ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 2022 ᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2022/12/30
ᠨᠢᠭᠡ᠂ ᠶᠡᠷᠦᠩᠬᠡᠢ ᠪᠠᠶᠢᠳᠠᠯ︵ᠨᠢᠭᠡ︶ ᠪᠠᠶᠢᠳᠠᠯ ᠢ ᠰᠠᠨᠠᠭᠠᠴᠢᠯᠠᠭ᠎ᠠ  ᠠᠴᠠ ᠪᠠᠨ ᠢᠯᠡ ᠪᠣᠯᠭᠠᠨ᠎ᠠ᠃ᠵᠠᠰᠠᠭ ᠤᠨ ᠣᠷᠳᠣᠨ ᠤ ᠰᠦᠯᠵᠢᠶ᠎ᠡ 2022 ᠣᠨ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ  ᠠᠴᠠ ᠪᠠᠨ 109 ᠵᠤᠷᠪᠤᠰ ᠢᠯᠡ ᠪᠣᠯᠭᠠᠪᠠ᠂ ᠡᠭᠦᠨ ᠳᠤ ᠭᠤᠣᠯᠳᠠᠯᠭ᠎ᠠ ᠲᠠᠢ ᠬᠦᠷᠢᠶᠡᠨ ᠳᠠᠬᠢ ᠮᠡᠳᠡᠭᠡ ᠵᠠᠩᠭᠢ 60 ᠵᠤᠷᠪᠤᠰ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ 1 ᠵᠤᠷᠪᠤᠰ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ 2 ᠵᠤᠷᠪᠤᠰ᠂ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠢᠯᠡ ᠪᠣᠯᠭᠠᠬᠤ 41 ᠵᠤᠷᠪᠤᠰ᠂ ᠮᠡᠳᠡᠭᠡ ᠵᠠᠩᠭᠢ ᠶᠢ ᠢᠯᠡ ᠪᠣᠯᠭᠠᠬᠤ ᠣᠨ ᠤ ᠮᠡᠳᠡᠭᠦᠯᠦᠯᠲᠡ 1 ᠵᠤᠷᠪᠤᠰ ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ 3 ᠵᠤᠷᠪᠤᠰ᠂ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ 1 ᠵᠤᠷᠪᠤᠰ ᠪᠣᠶ᠃︵ᠬᠤᠶᠠᠷ︶ ᠭᠤᠶᠤᠴᠢᠯᠠᠯ ᠢ ᠦᠨᠳᠦᠰᠦᠯᠡᠨ ᠢᠯᠡ ᠪᠣᠯᠭᠠᠭᠰᠠᠨ ᠪᠠᠶᠢᠳᠠᠯ᠃2022 ᠣᠨ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ 1 ᠤᠳᠠᠭ᠎ᠠ ᠬᠤᠷᠢᠶᠠᠨ ᠣᠯᠵᠠᠢ᠂ ᠭᠤᠶᠤᠴᠢᠯᠠᠭᠴᠢ ᠶᠢᠨ ᠲᠥᠷᠥᠯ ᠬᠡᠯᠪᠡᠷᠢ ᠨᠢ ᠪᠠᠶᠢᠭᠠᠯᠢ ᠬᠥᠮᠥᠨ ᠪᠣᠯᠣᠨ᠎ᠠ᠂ ᠭᠤᠶᠤᠴᠢᠯᠠᠬᠤ ᠴᠠᠭ ᠨᠢ 2022 ᠣᠨ ᠤ 7 ᠰᠠᠷ᠎ᠠ ᠶᠢᠨ 15 ᠤ ᠡᠳᠦᠷ ᠪᠣᠯᠣᠨ᠎ᠠ᠂ ᠢᠯᠡ ᠪᠣᠯᠭᠠᠬᠤ ᠭᠤᠶᠤᠴᠢᠯᠠᠯ ᠤᠨ ᠠᠭᠤᠯᠭ᠎ᠠ ᠨᠢ ᠬᠤᠷᠣᠬᠠᠢ ᠡᠪᠡᠰᠦ᠂ ᠪᠢᠯᠢᠭᠲᠦ ᠳᠡᠯᠳᠡᠦ ᠶᠢᠨ ᠬᠠᠪᠲᠠᠭᠠᠢ ᠦᠷᠢᠯ ᠵᠡᠷᠭᠡ ᠬᠢᠲᠠᠳ ᠡᠮ ᠤᠨ ᠮᠠᠲ᠋ᠧᠷᠢᠶᠠᠯ ᠢ ᠨᠡᠶᠢᠯᠡᠭᠦᠯᠦᠭᠡᠳ ᠪᠣᠶ ᠪᠣᠯᠭᠠᠭᠰᠠᠨ ᠬᠤᠷᠣᠬᠠᠢ ᠡᠪᠡᠰᠦᠨ ᠤ ᠴᠠᠢ ᠶᠢ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠢᠶᠠᠷ ᠪᠣᠷᠣᠯᠠᠭᠤᠯᠵᠤ ᠪᠣᠯᠬᠤ ᠡᠰᠡᠬᠦ ᠪᠣᠯᠣᠨ᠎ᠠ᠂ ᠮᠠᠨ ᠤ ᠲᠣᠪᠴᠢᠶ᠎ᠠ 2022 ᠣᠨ ᠤ 8 ᠰᠠᠷ᠎ᠠ ᠶᠢᠨ 16 ᠤ ᠡᠳᠦᠷ ᠭᠤᠶᠤᠴᠢᠯᠠᠭᠴᠢ ᠳᠤ ᠪᠢᠴᠢᠭ ᠢᠶᠠᠷ ᠬᠠᠷᠢᠭᠤᠯᠲᠠ ᠥᠭᠴᠦ᠂ ᠨᠢᠭᠡᠨᠲᠡ ᠰᠢᠢᠳᠪᠦᠷᠢᠯᠡᠵᠦ ᠳᠠᠭᠤᠰᠬᠠᠪᠠ᠃︵ᠭᠤᠷᠪᠠ︶ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠪᠠᠶᠢᠳᠠᠯ᠃ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠵᠤ᠂ ᠠᠯᠪᠠᠨ ᠭᠡᠷ ᠤᠨ ᠲᠤᠰᠬᠠᠢ ᠲᠤᠰᠢᠶᠠᠯᠲᠤ ᠠᠵᠢᠯᠲᠠᠨ  ᠠᠴᠠ ᠲᠣᠰ ᠠᠵᠢᠯ ᠢ ᠬᠠᠷᠢᠭᠤᠴᠠᠵᠤ᠂ ᠶᠡᠷᠦᠩᠬᠡᠢ ᠲᠥᠯᠦᠪᠵᠢᠭᠦᠯᠭᠡ ᠪᠣᠯᠣᠨ ᠰᠣᠨᠢᠨ ᠮᠡᠳᠡᠭᠡᠨ ᠤ ᠤᠬᠠᠭᠤᠯᠭ᠎ᠠ ᠶᠢᠨ ᠲᠠᠰᠤᠭ ᠤᠨ ᠲᠤᠬᠠᠶᠢᠯᠠᠭᠰᠠᠨ ᠠᠵᠢᠯ ᠯᠤᠭ᠎ᠠ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠬᠠᠶᠢᠯᠠᠭᠰᠠᠨ ᠠᠵᠢᠯ ᠤᠨ ᠲᠠᠰᠤᠭ  ᠠᠴᠠ ᠮᠡᠳᠡᠭᠡ ᠵᠠᠩᠭᠢ ᠴᠤᠭᠯᠠᠭᠤᠯᠵᠤ᠂ ᠢᠯᠠᠩᠭᠤᠶ᠎ᠠ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠵᠤ᠂ ᠴᠤᠭᠯᠠᠭᠤᠯᠵᠤ ᠣᠯᠣᠭᠰᠠᠨ ᠮᠡᠳᠡᠭᠡ ᠵᠠᠩᠭᠢ ᠪᠠᠨ ᠡᠮᠬᠢᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡ ᠵᠠᠩᠭᠢ ᠨᠡᠶᠢᠲᠡᠯᠡᠵᠦ᠂ ᠮᠡᠳᠡᠭᠡ ᠵᠠᠩᠭᠢ ᠶᠢ ᠢᠯᠡ ᠪᠣᠯᠭᠠᠬᠤ ᠡᠷᠬᠡ ᠰᠦᠷᠲᠦ ᠴᠢᠨᠠᠷ ᠪᠠ ᠣᠨᠣᠪᠴᠢ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃︵ᠳᠥᠷᠪᠡ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠤᠨ ᠪᠠᠶᠢᠭᠤᠯᠤᠯᠲᠠ ᠶᠢᠨ ᠪᠠᠶᠢᠳᠠᠯ᠃ᠵᠠᠰᠠᠭ ᠤᠨ ᠣᠷᠳᠣᠨ ᠤ ᠰᠦᠯᠵᠢᠶ᠎ᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠠᠯᠪᠠᠨ ᠭᠡᠷ ᠠᠴᠠ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ︵ᠲᠠᠩᠰᠤᠭ ᠰᠠᠶᠢᠬᠠᠨ ᠡᠮᠦᠨᠡᠲᠦ ᠬᠤᠰᠢᠭᠤᠨ ᠤ APP︶ ᠤᠨ ᠡᠬᠡ ᠪᠢᠴᠢᠭ ᠨᠡᠶᠢᠲᠡᠯᠡᠬᠦ ᠶᠢ ᠶᠡᠷᠦᠩᠬᠡᠢ ᠲᠥᠯᠦᠪᠵᠢᠭᠦᠯᠭᠡ ᠪᠠ ᠰᠣᠨᠢᠨ ᠮᠡᠳᠡᠭᠡᠨ ᠤ ᠤᠬᠠᠭᠤᠯᠭ᠎ᠠ ᠶᠢᠨ ᠲᠠᠰᠤᠭ  ᠠᠴᠠ ᠶᠡᠷᠦᠩᠬᠡᠢ ᠲᠥᠯᠦᠪᠵᠢᠭᠦᠯᠭᠡ ᠪᠠ ᠰᠣᠨᠢᠨ ᠮᠡᠳᠡᠭᠡᠨ ᠤ ᠤᠬᠠᠭᠤᠯᠭ᠎ᠠ ᠶᠢᠨ ᠲᠠᠰᠤᠭ   ᠠᠴᠠ ᠨᠡᠶᠢᠲᠡᠯᠡᠵᠦ᠂ 2022 ᠣᠨ ᠳᠤ ᠲᠠᠩᠰᠤᠭ ᠰᠠᠶᠢᠬᠠᠨ ᠡᠮᠦᠨᠡᠲᠦ ᠬᠤᠰᠢᠭᠤᠨ ᠤ APP 277 ᠬᠤᠪᠢ ᠡᠬᠡ ᠪᠢᠴᠢᠭ ᠨᠡᠶᠢᠲᠡᠯᠡᠨ᠎ᠡ᠃︵ᠲᠠᠪᠤ︶ ᠬᠢᠨᠠᠯᠲᠠ ᠲᠠᠯᠪᠢᠵᠤ ᠪᠠᠲᠤᠯᠠᠭᠰᠠᠨ ᠪᠠᠶᠢᠳᠠᠯ᠃ᠮᠡᠳᠡᠭᠡ ᠵᠠᠩᠭᠢ  ᠶᠢ ᠢᠯᠡ ᠪᠣᠯᠭᠠᠬᠤ ᠪᠠᠶᠢᠭᠤᠯᠤᠮᠵᠢ ᠡᠩᠨᠡᠭᠡᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ  ᠶᠢ ᠴᠢᠩᠭᠠᠳᠬᠠᠵᠤ᠂ ᠲᠤᠰᠬᠠᠢ ᠲᠤᠰᠢᠶᠠᠯᠲᠤ ᠠᠵᠢᠯᠲᠠᠨ ᠢ ᠪᠣᠯᠪᠠᠰᠤᠷᠠᠭᠤᠯᠬᠤ ᠳᠤ᠂ ᠮᠠᠨ ᠤ ᠨᠢᠭᠡᠴᠡ ᠨᠢᠭᠡᠨᠲᠡ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠢᠨᠠᠨ ᠰᠢᠯᠭᠠᠬᠤ ᠰᠢᠰᠲ᠋ᠧᠮᠵᠢ ᠳᠤ ᠣᠷᠣᠭᠤᠯᠵᠤ᠂ ᠨᠡᠶᠢᠭᠡᠮ ᠤᠨ ᠦᠨᠡᠯᠡᠨ ᠶᠠᠷᠢᠯᠴᠠᠬᠤ ᠳᠦᠷᠢᠮ ᠢ ᠲᠡᠭᠦᠯᠳᠡᠷᠵᠢᠭᠦᠯᠦᠨ᠂ ᠠᠵᠢᠯ ᠤᠨ ᠦᠨᠡᠯᠡᠨ ᠶᠠᠷᠢᠯᠴᠠᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠪᠠ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ  ᠠᠴᠠ ᠪᠠᠨ ᠬᠦᠯᠢᠶᠡᠵᠦ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠤᠯᠢ ᠶᠣᠰᠣᠭᠠᠷ ᠣᠯᠬᠤ ᠶᠢ ᠪᠠᠲᠤᠯᠠᠪᠠ᠂ 2022 ᠣᠨ ᠳᠤ ᠮᠠᠨ ᠤ ᠲᠣᠪᠴᠢᠶ᠎ᠠ ᠳᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠪᠣᠳᠠᠲᠠᠶᠢᠵᠢᠭᠤᠯᠤᠭᠰᠠᠨ ᠦᠭᠡᠢ ᠠᠴᠠ ᠪᠣᠯᠵᠤ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠢ ᠪᠠᠶᠢᠳᠠᠯ ᠭᠠᠷᠤᠭᠰᠠᠨ ᠦᠭᠡᠢ᠃ ᠬᠤᠶᠠᠷ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯᠲᠣᠰ ᠵᠢᠯ ᠤᠨ ᠮᠠᠨ ᠤ ᠲᠣᠪᠴᠢᠶ᠎ᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠳᠤ ᠳᠣᠣᠷᠠᠬᠢ ᠮᠡᠲᠦ ᠠᠰᠠᠭᠤᠳᠠᠯ ᠣᠷᠣᠰᠢᠵᠤ ᠪᠣᠶ᠄ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠠᠮᠤᠷ ᠲᠦᠪᠰᠢᠨ ᠤ ᠲᠠᠯ᠎ᠠ ᠪᠠᠷ ᠢᠯᠡ ᠪᠣᠯᠭᠠᠬᠤ ᠮᠡᠳᠡᠭᠡ ᠵᠠᠩᠭᠢ ᠨᠡᠯᠢᠶᠡᠳ ᠴᠥᠭᠡᠨ︔ᠨᠡᠶᠢᠲᠡᠯᠡᠭᠰᠡᠨ ᠣᠨᠴᠠ ᠵᠠᠷᠢᠮ ᠮᠡᠳᠡᠭᠡ ᠵᠠᠩᠭᠢ ᠳᠤ ᠲᠠᠰᠢᠶ᠎ᠠ ᠦᠰᠦᠭ ᠲᠠᠢ ᠪᠠᠶᠢᠬᠤ;ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠤᠳᠠᠭ᠎ᠠ ᠴᠥᠭᠡᠨ ᠪᠠᠶᠢᠨ᠎ᠠ᠃ᠡᠳᠦᠭᠡ ᠳᠡᠭᠡᠷ᠎ᠡ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠳᠣᠣᠷᠠᠬᠢ ᠬᠡᠳᠦᠨ ᠲᠠᠯ᠎ᠠ ᠪᠠᠷ ᠬᠠᠯᠠᠨ ᠰᠠᠶᠢᠵᠢᠷᠠᠭᠤᠯᠤᠨ᠎ᠠ᠄ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠲᠠᠢ ᠬᠤᠯᠪᠣᠭᠳᠠᠬᠤ ᠲᠤᠬᠠᠶᠢᠯᠠᠭᠰᠠᠨ ᠠᠵᠢᠯ ᠤᠨ ᠲᠠᠰᠤᠭ ᠤᠨ ᠨᠡᠪᠲᠡᠷᠡᠯᠴᠡᠭᠡ ᠬᠠᠷᠢᠯᠴᠠᠭ᠎ᠠ ᠶᠢ ᠴᠢᠩᠭᠠᠳᠬᠠᠵᠤ᠂ ᠢᠯᠡ ᠪᠣᠯᠭᠠᠬᠤ ᠴᠢᠬᠤᠯᠠᠲᠠᠢ ᠮᠡᠳᠡᠭᠡ ᠵᠠᠩᠭᠢ ᠶᠢ ᠴᠠᠭ ᠲᠤᠬᠠᠢ ᠳᠤᠨᠢ ᠢᠯᠡ ᠪᠣᠯᠭᠠᠵᠤ᠂ ᠮᠡᠳᠡᠭᠡ ᠵᠠᠩᠭᠢ ᠶᠢ ᠢᠯᠡ ᠪᠣᠯᠭᠠᠬᠤ ᠶᠢᠨ ᠬᠤᠭᠤᠴᠠᠭᠠᠲᠤ ᠴᠢᠨᠠᠷ ᠢ ᠪᠠᠲᠤᠯᠠᠨ᠎ᠠ︔ᠢᠯᠡ ᠪᠣᠯᠭᠠᠬᠤ ᠮᠡᠳᠡᠭᠡ ᠵᠠᠩᠭᠢ ᠶᠢ ᠠᠭᠤᠯᠭ᠎ᠠ᠂ ᠬᠡᠪ ᠵᠠᠭᠪᠤᠷ᠂ ᠲᠠᠰᠢᠶ᠎ᠠ ᠥᠰᠥᠭ ᠪᠠᠶᠢᠬᠤ ᠡᠰᠡᠬᠦ ᠵᠡᠷᠭᠡ ᠲᠠᠯ᠎ᠠ ᠪᠠᠷ ᠴᠢᠩᠭ᠎ᠠ ᠬᠢᠨᠠᠨ ᠬᠠᠷᠭᠤᠭᠤᠯᠬᠤ ᠬᠡᠷᠡᠭᠲᠡᠢ︔ ᠡᠭᠦᠨ ᠳᠤ ᠢᠯᠡ ᠪᠣᠯᠭᠠᠬᠤ ᠴᠢᠬᠤᠯᠠᠲᠠᠢ ᠮᠡᠳᠡᠭᠡ ᠵᠠᠩᠭᠢ ᠶᠢ ᠠᠭᠤᠯᠭ᠎ᠠ᠂ ᠬᠡᠪ ᠵᠠᠭᠪᠤᠷ᠂ ᠲᠠᠰᠢᠶ᠎ᠠ ᠥᠰᠥᠭ ᠪᠠᠶᠢᠬᠤ ᠡᠰᠡᠬᠦ ᠵᠡᠷᠭᠡ ᠲᠠᠯ᠎ᠠ ᠪᠠᠷ ᠴᠢᠩᠭ᠎ᠠ ᠬᠢᠨᠠᠨ ᠬᠠᠷᠭᠤᠭᠤᠯᠬᠤ ᠬᠡᠷᠡᠭᠲᠡᠢ︔ᠢᠳᠡᠭᠡᠨ ᠤ ᠠᠮᠤᠷ ᠲᠦᠪᠰᠢᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠳᠤ ᠴᠠᠭ ᠲᠤᠬᠠᠢ ᠳᠤᠨᠢ ᠲᠠᠶᠢᠯᠤᠮᠵᠢ ᠬᠢᠵᠦ᠂ ᠵᠢᠷᠤᠭ ᠢᠶᠠᠷ ᠲᠠᠶᠢᠯᠪᠤᠷᠢᠯᠠᠬᠤ ᠵᠡᠷᠭᠡ ᠲᠥᠬᠦᠮ ᠣᠶᠢᠯᠠᠭᠠᠮᠵᠢᠲᠠᠢ ᠠᠷᠭ᠎ᠠ ᠮᠠᠶ᠋ᠢᠭ ᠢᠶᠠᠷ ᠲᠠᠶᠢᠯᠤᠮᠵᠢ ᠬᠢᠬᠦ ᠬᠡᠷᠡᠭᠲᠡᠢ᠃ ᠭᠤᠷᠪᠠ᠂ ᠪᠤᠰᠤᠳ ᠮᠡᠳᠡᠭᠦᠯᠬᠦ ᠴᠢᠬᠤᠯᠠᠲᠠᠢ ᠵᠦᠢᠯ︵ᠨᠢᠭᠡ︶ ᠮᠡᠳᠡᠭᠡ ᠵᠠᠩᠭᠢ ᠰᠢᠢᠳᠪᠦᠷᠢᠯᠡᠬᠦ ᠵᠠᠷᠤᠳᠠᠯ ᠬᠤᠷᠢᠶᠠᠭᠰᠠᠨ ᠪᠠᠶᠢᠳᠠᠯ︽︿ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠮᠡᠳᠡᠭᠡ ᠵᠠᠩᠭᠢ ᠶᠢ ᠰᠢᠢᠳᠪᠦᠷᠢᠯᠡᠬᠦ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠵᠠᠬᠢᠳᠠᠯ ﹇2020﹈ 109 ᠳ᠋ᠦᠭᠡᠷ ᠲᠣᠭᠠᠲᠤ︶ ᠳᠤ ᠲᠣᠭᠲᠠᠭᠠᠭᠰᠠᠨ ᠰᠢᠷᠬᠡᠭ ᠢᠶᠠᠷ᠂ ᠲᠤᠭ᠎ᠠ ᠬᠡᠮᠵᠢᠶ᠎ᠡ ᠪᠠᠷ ᠰᠦᠢᠳᠬᠡᠯ ᠬᠤᠷᠢᠶᠠᠬᠤ ᠪᠠᠷᠢᠮᠵᠢᠶ᠎ᠠ ᠶᠢᠨ ᠶᠣᠰᠣᠭᠠᠷ᠂ ᠲᠣᠰ ᠵᠢᠯ ᠳᠤ ᠮᠡᠳᠡᠭᠡ ᠵᠠᠩᠭᠢ ᠶᠢ ᠢᠯᠡ ᠪᠣᠯᠭᠠᠬᠤ ᠶᠢ ᠰᠢᠢᠳᠪᠦᠷᠢᠯᠡᠬᠦ ᠵᠠᠷᠤᠳᠠᠯ ᠭᠠᠷᠭᠠᠭᠰᠠᠨ ᠦᠭᠡᠢ᠃︵ᠬᠤᠶᠠᠷ︶ ᠳᠡᠭᠡᠳᠦ ᠱᠠᠲᠤᠨ ᠤ ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠣᠯᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯᠮᠠᠨ ᠤ ᠲᠣᠪᠴᠢᠶ᠎ᠠ ᠶᠢᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠰᠠᠭᠤᠷᠢᠯᠠᠵᠤ᠂ ᠮᠡᠳᠡᠭᠡ ᠵᠠᠩᠭᠢ ᠶᠢ ᠢᠯᠡ ᠪᠣᠯᠭᠠᠬᠤ ᠶᠢᠨ ᠭᠤᠣᠯᠳᠠᠯᠭ᠎ᠠ ᠨᠢ ︽ᠢᠳᠡᠭᠡᠨ ᠤ ᠠᠮᠤᠷ ᠲᠦᠪᠰᠢᠨ︾᠂ ︽ᠦᠢᠯᠡᠳᠬᠦᠨ ᠤ ᠶᠠᠰᠤ ᠴᠢᠨᠠᠷ᠂ ︽ᠠᠶᠤᠯᠭᠦᠢ ᠦᠢᠯᠡᠳᠪᠦᠷᠢᠯᠡᠯ︾ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠪᠣᠶ᠃ᠲᠣᠰ ᠵᠢᠯ ᠤᠨ 3.15 ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠲᠤ ︽ᠬᠡᠷᠡᠭᠯᠡᠭᠡ ᠶᠢ ᠢᠯᠡ ᠪᠣᠯᠭᠠᠬᠤ ᠶᠢ ᠬᠠᠮᠲᠤ ᠪᠠᠷ ᠠᠬᠢᠭᠤᠯᠤᠶ᠎ᠠ︾ ᠭᠡᠳᠡᠭ ᠢᠶᠠᠷ ᠭᠤᠣᠯ ᠰᠡᠳᠦᠪ ᠪᠣᠯᠭᠠᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠨᠡᠶᠢᠲᠡᠯᠡᠵᠦ᠂ ᠰᠤᠷᠪᠤᠯᠵᠢᠯᠠᠭᠴᠢ ᠶᠢᠨ ᠳᠤᠷᠠᠳᠤᠭᠰᠠᠨ ᠨᠡᠶᠢᠭᠡᠮ ᠤᠨ ᠬᠠᠯᠠᠭᠤᠨ ᠴᠡᠭ ᠤᠨ ᠠᠰᠠᠭᠤᠳᠠᠯ ᠳᠤ ᠬᠠᠷᠢᠭᠤᠯᠲᠠ ᠥᠭᠪᠡ᠃︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ ᠲᠤᠷᠰᠢᠯᠲᠠ ᠶᠢᠨ ᠴᠢᠭ᠋ ᠤᠨ ᠠᠵᠢᠯ ᠤᠨ ᠬᠡᠷᠡᠭᠵᠢᠭᠦᠯᠬᠦ ᠲᠥᠰᠥᠯ ︵2022 ︱ 2025︶︾ ᠳᠤ ᠲᠠᠶᠢᠯᠤᠮᠵᠢ ᠬᠢᠵᠦ᠂ ᠮᠠᠨ ᠤ ᠬᠤᠰᠢᠭᠤᠨ ᠤ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠮᠠᠨ ᠤ ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠢ ᠵᠢᠷᠤᠮᠵᠢᠭᠤᠨ᠂ ᠪᠠᠷᠢᠮᠵᠢᠶ᠎ᠠ᠂ ᠡᠮᠬᠢ ᠵᠢᠷᠤᠮ ᠲᠠᠢ ᠪᠣᠬᠢᠷᠳᠤᠯ ᠦᠭᠡᠢ ᠠᠵᠤ ᠦᠢᠯᠡᠰ ᠪᠣᠯᠭᠠᠨ ᠴᠣᠭᠴᠠᠯᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ᠃ ᠳᠦᠷᠪᠡ᠂ ᠳᠠᠭᠠᠯᠳᠤᠭᠤᠯᠠᠯ ︵  ᠬᠦᠰᠦᠨᠤᠭ᠌︶
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号