ᠲᠠᠷᠢᠶᠠᠴᠢᠳ ᠤᠨ ᠠᠮᠢᠳᠤᠷᠠᠯ ᠤᠨ ᠳᠠᠳᠬᠠᠯ ᠪᠠ ᠬᠡᠷᠡᠭᠯᠡᠭᠡᠨ ᠤ ᠤᠨᠴᠠᠯᠢᠭ
ᠨᠡᠶᠢᠲᠡᠯᠡᠭᠰᠡᠨ ᠴᠠᠭ᠄
2021/9/9
   ᠤᠢᠢᠷ᠎ᠠ ᠶᠢᠨ ᠵᠢᠯ ᠲᠠᠷᠢᠶᠠᠴᠢᠳ ᠤᠨ ᠬᠡᠷᠡᠭᠯᠡᠭᠡᠨ ᠤ ᠦᠵᠡᠯᠲᠡ ᠳᠤ ᠶᠡᠭᠡ ᠬᠤᠪᠢᠷᠠᠯᠲᠠ ᠭᠠᠷᠤᠭᠰᠠᠨ ᠪᠤᠯᠪᠠᠴᠤ ᠲᠠᠷᠢᠶᠠᠴᠢᠳ ᠤᠨ ᠡᠯ᠎ᠡ ᠵᠦᠢᠯ ᠤᠨ ᠬᠡᠷᠡᠭᠯᠡᠭᠡ ᠶᠢᠨ ᠪᠠᠶᠢᠳᠠᠯ ᠮᠦᠨ ᠲᠡᠩᠴᠡᠭᠦᠷᠢ ᠦᠭᠡᠢ ᠪᠠᠶᠢᠭᠰᠠᠭᠠᠷ᠃ ᠲᠤᠤᠷᠠᠬᠢ ᠪᠤᠯ ᠰᠤᠷᠪᠤᠯᠵᠢᠯᠠᠬᠴᠢ ᠲᠠᠷᠢᠶᠠᠴᠢᠳ ᠤᠨ ᠬᠡᠷᠡᠭᠯᠡᠭᠡᠨ ᠤ ᠲᠤᠬᠠᠢ ᠰᠤᠷᠪᠤᠯᠵᠢᠯᠠᠬᠰᠠᠨ ᠦᠵᠡᠯᠲᠡ ᠲᠦᠷᠦᠭᠳᠡᠯ ᠪᠤᠯᠤᠨ᠎ᠠ᠃    ᠨᠢᠭᠡ᠂ ᠪᠤᠳᠠᠰ ᠢ ᠴᠢᠬᠤᠯᠠᠴᠢᠯᠠᠨ ᠤᠶᠤᠨ ᠢ ᠤᠮᠳᠤᠭᠠᠢᠢᠯᠠᠵᠤ ᠪᠤᠢ᠃ ᠲᠠᠷᠢᠶᠠᠴᠢᠳ ᠤᠨ ᠤᠷᠤᠯᠭ᠎ᠠ ᠨᠡᠮᠡᠭᠳᠡᠭᠦ ᠶᠢ ᠳᠠᠭᠠᠯᠳᠤᠨ ᠲᠠᠷᠢᠶᠠᠴᠢᠳ ᠤᠨ ᠪᠤᠳᠠᠰ ᠤᠨ ᠬᠡᠷᠡᠭᠯᠡᠭᠡᠨ ᠤ ᠴᠢᠳᠠᠪᠤᠷᠢ ᠨᠡᠶᠢᠳᠡᠮ ᠲᠡᠭᠡᠭᠰᠢᠯᠡᠵᠦ᠂ ᠮᠠᠰᠢᠨ ᠲᠡᠷᠭᠡ ᠬᠤᠳᠠᠯᠳᠤᠨ ᠠᠪᠬᠤ ᠨᠢ ᠨᠢᠭᠡᠨᠲᠡ ᠰᠤᠨᠢᠨ ᠶᠠᠪᠤᠳᠠᠯ ᠪᠢᠰᠢ ᠪᠤᠯᠵᠠᠢ᠃ ᠭᠡᠪᠡᠴᠦ ᠤᠶᠤᠨ ᠤ ᠬᠡᠷᠡᠭᠯᠡᠭᠡᠨ ᠤ ᠲᠦᠪᠰᠢᠨ ᠮᠦᠨ ᠲᠤᠩ ᠲᠤᠤᠷ᠎ᠠ ᠪᠠᠶᠢᠨ᠎ᠠ᠃ ᠺᠢᠨᠣ᠋ ᠦᠵᠡᠬᠦ ᠲᠤᠬᠠᠢ ᠶᠠᠷᠢᠬᠤ ᠳᠤ᠂ ᠲᠠᠷᠢᠶᠠᠴᠢᠳ ᠨᠢᠭᠡ ᠺᠢᠨᠣ᠋ ᠦᠵᠡᠭᠦ ᠳᠤ ᠭᠡᠳᠦᠨ ᠠᠷᠪᠠᠨ ᠲᠦᠭᠦᠷᠢᠭ ᠬᠡᠷᠡᠭᠯᠡᠬᠦ ᠶᠢ ᠰᠤᠨᠤᠰᠤᠭᠠᠳ ᠳᠠᠭᠤ ᠠᠯᠳᠠᠵᠤ ᠪᠠᠶᠢᠪᠠ᠃ ᠤᠯᠠᠩᠬᠢ ᠲᠠᠷᠢᠶᠠᠴᠢᠳ ᠤᠨ ᠦᠵᠡᠬᠦ ᠪᠠᠷ᠂ ᠪᠤᠳᠠᠰ ᠤᠨ ᠬᠡᠷᠡᠭᠯᠡᠭᠡ ᠨᠢ ᠨᠢᠳᠤᠨ ᠳᠤ ᠦᠵᠡᠭᠳᠡᠵᠦ ᠭᠠᠷ ᠲᠤ ᠪᠠᠷᠢᠭᠳᠠᠬᠤ ᠶᠠᠭᠤᠮ᠎ᠠ ᠪᠠᠶᠢᠵᠤ᠂ ᠤᠶᠤᠨ ᠤ ᠬᠡᠷᠡᠭᠯᠡᠭᠡ ᠬᠢᠬᠦ ᠨᠢ ᠬᠡᠢ ᠬᠤᠭᠤᠰᠤᠨ ᠶᠠᠭᠤᠮ᠎ᠠ ᠪᠠᠶᠢᠵᠤ ᠵᠤᠭᠤᠰ ᠢᠶᠠᠨ ᠰᠦᠢᠳᠭᠡᠵᠦ ᠪᠠᠶᠢᠭ᠎ᠠ ᠶᠠᠪᠤᠳᠠᠯ ᠮᠦᠨ᠃ ᠡᠶᠢᠮᠦ ᠠᠴᠠ ᠲᠠᠷᠢᠶᠠᠴᠢᠳ ᠬᠤᠲᠠ ᠤᠷᠤᠵᠤ ᠵᠦᠢᠯ ᠪᠦᠷᠢ ᠶᠢᠨ ᠡᠳ᠋ᠯᠠᠯ ᠬᠡᠷᠡᠭᠰᠡᠯ ᠢ ᠬᠤᠳᠠᠯᠳᠤᠨ ᠠᠪᠬᠤ ᠠᠴᠠ ᠪᠢᠰᠢ᠂ ᠺᠢᠨᠤ᠋ ᠦᠵᠡᠵᠦ ᠲᠤᠭᠤᠷᠢᠵᠤ ᠨᠠᠭᠠᠳᠬᠤ ᠨᠢ ᠴᠦᠬᠡᠨ᠃ ᠦᠨᠡᠨᠳᠡᠭᠡᠨ ᠤᠶᠤᠨ ᠤ ᠬᠡᠷᠡᠭᠯᠡᠭᠡ ᠨᠢ ᠴᠤ ᠲᠤᠩ ᠴᠢᠬᠤᠯᠠ ᠶᠤᠮ᠃    ᠬᠤᠶᠠᠷ᠂ ᠭᠡᠷ ᠪᠠᠷᠢᠯᠭ᠎ᠠ ᠶᠢ ᠴᠢᠬᠤᠯᠠᠴᠢᠯᠠᠨ ᠢᠳᠡᠭᠡᠨ ᠤᠮᠳᠠᠭᠠᠨ ᠢ ᠤᠮᠳᠤᠭᠠᠢᠢᠯᠠᠳᠠᠭ᠃ ᠮᠢᠨᠦ ᠨᠢᠭᠡᠨ ᠰᠠᠲᠤᠨ ᠤ ᠬᠢᠨ ᠠᠮᠢᠳᠤᠷᠠᠯ ᠪᠠᠷᠤᠭᠲᠠᠢ᠃ ᠭᠡᠪᠡᠴᠦ ᠰᠢᠨ᠎ᠡ ᠪᠠᠶᠢᠰᠢᠩ ᠪᠠᠷᠢᠬᠤ ᠶᠢᠨ ᠲᠦᠯᠦᠭᠡ ᠬᠡᠳᠦᠨ ᠵᠢᠯ ᠢᠳᠡᠵᠦ ᠤᠤᠭᠤᠬᠤ ᠪᠠᠨ ᠶᠡᠭᠡ ᠠᠷᠪᠢᠯᠠᠵᠤ᠂ ᠬᠡᠳᠦᠨ ᠡᠳᠦᠷ ᠢᠶᠠᠷ ᠵᠠᠯᠭᠠᠨ ᠮᠢᠬ᠎ᠠ ᠲᠤᠰᠤ ᠲᠠᠢ ᠨᠤᠭᠤᠭ᠎ᠠ ᠬᠢᠵᠦ ᠢᠳᠡᠳᠡᠭ ᠦᠭᠡᠢ᠃ ᠲᠡᠳᠠᠨ ᠤ ᠬᠡᠯᠡᠬᠦ ᠪᠠᠷ᠂ ᠰᠠᠭᠤᠬᠤ ᠭᠡᠷ ᠨᠢ ᠰᠠᠶᠢᠬᠠᠨ ᠪᠤᠯ ᠬᠦᠦ ᠨᠢ ᠪᠡᠷᠢ ᠤᠯᠬᠤ ᠳᠤ ᠬᠢᠯᠪᠡᠷ ᠭᠡᠨ᠎ᠡ᠃ ᠡᠨᠡ ᠪᠤᠯ ᠨᠢᠭᠡ ᠵᠦᠢᠯ ᠤᠨ ᠦᠵᠡᠭᠳᠡᠯ ᠲᠡᠳᠦᠢ᠃ ᠭᠡᠪᠡᠴᠦ ᠤᠳᠤᠬᠠᠨ ᠳᠤ ᠲᠠᠷᠢᠶᠠᠴᠢᠳ ᠭᠡᠷ ᠪᠠᠶᠢᠰᠢᠩ ᠢᠶᠠᠨ ᠵᠠᠰᠠᠵᠤ ᠴᠢᠮᠡᠬᠦ ᠳᠤ ᠶᠡᠭᠡ ᠵᠤᠭᠤᠰ ᠵᠠᠷᠤᠴᠠᠭᠤᠯᠵᠤ᠂ ᠢᠳᠡᠬᠦ ᠲᠡᠭᠡᠷ᠎ᠡ ᠴᠠᠳᠬᠤ ᠶᠢ ᠯᠡ ᠡᠷᠬᠢᠮᠯᠡᠭᠡᠳ᠂ ᠰᠢᠮ᠎ᠡ ᠲᠡᠵᠢᠭᠡᠯ ᠢ ᠡᠷᠬᠢᠮᠯᠡᠳᠡᠭ ᠨᠢ ᠴᠦᠬᠡᠨ᠃ ᠦᠨᠡᠨᠳᠡᠭᠡᠨ ᠰᠢᠮ᠎ᠡ ᠲᠡᠵᠢᠭᠡᠯ ᠢ ᠡᠷᠬᠢᠮᠯᠡᠬᠦ ᠨᠢ ᠨᠢᠭᠡ ᠬᠦᠮᠦᠨ ᠤ ᠡᠷᠡᠭᠦᠯ ᠴᠠᠬᠢᠷᠠᠭ ᠲᠠᠢ ᠨᠢᠭᠲᠠ ᠬᠤᠯᠪᠤᠭᠳᠠᠭᠰᠠᠨ ᠶᠠᠪᠤᠳᠠᠯ ᠪᠤᠯᠤᠨ᠎ᠠ᠃    ᠭᠤᠷᠪᠠ᠂ ᠤᠷᠢᠳᠴᠢᠯᠠᠨ ᠭᠡᠷᠡᠭᠯᠡᠭᠡ ᠬᠢᠭᠦ ᠵᠠᠩᠰᠢᠯ ᠦᠭᠡᠢ᠃ ᠮᠡᠷᠭᠡᠵᠢᠯᠲᠡᠳ ᠤᠨ ᠪᠤᠳᠤᠵᠤ ᠨᠤᠲᠠᠯᠠᠭᠰᠠᠨ ᠢᠶᠠᠷ ᠂ ᠵᠦᠢ ᠵᠤᠬᠢᠰᠲᠠᠢ ᠪᠠᠷ ᠤᠷᠢᠳᠡᠪᠡᠷ ᠬᠡᠷᠡᠭᠯᠡᠭᠡ ᠬᠢᠬᠦ ᠨᠢ ᠨᠡᠶᠢᠭᠡᠮ ᠤᠨ ᠬᠦᠭᠵᠢᠯᠲᠡ ᠪᠡ ᠬᠦᠮᠦᠰ ᠤᠨ ᠠᠮᠢᠳᠤᠷᠠᠯ ᠤᠨ ᠲᠡᠭᠡᠭᠰᠢᠯᠡᠯᠲᠡ ᠳᠤ ᠢᠳᠡᠪᠬᠢ ᠦᠢᠯᠡᠳᠦᠯ ᠲᠠᠢ ᠪᠠᠶᠢᠳᠠᠭ᠃ ᠭᠡᠪᠡᠴᠦ ᠲᠠᠷᠢᠶᠠᠴᠢᠳ ᠠᠷᠪᠢᠯᠠᠨ ᠭᠠᠮᠨᠠᠬᠤ ᠡᠷᠬᠢᠮ ᠲᠡᠭᠡᠲᠦ ᠤᠯᠠᠮᠵᠢᠯᠠᠯ ᠲᠠᠢ ᠪᠠ ᠵᠤᠭᠤᠰ ᠮᠦᠩᠭᠦ ᠲᠤᠲᠠᠭᠳᠠᠵᠤ ᠶᠠᠳᠠᠭᠤ ᠵᠦᠳᠡᠭᠦᠦ ᠠᠮᠢᠳᠤᠷᠠᠭᠰᠠᠨ ᠰᠢᠯᠲᠠᠭᠠᠨ ᠠᠴᠠ ᠪᠤᠯᠵᠤ᠂ ᠤᠷᠢᠳᠡᠪᠡᠷ ᠬᠡᠷᠡᠭᠯᠡᠭᠡ ᠬᠢᠬᠦ ᠨᠢ ᠴᠦᠭᠡᠨ ᠪᠠᠶᠢᠳᠠᠭ᠃ ᠲᠠᠷᠢᠶᠠᠴᠢᠳ ᠢ ᠰᠤᠷᠪᠤᠯᠵᠢᠯᠠᠬᠤ ᠲᠤᠮᠳᠠ ᠤᠢᠢᠯᠠᠭᠠᠭᠰᠠᠨ ᠢᠶᠠᠷ᠂ ᠬᠤᠵᠢᠮ ᠮᠠᠷᠭᠠᠰᠢ ᠶᠠᠮᠠᠷ ᠨᠢᠭᠡᠨ ᠶᠠᠪᠤᠳᠠᠯ ᠲᠤᠬᠢᠶᠠᠯᠳᠤᠬᠤ ᠮᠠᠭᠠᠳ ᠭᠡᠳ ᠤᠳᠤ ᠬᠡᠰᠡᠭ ᠵᠤᠭᠤᠰ ᠪᠠᠶᠢᠬᠤ ᠪᠤᠯᠪᠠᠴᠤ ᠵᠤᠷᠢᠭᠲᠠᠢ ᠬᠡᠷᠡᠭᠯᠡᠭᠡ ᠬᠢᠬᠦ ᠦᠭᠡᠢ᠂ ᠬᠤᠵᠢᠮ ᠢ ᠪᠤᠳᠤᠨ ᠪᠠᠭ᠎ᠠ ᠪᠠᠭ᠎ᠠ ᠪᠠᠷ ᠬᠠᠳᠠᠭᠠᠯᠠᠳᠠᠭ᠃ ᠨᠡᠩ ᠵᠤᠭᠤᠰ ᠵᠢᠭᠡᠯᠡᠵᠦ ᠪᠠᠶᠢᠭᠠᠳ ᠬᠡᠷᠡᠭᠯᠡᠭᠡ ᠬᠢᠬᠦ ᠨᠢ ᠲᠤᠩ ᠴᠦᠭᠡᠨ ᠪᠠᠶᠢᠳᠠᠭ᠃ ᠵᠠᠷᠢᠮ ᠦᠶ᠎ᠡ ᠳᠤ ᠵᠤᠭᠤᠰ ᠵᠢᠭᠡᠯᠡᠵᠦ ᠪᠠᠶᠢᠭᠠᠳ ᠬᠡᠷᠡᠭᠯᠡᠭᠡ ᠬᠢᠬᠦ ᠨᠢ ᠭᠠᠴᠢᠭᠳᠠᠭᠰᠠᠨ ᠪᠠᠶᠢᠳᠠᠯ ᠪᠤᠶᠤ ᠦᠢᠯᠡᠳᠪᠦᠷᠢᠯᠡᠯ ᠤᠨ ᠱᠠᠭᠠᠷᠳᠠᠯᠭ᠎ᠠ ᠠᠴᠠ ᠪᠤᠯᠤᠭᠰᠠᠨ ᠬᠡᠷᠡᠭᠯᠡᠭᠡ ᠲᠡᠳᠦᠢ᠃    ᠲᠦᠷᠪᠡ᠂ ᠤᠷᠤᠨ ᠲᠤᠭ᠎ᠠ ᠶᠢ ᠡᠷᠬᠢᠮᠯᠡᠨ ᠶᠠᠰᠤ ᠴᠢᠨᠠᠷ ᠢ ᠤᠮᠳᠤᠭᠠᠢᠢᠯᠠᠳᠠᠭ᠃ ᠮᠢᠨᠦ ᠨᠢᠭᠡᠨ ᠲᠠᠷᠢᠶᠠᠴᠢᠨ ᠨᠠᠶᠢᠵᠠ ᠶᠢᠨ ᠠᠮᠢᠳᠤᠷᠠᠯ ᠨᠢ ᠨᠠᠯᠢᠶᠠᠳ ᠵᠦᠭᠡᠷ᠂ ᠭᠡᠷ ᠲᠡᠭᠡᠨ ᠡᠯᠳᠡᠪ ᠵᠦᠢᠯ ᠤᠨ ᠭᠡᠷ ᠤᠨ ᠴᠠᠬᠢᠯᠭᠠᠨ ᠬᠡᠷᠡᠭᠰᠡᠯ ᠪᠦᠷᠢᠨ ᠪᠠᠶᠢᠨ᠎ᠠ᠃ ᠭᠡᠪᠡᠴᠦ ᠲᠡᠭᠦᠨ ᠤ ᠲᠤᠮᠳᠠ ᠨᠡᠷᠡᠲᠦ ᠲᠡᠮᠳᠡᠭᠲᠤ ᠦᠢᠯᠡᠳᠭᠦᠨ ᠦᠭᠡᠢ᠃ ᠲᠡᠭᠦᠨ ᠤ ᠬᠡᠯᠡᠬᠦ ᠪᠠᠷ ︽ᠠᠳᠠᠯᠢᠬᠠᠨ ᠡᠳ᠋ ᠪᠠᠶᠢᠬᠤ ᠳᠤ ᠶᠠᠭᠤᠨ ᠳᠤ ᠦᠨᠡᠲᠠᠢ ᠶᠢ ᠨᠢ ᠠᠪᠤᠭᠠᠳ ᠵᠤᠭᠤᠰ ᠢᠶᠠᠨ ᠪᠦᠷᠢᠯᠭᠡᠬᠦ ᠪᠤᠢ⁈︾ ᠭᠡᠨ᠎ᠡ᠃ ᠡᠨᠡ ᠪᠤᠯ ᠭᠠᠭᠴᠠᠭᠦ ᠲᠡᠭᠦᠨ ᠤ ᠦᠵᠡᠯᠲᠡ ᠲᠡᠳᠦᠢ ᠪᠢᠰᠢ᠂ ᠤᠯᠠᠩᠬᠢ ᠲᠠᠷᠢᠶᠠᠴᠢᠳ ᠵᠤᠭᠤᠰ ᠢᠶᠠᠨ ᠬᠠᠶᠢᠷᠠᠯᠠᠨ ᠠᠳᠠᠯᠢ ᠬᠡᠷᠡᠭᠯᠡᠭᠡᠨ ᠤ ᠵᠦᠢᠯ ᠠᠴᠠ ᠬᠢᠮᠲᠠ ᠶᠢ ᠯᠡ ᠠᠪᠳᠠᠭ᠃ ᠶᠠᠷᠤ ᠶᠢᠨ ᠦᠭᠡᠨ ᠳᠤ ︽ᠦᠨ᠎ᠡ ᠲᠠᠢ ᠶᠠᠭᠤᠮ᠎ᠠ ᠪᠠᠨ᠎ᠠ ᠲᠠᠢ︾ ᠭᠡᠳᠡᠭ ᠢᠶᠠᠷ ᠬᠡᠷᠡᠭᠯᠡᠭᠡ ᠬᠢᠬᠦ ᠳᠤ ᠦᠢᠯᠡᠳᠭᠦᠨ ᠤ ᠶᠠᠰᠤ ᠴᠢᠨᠠᠷ ᠢ ᠡᠷᠬᠢᠮᠯᠡᠬᠦ ᠨᠢ ᠪᠠᠰᠠ ᠲᠤᠩ ᠴᠢᠬᠤᠯᠠ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号