ᠮᠠᠨ ᠤ ᠬᠤᠰᠢᠭᠤ ︽2021 ᠣᠨ ᠤ ᠬᠠᠮᠤᠭ ᠤᠨ ᠭᠤᠶᠣ ᠨᠡᠶᠢᠭᠡᠮ ᠲᠣᠭᠤᠷᠢᠭ ᠤᠨ ᠠᠵᠢᠯᠲᠠᠨ︾ ᠤ ᠱᠠᠩᠨᠠᠯ ᠣᠯᠭᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/1/30
      ᠳᠠᠭᠤᠷᠢᠶᠠᠯ ᠦᠵᠡᠭᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠢ ᠬᠥᠲᠥᠯᠦᠨ ᠵᠢᠯᠣᠭᠤᠳᠴᠤ ᠪᠠᠶᠢᠭᠠᠳ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠤ᠂ ᠵᠣᠷᠢᠭᠲᠠᠶ ᠪᠠᠷ ᠡᠭᠦᠷᠭᠡᠯᠡᠨ ᠠᠵᠢᠯ ᠶᠠᠪᠤᠳᠠᠯ ᠬᠢᠬᠦ ᠶᠢᠨ ᠲᠥᠯᠥᠭᠡ᠂ 1 ᠰᠠᠷ᠎ᠠ ᠶᠢᠨ 28 ᠤ ᠡᠳᠦᠷ᠂ ᠮᠠᠨ ᠤ ᠬᠤᠰᠢᠭᠤ ︽2021 ᠣᠨ ᠤ ᠬᠠᠮᠤᠭ ᠤᠨ ᠭᠤᠶᠣ ᠨᠡᠶᠢᠭᠡᠮ ᠲᠣᠭᠤᠷᠢᠭ ᠤᠨ ᠠᠵᠢᠯᠲᠠᠨ︾ ᠤ ᠱᠠᠩᠨᠠᠯ ᠣᠯᠭᠤᠬᠤ ᠶᠣᠰᠣᠯᠠᠯ ᠶᠠᠪᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠹᠠᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠸᠠᠩ ᠰᠢᠤᠸᠠᠢ ᠵᠢᠶᠧ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠹᠧᠩ ᠬᠤᠸᠠ ᠱᠠᠩᠨᠠᠯ ᠣᠯᠭᠤᠬᠤ ᠶᠣᠰᠣᠯᠠᠯ ᠳᠤ ᠣᠷᠣᠯᠴᠠᠪᠠ᠃     ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ ᠲᠠᠰᠢᠷᠠᠮ ᠢᠶᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠪᠤᠨ ᠬᠤᠳᠠ ᠶᠢᠨ ᠨᠡᠶᠢᠭᠡᠮ ᠲᠣᠭᠤᠷᠢᠭ ᠤᠨ ᠠᠵᠢᠯᠲᠠᠳ ᠰᠢᠩ ᠺᠧ ᠨᠡᠶᠢᠭᠡᠮ ᠲᠣᠭᠤᠷᠢᠭ ᠲᠤ ᠴᠤᠭᠯᠠᠷᠠᠵᠤ᠂ ᠥᠩᠭᠡᠷᠡᠭᠰᠡᠨ ᠢᠶᠠᠨ ᠡᠷᠭᠢᠴᠡᠭᠦᠯᠵᠦ᠂ ᠢᠷᠡᠭᠡᠳᠦᠢ ᠪᠠᠨ ᠪᠠᠷᠠᠯᠠᠵᠠᠢ᠃ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠥᠬᠢᠭᠦᠯᠦᠨ ᠰᠠᠶᠢᠰᠢᠶᠠᠵᠤ᠂ ᠥᠯᠢᠭᠡᠷ ᠳᠠᠭᠤᠷᠢᠶᠠᠯ ᠤᠨ ᠬᠦᠴᠦᠨ ᠢ ᠪᠠᠳᠠᠷᠠᠭᠤᠯᠬᠤ ᠶᠢᠨ ᠲᠥᠯᠥᠭᠡ᠂ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠭᠡᠵᠤ ᠂ ᠦᠨᠡᠨ ᠰᠡᠳᠬᠢᠯ ᠠᠴᠠ ᠪᠠᠨ ᠬᠤᠪᠢ ᠨᠡᠮᠡᠷᠢ ᠦᠵᠡᠭᠦᠯᠦᠭᠰᠡᠨ᠂ ᠲᠣᠪᠤᠶᠢᠮ᠎ᠠ ᠦᠢᠯᠡ ᠠᠵᠢᠯᠯᠠᠭ᠎ᠠ ᠲᠠᠢ 11 ᠨᠡᠷᠡᠰ ︽ᠬᠠᠮᠤᠭ ᠤᠨ ᠭᠤᠶᠣ ᠨᠡᠶᠢᠭᠡᠮ ᠲᠣᠭᠤᠷᠢᠭ ᠤᠨ ᠠᠵᠢᠯᠲᠠᠨ︾ ᠳᠤ ᠱᠠᠩᠨᠠᠯ ᠭᠠᠷᠳᠠᠭᠤᠯᠪᠠ᠃    ᠱᠠᠩᠨᠠᠯ ᠣᠯᠭᠤᠬᠤ ᠶᠣᠰᠣᠯᠠᠯ ᠳᠡᠭᠡᠷ᠎ᠡ᠂ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠭᠰᠠᠨ᠂ ᠪᠠᠭ᠎ᠠ ᠭᠡᠷ ᠢᠶᠠᠨ ᠬᠠᠶᠠᠵᠤ ᠤᠯᠠᠨ ᠢ ᠬᠠᠷᠠᠭᠠᠯᠵᠠᠭᠰᠠᠨ ᠬᠥᠮᠦᠰ ᠤᠨ ᠰᠡᠳᠬᠢᠯ ᠢ ᠬᠥᠳᠡᠯᠭᠡᠮ᠎ᠡ ᠦᠯᠢᠬᠡᠷ ᠤᠳ ᠰᠤᠨᠤᠰᠤᠭᠴᠢᠳ ᠤᠨ ᠰᠡᠳᠬᠢᠯ ᠢ ᠳᠣᠭᠳᠣᠯᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠪᠠᠲᠤ ᠰᠠᠬᠢᠭᠰᠠᠨ ᠠᠷᠤ ᠲᠠᠯ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠲᠠᠯᠠᠪᠤᠷ ᠲᠠᠬᠢ ᠰᠦᠷ ᠵᠢᠪᠬᠤᠭ᠎ᠠ ᠲᠠᠢ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠡᠮᠦᠨ᠎ᠡ ᠵᠠᠬ᠎ᠠ ᠶᠢᠨ ᠶᠠᠭᠠᠷᠠᠯᠲᠠᠢ ᠠᠷᠤ ᠲᠠᠯ᠎ᠠ ᠶᠢᠨ ᠪᠠᠷ᠎ᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠦᠯᠢᠭᠡᠷ ᠳᠠᠭᠤᠷᠢᠶᠠᠯ ᠤᠨ ᠲᠠᠭᠠᠭᠤᠯᠭ᠎ᠠ ᠳᠣᠣᠷ᠎ᠠ ᠤᠷᠤᠭᠰᠢᠯᠠᠯᠲᠠ ᠶᠢᠨ ᠬᠦᠴᠦᠨ ᠴᠢᠳᠠᠯ ᠢ ᠣᠯᠭᠤᠭᠰᠠᠨ ᠪᠠᠶᠢᠨ᠎ᠠ᠃ ᠡᠭᠦᠨ ᠤ ᠵᠡᠷᠭᠡ ᠳᠤ ᠨᠡᠶᠢᠭᠡᠮ ᠲᠣᠭᠤᠷᠢᠭ ᠤᠨ ᠠᠵᠢᠯᠲᠠᠳ ᠪᠠᠰᠠ ᠨᠠᠷᠢᠨ ᠨᠢᠮᠪᠠᠶ ᠪᠡᠯᠡᠳᠬᠡᠭᠰᠡᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠲᠡᠳᠡᠨ ᠤ ᠡᠭᠡᠯ ᠵᠢᠷ ᠤᠨ ᠠᠵᠢᠯ ᠤᠨ ᠪᠠᠶᠢᠷᠢᠨ ᠳᠠᠬᠢ ︽ᠭᠤᠶᠣ ᠰᠠᠶᠢᠬᠠᠨ ᠴᠠᠭ ᠮᠥᠴᠡ︾ ᠶᠢ ᠣᠯᠠᠨ ᠳᠤ ᠣᠶᠢᠯᠠᠭᠠᠭᠤᠯᠵᠠᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号