ᠬᠤᠷᠴᠢᠨ ᠪᠠᠯᠭᠠᠰᠤ᠄ ᠣᠯᠠᠨ ᠡᠰᠢᠲᠦ ᠲᠠᠷᠢᠮᠠᠯ ᠳᠠᠷᠢᠵᠤ ᠪᠠᠶᠠᠵᠢᠯ ᠤᠨ ᠵᠠᠮ ᠢᠶᠠᠷ ᠵᠠᠮᠨᠠᠨ᠎ᠠ
ᠨᠡᠶᠢᠲᠡᠯᠡᠭᠰᠡᠨ ᠴᠠᠭ᠄
2022/11/8
    ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤ ᠤᠯᠠᠮᠵᠢᠯᠠᠯᠲᠤ ᠲᠠᠷᠢᠮᠠᠯ ᠤᠨ ᠵᠠᠭᠪᠤᠷ  ᠢ ᠡᠪᠳᠡᠵᠦ᠂ ᠰᠢᠯᠢᠳᠡᠭ ᠰᠠᠶᠢᠨ ᠠᠮᠢ ᠠᠬᠤᠢ ᠶᠢᠨ ᠣᠷᠴᠢᠨ ᠲᠣᠭᠤᠷᠢᠨ ᠪᠠ ᠣᠶᠢᠷ᠎ᠠ ᠲᠡᠭᠦᠷᠭᠡ ᠶᠢᠨ ᠳᠠᠪᠠᠭᠤᠯᠢᠭ ᠲᠠᠭᠠᠨ ᠲᠦᠰᠢᠭᠯᠡᠨ᠂ ᠵᠠᠬ᠎ᠠ ᠳᠡᠯᠭᠡᠭᠦᠷ ᠤᠨ ᠳᠠᠯᠳᠠ ᠬᠦᠴᠦᠨ ᠢᠶᠠᠷ ᠶᠡᠭᠡ ︽ᠨᠠᠷᠠᠲᠤ᠂ ᠰᠢᠯᠢᠳᠡᠭ᠂ ᠣᠨᠴᠠᠭᠠᠶ᠂ ᠰᠢᠨ᠎ᠡ︾ ᠣᠯᠠᠨ ᠡᠰᠢᠲᠦ ᠲᠠᠷᠢᠶᠠᠯᠠᠩ ᠤᠨ ᠲᠠᠷᠢᠮᠠᠯ ᠤᠨ ᠠᠵᠤ ᠦᠢᠯᠡᠰ  ᠢ ᠶᠡᠭᠡ ᠪᠠᠷ ᠬᠥᠭᠵᠢᠭᠦᠯᠵᠦ᠂ ︽ᠺᠣᠮᠫᠠᠨᠢ + ᠬᠤᠷᠰᠢᠶ᠎ᠠ + ᠲᠠᠷᠢᠶᠠᠴᠢᠨ ᠡᠷᠦᠬᠡ︾ ᠶᠢᠨ ᠵᠠᠭᠪᠤᠷ  ᠢ ᠬᠡᠷᠡᠭᠯᠡᠨ ᠪᠣᠷᠤᠯᠠᠭᠤᠯᠭ᠎ᠠ ᠶᠢᠨ ᠵᠠᠮ  ᠢ ᠥᠷᠭᠡᠳᠬᠡᠵᠦ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ  ᠢ ᠳᠠᠶᠢᠴᠢᠯᠠᠪᠠ᠃     ᠤᠳᠤᠬᠠᠨ ᠳᠤ᠂ ᠭᠦᠵᠡᠯᠵᠡᠭᠡᠨ᠎ᠡ ᠱᠠᠪᠲᠠᠯ᠎ᠠ ᠶᠢ ᠵᠠᠯᠭᠠᠭ᠎ᠠ ᠪᠠᠷ ᠲᠡᠭᠦᠵᠦ ᠵᠠᠬ᠎ᠠ ᠳᠡᠯᠭᠡᠭᠦᠷ ᠲᠤ ᠭᠠᠷᠭᠠᠬᠤ ᠴᠠᠭ ᠦᠶ᠎ᠡ ᠪᠣᠯᠵᠠᠢ᠃ ᠬᠤᠷᠴᠢᠨ ᠪᠠᠯᠭᠠᠰᠤ ᠶᠢᠨ ᠳᠠᠪᠠᠭᠠᠨ ᠭᠤᠤ ᠲᠣᠰᠬᠤᠨ ᠤ ᠲᠠᠷᠢᠶᠠᠴᠢᠨ ᠡᠷᠦᠭᠡ ᠶᠤᠸᠠᠨ ᠹᠦ᠋ ᠬᠠᠢ ᠶᠢᠨ ᠲᠤᠯᠠᠭᠠᠯᠠᠮᠵᠢ ᠳᠤ ᠣᠷᠣᠬᠤ ᠳᠤ᠂ ᠵᠢᠮᠢᠰ ᠤᠨ ᠦᠨᠦᠷ ᠬᠠᠩᠬᠤᠯᠵᠤ᠂ ᠤᠯᠠᠭᠠᠨ ᠨᠣᠭᠤᠭᠠᠨ ᠠᠯᠠᠭᠯᠠᠭᠰᠠᠨ ᠭᠦᠵᠡᠯᠵᠡᠭᠡᠨ᠎ᠡ ᠱᠠᠪᠲᠠᠯ᠎ᠠ ᠶᠢᠨ ᠤᠷᠭᠤᠴᠠ ᠬᠥᠮᠥᠨ ᠤ ᠰᠡᠳᠬᠢᠯ ᠢ ᠪᠠᠶᠠᠰᠬᠠᠨ᠎ᠠ᠃ ᠶᠤᠸᠠᠨ ᠹᠦ᠋ ᠬᠠᠢ ᠰᠤᠷᠪᠤᠯᠵᠢᠯᠠᠭᠴᠢ ᠳᠤ ᠬᠡᠯᠡᠬᠦ ᠳᠡᠭᠡᠨ᠂ ᠭᠦᠵᠡᠯᠵᠡᠭᠡᠨ᠎ᠡ ᠱᠠᠪᠲᠠᠯ᠎ᠠ ᠳᠠᠷᠢᠬᠤ ᠠᠴᠠ ᠡᠮᠦᠨ᠎ᠡ ᠳᠤᠯᠠᠭᠠᠯᠠᠮᠵᠢ ᠳᠤ ᠨᠢᠭᠡᠨᠲᠡ ᠥᠷᠭᠡᠰᠦᠲᠦ ᠬᠡᠮᠬᠡ ᠶᠢ ᠨᠢᠭᠡ ᠪᠦᠯᠦᠭ ᠬᠤᠷᠢᠶᠠᠵᠤ ᠦᠩᠭᠡᠷᠡᠪᠡ᠂ ᠡᠳᠡᠭᠡᠷ ᠱᠠᠪᠲᠠᠯ᠎ᠠ ᠨᠢ ᠤᠯᠠᠭᠠᠨᠬᠤᠲᠠ  ᠶᠢᠨ ᠾᠦᠢ ᠮᠠᠢ ᠬᠡᠲᠦ ᠳᠡᠯᠭᠡᠭᠦᠷ ᠲᠠᠢ ᠪᠣᠷᠤᠯᠠᠭᠤᠯᠭ᠎ᠠ  ᠶᠢᠨ ᠵᠠᠬᠢᠶᠠᠯᠠᠭ᠎ᠠ  ᠶᠢᠨ ᠭᠡᠷ᠎ᠡ ᠲᠣᠭᠲᠠᠵᠤ᠂ ᠭᠤᠷᠪᠠᠨ ᠡᠳᠦᠷ ᠲᠤ ᠨᠢᠭᠡ ᠤᠳᠠᠭ᠎ᠠ ᠬᠤᠳᠠᠯᠳᠤᠨ ᠠᠪᠴᠤ ᠪᠣᠯᠣᠨ᠎ᠠ᠂ ᠬᠤᠶᠠᠷ ᠵᠦᠢᠯ ᠤᠨ ᠲᠠᠷᠢᠮᠠᠯ  ᠢ ᠨᠡᠶᠢᠲᠡ 5 ᠲᠦᠮᠡ ᠭᠠᠷᠤᠢ ᠲᠥᠭᠦᠷᠢᠭ ᠬᠤᠳᠠᠯᠳᠤᠨ ᠭᠠᠷᠭᠠᠵᠤ᠂ ᠠᠵᠤ ᠠᠬᠤᠢ  ᠶᠢᠨ ᠦᠷ᠎ᠡ ᠠᠰᠢᠭ ᠨᠢ ᠮᠠᠰᠢ ᠰᠠᠶᠢᠨ ᠪᠠᠶᠢᠨ᠎ᠠ ᠭᠡᠵᠡᠢ      ᠠᠷᠪᠠᠭᠠᠳ ᠵᠢᠯ ᠤᠨ ᠲᠠᠷᠢᠮᠠᠯ ᠤᠨ ᠦᠢᠯᠡᠰ ᠤᠨ ᠳᠤᠮᠳᠠ ᠠᠴᠠ ᠶᠤᠸᠠᠨ ᠹᠦ᠋ ᠬᠠᠢ ᠥᠪᠡᠷ ᠤᠨ ᠬᠢᠨ ᠲᠤᠷᠰᠢᠯᠭ᠎ᠠ ᠶᠢ ᠡᠷᠢᠯᠬᠢᠯᠡᠨ ᠣᠯᠣᠭᠰᠠᠨ ᠪᠠᠶᠢᠨ᠎ᠠ᠃ ᠤᠳᠤ᠂ ᠲᠡᠷᠡ 2 ᠲᠤᠯᠠᠭᠠᠯᠠᠮᠵᠢ᠂ 8 ᠰᠡᠷᠢᠭᠦᠨ ᠫᠧᠩ ᠶᠢ ᠡᠵᠡᠩᠨᠡᠵᠦ᠂ ᠪᠠᠰᠠ ᠥᠪᠡᠷ ᠤᠨ ᠬᠤᠷᠰᠢᠶ᠎ᠠ ᠲᠠᠢ ᠪᠣᠯᠵᠤ᠂ ᠵᠢᠯ ᠤᠨ ᠣᠷᠣᠯᠭ᠎ᠠ ᠨᠢ 180 ᠲᠦᠮᠡᠨ ᠲᠥᠭᠦᠷᠢᠭ ᠲᠤ ᠬᠦᠷᠴᠡᠢ᠂ ᠲᠡᠷᠡ ᠪᠠᠰᠠ 23 ᠨᠡᠷᠡᠰ ᠲᠣᠰᠬᠤᠨ ᠤ ᠠᠷᠠᠳ ᠢ ᠬᠤᠷᠰᠢᠶ᠎ᠠ ᠳᠤ ᠣᠷᠣᠭᠤᠯᠵᠤ᠂ ᠲᠡᠳᠡᠨ ᠳᠤ ᠦᠨ᠎ᠡ ᠲᠥᠯᠥᠪᠦᠷᠢ ᠦᠭᠡᠢ ᠪᠠᠷ ᠨᠢᠯᠬ᠎ᠠ ᠴᠢᠬᠢ ᠪᠠ ᠮᠡᠷᠭᠡᠵᠢᠯ ᠬᠠᠩᠭᠠᠵᠤ᠂ ᠲᠤᠰᠬᠤᠨ ᠤ ᠠᠬ᠎ᠠ ᠳᠡᠭᠦᠦ ᠨᠠᠷ ᠢ ᠲᠠᠶᠢᠴᠢᠯᠠᠨ ᠬᠠᠮᠲᠤ ᠪᠠᠷ ᠪᠠᠶᠠᠵᠢᠭᠤᠯᠵᠠᠢ᠃     ᠲᠠᠷᠢᠮᠠᠯ ᠤᠨ ᠴᠢᠳᠠᠪᠤᠷᠢᠲᠠᠨ ᠪᠣᠯᠤᠭᠰᠠᠨ ᠲᠠᠷᠢᠶᠠᠴᠢᠨ ᠡᠷᠦᠭᠡ ᠱᠤᠤ ᠶᠦᠩ ᠶᠠᠨ ᠬᠤᠷᠴᠢᠨ ᠪᠠᠯᠭᠠᠰᠤᠨ ᠤ ᠬᠤᠨ ᠲᠣᠰᠬᠤᠨ ᠳᠤ ᠴᠤ ᠠᠮᠵᠢᠯᠲᠠ ᠣᠯᠵᠠᠢ᠃ ᠲᠡᠷᠡ ᠬᠤᠷᠴᠠ ᠭᠢᠷᠠᠬᠠᠢ ᠬᠠᠷᠠᠴᠠ ᠪᠣᠯᠣᠨ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ᠵᠣᠷᠢᠭ ᠰᠠᠨᠠᠭ᠎ᠠ ᠪᠠᠷ ᠨᠢᠭᠡᠨ ᠡᠭᠡᠯ ᠵᠢᠷ ᠤᠨ ᠲᠠᠷᠢᠶᠠᠴᠢᠨ ᠪᠠᠶᠢᠭᠰᠠᠨ ᠠᠴᠠ ᠪᠠᠨ ᠲᠤᠰ ᠭᠠᠵᠠᠷ ᠤᠨ ᠨᠡᠷᠡᠳᠦ ᠲᠠᠷᠢᠮᠠᠯ ᠤᠨ ᠲᠣᠮᠣ ᠡᠷᠦᠭᠡ ᠪᠣᠯᠣᠨ ᠪᠣᠶᠢᠵᠢᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠦᠢ ᠭᠤᠸᠠᠩ ᠲᠠᠷᠢᠮᠠᠯ ᠤᠨ ᠲᠤᠰᠬᠠᠢ ᠬᠤᠷᠰᠢᠶ᠎ᠠ ᠶᠢ ᠡᠵᠡᠩᠨᠡᠵᠦ ᠡᠬᠢᠯᠡᠵᠡᠢ᠃ ᠣᠳᠣᠬᠠᠨ ᠳᠤ᠂ ᠬᠤᠷᠰᠢᠶ᠎ᠠ ᠶᠢᠨ ᠳᠠᠷᠢᠭᠰᠠᠨ 1000 ᠭᠠᠷᠤᠢ ᠮᠦ ᠲᠤᠲᠤᠷᠭ᠎ᠠ ᠪᠠᠨ ᠪᠦᠬᠦᠨ ᠢ ᠬᠠᠳᠤᠵᠤ ᠳᠠᠭᠤᠰᠬᠠᠭᠠᠳ ᠪᠠᠶᠢᠨ᠎ᠠ᠃     ᠱᠤᠤ ᠶᠦᠩ ᠶᠠᠨ ᠤ ᠬᠤᠷᠰᠢᠶ᠎ᠠ 2016 ᠣᠨ ᠳᠤ ᠪᠠᠶᠢᠭᠤᠯᠤᠭᠳᠠᠵᠤ᠂ ᠤᠳᠤ 5 ᠭᠡᠰᠢᠭᠦᠨ ᠲᠠᠢ᠂ 6 ᠵᠢᠯ ᠤᠨ ᠬᠤᠭᠤᠴᠠᠭᠠᠨ ᠳᠤ᠂ ᠲᠠᠰᠤᠷᠠᠯᠲᠠ ᠦᠭᠡᠢ ᠰᠦᠪᠡᠭᠴᠢᠯᠡᠨ ᠦᠢᠯᠡᠳᠦᠯᠭᠡᠵᠢᠭᠦᠯᠬᠦ ᠪᠠᠷ ᠳᠠᠮᠵᠢᠨ᠂ ᠲᠤᠲᠤᠷᠭ᠎ᠠ ᠶᠢᠨ ᠶᠠᠰᠤ ᠴᠢᠨᠠᠷ ᠪᠣᠯᠣᠨ ᠭᠠᠷᠤᠯᠲᠠ ᠵᠢᠯ ᠳᠠᠷᠠᠭᠠᠯᠠᠨ ᠨᠡᠮᠡᠭᠳᠡᠵᠦ᠂ ᠪᠠᠰᠠ ᠤᠯᠤᠰ ᠤᠨ ᠪᠣᠬᠢᠷᠳᠤᠯ ᠦᠭᠡᠢ ᠢᠳᠡᠭᠡᠨ ᠤ ᠭᠡᠷᠡᠴᠢᠯᠡᠯᠲᠡ ᠶᠢ ᠥᠩᠭᠡᠷᠡᠭᠡᠵᠦ᠂ ᠠᠭᠠᠵᠢᠮ ᠢᠶᠠᠷ ᠬᠡᠪᠴᠢᠶᠡᠵᠢᠭᠰᠡᠨ ᠡᠵᠡᠩᠨᠡᠯᠲᠡ ᠶᠢᠨ ᠵᠠᠮ ᠢᠶᠠᠷ ᠵᠠᠮᠨᠠᠵᠤ᠂ ᠵᠢᠯ ᠤᠨ ᠠᠰᠢᠭ ᠣᠷᠣᠯᠭ᠎ᠠ 60 ᠭᠠᠷᠤᠢ ᠲᠦᠮᠡᠨ ᠲᠥᠭᠦᠷᠢᠭ ᠲᠤ ᠬᠦᠷᠴᠦ᠂ ᠦᠢᠯᠡᠳᠪᠦᠷᠢᠯᠡᠭᠰᠡᠨ ᠲᠤᠲᠤᠷᠭ᠎ᠠ ᠨᠢ ᠴᠦ ᠪᠡᠭᠡᠵᠢᠩ᠂ ᠦᠬᠠᠢ ᠵᠡᠷᠭᠡ ᠭᠠᠵᠠᠷ ᠲᠤ ᠪᠣᠷᠣᠯᠠᠭᠤᠯᠤᠭᠳᠠᠵᠤ᠂ ᠤᠯᠠᠮ ᠠᠴᠠ ᠤᠯᠠᠮ ᠤᠯᠠᠨ ᠬᠡᠷᠡᠭᠯᠡᠭᠴᠢᠳ ᠤᠨ ᠬᠦᠷᠢᠶᠡᠯᠡᠯ ᠢ ᠣᠯᠣᠭᠰᠠᠨ ᠪᠠᠶᠢᠨ᠎ᠠ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号