12 ᠰᠠᠷ᠎ᠠ ᠶᠢᠨ 22 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠡᠷᠬᠢᠲᠦ ᠪᠠᠯᠭᠠᠰᠤᠨ ᠤ ᠰᠢᠩ ᠮᠦ | ᠭᠠᠴᠠᠭ᠎ᠠ ᠶᠢᠨ ᠰᠢ ᠪᠧᠢ ᠶᠢᠦ ᠶᠢᠨ1000 ᠪᠠᠷᠢᠮᠵᠢᠶ᠎ᠠ ᠳᠥᠷᠪᠡᠯᠵᠢᠨ ᠤᠰᠤ ᠶᠢ ᠴᠠᠬᠢᠯᠭᠠᠨ ᠢᠶᠠᠷ ᠵᠠᠳᠠᠯᠬᠤ | ᠤᠰᠤᠲᠥ᠋ᠷᠥᠭᠴᠢ ᠶᠢ ᠦᠶᠯᠡᠳᠬᠦ ᠰᠢᠰᠲ᠋ᠧᠮ ᠤᠨ ᠰᠢᠯᠭᠠᠨ ᠲᠤᠷᠰᠢᠬᠤ ᠲᠥᠪ ᠤᠨ ᠲᠥᠷᠥᠯ ᠵᠦᠢᠯ ᠤᠨ ᠲᠤᠬᠠᠢ ᠶᠢᠨ | ᠲᠠᠯᠠᠪᠤᠷ ᠲᠤ ᠭᠦᠨᠵᠡᠭᠡᠶᠢᠷᠡᠨ᠂ ᠲᠥᠷᠥᠯ ᠵᠦᠢᠯ ᠤᠨ ᠠᠬᠢᠴᠠ ᠶᠢᠨ ᠪᠠᠶᠢᠳᠠᠯ ᠤᠨ ᠲᠤᠬᠠᠢ ᠲᠤᠬᠠᠢ ᠶᠢᠨ ᠭᠠᠵᠠᠷ ᠲᠤᠨᠢ | ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ | ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃ | ᠰᠢ ᠪᠧᠢ ᠶᠢᠦ ᠶᠢᠨ 1000 ᠪᠠᠷᠢᠮᠵᠢᠶ᠎ᠠ ᠳᠥᠷᠪᠡᠯᠵᠢᠨ ᠤ ᠤᠰᠤ ᠶᠢ ᠴᠠᠬᠢᠯᠭᠠᠨ ᠵᠠᠳᠠᠯᠤᠯᠲᠠ ᠶᠢᠨ | ᠤᠰᠤᠲᠥ᠋ᠷᠥᠭᠴᠢ ᠶᠢ ᠦᠢᠯᠡᠳᠬᠦ ᠰᠢᠰᠲ᠋ᠧᠮ ᠤᠨ ᠰᠢᠯᠭᠠᠨ ᠲᠤᠷᠰᠢᠬᠤ ᠲᠥᠪ ᠤᠨ ᠲᠦᠷᠦᠯ ᠵᠦᠢᠯ ᠤᠨ ᠲᠤᠬᠠᠢ ᠶᠢᠨ | ᠲᠠᠯᠠᠪᠠᠢ ᠳᠤ᠂ ᠸᠠᠩ ᠯᠢ ᠳ᠋ᠦᠩ ᠨᠠᠷ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠬᠠᠮᠲᠤᠪᠠᠷ | ᠰᠢ ᠪᠧᠢ ᠶᠢᠦ ᠶᠢᠨ 1000 ᠪᠠᠷᠢᠮᠵᠢᠶ᠎ᠠ ᠳᠥᠷᠪᠡᠯᠵᠢᠨ ᠤ ᠤᠰᠤᠲᠥ᠋ᠷᠥᠭᠴᠢ ᠶᠢ ᠦᠢᠯᠡᠳᠬᠦ ᠰᠢᠰᠲ᠋ᠧᠮ ᠤᠨ ᠰᠢᠯᠭᠠᠨ | ᠲᠤᠷᠰᠢᠬᠤ ᠠᠵᠢᠯ ᠢ ᠠᠮᠵᠢᠯᠲᠠ ᠲᠠᠢ ᠬᠢᠭᠰᠡᠨ ᠢ ᠭᠡᠷᠡᠴᠢᠯᠡᠵᠡᠢ᠃ | 170 ᠭᠠᠷᠤᠢ ᠴᠠᠭ ᠤᠨ ᠭᠦᠢᠴᠡᠳ ᠰᠢᠯᠭᠠᠨ ᠪᠠᠲᠤᠯᠠᠯᠲᠠ ᠪᠠᠷ ᠳᠡᠮᠵᠢᠨ᠂ ᠲᠣᠰ ᠢᠵᠢ ᠲᠥᠬᠦᠭᠡᠷᠦᠮᠵᠢ ᠶᠢᠨ | ᠲᠡᠮᠳᠡᠭᠯᠡᠯ ᠤᠨ ᠡᠯ᠎ᠡ ᠵᠦᠢᠯ ᠤᠨ ᠭᠦᠢᠴᠡᠳᠬᠡᠯ ᠲᠤᠭ᠎ᠠ ᠨᠢ ᠠᠵᠢᠯ ᠲᠥᠷᠥᠯ ᠤᠨ ᠪᠠᠷᠢᠮᠵᠢᠶ᠎ᠠ ᠠᠴᠠ ᠳᠠᠪᠠᠵᠤ᠂ | ᠤᠰᠤᠲᠥ᠋ᠷᠥᠭᠴᠢ ᠶᠢᠨ ᠴᠡᠪᠡᠷ ᠬᠡᠮᠵᠢᠶ᠎ᠡ ᠨᠢ 99.99% ᠳᠤ ᠬᠦᠷᠴᠦ᠂ ᠡᠨᠧᠷᠭᠢ ᠶᠢᠨ ᠬᠤᠷᠣᠭᠳᠠᠯ ᠤᠨ | ᠠᠴᠢᠶᠠᠯᠠᠪᠤᠷᠢ ᠶᠢᠨ ᠠᠵᠢᠯᠯᠠᠭᠠᠨ ᠨᠢ 4.5 kw/h ᠨᠢ ᠠᠵᠢᠯ ᠲᠥᠷᠥᠯ ᠤᠨ ᠲᠡᠷᠢᠭᠦᠨ ᠤ ᠬᠢᠷᠢ ᠲᠦᠪᠰᠢᠨ ᠳᠤ | ᠬᠦᠷᠴᠦ᠂ 20%-110% ᠶᠢᠨ ᠥᠷᠭᠡᠨ ᠬᠡᠪᠴᠢᠶᠡᠨ ᠤ ᠲᠣᠬᠢᠷᠠᠭᠤᠯᠤᠯᠲᠠ ᠶᠢ ᠪᠡᠶᠡᠯᠡᠭᠦᠯᠵᠦ ᠴᠢᠳᠠᠨ᠎ᠠ᠃ | ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠣᠨ ᠰᠦᠵᠧᠦ ᠶᠢᠨ ᠰᠢ ᠪᠧᠢ | ᠶᠢᠦ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ 2022 ᠣᠨ ᠤ 7 | ᠰᠠᠷ᠎ᠠ ᠳᠤ ᠵᠢᠩᠬᠢᠨᠢ ᠪᠠᠷ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠪᠠ᠃ ᠲᠣᠰ ᠵᠢᠯ ᠤᠨ 9 | ᠰᠠᠷ᠎ᠠ ᠳᠤ᠂ ᠥᠪᠥᠷ ᠮᠣᠩᠭᠤᠯ ᠤᠨ ᠰᠢ ᠪᠧᠢ ᠶᠢᠦ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠪᠠᠶᠢᠭᠤᠯᠵᠤ᠂ 10 ᠰᠠᠷ᠎ᠠ ᠳᠤ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠡᠷᠬᠡᠲᠦ ᠪᠠᠯᠭᠠᠰᠤ ᠶᠢᠨ ᠰᠢᠩ ᠮᠦ ᠭᠠᠴᠠᠭ᠎ᠠ ᠳᠤ ᠰᠠᠭᠤᠷᠢᠰᠢᠪᠠ᠃ ᠣᠲᠣ ᠪᠣᠯᠲᠠᠯ᠎ᠠ᠂ ᠤᠷᠢᠳ | ᠬᠤᠵᠢᠳ 1000 ᠲᠡᠭᠰᠢ ᠳᠥᠷᠪᠡᠯᠵᠢᠨ ᠮᠧᠲᠷ ᠤᠨ ᠲᠤᠰᠬᠠᠢ ᠬᠡᠷᠡᠭᠯᠡᠭᠡᠨ ᠤ ᠦᠢᠯᠡᠳᠪᠦᠷᠢ ᠶᠢᠨ ᠭᠡᠷ ᠪᠠᠶᠢᠰᠢᠩ ᠤᠨ | ᠪᠦᠲᠦᠭᠡᠨ ᠪᠠᠶᠢᠭᠤᠯᠤᠯᠲᠠ ᠪᠠ ᠲᠣᠨᠤᠭ ᠲᠥᠬᠦᠭᠡᠷᠦᠮᠵᠢ ᠶᠢᠨ ᠤᠭᠰᠠᠷᠠᠯᠲᠠ ᠶᠢ ᠪᠡᠶᠡᠯᠡᠭᠦᠯᠦᠭᠰᠡᠨ ᠪᠥᠭᠡᠳ 12 | ᠰᠠᠷ᠎ᠠ ᠶᠢᠨ 15 ᠤ ᠡᠳᠦᠷ ᠵᠢᠩᠬᠢᠨᠢ ᠪᠠᠷ ᠮᠠᠰᠢᠨ ᠨᠡᠭᠡᠭᠡᠵᠦ ᠲᠤᠷᠰᠢᠨ ᠲᠤᠷᠰᠢᠵᠠᠢ᠃ | | |