ᠶᠤᠸᠠᠢ ᠰᠦᠩ ᠱᠠᠨ ᠪᠠᠶᠠᠷ ᠤᠨ ᠡᠳᠦᠷ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/1/30
   
   1 ᠰᠠᠷ᠎ᠠ ᠶᠢᠨ 27 ᠤ ᠡᠳᠦᠷ᠂ ᠬᠤᠰᠢᠭᠤᠨ ᠤ ᠤᠯᠤᠰ ᠳᠦᠷᠤ ᠶᠢᠨ ᠵᠦᠪᠯᠡᠯᠭᠡᠨ ᠤ ᠲᠡᠷᠢᠭᠦᠯᠡᠭᠴᠢ ᠶᠤᠸᠠᠢ ᠰᠦᠩ ᠱᠠᠨ ᠳ᠋ᠠᠱᠢᠵᠠᠢ ᠪᠠᠯᠭᠠᠰᠤ ᠪᠠ ᠰᠣᠯᠣᠨ ᠪᠠᠯᠭᠠᠰᠤᠨ ᠳᠤ ᠬᠦᠢᠠᠵᠠᠭᠡᠶᠢᠷᠠᠵᠤ᠂ ᠴᠠᠭᠠᠨ ᠰᠠᠷ᠎ᠠ ᠶᠢᠨ ᠪᠠᠶᠠᠷ ᠤᠨ ᠡᠳᠦᠷ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠶᠢ ᠥᠷᠨᠢᠭᠦᠯᠪᠡ᠃     ᠳ᠋ᠠᠱᠢᠵᠠᠢ ᠪᠠᠯᠭᠠᠰᠤᠨ ᠤ ᠴᠢᠶᠠᠨ ᠹᠧᠩ ᠲᠣᠰᠬᠤᠨ ᠪᠣᠯᠤᠨ ᠫᠢᠩ ᠠᠨ ᠲᠣᠰᠬᠤᠨ ᠳᠤ᠂ ᠶᠤᠸᠠᠢ ᠰᠦᠩ ᠱᠠᠨ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠠᠵᠢᠯᠯᠠᠬᠤ ᠠᠩᠬᠢ ᠶᠢᠨ ᠭᠡᠰᠢᠭᠦᠳ ᠤᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠠᠵᠢᠯᠯᠠᠬᠤ ᠠᠩᠬᠢ ᠶᠢᠨ ᠢᠯᠡᠷᠡᠭᠦᠯᠦᠭᠰᠡᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠬᠤ ᠶᠢᠨ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃     ᠶᠤᠸᠠᠢ ᠰᠦᠩ ᠱᠠᠨ᠂ ᠲᠣᠰᠬᠤᠨ ᠳᠤ ᠰᠠᠭᠤᠭ᠎ᠠ ᠡᠯ᠎ᠡ ᠠᠵᠢᠯᠯᠠᠬᠤ ᠠᠩᠬᠢ ᠶᠢᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠰᠢᠨ᠎ᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠲᠣᠰᠬᠤᠨ ᠤ ᠠᠵᠤ ᠦᠢᠯᠡᠰ ᠤᠨ ᠪᠦᠲᠦᠴᠡ᠂ ᠤᠯᠠᠨ ᠲᠦᠮᠡᠨ ᠤ ᠬᠡᠷᠡᠭᠴᠡᠭᠡ᠂ ᠬᠥᠭᠵᠢᠯᠲᠡ ᠶᠢᠨ ᠴᠢᠭᠯᠡᠯ ᠵᠡᠷᠭᠡ ᠪᠣᠳᠠᠲᠤ ᠪᠠᠶᠢᠳᠠᠯ ᠢ ᠦᠨᠳᠦᠰᠦᠯᠡᠨ᠂ ︽ᠬᠦᠴᠤ ᠳᠠᠮᠵᠢᠭᠤᠯᠬᠤ ᠮᠤᠳᠤ︾ ᠶᠢ ᠰᠠᠶᠢᠲᠤᠷ ᠳᠤᠰᠴᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ ᠡᠭᠦᠨ ᠤ ᠬᠠᠮᠲᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠳᠣᠲᠣᠨᠣ ᠪᠠᠷ ᠬᠠᠯᠠᠮᠵᠢᠯᠠᠵᠤ ᠪᠠᠶᠢᠬᠤ ᠪᠠ ᠰᠢᠨ᠎ᠡ ᠵᠢᠯ ᠤᠨ ᠮᠡᠨᠳᠦᠴᠢᠯᠡᠯ ᠬᠦᠷᠭᠡᠵᠦ ᠪᠠᠶᠢᠬᠤ ᠪᠠᠨ ᠢᠯᠡᠳᠬᠡᠬᠦ ᠶᠢᠨ ᠬᠠᠮᠲᠤ ᠲᠣᠬᠤᠨᠢᠭᠤᠯᠬᠤ ᠮᠥᠩᠭᠦ ᠬᠦᠷᠭᠡᠵᠡᠶ᠃   ᠰᠣᠯᠣᠨ ᠪᠠᠯᠭᠠᠰᠤᠨ ᠳᠤ᠂ ᠶᠤᠸᠠᠢ ᠰᠦᠩ ᠱᠠᠨ ᠴᠡᠷᠢᠭ ᠠᠴᠠ ᠬᠠᠯᠠᠭᠳᠠᠭᠰᠠᠳ ᠵᠤᠤ ᠴᠢᠤᠸᠠᠨ ᠪᠣᠯᠤᠨ ᠬᠦᠴᠢᠷᠳᠡᠯᠲᠡᠢ ᠤᠯᠠᠨ ᠲᠦᠮᠡᠨ ᠼᠤᠤ ᠪᠦᠦ ᠱᠦᠨ ᠢ ᠲᠣᠬᠤᠨᠢᠭᠤᠯᠵᠠᠢ᠃ ᠶᠤᠸᠠᠢ ᠰᠦᠩ ᠱᠠᠨ ᠤᠯᠠᠨ ᠲᠠᠢ ᠳᠣᠲᠣᠨᠣᠰᠤᠭ ᠢᠶᠠᠷ ᠵᠣᠭᠤᠭᠳᠠᠵᠤ᠂ ᠲᠡᠳᠡᠨ ᠤ ᠪᠡᠶ᠎ᠡ ᠶᠢᠨ ᠪᠠᠶᠢᠳᠠᠯ ᠢ ᠨᠠᠷᠢᠨ ᠠᠰᠠᠭᠤᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠤ ᠴᠡᠷᠢᠭ ᠠᠴᠠ ᠬᠠᠯᠠᠭᠳᠠᠭᠰᠠᠳ ᠢ ᠬᠠᠷᠠᠭᠠᠯᠵᠠᠬᠤ ᠠᠵᠢᠯ ᠢ ᠰᠠᠶᠢᠲᠤᠷ ᠬᠢᠵᠦ᠂ ᠶᠠᠳᠠᠭᠤ ᠬᠦᠴᠢᠷᠳᠡᠯᠲᠡᠢ ᠭᠡᠷ ᠪᠦᠯᠢ ᠶᠢ ᠬᠠᠯᠠᠮᠵᠢᠯᠠᠨ ᠦᠵᠡᠵᠤ᠂ ᠤᠯᠠᠨ ᠢᠶᠠᠷ ᠢᠶᠠᠨ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号