ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠳᠤᠷᠢᠳᠬᠤ ᠳᠤᠭᠤᠶᠢᠯᠠᠩ ᠤᠨ ᠨᠠᠢᠮᠠᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/4
     11 ᠰᠠᠷ᠎ᠠ ᠶᠢᠨ 3 ᠤ ᠡᠳᠦᠷ᠂ ᠪᠥᠬᠦ ᠠᠶᠢᠮᠠᠭ ᠤᠨ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢᠨ ᠬᠠᠷᠠᠭᠠᠨ ᠳᠠᠪᠲᠠᠮᠵᠢ ᠶᠢᠨ ᠬᠤᠷᠠᠯ ᠬᠤᠷᠠᠯᠳᠤᠭᠰᠠᠨ ᠤ ᠳᠠᠷᠠᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠠᠮᠤᠭ ᠤᠨ ᠲᠡᠷᠢᠭᠦᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠳᠤᠷᠢᠳᠬᠤ ᠳᠤᠭᠤᠶᠢᠯᠠᠩ ᠤᠨ ᠨᠠᠢᠮᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠭᠠᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠯᠢᠦ ᠬᠠᠢ ᠲᠤᠸ ᠬᠤᠷᠠᠯ ᠳᠤ ᠣᠷᠣᠯᠴᠠᠵᠠᠢ᠃ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠬᠤᠷᠠᠯ ᠳᠤ ᠣᠷᠣᠯᠴᠠᠵᠠᠢ᠃    ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽  ᠬᠦᠰᠦᠨᠦᠭᠴᠢᠯᠡᠬᠦ︾ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠢᠨᠠᠨ ᠰᠢᠯᠭᠠᠵᠤ ᠰᠢᠯᠭᠠᠨ ᠪᠠᠶᠢᠴᠠᠭᠠᠬᠤ ᠶᠢ ᠤᠭᠲᠤᠬᠤ ᠪᠠ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ᠃ ᠡᠯ᠎ᠡ ᠪᠦᠷᠢᠯᠳᠦᠭᠦᠨ ᠨᠢᠭᠡᠴᠡ ᠨᠦᠭᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠢᠯ ᠤᠨ ᠬᠤᠪᠢᠶᠠᠷᠢᠯᠠᠯ ᠢᠶᠠᠨ ᠰᠠᠶᠢᠲᠤᠷ ᠬᠢᠵᠦ᠂ ᠳᠠᠷᠤᠶᠢᠬᠠᠨ ᠬᠥᠳᠡᠯᠦᠯᠴᠡᠬᠦ ᠬᠡᠷᠡᠭᠲᠡᠢ᠃ ᠪᠡᠯᠡ ᠮᠥᠩᠭᠦ ᠶᠢᠨ ᠪᠠᠲᠤᠯᠠᠪᠤᠷᠢ ᠶᠢ ᠴᠢᠩᠭᠠᠳᠬᠠᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠶᠡᠷᠦᠩᠬᠡᠢ ᠭᠠᠷᠳᠠᠴᠠ ᠪᠣᠯᠭᠠᠵᠤ᠂ ᠡᠯ᠎ᠡ ᠲᠦᠷᠦᠯ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢ ᠰᠠᠶᠢᠲᠤᠷ ᠬᠠᠮᠢᠶᠠᠷᠴᠤ ᠠᠮᠢᠳᠤᠯᠢᠭ ᠢᠶᠠᠷ ᠬᠡᠷᠡᠭᠯᠡᠬᠦ ᠬᠡᠷᠡᠭᠲᠡᠢ᠃ ᠡᠭᠦᠨ ᠤ ᠬᠠᠮᠲᠤ᠂ ᠢᠷᠡᠬᠦ ᠵᠢᠯ ᠤᠨ ᠲᠦᠷᠦᠯ ᠵᠦᠢᠯ ᠢ ᠡᠷᠲᠡᠬᠡᠨ ᠲᠥᠯᠥᠪᠵᠢᠭᠦᠯᠵᠦ᠂ ᠪᠣᠳᠠᠲᠠᠢ ᠶᠢ ᠡᠷᠬᠢᠮᠯᠡᠨ ᠨᠠᠷᠢᠨ ᠬᠢᠨᠠᠮᠠᠭᠠᠢ ᠠᠵᠢᠯᠯᠠᠬᠤ ᠰᠤᠷᠲᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠦᠷᠦᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃    ᠬᠤᠷᠠᠯ ᠳᠡᠭᠡᠷ᠎ᠡ᠂ ᠯᠢᠦ ᠭᠠᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠨ ᠤ ᠬᠢᠨᠠᠨ ᠰᠢᠯᠭᠠᠬᠤ ᠭᠦᠢᠴᠡᠳᠬᠡᠯ ᠲᠤᠭ᠎ᠠ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠯᠲᠡ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠡᠷᠦᠬᠡ ᠶᠢᠨ ᠵᠣᠷᠯᠣᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠢᠴᠢ ᠢᠷᠡᠬᠦ ᠵᠢᠯ ᠤᠨ ᠲᠦᠷᠦᠯ ᠵᠦᠢᠯ ᠢ ᠭᠤᠶᠤᠴᠢᠯᠠᠨ ᠮᠡᠳᠡᠭᠦᠯᠵᠦ ᠲᠥᠯᠥᠪᠵᠢᠭᠦᠯᠬᠦ ᠵᠡᠷᠭᠡ ᠠᠵᠢᠯ ᠤᠨ ᠲᠤᠬᠠᠢ ᠳᠠᠬᠢᠨᠲᠠ ᠴᠢᠬᠤᠯᠠᠴᠢᠯᠠᠵᠤ᠂ ᠯᠢᠦ ᠬᠠᠢ ᠲᠤᠤ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠠᠵᠢᠯ ᠤᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号