ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ᠬᠠᠮᠲᠤᠷᠠᠭᠰᠠᠨ ᠣᠷᠣᠨ ᠲᠤᠭ᠎ᠠ ᠬᠠᠮᠲᠤᠷᠠᠭᠰᠠᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/12/24
      12 ᠰᠠᠷ᠎ᠠ ᠶᠢᠨ 20 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠬᠤᠰᠢᠭᠤᠨ ᠤ ᠬᠢᠯᠢ ᠶᠢᠨ ᠬᠠᠮᠠᠭᠠᠯᠠᠯᠲᠠ ᠶᠢᠨ ᠵᠥᠪᠯᠡᠯ ᠤᠨ ᠪᠦᠷᠢᠯᠳᠦᠭᠦᠨ ᠨᠢᠭᠡᠴᠡ᠂ ᠬᠤᠰᠢᠭᠤᠨ ᠤ ᠬᠢᠯᠢ ᠶᠢᠨ ᠬᠠᠮᠠᠭᠠᠯᠠᠯᠲᠠ ᠶᠢᠨ ᠡᠷᠦᠬᠡ ᠶᠢᠨ ᠴᠡᠷᠢᠭ ᠲᠠᠢ ᠬᠠᠮᠲᠤᠷᠠᠨ᠂ ︽ᠨᠠᠮ ᠤᠨ ᠬᠤᠷᠢᠳᠤᠭᠠᠷ ᠶᠡᠭᠡ ᠬᠤᠷᠠᠯ ᠢ ᠰᠤᠷᠤᠯᠴᠠᠨ ᠤᠬᠠᠭᠤᠯᠵᠤ  ᠲᠤᠭᠤᠰᠢᠯᠠᠭᠤᠯᠤᠨ ᠡᠷᠡᠯᠬᠡᠭᠯᠡᠨ ᠤᠷᠤᠭᠰᠢᠯᠠᠵᠤ ᠮᠠᠨ ᠤ ᠤᠯᠤᠰ ᠤᠨ ᠬᠢᠯᠢ ᠶᠢᠨ ᠬᠠᠮᠠᠭᠠᠯᠠᠯᠲᠠ ᠶᠢᠨ ᠶᠡᠭᠡ ᠤᠮᠠᠷᠠᠲᠤ ᠬᠢᠯᠢ ᠶᠢ ᠪᠠᠬᠢᠵᠢᠭᠦᠯᠬᠦ︾ ᠪᠠᠷ ᠭᠤᠣᠯ ᠰᠡᠳᠦᠪ ᠪᠣᠯᠭᠠᠭᠰᠠᠨ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ᠬᠠᠮᠲᠤᠷᠠᠭᠰᠠᠨ ᠣᠷᠣᠨ ᠲᠤᠭ᠎ᠠ ᠬᠠᠮᠲᠤᠷᠠᠭᠰᠠᠨ ᠦᠢᠯᠡᠴᠢᠯᠡᠭᠡᠨ ᠤ ︽ᠵᠢᠷᠭᠤᠭᠠᠨ ᠨᠢᠭᠡ︾ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠢᠶᠣᠣ ᠱᠧ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠠᠩ ᠰᠢᠦᠢ ᠳ᠋ᠦᠩ ᠠᠵᠢᠯᠯᠠᠭ᠎ᠠ ᠳᠤ ᠣᠷᠣᠯᠴᠠᠵᠠᠢ᠃      ᠠᠵᠢᠯᠯᠠᠭ᠎ᠠ ᠶᠢᠨ ᠳᠤᠮᠳᠠ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠬᠢᠯᠢ ᠶᠢᠨ ᠬᠠᠮᠠᠭᠠᠯᠠᠯᠲᠠ ᠶᠢᠨ ᠡᠷᠦᠬᠡ ᠶᠢᠨ ᠴᠡᠷᠢᠭ ᠤᠨ ᠮᠣᠷᠢᠲᠤ ᠴᠡᠷᠢᠭ ᠤᠨ ᠰᠤᠮᠤ ᠶᠢ ᠵᠣᠬᠢᠶᠠᠨ ᠪᠠᠶᠢᠭᠤᠯᠵᠤ ᠬᠢᠯᠢ ᠶᠢᠨ ᠨᠢᠭᠡᠳᠦᠭᠡᠷ ᠹᠷᠣᠨᠲ ᠤᠨ ᠰᠠᠭᠤᠷᠢ ᠲᠥᠬᠦᠭᠡᠷᠦᠮᠵᠢ ᠶᠢ ᠪᠠᠶᠢᠴᠠᠭᠠᠨ ᠰᠡᠯᠪᠢᠵᠦ᠂ ᠴᠢᠬᠤᠯᠠ ᠪᠣᠭᠤᠮᠲᠠ ᠳᠤ ᠭᠦᠨᠵᠡᠭᠡᠶᠢᠷᠡᠨ ᠭᠤᠣᠯᠳᠠᠯᠭ᠎ᠠ ᠲᠠᠢ ᠲᠣᠭᠤᠷᠢᠨ ᠴᠠᠭᠳᠠᠵᠤ᠂ ᠬᠢᠯᠢ ᠶᠢᠨ ᠮᠠᠯᠴᠢᠳ ᠪᠠ ᠨᠢᠭᠡᠳᠦᠭᠡᠷ ᠹᠷᠣᠨᠲ ᠤᠨ ᠵᠢᠵᠢᠭᠦᠷᠯᠡᠵᠦ ᠪᠠᠶᠢᠭ᠎ᠠ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠶᠢ ᠪᠣᠯᠭᠤᠭᠠᠨ ᠲᠣᠬᠤᠨᠢᠭᠤᠯᠪᠠ᠃ ᠡᠭᠦᠨ ᠤ ᠬᠠᠮᠲᠤ ᠬᠢᠯᠢ ᠶᠢᠨ ᠬᠠᠮᠠᠭᠠᠯᠠᠯᠲᠠ ᠶᠢᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠪᠣᠯᠣᠨ ᠡᠷᠦᠬᠡ ᠶᠢᠨ ᠴᠡᠷᠢᠭ ᠤᠨ ᠨᠢᠭᠤᠴᠠ ᠮᠡᠳᠡᠭᠡᠨ ᠤ ᠮᠡᠳᠡᠭᠡ ᠵᠠᠩᠭᠢᠴᠢᠳ ᠢ ᠵᠣᠬᠢᠶᠠᠨ ᠪᠠᠶᠢᠭᠤᠯᠤᠨ ᠬᠢᠯᠢ ᠶᠢᠨ ᠬᠠᠮᠠᠭᠠᠯᠠᠯᠲᠠ ᠶᠢᠨ ᠨᠢᠭᠤᠴᠠ ᠮᠡᠳᠡᠭᠡᠨ ᠤ ᠠᠵᠢᠯ ᠤᠨ ᠬᠤᠷᠠᠯ ᠢ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃      ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠠᠨᠵᠤᠲᠤᠨ ᠤ ᠮᠠᠨᠵᠤ ᠦᠨᠳᠦᠰᠦᠲᠡᠨ ᠤ ᠰᠢᠶᠠᠩ ᠤᠨ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠲᠤ᠂ ᠬᠤᠰᠢᠭᠤᠨ ᠤ ᠬᠢᠯᠢ ᠶᠢᠨ ᠬᠠᠮᠠᠭᠠᠯᠠᠯᠲᠠ ᠶᠢᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠠᠵᠢᠯᠲᠠᠨ᠂ ᠡᠷᠦᠬᠡ ᠶᠢᠨ ᠴᠡᠷᠢᠭ ᠤᠨ ᠨᠠᠮ ᠤᠨ ᠭᠡᠰᠢᠭᠦᠨ ᠨᠠᠮ ᠳᠤ ᠣᠷᠣᠬᠤ ᠲᠠᠩᠭᠠᠷᠢᠭ ᠤᠨ ᠦᠭᠡ ᠪᠠ ᠡᠷᠦᠬᠡ ᠶᠢᠨ ᠴᠡᠷᠢᠭ ᠤᠨ ᠲᠠᠩᠭᠠᠷᠢᠭ ᠤᠨ ᠦᠭᠡ ᠪᠠᠨ ᠳᠠᠪᠲᠠᠨ ᠤᠩᠰᠢᠪᠠ᠃      ᠲᠣᠰ ᠤᠳᠠᠭᠠᠨ ᠤ ᠠᠵᠢᠯᠯᠠᠭ᠎ᠠ ᠨᠢ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ︽ᠲᠠᠪᠤ ᠶᠢ ᠨᠢᠭᠡ ᠴᠣᠭᠴᠠᠵᠢᠭᠤᠯᠬᠤ︾ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠬᠢᠯᠢ ᠬᠢᠵᠠᠭᠠᠷ ᠢ ᠪᠠᠬᠢᠵᠢᠭᠦᠯᠬᠦ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮᠲᠤᠷᠠᠨ ᠬᠠᠮᠢᠶᠠᠷᠴᠤ ᠬᠢᠯᠢ ᠬᠢᠵᠠᠭᠠᠷ ᠢ ᠡᠵᠡᠮᠳᠡᠬᠦ ᠪᠠᠶᠢᠩᠭᠤ ᠶᠢᠨ ᠲᠣᠭᠲᠠᠴᠠ ᠶᠢ ᠪᠠᠶᠢᠭᠤᠯᠤᠨ ᠨᠠᠩ ᠥᠨᠳᠥᠷ ᠲᠦᠪᠰᠢᠨ ᠳᠠᠰᠢ ᠳᠠᠪᠰᠢᠬᠤ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号