11 ᠰᠠᠷ᠎ᠠ ᠶᠢᠨ 6 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠫᠧᠩ ᠫᠠᠢ | ᠪᠦᠯᠦᠭᠯᠡᠯ · ᠡᠰᠢ ᠰᠦᠷᠡᠯ ᠤᠨ ᠪᠦᠯᠦᠭᠯᠡᠯ ᠲᠠᠢ ᠲᠦᠷᠦᠯ ᠵᠦᠢᠯ ᠢ ᠵᠣᠯᠭᠠᠭᠤᠯᠬᠤ ᠶᠠᠷᠢᠯᠴᠠᠬᠤ ᠬᠤᠷᠠᠯ ᠬᠢᠵᠦ᠂ | ᠤᠯᠤᠰ ᠤᠨ ᠡᠰᠢ ᠰᠦᠷᠡᠯ ᠤᠨ ᠠᠵᠤ ᠦᠢᠯᠡᠰ ᠤᠨ ᠬᠥᠭᠵᠢᠯᠲᠡ ᠶᠢᠨ ᠬᠤᠯᠪᠣᠭᠠᠨ ᠤ ᠬᠡᠷᠡᠭ ᠡᠷᠬᠢᠯᠡᠭᠴᠢᠳ ᠤᠨ | ᠳᠠᠷᠤᠭ᠎ᠠ᠂ ᠡᠰᠢ ᠰᠦᠷᠡᠯ ᠤᠨ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ ᠫᠧᠩ ᠹᠧᠢ᠂ ᠭᠢᠷᠢᠨ ᠮᠤᠵᠢ ᠶᠢᠨ ᠫᠧᠩ ᠫᠠᠢ ᠲᠠᠷᠢᠶᠠᠯᠠᠩ ᠤᠨ ᠬᠥᠭᠵᠢᠭᠦᠯᠦᠯᠲᠡ ᠶᠢᠨ | ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠣᠣ ᠰᠢᠶᠠᠩ ᠴᠢᠶᠠᠨ ᠵᠢᠴᠢ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ᠂ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠵᠠᠰᠠᠭ ᠤᠨ ᠣᠷᠳᠣᠨ ᠤ | ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠶᠠᠷᠢᠯᠴᠠᠬᠤ ᠬᠤᠷᠠᠯ ᠨᠢ ᠠᠯᠤᠰ ᠬᠠᠷᠠᠭᠠᠨ ᠳᠠᠪᠲᠠᠮᠵᠢ ᠶᠢᠨ | ᠬᠡᠯᠪᠡᠷᠢ ᠪᠠᠷ ᠶᠠᠪᠤᠭᠳᠠᠪᠠ᠃ | ᠬᠤᠷᠠᠯ ᠳᠡᠭᠡᠷ᠎ᠡ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠡᠰᠢ ᠰᠦᠷᠡᠯ ᠢ ᠶᠡᠷᠦᠩᠬᠡᠶᠢᠯᠡᠨ | ᠠᠰᠢᠭᠯᠠᠬᠤ ᠶᠢ ᠠᠵᠤ ᠦᠶᠢᠯᠡᠰᠵᠢᠭᠦᠯᠦᠨ ᠬᠥᠭᠵᠢᠭᠦᠯᠬᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠨᠢᠲᠤᠯᠬᠤ᠂ | ᠡᠳ᠋ᠰᠢᠭᠦᠯᠬᠦ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠵᠡᠷᠭᠡ ᠬᠠᠮᠢᠶ᠎ᠠ ᠪᠦᠬᠦᠢ ᠪᠠᠶᠢᠳᠠᠯ ᠤᠨ ᠲᠤᠬᠠᠢ | ᠰᠠᠨᠠᠯ ᠢᠶᠠᠨ ᠰᠣᠯᠢᠯᠴᠠᠪᠠ᠃ | ᠬᠤᠶᠠᠷ ᠠᠵᠤ ᠠᠬᠤᠶᠢᠯᠠᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠬᠢ ᠪᠠᠶᠠᠯᠢᠭ ᠤᠨ | ᠳᠠᠪᠠᠭᠤᠯᠢᠭ ᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ ᠪᠦᠯᠦᠭᠯᠡᠯ ᠨᠢ ᠡᠰᠢ ᠰᠦᠷᠡᠯ ᠢ ᠶᠡᠷᠦᠩᠬᠡᠶᠢᠯᠡᠨ | ᠠᠰᠢᠭᠯᠠᠬᠤ᠂ ᠡᠪᠡᠰᠦ ᠪᠣᠷᠳᠣᠭᠠᠨ ᠤ ᠠᠵᠤ ᠦᠢᠯᠡᠰ ᠤᠨ ᠬᠡᠯᠬᠢᠶ᠎ᠡ᠂ ᠠᠯᠠᠰᠢᠨ ᠦᠬᠡᠷ ᠲᠡᠵᠢᠭᠡᠨ ᠦᠷᠡᠵᠢᠭᠦᠯᠬᠦ᠂ | ᠡᠳ᠋ᠰᠢᠭᠦᠯᠬᠦ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠵᠡᠷᠭᠡ ᠠᠵᠤ ᠦᠢᠯᠡᠰ ᠤᠨ ᠲᠣᠭᠤᠷᠢᠨ ᠳᠤ ᠠᠷᠭ᠎ᠠ | ᠰᠦᠪᠡᠭᠴᠢᠯᠡᠵᠦ᠂ ᠡᠰᠢ ᠰᠦᠷᠡᠯ᠂ ᠠᠯᠠᠰᠢᠨ ᠦᠬᠡᠷ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ | ᠲᠥᠷᠥᠯ ᠵᠦᠢᠯ ᠢᠶᠠᠨ ᠰᠠᠶᠢᠲᠤᠷ ᠲᠥᠯᠥᠪᠵᠢᠭᠦᠯᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ | ᠢᠯᠡᠷᠬᠡᠶᠢᠯᠡᠵᠡᠢ᠃ | ᠰᠦᠨ ᠱᠤ᠋ ᠲᠤᠤ ᠬᠡᠯᠡᠭᠰᠡᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ | ᠪᠠᠲᠤᠯᠠᠭ᠎ᠠ ᠪᠠᠨ ᠴᠢᠩᠭᠠᠳᠬᠠᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ | ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠰᠢᠢᠳᠪᠦᠷᠢᠯᠡᠵᠦ᠂ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ | ᠲᠦᠷᠦᠯ ᠵᠦᠢᠯ ᠢ ᠡᠬᠢᠯᠡᠭᠦᠯᠬᠦ ᠶᠢ ᠲᠦᠷᠭᠡᠨ ᠠᠬᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ | ᠬᠠᠮᠲᠤᠷᠠᠯᠴᠠᠭ᠎ᠠ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠢᠳᠡᠪᠬᠢᠲᠡᠢ ᠪᠠᠷ ᠵᠣᠬᠢᠴᠠᠭᠤᠯᠤᠨ ᠵᠣᠯᠭᠠᠭᠤᠯᠵᠤ᠂ | ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠠᠵᠢᠯ ᠤᠨ ᠣᠪᠣᠷ ᠢᠶᠠᠷ ᠲᠥᠷᠥᠯ ᠵᠦᠢᠯ ᠢᠶᠠᠨ ᠰᠠᠶᠢᠲᠤᠷ | ᠲᠥᠯᠥᠪᠵᠢᠭᠦᠯᠵᠦ᠂ ᠠᠷᠠᠳ ᠲᠦᠮᠡᠨ ᠳᠤ ᠪᠣᠳᠠᠲᠤ ᠠᠰᠢᠭ ᠬᠦᠷᠲᠡᠭᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤ ᠶᠢ ᠬᠥᠭᠵᠢᠭᠦᠯᠵᠦ᠂ ᠠᠵᠤ ᠠᠬᠤᠶᠢᠯᠠᠯ ᠤᠨ ᠪᠦᠯᠦᠭᠯᠡᠯ ᠳᠤ ᠦᠷ᠎ᠡ ᠠᠰᠢᠭ ᠣᠯᠭᠤᠬᠤ ᠬᠡᠷᠡᠭᠲᠡᠢ ᠭᠡᠵᠡᠢ᠃ | |