ᠤ ᠬᠠᠤᠯᠢ ᠶᠤᠰᠤᠨ ᠤ ᠡᠷᠭᠡ ᠶᠤᠮ᠂ ᠢᠩᠭᠢᠪᠡᠯ ᠰᠠᠶ᠋ᠢ ᠦᠪᠡᠷ ᠤᠨ ᠡᠷᠭᠡ ᠠᠰᠢᠬ ᠢᠶᠠᠨ ᠬᠠᠮᠠᠭᠠᠯᠠᠵᠥ ᠴᠢᠳᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号