ᠴᠠᠷᠠᠰᠤᠨ ᠪᠠᠯᠭᠠᠰᠤ ᠰᠠᠶᠢᠨ ᠳᠤᠷ᠎ᠠ ᠶᠢᠨ ᠦᠢᠯᠡᠴᠢᠯᠡᠭᠡ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ
ᠨᠡᠶᠢᠲᠡᠯᠡᠭᠰᠡᠨ ᠴᠠᠭ᠄
2022/1/31
     ᠴᠠᠭᠠᠨ ᠰᠠᠷ᠎ᠠ ᠣᠶᠢᠷᠠᠳᠴᠤ ᠢᠷᠡᠬᠦ ᠳᠤ᠂ ᠴᠠᠷᠰᠤᠨ ᠪᠠᠯᠭᠠᠰᠤ ᠰᠠᠶᠢᠨ ᠳᠤᠷ᠎ᠠ ᠶᠢᠨ ᠦᠢᠯᠡᠴᠢᠯᠡᠭᠡ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠥᠷᠭᠡᠨ ᠣᠯᠠᠨ ᠰᠠᠶᠢᠨ ᠳᠤᠷ᠎ᠠ ᠶᠢᠨ ᠠᠵᠢᠯᠯᠠᠭᠴᠢᠳ ᠢ ᠬᠥᠲᠥᠯᠦᠨ ᠵᠢᠯᠣᠭᠤᠳᠬᠤ ᠪᠠ ᠳᠠᠶᠢᠴᠢᠯᠠᠵᠤ ᠪᠠᠶᠢᠭᠠᠳ ᠣᠯᠠᠨ ᠲᠦᠮᠡᠨ ᠳᠤ ᠬᠠᠶᠢᠷ᠎ᠠ ᠬᠠᠯᠠᠮᠵᠢ ᠬᠦᠷᠭᠡᠭᠦᠯᠵᠦ᠂ ᠥᠷᠭᠡᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠪᠡ᠃     ᠴᠠᠷᠠᠰᠤᠨ ᠪᠠᠯᠭᠠᠰᠤᠨ ᠤ ᠴᠠᠷᠠᠰᠤᠨ ᠭᠠᠴᠠᠭ᠎ᠠ ᠳᠤ᠂ ᠴᠠᠷᠠᠰᠤᠨ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠤᠨ ᠠᠵᠢᠯᠳᠠᠨ ᠪᠣᠯᠤᠨ ᠵᠠᠯᠠᠭᠤ ᠺᠠᠳ᠋ᠷᠴᠤᠳ ᠢᠶᠠᠷ ᠪᠦᠷᠢᠯᠳᠦᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠠᠶᠢᠯ ᠲᠣᠰᠬᠤᠨ ᠤ ᠡᠮᠦᠨ᠎ᠡ ᠬᠤᠶᠢᠨ᠎ᠠ ᠰᠦᠯᠵᠢᠯᠳᠦᠵᠦ᠂ ᠳᠣᠲᠣᠨᠣ ᠰᠠᠶᠢᠨ ᠳᠤᠷ᠎ᠠ ᠶᠢᠨ ᠦᠢᠯᠡᠴᠢᠯᠡᠭᠡ ᠶᠢ ᠤᠯᠠᠨ ᠲᠦᠮᠡᠨ ᠤ ᠡᠭᠦᠳᠡᠨ ᠳᠤ ᠬᠦᠷᠭᠡᠵᠡᠢ᠃    ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠭᠤᠷᠪᠠᠳᠤᠭᠠᠷ ᠣᠨ ᠳᠤ ᠰᠤᠷᠤᠯᠴᠠᠵᠤ ᠪᠠᠶᠢᠭ᠎ᠠ ᠰᠣᠷᠣᠭᠴᠢ ᠲᠤᠩᠭᠠᠯᠠᠭ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠣᠷᠣᠵᠤ᠂ ᠭᠤᠣᠨᠢ ᠪᠡᠯᠪᠡᠰᠦᠨ ᠨᠠᠰᠤᠲᠠᠨ ᠢ ᠬᠠᠪᠰᠤᠷᠤᠨ ᠬᠡᠷ ᠤᠨ ᠠᠵᠢᠯ ᠬᠢᠵᠦ᠂ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠴᠤ ᠥᠭᠴᠡᠶ᠃ ᠲᠡᠷᠡ ᠬᠡᠯᠡᠬᠦ ᠳᠡᠭᠡᠨ᠄ ︽ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠭᠰᠠᠨ ᠠᠴᠠ ᠨᠠᠰᠢ᠂ ᠵᠠᠷᠢᠮ ᠭᠤᠣᠨᠢ ᠪᠡᠯᠪᠡᠰᠦᠨ ᠨᠠᠰᠤᠲᠠᠳ ᠢ ᠬᠠᠪᠰᠤᠷᠴᠤ ᠴᠢᠳᠠᠯ ᠤᠨ ᠬᠢᠷᠢ ᠪᠠᠷ ᠢᠶᠠᠨ ᠬᠢᠵᠦ ᠴᠢᠳᠠᠬᠤ ᠶᠠᠪᠤᠳᠠᠯ ᠤᠳ ᠢ ᠬᠢᠵᠦ ᠥᠭᠭᠦᠭᠰᠡᠨ ᠳᠤ ᠪᠢ ᠲᠦᠢᠯ ᠢᠶᠠᠷ ᠪᠠᠶᠠᠷᠯᠠᠵᠤ᠂ ᠥᠪᠡᠷ ᠤᠨ ᠦᠨ᠎ᠡ ᠦᠷᠳᠡᠭ ᠢᠶᠠᠨ ᠴᠦ ᠣᠯᠵᠤ ᠴᠢᠳᠠᠭᠰᠠᠨ ᠪᠠᠶᠢᠨ᠎ᠠ᠂ ᠡᠨᠡ ᠪᠣᠯ ᠲᠦᠢᠯ ᠤᠨ ᠤᠳᠬ᠎ᠠ ᠠᠭᠤᠯᠭ᠎ᠠ ᠲᠠᠢ ᠶᠠᠪᠤᠳᠠᠯ ᠶᠤᠮ︾ ᠭᠡᠵᠡᠶ᠃     ᠡᠨᠡ ᠵᠢᠯ ᠤᠨ ᠴᠠᠭᠠᠨ ᠰᠠᠷ᠎ᠠ ᠳᠤ᠂ ᠴᠠᠷᠠᠰᠤᠨ ᠪᠠᠯᠭᠠᠰᠤᠨ ᠤ ᠴᠠᠷᠠᠰᠤᠨ ᠭᠠᠴᠠᠭᠠᠨ ᠤ ᠴᠧᠨ ᠷᠦᠩ ᠶᠤᠸᠠᠨ ᠨᠠᠰᠤᠲᠠᠨ ᠤ ᠾᠧᠪᠸᠢ ᠮᠤᠵᠢ ᠶᠢᠨ ᠪᠤᠤᠳᠢᠩ ᠬᠤᠳᠠ ᠳᠤ ᠰᠠᠭᠤᠭ᠎ᠠ ᠥᠬᠢᠨ ᠨᠢ ᠲᠤᠬᠠᠢ ᠶᠢᠨ ᠭᠠᠵᠠᠷ ᠲᠠᠭᠠᠨ ᠰᠢᠨᠡᠯᠡᠬᠦ ᠪᠠᠷ ᠪᠡᠯᠡᠳᠬᠡᠵᠦ᠂ ᠭᠡᠷ ᠲᠡᠭᠡᠨ ᠬᠠᠷᠢᠵᠤ ᠨᠠᠰᠤᠲᠠᠨ ᠳᠤ ᠬᠠᠨᠢ ᠪᠤᠯᠵᠤ ᠳᠡᠶᠢᠯᠦᠬᠦ ᠦᠭᠡᠢ ᠪᠣᠯᠵᠠᠢ᠃ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠬᠢᠨ ᠨᠠᠰᠤᠲᠠᠨ ᠢ ᠲᠠᠭᠠᠯᠠᠮᠵᠢᠲᠠᠢ ᠪᠠᠷ ᠰᠢᠨ᠎ᠡ ᠵᠢᠯ ᠢ ᠥᠩᠭᠡᠷᠡᠭᠦᠯᠬᠦ ᠶᠢᠨ ᠲᠥᠯᠥᠭᠡ᠂ ᠭᠡᠷ ᠲᠤᠨᠢ ᠬᠦᠷᠴᠦ ᠭᠡᠷ ᠢ ᠨᠢ ᠴᠡᠪᠡᠷᠯᠡᠵᠦ᠂ ᠨᠠᠰᠤᠲᠠᠨ ᠢ ᠬᠠᠪᠰᠤᠷᠤᠨ ᠪᠤᠤᠳᠢᠩ ᠬᠤᠳᠠ ᠳᠤ ᠪᠠᠶᠢᠭ᠎ᠠ ᠥᠬᠢᠨ ᠲᠠᠢ ᠨᠢ ᠸᠢᠳᠢᠣ᠋ ᠪᠠᠷ ᠶᠠᠷᠢᠯᠴᠠᠭᠤᠯᠵᠤ᠂ ᠴᠧᠨ ᠷᠦᠩ ᠶᠤᠸᠠᠨ ᠨᠠᠰᠤᠲᠠᠨ ᠤ ᠰᠡᠳᠬᠢᠯ ᠢ ᠳᠤᠯᠠᠭᠠᠬᠠᠨ ᠰᠠᠨᠠᠭᠳᠠᠭᠤᠯᠪᠠ᠃    ᠡᠨᠡ ᠵᠢᠯ ᠠᠴᠠ ᠨᠠᠰᠢ᠂ ᠴᠠᠷᠠᠰᠤᠨ ᠪᠠᠯᠭᠠᠰᠤᠨ ᠤ ᠡᠪᠯᠡᠯ ᠤᠨ ᠬᠤᠷᠢᠶ᠎ᠠ ᠴᠠᠷᠠᠰᠤᠨ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠲᠠᠢ ᠬᠠᠮᠲᠤᠷᠠᠨ᠂ ᠬᠡᠷ ᠲᠡᠭᠡᠨ ᠬᠤᠴᠣᠷᠤᠭᠰᠠᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ ᠶᠢᠨ ᠠᠵᠢᠯᠯᠠᠭ᠎ᠠ ᠶᠢ 5 ᠤᠳᠠᠭ᠎ᠠ ᠥᠷᠨᠢᠭᠦᠯᠵᠦ᠂ ᠨᠠᠩ ᠣᠯᠠᠨ ᠵᠠᠯᠠᠭᠤᠴᠤᠳ ᠢ ᠵᠣᠬᠢᠶᠠᠨ ᠪᠠᠶᠢᠭᠤᠯᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠭᠤᠯᠵᠤ᠂ ᠳᠡᠷᠭᠡᠳᠡᠬᠢ ᠥᠨᠥᠴᠢᠨ ᠪᠡᠯᠪᠡᠰᠦᠨ ᠨᠠᠰᠤᠲᠠᠨ ᠪᠠ ᠬᠡᠷ ᠲᠡᠭᠡᠨ ᠬᠤᠴᠣᠷᠤᠭᠰᠠᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠵᠤ᠂ ᠲᠡᠳᠡᠨ ᠳᠤ ᠨᠡᠶᠢᠭᠡᠮ ᠤᠨ ᠬᠠᠯᠠᠮᠵᠢᠯᠠᠯ ᠪᠠ ᠬᠠᠯᠠᠭᠤᠨ ᠳᠤᠯᠠᠭᠠᠨ ᠢ ᠮᠡᠳᠡᠷᠡᠭᠦᠯᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号