ᠰᠦᠨ ᠱᠤ᠋ ᠲᠤᠸ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/29
    10 ᠰᠠᠷ᠎ᠠ ᠶᠢᠨ 26 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠤᠨ ᠲᠤᠬᠠᠢ ᠳᠠᠬᠢᠨ ᠲᠣᠬᠢᠷᠠᠭᠤᠯᠤᠯᠲᠠ ᠳᠠᠬᠢᠨ ᠪᠠᠶᠢᠷᠢᠯᠠᠭᠤᠯᠤᠯᠲᠠ ᠬᠢᠪᠡ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠵᠢᠯ ᠢ ᠥᠴᠥᠬᠡᠨ ᠴᠦ ᠰᠤᠯᠠᠷᠠᠭᠤᠯᠵᠤ ᠪᠣᠯᠬᠤ ᠦᠭᠡᠢ᠃ ᠰᠦᠨ ᠱᠤ᠋ ᠲᠤᠤ ᠬᠡᠯᠡᠬᠦ ᠳᠡᠭᠡᠨ᠄ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠠᠲᠤᠳᠬᠠᠵᠤ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠭᠦᠢᠴᠡᠳ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠴᠢᠨᠠᠭᠰᠢᠳᠠ ᠰᠠᠶᠢᠲᠤᠷ ᠬᠢᠵᠦ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠥᠮᠥᠰ᠂ ᠭᠤᠣᠯᠳᠠᠯᠭ᠎ᠠ ᠲᠠᠢ ᠠᠵᠢᠯ ᠲᠥᠷᠥᠯ ᠤᠨ ᠪᠠᠶᠢᠴᠠᠭᠠᠬᠤ ᠶᠣᠰᠣᠲᠠᠢ ᠶᠢ ᠨᠢ ᠴᠥᠮ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠪᠠᠶᠢᠴᠠᠭᠠᠨ ᠰᠢᠯᠭᠠᠬᠤ ᠶᠠᠰᠤ ᠴᠢᠨᠠᠷ ᠢ ᠳᠡᠭᠡᠭᠰᠢᠯᠡᠭᠦᠯᠦᠨ᠂ ᠶᠠᠮᠠᠷ ᠴᠤ ᠠᠰᠠᠭᠤᠳᠠᠯ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠭᠠᠳᠠᠨ᠎ᠠ  ᠠᠴᠠ ᠢᠷᠡᠭᠰᠡᠳ ᠤᠨ ᠬᠠᠮᠢᠶᠠᠷᠤᠨ ᠡᠵᠡᠮᠳᠡᠬᠦ ᠡᠷᠴᠢᠮ ᠪᠣᠯᠣᠨ ᠵᠢᠭᠰᠠᠭᠠᠨ ᠪᠠᠶᠢᠴᠠᠭᠠᠬᠤ ᠡᠷᠴᠢᠮ  ᠢ ᠦᠷᠭᠦᠯᠵᠢᠯᠡᠨ ᠴᠢᠩᠭᠠᠷᠠᠭᠤᠯᠵᠤ᠂ ᠬᠠᠮᠤᠭ ᠲᠡᠷᠢᠭᠦᠨ ᠳᠤ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠤ ᠬᠤᠰᠢᠭᠤᠨ ᠳᠠᠭᠠᠨ ᠪᠤᠴᠠᠵᠤ ᠢᠷᠡᠭᠰᠡᠨ ᠬᠥᠮᠥᠰ  ᠢ ᠡᠵᠡᠮᠰᠢᠨ ᠪᠠᠶᠢᠴᠠᠭᠠᠵᠤ᠂ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ  ᠶᠢ ᠴᠢᠩᠭ᠎ᠠ ᠨᠠᠶᠢᠳᠠᠪᠤᠷᠢᠵᠢᠭᠤᠯᠤᠨ᠂ ᠳᠠᠶᠢᠨ ᠤ ᠪᠡᠯᠡᠳᠬᠡᠯ ᠤᠨ ᠪᠠᠶᠢᠳᠠᠯ  ᠢ ᠴᠠᠭ ᠢᠮᠠᠭᠲᠠ ᠪᠠᠲᠤᠯᠠᠵᠤ᠂ ᠨᠠᠩ ᠬᠦᠴᠦᠲᠡᠢ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠬᠦᠴᠦᠷᠬᠡᠭ ᠶᠡᠭᠡ ᠨᠡᠶᠢᠯᠡᠮᠡᠯ ᠬᠦᠴᠦᠨ  ᠢ ᠪᠦᠷᠢᠯᠳᠦᠭᠦᠯᠵᠦ᠂ ᠬᠢᠵᠢᠭ ᠤᠨ ᠪᠠᠶᠢᠳᠠᠯ  ᠢ ᠰᠡᠷᠭᠡᠶᠢᠯᠡᠨ ᠬᠤᠷᠢᠭᠯᠠᠬᠤ ᠳᠠᠶᠢᠨ ᠤ ᠢᠯᠠᠯᠲᠠ  ᠶᠢ ᠪᠥᠬᠦ ᠬᠦᠴᠦᠨ  ᠢᠶᠠᠷ  ᠢᠶᠠᠨ ᠣᠯᠵᠤ᠂ ᠪᠥᠬᠦ ᠬᠤᠰᠢᠭᠤᠨ ᠤ ᠨᠡᠶᠢᠭᠡᠮ ᠤᠨ ᠶᠡᠭᠡ ᠲᠠᠯ᠎ᠠ   ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ  ᠶᠢ ᠪᠠᠲᠤᠯᠠᠬᠤ ᠬᠡᠷᠡᠭᠲᠡᠢ ᠭᠡᠵᠡᠢ᠃    ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ  ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠦ ᠭᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠯᠢᠦ ᠬᠠᠢ ᠲᠤᠸ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠶᠠᠩ ᠯᠧᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠵᠠᠩ ᠰᠢᠦᠢ ᠳ᠋ᠦᠩ ᠵᠢᠴᠢ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ᠂ ᠬᠡᠰᠡᠭ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠰᠢᠮᠳᠠᠭᠤᠯᠤᠨ ᠪᠠᠶᠢᠴᠠᠭᠠᠬᠤ ᠲᠤᠰᠬᠠᠢ ᠠᠩᠭᠢ᠂ ᠨᠠᠢᠮᠠᠨ ᠶᠡᠭᠡ ᠲᠤᠰᠬᠠᠢ ᠳᠤᠭᠤᠶᠢᠯᠠᠩ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号