ᠸᠠᠩ ᠯᠢ ᠳ᠋ᠦᠩ ᠴᠠᠭᠠᠨ ᠰᠠᠷ᠎ᠠ ᠶᠢᠨ ᠬᠤᠭᠤᠴᠠᠭᠠᠨ ᠳᠤ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/2/1
   
   ᠴᠠᠭᠠᠨ ᠰᠠᠷ᠎ᠠ ᠶᠢᠨ ᠪᠠᠶᠠᠷ ᠬᠦᠷᠴᠦ ᠢᠷᠡᠬᠦ ᠳᠤ᠂ ᠰᠠᠷ᠎ᠠ ᠰᠢᠨ᠎ᠠ ᠶᠢᠨ ᠠᠭᠤᠷ ᠠᠮᠢᠰᠬᠤᠯ ᠥᠳᠬᠡᠷᠡᠵᠦ ᠪᠠᠶᠢᠨ᠎ᠠ ᠃ ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠸᠠᠩ ᠯᠢ ᠳ᠋ᠦᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠵᠢᠷᠦᠭᠡᠨ ᠪᠠᠯᠭᠠᠰᠤ ᠵᠡᠷᠭᠡ ᠭᠠᠵᠠᠷ ᠢᠶᠠᠷ ᠭᠦᠨᠵᠡᠭᠡᠶᠢᠷᠡᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢᠳ᠂ ᠬᠡᠰᠡᠭ ᠬᠤᠲᠠ ᠪᠠᠯᠭᠠᠰᠤᠨ ᠤ ᠣᠨᠴᠠ ᠬᠦᠴᠢᠷᠳᠡᠯᠲᠡᠶ ᠡᠷᠦᠬᠡ᠂ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠵᠢᠴᠢ ᠨᠢᠭᠡᠳᠦᠭᠡᠷ ᠹᠷᠣᠨᠲ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠢ ᠲᠣᠬᠤᠨᠢᠭᠤᠯᠵᠤ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠬᠦᠷᠭᠡᠵᠡᠶ᠃    ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ᠂ ᠸᠠᠩ ᠯᠢ ᠳ᠋ᠦᠩ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠤᠭᠰᠠᠨ ᠪᠥᠭᠡᠳ ᠲᠡᠳᠡᠨ ᠳᠤ ᠲᠣᠬᠤᠨᠢᠭᠤᠯᠬᠤ ᠪᠣᠳᠠᠰ ᠬᠦᠷᠭᠡᠪᠡ᠃ ᠲᠣᠬᠤᠨᠢᠭᠤᠯᠬᠤ ᠶᠠᠪᠤᠴᠠ ᠳᠤ᠂ ᠸᠠᠩ ᠯᠢ ᠳ᠋ᠦᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠢᠶᠤᠤ ᠱᠧ ᠵᠢᠶᠦ᠋ᠨ ᠲᠠᠢ ᠳᠣᠲᠣᠨᠣ ᠪᠠᠷ ᠶᠠᠷᠢᠯᠴᠠᠵᠤ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠠᠵᠢᠯ ᠤᠨ ᠳᠤᠮᠳᠠ ᠣᠯᠤᠭᠰᠠᠨ ᠠᠮᠵᠢᠯᠲᠠ ᠵᠢᠴᠢ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠳᠤ ᠦᠵᠡᠭᠦᠯᠦᠭᠰᠡᠨ ᠢᠳᠡᠪᠬᠢᠲᠡᠶ ᠬᠤᠪᠢ ᠨᠡᠮᠡᠷᠢ ᠶᠢ ᠭᠦᠢᠴᠡᠳ ᠨᠤᠲᠠᠯᠠᠵᠠᠶ᠃ ᠡᠭᠦᠨ ᠤ ᠬᠠᠮᠲᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠪᠥᠬᠦ ᠳᠠᠷᠤᠭ᠎ᠠ ᠪᠠᠶᠢᠯᠳᠤᠭᠴᠢᠳ ᠠᠷᠠᠳ ᠤᠨ ᠴᠡᠷᠢᠭ ᠠᠩᠭᠢ ᠶᠢᠨ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠪᠥᠬᠦ ᠬᠤᠰᠢᠭᠤᠨ ᠤ ᠭᠤᠤᠯ ᠠᠵᠢᠯ ᠤᠨ ᠲᠣᠭᠤᠷᠢᠨ ᠳᠤ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠶ᠃     ᠵᠢᠷᠦᠭᠡᠨ ᠪᠠᠯᠭᠠᠰᠤᠨ ᠤ ᠰᠢᠩ ᠹᠦ᠋ ᠯᠦ ᠲᠣᠰᠬᠤᠨ ᠤ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠸᠠᠩ ᠶᠦᠨ ᠭᠠᠩ ᠤᠨ ᠭᠡᠷ ᠲᠤ᠂ ᠸᠠᠩ ᠯᠢ ᠳ᠋ᠦᠩ ᠨᠠᠰᠤᠲᠠᠨ ᠤ ᠭᠡᠷ ᠪᠦᠯᠢ ᠶᠢᠨ ᠪᠠᠶᠢᠳᠠᠯ᠂ ᠡᠷᠡᠭᠦᠯ ᠴᠢᠭᠢᠷᠠᠭ ᠤᠨ ᠪᠠᠶᠢᠳᠠᠯ᠂ ᠠᠵᠤ ᠠᠬᠤᠢ ᠶᠢᠨ ᠣᠷᠣᠯᠭ᠎ᠠ ᠶᠢ ᠨᠠᠷᠢᠨ ᠠᠰᠠᠭᠤᠵᠤ᠂ ᠲᠡᠭᠦᠨ ᠤ ᠤᠯᠤᠰ ᠣᠷᠣᠨ᠂ ᠨᠡᠶᠢᠭᠡᠮ ᠳᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠢᠯᠡᠳᠬᠡᠵᠦ᠂ ᠨᠠᠰᠤᠲᠠᠨ ᠢ ᠪᠡᠶ᠎ᠡ ᠪᠠᠨ ᠬᠢᠴᠢᠶᠡᠵᠦ᠂ ᠥᠲᠡᠯᠦᠭᠡ ᠨᠠᠰᠤ ᠪᠠᠨ ᠠᠮᠤᠷ ᠵᠢᠮᠦᠷ ᠥᠩᠭᠡᠷᠡᠭᠦᠯᠬᠦ ᠶᠢ ᠵᠠᠬᠢᠭᠰᠠᠨ ᠪᠥᠭᠡᠳ ᠲᠣᠬᠤᠨᠢᠭᠤᠯᠬᠤ ᠮᠥᠩᠭᠦ ᠬᠦᠷᠭᠡᠪᠡ᠃    ᠨᠢᠭᠡᠳᠦᠭᠡᠷ ᠹᠷᠣᠨᠲ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠳ᠋ᠢᠩ ᠰᠢ ᠬᠤᠸᠠ ᠶᠢᠨ ᠭᠡᠷ ᠲᠤ᠂ ᠸᠠᠩ ᠯᠢ ᠳ᠋ᠦᠩ ᠲᠡᠭᠦᠨ ᠤ ᠪᠡᠶ᠎ᠡ ᠶᠢᠨ ᠪᠠᠶᠢᠳᠠᠯ ᠵᠢᠴᠢ ᠦᠷ᠎ᠡ ᠬᠡᠦᠬᠡᠳ ᠤᠨ ᠬᠢᠨᠢ ᠠᠵᠢᠯ ᠣᠯᠤᠭᠰᠠᠨ ᠵᠡᠷᠭᠡ ᠪᠠᠶᠢᠳᠠᠯ ᠢ ᠨᠠᠷᠢᠨ ᠠᠰᠠᠭᠤᠵᠤ᠂ ᠲᠡᠭᠦᠨ ᠤ ᠡᠮᠦᠨᠡᠲᠦ ᠬᠤᠰᠢᠭᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠡᠭᠦᠨ ᠤ ᠬᠠᠮᠲᠤ᠂ ᠣᠶᠢᠷ᠎ᠠ ᠶᠢᠨ ᠬᠡᠳᠦᠨ ᠵᠢᠯ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠢᠷᠠᠭᠤ ᠠᠯᠳᠠᠷ ᠤᠨ ᠬᠡᠮᠵᠢᠶ᠎ᠡ ᠲᠠᠰᠤᠷᠠᠯᠲᠠ ᠥᠬᠡᠶ ᠳᠡᠭᠡᠭᠰᠢᠯᠡᠵᠦ ᠪᠠᠶᠢᠨ᠎ᠠ᠂ ᠡᠨᠡ ᠨᠢ ᠪᠥᠬᠦ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠴᠢᠷᠮᠠᠶᠢᠯᠭ᠎ᠠ ᠪᠠ ᠤᠷᠤᠯᠳᠤᠯᠭ᠎ᠠ ᠲᠠᠢ ᠰᠠᠯᠤᠰᠢ ᠥᠬᠡᠶ ᠬᠤᠯᠪᠣᠭ᠎ᠠ ᠲᠠᠢ ᠶᠤᠮ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠥᠬᠦ ᠠᠵᠢᠯᠲᠠᠳ ᠮᠡᠷᠡᠶᠢᠨ ᠴᠢᠷᠮᠠᠶᠢᠵᠤ᠂ ᠳᠤᠷᠠᠲᠠᠶ᠎ᠠ ᠬᠠᠷᠠᠮ ᠥᠬᠡᠶ ᠵᠢᠳᠭᠦᠵᠤ ᠂ ᠵᠣᠪᠠᠭᠤᠷᠢ ᠵᠦᠳᠡᠭᠦᠷᠢ ᠠᠴᠠ ᠠᠶᠤᠬᠤ ᠥᠬᠡᠶ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠦᠵᠡᠰᠬᠦᠯᠡᠩᠲᠦ ᠰᠠᠶᠢᠬᠠᠨ ᠡᠮᠦᠨᠡᠲᠦ ᠬᠤᠰᠢᠭᠤᠨ ᠤ ᠪᠥᠲᠥᠭᠡᠨ ᠪᠠᠶᠢᠭᠤᠯᠤᠯᠲᠠ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃    ᠸᠠᠩ ᠯᠢ ᠳ᠋ᠦᠩ ᠪᠠᠰᠠ ᠴᠡᠷᠢᠭ ᠠᠴᠠ ᠬᠠᠯᠠᠭᠳᠠᠭᠰᠠᠳ ᠴᠢᠶᠣᠤ ᠢ ᠰᠢᠤ᠂ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠮᠠ ᠢᠦᠶ ᠮᠧᠶ ᠵᠢᠴᠢ ᠬᠤᠲᠠ ᠪᠠᠯᠭᠠᠰᠤᠨ ᠤ ᠣᠨᠴᠠ ᠬᠦᠴᠢᠷᠳᠡᠯᠲᠡᠶ ᠡᠷᠦᠬᠡ ᠯᠢ ᠶᠢᠦ ᠶᠢᠨ ᠬᠡᠷ ᠲᠤ ᠲᠣᠰ ᠲᠣᠰ ᠭᠦᠨᠵᠡᠭᠡᠶᠢᠷᠡᠵᠦ᠂ ᠲᠡᠳᠡᠨ ᠳᠤ ᠴᠠᠭᠠᠨ ᠰᠠᠷ᠎ᠠ ᠶᠢᠨ ᠢᠷᠥᠭᠡᠯ ᠳᠡᠪᠰᠢᠭᠦᠯᠵᠡᠶ᠃   ᠲᠣᠬᠤᠨᠢᠭᠤᠯᠬᠤ ᠶᠠᠪᠤᠴᠠ ᠳᠤ᠂ ᠸᠠᠩ ᠯᠢ ᠳ᠋ᠦᠩ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠠᠳᠠᠭᠤ ᠬᠦᠴᠢᠷᠳᠡᠯᠲᠡᠢ ᠤᠯᠠᠨ ᠲᠦᠮᠡᠨ ᠢ ᠬᠠᠪᠰᠤᠷᠤᠨ ᠲᠡᠳᠬᠦᠬᠦ ᠠᠵᠢᠯ ᠢ ᠴᠢᠨᠠᠭᠰᠢᠳᠠ ᠰᠠᠶᠢᠲᠤᠷ ᠬᠢᠵᠦ᠂ ᠤᠯᠠᠨ ᠲᠦᠮᠡᠨ ᠤ ᠬᠠᠯᠠᠭᠤᠨ ᠬᠦᠢᠳᠡᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠡᠯ᠎ᠡ ᠱᠠᠲᠤᠨ ᠤ ᠺᠠᠳ᠋ᠷ ᠪᠣᠯᠤᠨ ᠶᠠᠳᠠᠭᠤ ᠬᠦᠴᠢᠷᠳᠡᠯᠲᠡᠢ ᠤᠯᠠᠨ ᠲᠦᠮᠡᠨ ᠤ ᠴᠢᠰᠤ ᠮᠢᠬᠠᠨ ᠤ ᠬᠠᠷᠢᠯᠴᠠᠭ᠎ᠠ ᠶᠢ ᠨᠢᠭᠲᠠᠷᠠᠭᠤᠯᠵᠤ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠭᠦᠨᠵᠡᠭᠡᠢ ᠮᠡᠳᠡᠷᠡᠭᠦᠯᠵᠦ᠂ ᠲᠡᠭᠦᠰ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠴᠠᠭᠠᠨ ᠰᠠᠷ᠎ᠠ ᠶᠢ ᠪᠠᠶᠠᠷ ᠬᠦᠷ ᠲᠠᠢ ᠥᠩᠭᠡᠷᠡᠭᠦᠯᠬᠦ ᠬᠡᠷᠡᠭᠲᠡᠢ ᠭᠡᠵᠦ ᠢᠯᠡᠳᠬᠡᠪᠡ
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号