ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠣᠨ ᠫᠧᠩ ᠫᠠᠢ ᠪᠦᠯᠦᠭᠯᠡᠯ ᠡᠪᠡᠰᠦᠨ ᠤ ᠦᠢᠯᠡᠰ ᠤᠨ ᠬᠠᠮᠢᠶ᠎ᠠ ᠪᠦᠬᠦᠢ ᠶᠠᠪᠤᠳᠠᠯ ᠢ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/1
     11 ᠰᠠᠷ᠎ᠠ ᠶᠢᠨ 1 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠣᠨ‌‍ᠫᠧᠩ ᠫᠠᠢ ᠪᠦᠯᠦᠭᠯᠡᠯ ᠡᠪᠡᠰᠦᠨ ᠤ ᠠᠵᠤ ᠦᠢᠯᠡᠰ ᠤᠨ ᠬᠠᠮᠢᠶ᠎ᠠ ᠪᠦᠬᠦᠢ ᠶᠠᠪᠤᠳᠠᠯ ᠢ ᠠᠬᠢᠭᠤᠯᠬᠤ ᠬᠤᠷᠠᠯ ᠬᠢᠵᠦ᠂ ᠤᠮᠠᠷᠠᠲᠤ ᠶᠢᠨ ᠵᠦᠩ ᠵᠢᠶᠦ᠋ᠨ ᠤ ᠲᠡᠭᠡᠭᠡᠪᠦᠷᠢ ᠶᠢᠨ ᠡᠵᠡᠩᠨᠡᠯᠲᠡ ᠶᠢᠨ ᠬᠡᠷᠡᠭ ᠮᠡᠳᠡᠭᠴᠢᠳ ᠤᠨ ᠳᠠᠷᠤᠭ᠎ᠠ ᠴᠢᠶᠠᠨ ᠷᠦᠢ ᠰᠢᠶᠠ᠂ ᠶᠦᠨ ᠮᠤ᠋ ᠲᠡᠵᠢᠭᠡᠯ ᠡᠪᠡᠰᠦᠨ ᠤ ᠦᠢᠯᠡᠰ ᠤᠨ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠢ ᠳᠠᠭᠠᠭᠠᠮᠠᠯ ᠯᠢᠦ ᠰᠢᠶᠣᠣ ᠶᠦᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠵᠢᠴᠢ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠤᠳ ᠬᠤᠷᠠᠯ ᠳᠤ ᠣᠷᠣᠯᠴᠠᠪᠠ᠃    ᠬᠤᠷᠠᠯ ᠠᠴᠠ ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠬᠦ᠂ ᠬᠤᠨᠢ ᠡᠪᠡᠰᠦ ᠦᠷᠡᠵᠢᠭᠦᠯᠦᠨ ᠪᠣᠶᠢᠵᠢᠭᠤᠯᠬᠤ᠂  ᠠᠯᠳᠠᠷ ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠪᠡᠰᠦ ᠡᠳ᠋ᠰᠢᠭᠦᠯᠦᠭᠰᠡᠨ ᠵᠡᠷᠭᠡ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠪᠠ᠃    ᠴᠢᠶᠠᠨ ᠷᠦᠢ ᠰᠢᠶᠠ᠂ ᠬᠤᠨᠢ ᠡᠪᠡᠰᠦᠨ ᠤ ᠠᠵᠤ ᠦᠢᠯᠡᠰ ᠤᠨ ᠠᠯᠤᠰ ᠢᠷᠡᠭᠡᠳᠦᠢ ᠥᠷᠭᠡᠨ ᠠᠭᠤᠳᠠᠮ ᠪᠠᠶᠢᠨ᠎ᠠ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠶᠢ ᠴᠢᠨᠠᠭᠰᠢᠳᠠ ᠲᠥᠯᠥᠪᠵᠢᠭᠦᠯᠵᠦ᠂ ᠲᠠᠯ᠎ᠠ ᠨᠤᠲᠤᠭ ᠤᠨ ᠠᠮᠢ ᠠᠬᠤᠢ ᠶᠢ ᠵᠠᠰᠠᠵᠤ ᠰᠡᠷᠭᠦᠭᠡᠬᠦ᠂ ᠡᠪᠡᠰᠦᠨ ᠤ ᠰᠣᠶᠣᠯ ᠢ ᠳᠡᠯᠭᠡᠷᠡᠭᠦᠯᠬᠦ᠂ ᠡᠪᠡᠰᠦ ᠪᠡᠯᠴᠢᠭᠡᠷ ᠢ ᠪᠡᠶᠡᠴᠢᠯᠡᠨ ᠣᠶᠢᠯᠠᠭᠠᠬᠤ᠂ ᠡᠪᠡᠰᠦ ᠪᠡᠯᠴᠢᠭᠡᠷ ᠤᠨ ᠵᠤᠭᠠᠴᠠᠯ ᠵᠡᠷᠭᠡ ᠲᠠᠯ᠎ᠠ ᠪᠠᠷ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃    ᠸᠠᠩ ᠯᠢ ᠳ᠋ᠦᠩ ᠬᠡᠯᠡᠬᠦ ᠳᠡᠭᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠲᠠᠷᠢᠶᠠᠯᠠᠩ ᠮᠠᠯ ᠠᠵᠤ ᠠᠬᠤᠢ ᠪᠠ ᠠᠮᠢ ᠠᠬᠤᠢ ᠶᠢ ᠲᠡᠩᠴᠡᠭᠦᠷᠢᠲᠡᠢ ᠬᠥᠭᠵᠢᠭᠦᠯᠬᠦ ᠠᠷᠭ᠎ᠠ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠡᠪᠡᠰᠦᠨ ᠡᠭᠦᠯᠳᠡᠷ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠨᠤᠲᠤᠭ ᠪᠡᠯᠴᠢᠭᠡᠷ ᠢ ᠵᠠᠰᠠᠨ ᠰᠡᠷᠭᠦᠭᠡᠬᠦ ᠲᠠᠢ ᠤᠶᠠᠯᠳᠤᠭᠤᠯᠤᠨ᠂ ᠥᠨᠳᠥᠷ ᠪᠠᠷᠢᠮᠵᠢᠶᠠᠲᠤ ᠮᠠᠯᠵᠢᠯ ᠤᠨ ᠲᠠᠯᠠᠪᠠᠶ ᠶᠢ ᠪᠦᠲᠦᠭᠡᠨ ᠪᠠᠶᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠮᠠᠯ ᠲᠡᠵᠢᠭᠡᠪᠦᠷᠢ ᠶᠢᠨ ᠥᠪᠡᠷ ᠤᠨ ᠥᠷᠲᠡᠭ ᠢ ᠤᠯᠠᠮ ᠨᠢᠭᠡ ᠠᠯᠬᠤᠮ ᠠᠷᠪᠢᠯᠠᠵᠤ᠂ ᠠᠰᠢᠭ ᠣᠷᠣᠯᠭ᠎ᠠ ᠶᠢ ᠨᠡᠮᠡᠭᠳᠡᠭᠦᠯᠦᠨ᠎ᠡ ᠭᠡᠵᠡᠢ᠃ ︽2023 ᠣᠨ ᠤ ᠡᠪᠡᠰᠦᠨ ᠤ ᠠᠵᠤ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠨ ᠲᠡᠭᠦᠯᠳᠡᠷᠵᠢᠭᠦᠯᠵᠦ᠂ ᠭᠡᠷ ᠪᠦᠯᠢ᠂ ᠭᠠᠴᠠᠭ᠎ᠠ ᠪᠠᠷ ᠨᠢᠭᠡᠴᠢ ᠪᠣᠯᠭᠠᠭᠰᠠᠨ ᠥᠨᠳᠥᠷ ᠪᠠᠷᠢᠮᠵᠢᠶᠠᠲᠤ ᠮᠠᠯᠵᠢᠯ ᠤᠨ ᠲᠠᠯᠠᠪᠠᠶ ᠶᠢᠨ ᠬᠡᠷᠡᠭᠵᠢᠭᠦᠯᠬᠦ ᠲᠥᠰᠥᠯ ᠢ ᠰᠤᠳᠤᠯᠤᠨ ᠲᠣᠭᠲᠠᠭᠠᠵᠤ᠂ ᠡᠪᠡᠰᠦᠨ ᠤ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠤᠨ ᠪᠠᠷᠢᠮᠵᠢᠶ᠎ᠠ ᠶᠢ ᠰᠦᠪᠡᠭᠴᠢᠯᠡᠨ ᠪᠠᠶᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢ ᠦᠷᠭᠦᠯᠵᠢᠯᠡᠨ ᠠᠬᠢᠭᠤᠯᠵᠤ᠂ ᠠᠮᠢ ᠠᠬᠤᠢ ᠶᠢ ᠰᠡᠷᠭᠦᠭᠡᠬᠦ ᠡᠷᠴᠢᠮ ᠢ ᠴᠢᠩᠭᠠᠷᠠᠭᠤᠯᠤᠨ᠂ ᠠᠮᠢ ᠠᠬᠤᠢ ᠶᠢᠨ ᠵᠠᠰᠠᠯᠲᠠ ᠬᠢᠭᠡᠳ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号