ᠸᠠᠩ ᠵᠢᠶᠠ ᠪᠥᠸᠧ ᠪᠠᠶᠠᠷ ᠤᠨ ᠡᠳᠦᠷ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/1/31
   
   ᠣᠶᠢᠷ᠎ᠠ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ ᠳᠡᠪᠰᠡᠭ ᠪᠠᠯᠭᠠᠰᠤ᠂ ᠡᠷᠬᠢᠲᠦ ᠪᠠᠯᠭᠠᠰᠤ ᠵᠢᠴᠢ ᠵᠡᠪᠰᠡᠭᠲᠦ ᠴᠠᠭᠳᠠᠭ᠎ᠠ ᠶᠢᠨ ᠬᠢᠩᠭᠠᠨ ᠰᠠᠯᠪᠤᠷᠢ ᠠᠩᠭᠢ ᠳᠤ ᠭᠦᠨᠵᠡᠭᠡᠶᠢᠷᠡᠨ᠂ ᠬᠤᠲᠠ ᠪᠠᠯᠭᠠᠰᠤᠨ ᠤ ᠣᠨᠴᠠ ᠬᠦᠴᠢᠷᠳᠡᠯᠲᠡᠶ ᠡᠷᠦᠬᠡ᠂ ᠠᠰᠠᠷᠠᠨ ᠬᠠᠷᠠᠭᠠᠯᠵᠠᠬᠤ ᠡᠲᠡᠭᠡᠳ᠂ ᠬᠥᠳᠡᠭᠡ ᠲᠣᠰᠬᠤᠨ ᠤ ᠣᠨᠴᠠ ᠬᠦᠴᠢᠷᠳᠡᠯᠲᠡᠶ ᠬᠥᠮᠦᠰ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠵᠢᠴᠢ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠢ ᠲᠣᠬᠤᠨᠢᠭᠤᠯᠵᠤ᠂ ᠲᠡᠳᠡᠨ ᠳᠤ ᠴᠠᠭᠠᠨ ᠰᠠᠷ᠎ᠠ ᠶᠢᠨ ᠰᠠᠶᠢᠨ ᠰᠠᠶᠢᠬᠠᠨ ᠢᠷᠥᠭᠡᠯ ᠳᠡᠪᠰᠢᠭᠦᠯᠪᠡ᠃    ᠠᠰᠠᠷᠠᠨ ᠬᠠᠷᠠᠭᠠᠯᠵᠠᠬᠤ ᠡᠲᠡᠭᠡᠳ ᠪᠤᠤ ᠳ᠋ᠠᠮᠦᠯᠠ ᠶᠢᠨ ᠭᠡᠷ ᠲᠤ᠂ ᠸᠠᠩ ᠵᠢᠶᠠ ᠪᠥᠸᠧ ᠨᠠᠰᠤᠲᠠᠨ ᠤ ᠪᠡᠶ᠎ᠡ ᠶᠢᠨ ᠪᠠᠶᠢᠳᠠᠯ᠂ ᠠᠵᠤ ᠠᠬᠤᠢ ᠶᠢᠨ ᠢᠷᠡᠯᠳᠡ ᠪᠣᠯᠤᠨ ᠦᠷ᠎ᠡ ᠬᠡᠦᠬᠡᠳ ᠤᠨ ᠠᠵᠢᠯ ᠣᠯᠭᠤᠯᠲᠠ ᠶᠢᠨ ᠪᠠᠶᠢᠳᠠᠯ ᠢ ᠨᠠᠷᠢᠨ ᠠᠰᠠᠭᠤᠵᠤ᠂ ᠲᠡᠭᠦᠨ ᠤ ᠤᠯᠤᠰ ᠪᠣᠯᠤᠨ ᠠᠷᠠᠳ ᠲᠦᠮᠡᠨ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ᠂ ᠨᠠᠰᠤᠲᠠᠨ ᠢ ᠪᠡᠶ᠎ᠡ ᠪᠠᠨ ᠭᠠᠮᠨᠠᠭᠠᠷᠠᠢ ᠭᠡᠵᠦ ᠵᠠᠬᠢᠪᠠ᠃ ᠨᠠᠮ ᠪᠠ ᠵᠠᠰᠠᠭ ᠤᠨ ᠣᠷᠳᠣᠨ ᠤ ᠭᠦᠨ ᠵᠤᠵᠠᠭᠠᠨ ᠬᠠᠯᠠᠮᠵᠢᠯᠠᠯ ᠨᠢ ᠶᠠᠫᠣᠨ ᠢ ᠡᠰᠡᠷᠭᠦᠴᠡᠬᠦ ᠲᠠᠶᠢᠨ ᠤ ᠠᠬᠠᠮᠠᠳ ᠴᠡᠷᠢᠭ ᠪᠤᠯᠤᠭᠰᠠᠨ ᠪᠤᠤ ᠳ᠋ᠠᠮᠦᠯᠠ ᠳᠤ ᠲᠦᠢᠯ ᠤᠨ ᠬᠠᠯᠠᠭᠤᠨ ᠳᠤᠯᠠᠭᠠᠨ ᠰᠠᠨᠠᠭᠳᠠᠪᠠ᠃    ᠣᠨᠴᠠ ᠬᠦᠴᠢᠷᠳᠡᠯᠲᠡᠢ ᠬᠥᠮᠦᠨ ᠯᠢᠦ ᠴᠠᠩ ᠵᠦ ᠪᠣᠯᠤᠨ ᠱᠧᠨ ᠱᠤᠸᠠᠨ ᠵᠤ᠋ ᠶᠢᠨ ᠭᠡᠷ ᠲᠤ᠂ ᠸᠠᠩ ᠵᠢᠶᠠ ᠪᠥᠸᠧ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠵᠢᠴᠢ ᠠᠮᠢᠳᠤᠷᠠᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠣᠶᠢᠯᠠᠭᠠᠵᠤ᠂ ᠲᠡᠳᠡᠨ ᠢ ᠪᠡᠶ᠎ᠡ ᠪᠠᠨ ᠬᠢᠴᠢᠶᠡᠵᠦ᠂ ᠢᠲᠡᠭᠡᠯ ᠵᠣᠷᠢᠭ ᠲᠠᠢ ᠪᠠᠶᠢᠵᠤ᠂ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠵᠣᠯ ᠵᠢᠷᠭᠠᠯᠲᠤ ᠠᠮᠢᠳᠤᠷᠠᠯ ᠢ ᠴᠣᠭᠴᠠᠯᠠᠬᠤ ᠶᠢ ᠵᠣᠷᠢᠭᠵᠢᠭᠤᠯᠬᠤ ᠶᠢᠨ ᠬᠠᠮᠲᠤ ᠲᠡᠳᠡᠨ ᠳᠤ ᠲᠣᠬᠤᠨᠢᠭᠤᠯᠬᠤ ᠮᠥᠩᠭᠦ ᠬᠦᠷᠭᠡᠪᠡ᠃    ᠳᠠᠷᠠᠭ᠎ᠠ ᠨᠢ᠂ ᠸᠠᠩ ᠵᠢᠶᠠ ᠪᠥᠸᠧ ᠨᠡᠷ ᠡᠷᠬᠢᠲᠦ ᠪᠠᠯᠭᠠᠰᠤ ᠶᠢᠨ ᠪᠸᠢ ᠠᠨ ᠭᠠᠴᠠᠭ᠎ᠠ ᠪᠣᠯᠤᠨ ᠪᠠᠶᠠᠨᠬᠤᠲᠠ ᠭᠠᠴᠠᠭ᠎ᠠ ᠳᠤ ᠬᠦᠷᠴᠦ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠠᠩᠬᠢ ᠶᠢᠨ ᠲᠣᠰᠬᠤᠨ ᠳᠤ ᠰᠠᠭᠤᠬᠤ ᠠᠵᠢᠯᠯᠠᠬᠤ ᠠᠩᠬᠢ ᠶᠢ ᠪᠣᠯᠭᠤᠭᠠᠨ ᠲᠣᠬᠤᠨᠢᠭᠤᠯᠵᠠᠢ᠃ ᠲᠣᠬᠤᠨᠢᠭᠤᠯᠬᠤ ᠳᠤᠮᠳᠠ᠂ ᠸᠠᠩ ᠵᠢᠶᠠ ᠪᠥᠸᠧ ᠲᠣᠰᠬᠤᠨ ᠳᠤ ᠰᠠᠭᠤᠬᠤ ᠠᠵᠢᠯᠯᠠᠬᠤ ᠠᠩᠭᠢ ᠲᠠᠢ ᠳᠣᠲᠣᠨᠣᠰᠤᠭ ᠢᠶᠠᠷ ᠶᠠᠷᠢᠯᠴᠠᠵᠤ᠂ ᠲᠡᠳᠡᠨ ᠤ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠳᠤ ᠤᠷᠢᠳᠴᠢᠯᠠᠨ ᠴᠠᠭᠠᠨ ᠰᠠᠷ᠎ᠠ ᠶᠢᠨ ᠪᠠᠶᠠᠷ ᠬᠦᠷᠭᠡᠨ ᠵᠥᠩᠨᠡᠪᠡ᠃    ᠵᠡᠪᠰᠡᠭᠲᠦ ᠴᠠᠭᠳᠠᠭ᠎ᠠ ᠶᠢᠨ ᠬᠢᠩᠭᠠᠨ ᠤ ᠰᠠᠯᠪᠤᠷᠢ ᠠᠩᠬᠢ ᠳᠤ᠂ ᠸᠠᠩ ᠵᠢᠶᠠ ᠪᠥᠸᠧ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠤᠨ ᠣᠷᠣᠨ ᠨᠤᠲᠤᠭ ᠤᠨ ᠬᠥᠭᠵᠢᠯᠲᠡ ᠶᠢ ᠳᠡᠮᠵᠢᠬᠦ᠂ ᠣᠷᠣᠨ ᠨᠤᠲᠤᠭ ᠤᠨ ᠲᠣᠭᠲᠠᠭᠤᠨ ᠢ ᠬᠠᠮᠠᠭᠠᠯᠠᠬᠤ ᠳᠤ ᠭᠠᠷᠭᠠᠭᠰᠠᠨ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠰᠠᠭᠤᠭ᠎ᠠ ᠭᠠᠵᠠᠷ ᠤᠨ ᠳᠠᠷᠤᠭ᠎ᠠ ᠪᠠᠶᠢᠯᠳᠤᠭᠴᠢᠳ ᠲᠤ ᠲᠣᠬᠤᠨᠢᠭᠤᠯᠬᠤ ᠪᠣᠳᠠᠰ ᠪᠣᠯᠤᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号