ᠭᠡᠭᠡᠨ ᠰᠦᠮ᠎ᠡ ᠶᠢᠨ ᠪᠠᠶᠢᠯᠳᠤᠭᠠᠨ
ᠨᠡᠶᠢᠲᠡᠯᠡᠭᠰᠡᠨ ᠴᠠᠭ᠄
2022/11/30
     1945 ᠤᠨ ᠤ 8 ᠰᠠᠷ᠎ᠠ ᠶᠢᠨ 10  ᠤ ᠡᠳᠦᠷ ᠂ ᠶᠠᠫᠤᠨ ᠤ ᠬᠠᠭᠤᠷᠮᠠᠭ ᠴᠡᠷᠢᠭ  ᠤᠨ ᠸᠠᠩ ᠤᠨ ᠰᠦᠮ᠎ᠡ ᠵᠡᠭᠡᠯᠢ ᠳᠤ ᠦᠯᠡᠳᠡᠨ ᠰᠠᠬᠢᠵᠦ ᠰᠠᠭᠤᠭ᠎ᠠ 200 ᠭᠠᠷᠤᠢ ᠬᠥᠮᠥᠨ ᠵᠢᠴᠢ ᠶᠠᠫᠤᠨ  ᠤ ᠬᠠᠭᠤᠷᠮᠠᠭ ᠴᠡᠷᠢᠭ ᠤᠨ ᠳᠣᠣᠷᠠᠳᠤ ᠳᠠᠪᠬᠤᠷᠭ᠎ᠠ ᠶᠢᠨ ᠬᠥᠮᠥᠰ ᠤᠨ ᠭᠡᠷ ᠪᠦᠯᠢ ᠶᠢᠨ ᠬᠢᠨ ᠨᠡᠶᠢᠳᠡ 1200 ᠭᠠᠷᠤᠢ ᠬᠥᠮᠥᠨ ᠂ᠪᠠᠷᠠᠭᠤᠨ ᠬᠤᠷᠴᠢᠨ ᠡᠮᠦᠨᠡᠲᠦ ᠬᠤᠰᠢᠭᠤᠨ ᠤ ᠶᠠᠫᠤᠨ ᠤ ᠵᠥᠪᠳᠡᠭᠴᠢ ᠨᠣᠶᠠᠨ ᠴᠢᠶᠠᠨ ᠶᠧ ᠯᠢᠶᠠᠩ ᠰᠠᠨ ᠤ ᠳᠠᠭᠠᠭᠤᠯᠭ᠎ᠠ ᠪᠠᠷ ᠡᠮᠦᠨᠡᠰᠢ ᠳᠤᠲᠠᠭᠠᠪᠠ᠃ 15 ᠤ ᠡᠳᠦᠷ ᠤᠨ ᠥᠷᠯᠥᠭᠡ ᠂ ᠭᠡᠭᠡᠨᠰᠦᠮ᠎ᠡ ᠶᠢᠨ ᠠᠷᠤ ᠶᠢᠨ ᠠᠭᠤᠯᠠᠨ ᠭᠤᠤ ᠳᠤ ᠬᠦᠷᠴᠦ ᠢᠷᠡᠬᠦ ᠳᠤ ᠂ ᠵᠥᠪᠯᠡᠯᠲᠦ ᠶᠢᠨ ᠴᠡᠷᠢᠭ ᠤᠨ ᠬᠤᠰᠢᠭᠤᠴᠢ  ᠴᠡᠷᠢᠭ ᠠᠩᠭᠢ ᠶᠢᠨ 8 ᠲᠠᠩᠺ ᠲᠤ ᠨᠡᠬᠡᠮᠵᠢᠯᠡᠭᠳᠡᠨ ᠫᠤᠤᠳᠠᠭᠳᠠᠪᠠ᠃ 1 ᠵᠥᠪᠯᠡᠯᠲᠦ ᠶᠢᠨ ᠨᠢᠰᠬᠡᠯ ᠣᠭᠲᠠᠷᠭᠤᠢ  ᠳ᠋ᠦ ᠭᠠᠷᠴᠦ ᠫᠦᠯᠧᠮᠶᠣᠲ ᠢᠶᠠᠷ ᠡᠭᠡᠯᠵᠢᠯᠡᠨ ᠰᠢᠷᠪᠢᠨ ᠫᠤᠤᠳᠠᠪᠠ ᠃ ᠬᠤᠶᠠᠷ ᠴᠠᠭ ᠭᠠᠷᠤᠢ ᠶᠢᠨ ᠳᠠᠷᠠᠭ᠎ᠠ᠂ ᠶᠠᠫᠤᠨ ᠴᠡᠷᠢᠭ ᠤᠨ ᠣᠯᠠᠩᠬᠢ ᠨᠢ ᠦᠬᠦᠵᠦ ᠰᠢᠷᠬᠠᠲᠤᠭᠠᠳ᠂ ᠬᠡᠳᠦᠨ ᠵᠠᠭᠤᠨ ᠬᠥᠮᠥᠨ ᠬᠤᠣᠷ ᠢᠳᠡᠵᠦ ᠪᠡᠶ᠎ᠡ ᠪᠠᠨ ᠬᠤᠣᠷᠯᠠᠪᠠ᠃ ᠠᠮᠢᠳᠦ ᠦᠯᠡᠳᠡᠭᠰᠡᠳ  ᠨᠢ ᠵᠠᠭᠤᠨᠬᠥᠮᠥᠨ ᠴᠦ ᠬᠦᠷᠬᠦ ᠦᠭᠡᠢ ᠪᠠᠶᠢᠪᠠ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号