ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠬᠠᠮᠲᠤ ᠶᠢᠨ ᠶᠠᠷᠢᠯᠴᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/31
      12 ᠰᠠᠷ᠎ᠠ ᠶᠢᠨ 30 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠬᠠᠮᠲᠤ ᠶᠢᠨ ᠶᠠᠷᠢᠯᠴᠠᠭᠠᠨ ᠤ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠤᠳᠤᠷᠢᠳᠤᠯᠭ᠎ᠠ ᠸᠠᠩ ᠯᠢ ᠳ᠋ᠦᠩ᠂ ᠸᠠᠩ ᠵᠢᠶᠠ ᠪᠥᠸᠧ᠂ ᠶᠤᠸᠠᠢ ᠰᠥᠩ ᠱᠠᠨ᠂ ᠯᠢᠦ ᠭᠠᠩ ᠨᠠᠷ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠬᠤᠸᠠᠩ ᠮᠠᠨ ᠯᠢᠶᠠᠩ ᠬᠤᠷᠠᠯ ᠢ ᠡᠷᠭᠢᠯᠡᠪᠡ᠃ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠶᠠᠳᠤᠭᠠᠷ ᠬᠢᠨᠠᠨ ᠪᠠᠶᠢᠴᠠᠭᠠᠬᠤ ᠲᠠᠰᠤᠭ ᠤᠨ ᠡᠷᠬᠢᠯᠡᠭᠴᠢ ᠸᠠᠩ ᠵᠢᠶᠠᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠬᠤᠷᠠᠯ ᠠᠴᠠ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢ ᠶᠢᠨ ᠬᠥᠮᠦᠵᠢᠯ ᠤᠨ ᠹᠢᠯᠢᠮ ︽ᠡᠨᠡᠬᠦ ᠬᠥᠬᠡᠮᠳᠦᠭ ᠨᠣᠭᠤᠭᠠᠨ ᠣᠭᠲᠠᠷᠭᠤᠢ ᠶᠢᠨ ᠲᠥᠯᠥᠭᠡ︾ ᠭᠡᠬᠦ ᠺᠢᠨᠣ᠋ ᠶᠢ ᠭᠥᠯᠢᠶᠡᠨ ᠠᠪᠴᠤ ᠦᠵᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠰᠢᠭᠤ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠭᠤᠱᠠᠯᠠᠭᠤᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠰᠡᠷᠭᠡᠭ ᠢᠶᠠᠷ ᠲᠠᠨᠢᠵᠤ᠂ ᠨᠠᠮ ᠢ ᠴᠢᠩᠭ᠎ᠠ ᠬᠠᠮᠢᠶᠠᠷᠬᠤ ᠴᠢᠩᠭ᠎ᠠ ᠵᠠᠰᠠᠬᠤ ᠬᠠᠷᠢᠭᠤᠴᠠᠯᠭᠠᠲᠤ ᠰᠡᠳᠬᠢᠯᠭᠡ  ᠬᠢᠭᠡᠳ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠤᠯᠤᠰ ᠲᠦᠷᠦ ᠶᠢᠨ ᠲᠣᠭᠲᠠᠯ ᠬᠦᠴᠦᠨ ᠢ ᠢᠮᠠᠭᠲᠠ ᠪᠠᠷᠢᠮᠲᠠᠯᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠥᠴᠥᠬᠡᠨ ᠴᠦ ᠭᠤᠶᠢᠪᠢᠰᠢ ᠦᠭᠡᠢ ᠲᠦᠯᠬᠢᠨ ᠠᠬᠢᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠥᠴᠥᠬᠡᠨ ᠴᠦ ᠰᠤᠯᠠᠷᠠᠭᠤᠯᠤᠯ ᠦᠭᠡᠢ ᠲᠦᠯᠬᠢᠨ ᠠᠬᠢᠭᠤᠯᠵᠤ᠂ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠥᠴᠥᠬᠡᠨ ᠴᠦ ᠢᠯᠳᠠᠷ ᠬᠠᠶᠠᠬᠤ ᠦᠭᠡᠢ ᠪᠠᠷ ᠵᠠᠯᠬᠠᠭᠠᠨ ᠰᠢᠢᠳᠭᠡᠵᠦ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠡᠷᠬᠡ ᠰᠡᠳᠦᠪ ᠢ ᠰᠢᠢᠳᠪᠦᠷᠢᠯᠡᠬᠦ ᠲᠠᠶᠢᠨ᠂ ᠤᠳᠠᠭᠠᠨ ᠳᠠᠭᠠᠭᠠᠮᠠᠭᠠᠢ ᠲᠠᠶᠢᠨ ᠢ ᠡᠷᠡᠰ ᠰᠠᠶᠢᠲᠤᠷ ᠬᠢᠬᠦ ᠬᠡᠷᠡᠭᠲᠡᠢ᠃ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠠᠰᠠᠭᠤᠳᠠᠯ ᠳᠤ ᠵᠥᠪ ᠢᠶᠠᠷ ᠬᠠᠨᠳᠤᠬᠤ ᠰᠥᠰᠥ ᠵᠣᠷᠢᠭ ᠪᠠ ᠬᠢᠲᠤᠭᠠᠨ ᠢᠷ ᠢᠶᠠᠨ ᠳᠣᠲᠣᠭᠰᠢ ᠪᠠᠨ ᠬᠠᠨᠳᠤᠭᠤᠯᠬᠤ ᠤᠬᠠᠮᠰᠠᠷ ᠢᠶᠠᠨ ᠢᠮᠠᠭᠲᠠ ᠪᠠᠷᠢᠮᠲᠠᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠪᠠᠷ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠬᠡᠪ ᠴᠢᠨᠠᠷ ᠢ ᠲᠠᠰᠤᠷᠠᠯᠲᠠ ᠦᠭᠡᠢ ᠳᠠᠪᠲᠠᠨ ᠪᠣᠯᠪᠠᠰᠤᠷᠠᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠴᠢᠩᠭᠠᠳᠬᠠᠵᠤ᠂ ᠡᠷᠬᠡ ᠪᠠᠨ ᠠᠷᠠᠳ ᠤᠨ ᠲᠥᠯᠥᠭᠡ ᠬᠡᠷᠡᠭᠯᠡᠬᠦ᠂ ᠠᠰᠢᠭ ᠲᠤᠰᠠ ᠶᠢ ᠠᠷᠠᠳ ᠲᠤ ᠣᠯᠭᠤᠬᠤ ᠶᠢ ᠢᠮᠠᠭᠲᠠ ᠪᠠᠲᠤ ᠴᠡᠭᠡᠵᠢᠯᠡᠵᠦ᠂ ᠠᠷᠢᠭᠤᠨ ᠴᠢᠬᠡᠴᠢ ᠪᠠᠶᠢᠬᠤ ᠤᠯᠤᠰ ᠲᠦᠷᠦ ᠶᠢᠨ ᠣᠣᠷ ᠴᠢᠨᠠᠷ ᠢᠶᠠᠨ ᠡᠭᠦᠷᠢᠳᠡ ᠬᠠᠳᠠᠭᠠᠯᠠᠵᠤ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭ᠎ᠠ ᠤᠯᠤᠰ ᠲᠦᠷᠦ ᠶᠢᠨ ᠰᠡᠷᠭᠡᠶᠢᠯᠡᠯᠲᠡ ᠶᠢᠨ ᠱᠤᠭᠤᠮ ᠢ ᠲᠠᠰᠤᠷᠠᠯᠲᠠ ᠦᠭᠡᠢ ᠪᠠᠲᠤ ᠴᠣᠭᠴᠠᠯᠠᠬᠤ ᠬᠡᠷᠡᠭᠲᠡᠢ᠃ ᠨᠠᠮ ᠤᠨ ᠬᠤᠷᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠴᠢᠩᠭ᠎ᠠ ᠡᠭᠦᠷᠭᠡᠯᠡᠵᠦ᠂ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠪᠦᠬᠦ ᠬᠦᠴᠦᠨ ᠢᠶᠠᠷ ᠢᠶᠠᠨ ᠵᠠᠯᠠᠷᠠᠭᠤᠯᠤᠨ ᠵᠠᠰᠠᠵᠤ᠂ ᠡᠳᠦᠷ ᠲᠤᠳᠤᠮ ᠤᠨ ᠬᠥᠮᠦᠵᠢᠯ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ ᠵᠣᠷᠢᠭᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ᠃ ᠬᠤᠰᠢᠭᠤᠨ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠠ ᠪᠤᠰᠤᠳ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠰᠤᠮᠤ ᠰᠢᠶᠠᠩ ᠪᠠᠯᠭᠠᠰᠤ ︵ᠲᠥᠪ︶ ᠶᠢᠨ ᠨᠠᠮ ᠵᠠᠰᠠᠭ ᠤᠨ ᠵᠢᠩᠬᠢᠨᠢ ᠲᠤᠰᠢᠶᠠᠯᠲᠠᠨ ᠵᠢᠴᠢ ᠦᠨᠳᠦᠰᠦᠨ ᠱᠠᠲᠤᠨ ᠤ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠲᠥᠯᠥᠭᠡᠯᠡᠭᠴᠢ ᠪᠠ ᠠᠵᠤ ᠠᠬᠤᠶᠢᠯᠠᠯ ᠤᠨ ᠲᠥᠯᠥᠭᠡᠯᠡᠭᠴᠢ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ ᠡᠯ᠎ᠡ ᠰᠤᠮᠤ ᠰᠢᠶᠠᠩ ᠪᠠᠯᠭᠠᠰᠤ ︵ᠲᠥᠪ︶ ᠶᠢᠨ ᠪᠤᠰᠤᠳ ᠤᠳᠤᠷᠢᠳᠬᠤ ᠪᠠᠭ ᠤᠨ ᠪᠦᠷᠢᠯᠳᠦᠭᠦᠨ᠂ ᠥᠷᠲᠡᠭᠡ ᠠᠯᠪᠠᠨ ᠭᠡᠷ ᠭᠠᠵᠠᠷ ᠤᠨ ᠬᠠᠷᠢᠭᠤᠴᠠᠯᠭᠠᠲᠠᠨ᠂ ᠭᠠᠴᠠᠭ᠎ᠠ ᠲᠣᠰᠬᠤᠨ ᠤ ᠱᠦᠵᠢ ᠪᠣᠯᠣᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号