2022 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠦᠯᠵᠢᠶᠡᠨ ᠤ ᠴᠠᠭᠠᠨ ᠰᠠᠷ᠎ᠠ ᠶᠢᠨ ᠦᠳᠡᠰᠢᠯᠡᠭᠡ ᠭᠤᠶᠢᠳᠠ ᠰᠠᠶᠢᠬᠠᠨ ᠶᠠᠪᠤᠭᠳᠠᠪᠠ
ᠨᠡᠶᠢᠲᠡᠯᠡᠭᠰᠡᠨ ᠴᠠᠭ᠄
2022/1/28
   
   1 ᠰᠠᠷ᠎ᠠ ᠶᠢᠨ 25 ᠤ ᠤᠷᠤᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠰᠣᠶᠣᠯ ᠤᠨ ᠲᠥᠪ ᠲᠤ ᠪᠠᠶᠠᠷ ᠬᠦᠷ ᠳᠦᠭᠦᠷᠡᠩ᠂ ᠰᠢᠨ᠎ᠡ ᠵᠢᠯ ᠤᠨ ᠠᠭᠤᠷ ᠠᠮᠢᠰᠬᠤᠯ ᠢᠶᠠᠷ ᠪᠢᠯᠬᠠᠨ᠎ᠠ᠃ ᠥᠯᠵᠡᠢ ᠪᠡᠯᠭᠡ ᠲᠠᠢ ᠪᠠᠶᠠᠷ ᠪᠠᠶᠠᠰᠬᠤᠯᠠᠩᠲᠤ ᠪᠠᠶᠠᠷ ᠤᠨ ᠡᠳᠦᠷ ᠤᠨ ᠠᠭᠤᠷ ᠠᠮᠢᠰᠬᠤᠯ ᠳᠤ᠂ 2022 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠵᠠᠰᠠᠭᠲᠤ ᠶᠢᠨ ᠢᠷᠥᠭᠡᠯ︾ ᠰᠦᠯᠵᠢᠶᠡᠨ ᠤ ᠴᠠᠭᠠᠨ ᠰᠠᠷ᠎ᠠ ᠶᠢᠨ ᠦᠳᠡᠰᠢᠯᠡᠭᠡ ᠶᠢ ᠭᠤᠶᠢᠳᠠ ᠰᠠᠶᠢᠬᠠᠨ ᠲᠣᠭᠯᠠᠵᠤ᠂ ᠪᠦᠬᠦ ᠬᠤᠰᠢᠭᠤᠨ ᠤ ᠠᠷᠠᠳ ᠲᠦᠮᠡᠨ ᠳᠤ ᠪᠠᠶᠠᠷ ᠪᠠᠶᠠᠰᠬᠤᠯᠠᠩ ᠲᠠᠢ᠂ ᠭᠤᠶᠢᠳᠠ ᠰᠠᠶᠢᠬᠠᠨ ᠰᠣᠶᠣᠯ ᠤᠨ ᠬᠤᠭᠤᠯᠠ ᠶᠢ ᠡᠷᠭᠦᠨ ᠳᠡᠪᠰᠢᠭᠦᠯᠵᠡᠢ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠵᠡᠷᠭᠡ ᠪᠥᠬᠦ ᠬᠤᠰᠢᠭᠤᠨ ᠤ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠤᠯᠭ᠎ᠠ ᠤᠳ ᠦᠳᠡᠰᠢᠯᠡᠭᠡ ᠳᠤ ᠣᠷᠣᠯᠴᠠᠵᠠᠶ᠃ ᠦᠳᠡᠰᠢᠯᠡᠭᠡ ᠳᠡᠭᠡᠷ᠎ᠡ ᠪᠠᠰᠠ ᠬᠢᠩᠭᠠᠨ ᠤ ᠡᠳᠦᠷ ᠤᠨ ᠰᠣᠨᠢᠨ ᠤ ᠬᠤᠷᠢᠶᠠᠨ ᠤ ᠨᠠᠮ ᠤᠨ ᠬᠤᠷᠢᠶᠠᠨ ᠤ ᠱᠦᠵᠢ᠂ ᠬᠤᠷᠢᠶᠠᠨ ᠳᠠᠷᠤᠭ᠎ᠠ ᠯᠢᠦ ᠰᠢᠶᠠᠩ ᠶᠠᠩ ᠵᠢᠴᠢ ᠠᠶᠢᠮᠠᠭ ᠤᠨ ᠰᠢᠭᠤᠳ ᠬᠠᠷᠢᠶ᠎ᠠ ᠨᠢᠭᠡᠴᠡ ᠶᠢᠨ ᠤᠳᠤᠷᠢᠳᠤᠯᠭ᠎ᠠ ᠶᠢ ᠤᠷᠢᠵᠤ ᠦᠳᠡᠰᠢᠯᠡᠭᠡ ᠶᠢᠨ ᠲᠤᠬᠠᠶ ᠶᠢᠨ ᠲᠠᠯᠠᠪᠠᠶ ᠳᠤ ᠬᠦᠷᠴᠦ ᠴᠠᠭᠠᠨ ᠰᠠᠷ᠎ᠠ ᠪᠠᠨ ᠬᠠᠮᠲᠤ ᠪᠠᠷ ᠪᠡᠯᠭᠡᠯᠡᠵᠡᠶ᠃     ᠦᠳᠡᠰᠢᠯᠡᠭᠡ ᠨᠢ ︽ᠤᠷᠢᠬᠠᠨ ᠬᠠᠪᠤᠷ ᠡᠬᠡ ᠭᠠᠵᠠᠷ ᠲᠤ ᠪᠠᠭᠤᠵᠤ ᠥᠯᠵᠡᠶᠢᠲᠦ ᠵᠢᠯ ᠢᠷᠡᠯ᠎ᠡ︾ ︽ᠬᠠᠪᠤᠷ ᠤᠨ ᠠᠭᠤᠷ ᠠᠮᠢᠰᠬᠤᠯ ᠪᠢᠯᠬᠠᠭᠰᠠᠨ ᠵᠣᠯ ᠵᠢᠷᠭᠠᠯᠲᠤ ᠵᠢᠯ︾ ︽ᠤᠷᠢᠬᠠᠨ ᠰᠠᠯᠬᠢ ᠥᠭᠭᠢᠶᠡᠮᠦᠷ ᠬᠤᠷ᠎ᠠ ᠶᠢᠨ ᠡᠶ᠎ᠡ ᠵᠣᠬᠢᠴᠠᠯᠳᠤ ᠵᠢᠯ︾ ᠭᠡᠬᠦ ᠭᠤᠷᠪᠠᠨ ᠪᠦᠯᠦᠭ ᠢᠶᠠᠷ ᠪᠦᠷᠢᠯᠳᠦᠵᠦ᠂ ᠬᠥᠷ ᠬᠥᠭᠵᠢᠶᠡᠨ ᠲᠠᠢ ᠡᠬᠢᠯᠡᠯᠲᠡ ᠶᠢᠨ ᠣᠷᠣᠰᠢᠯ ᠠᠶ᠎ᠠ ︽ᠲᠠᠯ᠎ᠠ ᠨᠤᠲᠤᠭ ᠲᠤ ᠬᠠᠪᠤᠷ ᠤᠨ ᠠᠭᠤᠷ ᠪᠢᠯᠬᠠᠭᠰᠠᠨ ᠳᠤᠮᠳᠠᠳᠤ ᠤᠨ ᠤᠨ︾ ᠳᠤᠮᠳᠠ ᠬᠥᠰᠢᠭᠡ ᠪᠠᠨ ᠰᠡᠬᠦᠵᠦ᠂ ᠪᠥᠬᠦ ᠬᠤᠰᠢᠭᠤᠨ ᠤ ᠠᠷᠠᠳ ᠲᠦᠮᠡᠨ ᠤ ᠴᠠᠭᠠᠨ ᠰᠠᠷ᠎ᠠ ᠪᠠᠨ ᠪᠠᠶᠠᠷᠯᠠᠨ ᠤᠭᠲᠤᠬᠤ ᠰᠠᠶᠢᠨ ᠰᠠᠶᠢᠬᠠᠨ ᠰᠡᠳᠬᠢᠯᠭᠡ ᠶᠢ ᠢᠯᠡᠳᠬᠡᠵᠡᠶ᠃ ᠡᠨᠡ ᠬᠦ ᠦᠳᠡᠰᠢᠯᠡᠭᠡ ᠨᠢ ︽ᠡᠬᠡ ᠭᠠᠵᠠᠷ ᠲᠤ ᠬᠠᠪᠤᠷ ᠤᠨ ᠥᠯᠵᠡᠶ ᠪᠡᠯᠭᠡ ᠲᠠᠢ ᠥᠯᠵᠡᠶᠢᠲᠦ ᠵᠢᠯ︾ ᠭᠡᠬᠦ ᠲᠣᠭᠯᠠᠯᠲᠠ ᠪᠠᠷ ᠬᠥᠰᠢᠭᠡ ᠪᠠᠨ ᠰᠡᠬᠦᠵᠦ᠂ ᠬᠥᠷ ᠨᠠᠷᠬᠢᠶᠠᠨ ᠲᠠᠢ᠂ ᠪᠠᠶᠠᠷ ᠬᠥᠷ ᠲᠠᠢ ᠨᠠᠶᠢᠷᠠᠯ ᠪᠥᠵᠢᠭ ᠨᠢ ᠪᠥᠬᠦ ᠬᠤᠰᠢᠭᠤᠨ ᠤ ᠠᠷᠠᠳ ᠲᠦᠮᠡᠨ ᠤ ᠴᠠᠭᠠᠨ ᠰᠠᠷ᠎ᠠ ᠪᠠᠨ ᠪᠠᠶᠠᠷᠯᠠᠨ ᠤᠭᠲᠤᠵᠤ ᠪᠠᠶᠢᠭ᠎ᠠ ᠰᠡᠳᠬᠢᠯᠭᠡ ᠶᠢ ᠢᠯᠡᠳᠬᠡᠵᠡᠶ᠃ ᠪᠠᠭᠠᠴᠤᠳ ᠬᠡᠦᠬᠡᠳ ᠤᠨ ᠪᠥᠵᠢᠭ ︽ᠪᠤᠶᠠᠨ ᠢᠷᠥᠭᠡᠯ︾ ᠭᠡᠬᠦ ᠪᠥᠵᠢᠭ ᠲᠤ᠂ ᠴᠣᠪᠣᠭᠤ ᠬᠥᠭᠡᠷᠦᠬᠦᠨ ᠳᠡᠭᠵᠢᠨ ᠬᠡᠦᠬᠡᠳ ᠲᠠᠶᠢᠰᠠᠨ ᠳᠤ ᠭᠠᠷᠴᠤ᠂ ᠨᠢᠯᠬᠠᠰᠠᠭ ᠦᠭᠡ ᠶᠠᠷᠢᠶ᠎ᠠ ᠪᠠᠷ ᠴᠠᠭᠠᠨ ᠰᠠᠷ᠎ᠠ ᠶᠢᠨ ᠥᠯᠵᠡᠢ ᠪᠡᠯᠭᠡ ᠶᠢ ᠪᠡᠯᠭᠡᠳᠡᠨ ᠢᠷᠥᠭᠡᠯ ᠢ ᠠᠪᠴᠢᠷᠠᠬᠤ ᠶᠢ ᠪᠡᠯᠭᠡᠳᠡᠵᠡᠭᠡᠵᠦ ᠪᠠᠶᠢᠯ᠎ᠠ᠃ ᠴᠠᠬᠢᠯᠭᠠᠨ ᠳᠠᠭᠤᠤ ᠬᠥᠭᠵᠢᠮ ᠬᠠᠪᠰᠤᠷᠭᠠᠭᠰᠠᠨ ᠲᠠᠶᠢᠰᠠᠨ ᠲᠤᠭᠯᠠᠯᠲᠠ ︽ᠬᠡᠮᠡᠷᠯᠢᠭ ᠬᠠᠳᠬᠤᠮᠠᠯ ᠲᠠᠩᠰᠤᠭ ᠦᠵᠡᠮᠵᠢ︾ ᠭᠡᠬᠦ ᠲᠣᠭᠯᠠᠯᠲᠠ ᠭᠠᠶᠢᠬᠠᠮᠰᠢᠭᠲᠠᠢ ᠪᠠᠷ ᠳᠡᠯᠭᠡᠭᠳᠡᠵᠦ᠂ ᠭᠤᠶᠤ ᠰᠠᠶᠢᠬᠠᠨ ᠳᠦᠷᠢ ᠲᠥᠷᠬᠦ ᠪᠠᠷ ᠪᠢᠯᠬᠠᠵᠤ᠂ ᠤᠶᠠᠬᠠᠨ ᠰᠠᠶᠢᠬᠠᠨ ᠬᠥᠭᠵᠢᠮ ᠤᠨ ᠠᠶᠠᠰ ᠳᠤᠮᠳᠠ᠂ ᠳᠤᠮᠳᠠᠳᠤ ᠤᠯᠤᠰ ᠤᠨ ᠤᠯᠠᠮᠵᠢᠯᠠᠯᠲᠤ ᠮᠠᠨᠵᠤ ᠲᠡᠷᠯᠢᠭ ᠤᠨ ᠬᠤᠪᠴᠠᠰᠤ ᠵᠠᠰᠠᠯ ᠨᠢ ᠦᠨᠳᠦᠰᠦᠲᠡᠨ᠂ ᠴᠠᠭ ᠤᠨ ᠦᠡᠭᠭᠡ ᠶᠢ ᠳᠠᠭᠠᠭᠰᠠᠨ ᠡᠯᠧᠮᠧᠨ᠋ᠲ ᠲᠠᠢ ᠠᠭᠤᠰᠤᠯᠴᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠴᠣ᠋ ᠰᠢᠨ᠎ᠡ ᠦᠵᠡᠮᠦᠷᠢ ᠶᠢᠨ ᠦᠪᠡᠳᠡᠭᠰᠢ ᠨᠠᠶᠢᠷ ᠢ ᠠᠪᠴᠢᠷᠠᠯ᠎ᠠ᠃ ᠤᠯᠤᠰ ᠤᠨ ᠳᠣᠲᠣᠭᠠᠳᠤ ᠶᠢᠨ ᠠᠯᠳᠠᠷᠲᠤ ᠳᠠᠭᠤᠴᠢᠨ ᠴᠢ ᠹᠧᠩ ᠤᠨ ᠳᠠᠭᠠᠭᠤᠯᠤᠭᠰᠠᠨ ︽ᠵᠡᠭᠦᠳᠦᠨ ᠳᠤ ᠬᠤᠨᠤᠭᠰᠢᠭᠰᠠᠨ ᠤᠯᠠᠭᠠᠨᠮᠤᠳᠤ︾ ᠨᠢ ᠪᠥᠬᠦ ᠲᠣᠭᠯᠠᠯᠲᠠ ᠶᠢ ᠣᠷᠭᠢᠯ ᠳᠤᠨᠢ ᠬᠦᠷᠭᠡᠭᠰᠡᠨ ᠪᠠᠶᠢᠨ᠎ᠠ᠃        ᠦᠳᠡᠰᠢᠯᠡᠭᠡ ᠨᠢ ᠪᠠᠰᠠ 2022 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠠᠶᠢᠯᠢ ᠲᠤᠰᠢᠶᠠᠬᠤ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠠᠵᠤ ᠠᠬᠤᠶᠢᠯᠠᠯ ᠳᠤ ᠱᠠᠩᠨᠠᠯ ᠭᠠᠷᠳᠠᠭᠤᠯᠪᠠ᠃ ᠰᠦᠨ ᠱᠤ᠋ ᠲᠤᠤ᠂ ᠸᠠᠩ ᠯᠢ ᠳ᠋ᠦᠩ᠂ ᠸᠠᠩ ᠵᠢᠶᠠ ᠪᠥᠸᠧ᠂ ᠶᠤᠸᠠᠢ ᠰᠦᠩ ᠱᠠᠨ ᠵᠡᠷᠭᠡ ᠬᠤᠰᠢᠭᠤᠨ ᠤ ᠤᠳᠤᠷᠢᠳᠤᠯᠭ᠎ᠠ ᠨᠠᠷ ᠲᠠᠶᠢᠰᠠᠨ ᠳᠤ ᠭᠠᠷᠴᠤ᠂ ᠱᠠᠩᠨᠠᠯ ᠣᠯᠤᠭᠰᠠᠨ ᠠᠵᠤ ᠠᠬᠤᠶᠢᠯᠠᠯ ᠳᠤ ᠱᠠᠩᠨᠠᠯ ᠭᠠᠷᠳᠠᠭᠤᠯᠪᠠ᠃ ᠦᠳᠡᠰᠢᠯᠡᠭᠡ ᠨᠢ ᠤᠯᠠᠨ ᠲᠦᠮᠡᠨ ᠤ ᠪᠥᠵᠢᠭ ︽ᠰᠢᠨ᠎ᠡ ᠴᠠᠭ ᠦᠶ᠎ᠡ ᠶᠢ ᠮᠠᠭᠲᠠᠨ ᠳᠠᠭᠤᠯᠠᠶ᠎ᠠ︾ ᠭᠡᠬᠦ ᠪᠥᠵᠢᠭ ᠲᠤ ᠲᠡᠭᠦᠰ ᠠᠮᠵᠢᠯᠲᠠ ᠲᠠᠢ ᠥᠨᠳᠥᠷᠯᠡᠵᠦ᠂ ᠪᠦᠬᠦ ᠲᠠᠯᠠᠪᠠᠢ ᠶᠢᠨ ᠤᠷᠠᠨ ᠰᠠᠶᠢᠬᠠᠨ ᠤ ᠲᠣᠭᠯᠠᠯᠲᠠ ᠨᠢ ᠣᠷᠣᠨ ᠨᠤᠲᠤᠭ ᠤᠨ ᠣᠨᠴᠠᠯᠢᠭ ᠢ ᠳᠤᠪᠤᠶᠢᠯᠭᠠᠵᠤ᠂ ᠬᠡᠯᠪᠡᠷᠢ ᠰᠢᠨ᠎ᠡ ᠰᠣᠷᠭᠤᠭ᠂ ᠠᠶᠢᠵᠠᠮ ᠢᠯᠭᠤᠮ ᠲᠣᠳᠣ ᠪᠠᠶᠢᠵᠤ᠂ ᠪᠠᠶᠠᠷ ᠪᠠᠶᠠᠰᠤᠯ ᠲᠠᠢ᠂ ᠥᠯᠵᠡᠢ ᠪᠡᠯᠭᠡ ᠲᠠᠢ᠂ ᠴᠤᠭ ᠪᠠᠳᠠᠷᠠᠩᠭᠤᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号