ᠮᠠᠨ ᠤ ᠬᠤᠰᠢᠭᠤ ᠲᠠᠯ᠎ᠠ ᠨᠤᠲᠤᠭ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/2/10
   
   2 ᠰᠠᠷ᠎ᠠ ᠶᠢᠨ 5 ᠤ ᠡᠳᠦᠷ᠂ ᠮᠠᠨ ᠤ ᠬᠤᠰᠢᠭᠤ ᠲᠠᠯ᠎ᠠ ᠨᠤᠲᠤᠭ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢᠨ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤ᠋ ᠲᠤᠤ ᠬᠤᠷᠠᠯ ᠳᠤ ᠣᠷᠣᠯᠴᠠᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠢᠴᠢ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠲᠤᠷᠰᠢᠯᠲᠠ ᠶᠢᠨ ᠲᠦᠷᠦᠯ ᠵᠦᠢᠯ ᠤᠨ ᠲᠣᠭᠤᠷᠢᠨ ᠳᠤ ᠨᠢᠭᠡᠳ ᠨᠢᠭᠡ ᠪᠠᠷ ᠰᠤᠳᠤᠯᠤᠨ ᠮᠠᠭᠠᠳᠯᠠᠪᠠ᠃ ᠰᠦᠨ ᠱᠤ᠋ ᠲᠤᠤ ᠵᠢᠭᠠᠵᠤ ᠭᠠᠷᠭᠠᠭᠰᠠᠨ ᠨᠢ᠂ ᠲᠠᠯ᠎ᠠ ᠨᠤᠲᠤᠭ ᠤᠨ ᠮᠠᠯ ᠠᠵᠤ ᠠᠬᠤᠶ ᠪᠣᠯ ᠮᠠᠨ ᠤ ᠬᠤᠰᠢᠭᠤᠨ ᠤ ᠤᠯᠠᠮᠵᠢᠯᠠᠯᠲᠤ ᠠᠵᠤ ᠦᠢᠯᠡᠰ᠂ ᠰᠠᠭᠤᠷᠢ ᠠᠵᠤ ᠦᠢᠯᠡᠰ ᠮᠥᠨ ᠪᠥᠭᠡᠳ ᠪᠠᠰᠠ ᠴᠤ ᠮᠠᠨ ᠤ ᠬᠤᠰᠢᠭᠤᠨ ᠤ ᠳᠠᠪᠠᠭᠤᠯᠢᠭ ᠠᠵᠤ ᠦᠢᠯᠡᠰ ᠪᠠ ᠠᠷᠠᠳ ᠤᠨ ᠠᠮᠢᠳᠤᠷᠠᠯ ᠤᠨ ᠠᠵᠤ ᠦᠢᠯᠡᠰ ᠮᠥᠨ᠂ ᠲᠠᠯ᠎ᠠ ᠨᠤᠲᠤᠭ ᠤᠨ ᠮᠠᠯ ᠠᠵᠤ ᠠᠬᠤᠶ ᠶᠢᠨ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠨᠢ ᠪᠥᠬᠦ ᠲᠠᠯ᠎ᠠ ᠳᠤ ᠬᠤᠯᠪᠣᠭᠳᠠᠨ᠎ᠠ᠃ ᠰᠦᠨ ᠱᠤ᠋ ᠲᠤᠤ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠳᠡᠭᠡᠭᠰᠢᠯᠡᠭᠦᠯᠦᠨ᠂ ᠦᠵᠡᠯ ᠰᠠᠨᠠᠭ᠎ᠠ ᠪᠠᠨ ᠨᠢᠭᠡᠳᠬᠡᠵᠦ᠂ ᠲᠤᠷᠰᠢᠯᠲᠠ ᠶᠢᠨ ᠴᠢᠭ ᠤᠨ ᠪᠥᠲᠥᠭᠡᠨ ᠪᠠᠶᠢᠭᠤᠯᠤᠯᠲᠠ ᠶᠢᠨ ᠠᠭᠤᠯᠤᠭᠳᠠᠬᠤᠨ ᠢ ᠪᠥᠬᠦ ᠲᠠᠯ᠎ᠠ ᠪᠠᠷ ᠡᠵᠡᠮᠰᠢᠨ ᠣᠶᠢᠯᠠᠭᠠᠬᠤ ᠲᠠᠯ᠎ᠠ ᠪᠠᠷ ᠬᠦᠴᠦ ᠲᠠᠯᠪᠢᠵᠤ᠂ ᠲᠤᠷᠰᠢᠯᠲᠠ ᠶᠢᠨ ᠴᠢᠭ ᠤᠨ ᠠᠵᠢᠯ ᠪᠣᠯ ᠲᠠᠯ᠎ᠠ ᠨᠤᠲᠤᠭ ᠤᠨ ᠮᠠᠯ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠪᠠ ᠣᠲᠣ ᠦᠶ᠎ᠡ ᠶᠢᠨ ᠠᠮᠢ ᠠᠬᠤᠶ ᠶᠢᠨ ᠮᠠᠯ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠶᠢᠨ ᠴᠢᠬᠤᠯᠠ ᠠᠭᠤᠯᠭ᠎ᠠ ᠮᠥᠨ ᠭᠡᠳᠡᠭ ᠢ ᠭᠦᠨᠵᠡᠭᠡᠶ ᠲᠠᠨᠢᠵᠤ᠂ ᠪᠥᠲᠥᠭᠡᠨ ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠰᠠᠶᠢᠲᠤᠷ ᠪᠠᠳᠠᠷᠠᠭᠤᠯᠵᠤ᠂ ᠲᠤᠷᠰᠢᠯᠲᠠ ᠶᠢᠨ ᠴᠢᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃    ᠰᠦᠨ ᠱᠤ᠋ ᠲᠤᠤ ᠴᠢᠬᠤᠯᠠᠴᠢᠯᠠᠭᠰᠠᠨ ᠨᠢ᠂ ᠲᠤᠷᠰᠢᠯᠲᠠ ᠶᠢᠨ ᠴᠢᠭ ᠤᠨ ᠲᠦᠷᠦᠯ ᠵᠦᠢᠯ ᠤᠨ ᠭᠠᠵᠠᠷ ᠣᠷᠣᠨ ᠤ ᠬᠢᠨ ᠭᠤᠣᠯᠳᠠᠭᠤ ᠨᠤᠲᠤᠭ ᠪᠡᠯᠴᠢᠭᠡᠷ ᠤᠨ ᠳᠠᠭᠠᠭᠠᠴᠠ᠂ ᠡᠪᠡᠰᠦ ᠪᠣᠷᠳᠤᠭ᠎ᠠ ᠶᠢᠨ ᠪᠠᠲᠤᠯᠠᠭ᠎ᠠ᠂ ᠲᠡᠵᠢᠭᠡᠨ ᠦᠷᠡᠵᠢᠭᠦᠯᠬᠦ ᠡᠵᠡᠩᠨᠡᠯᠲᠡ ᠶᠢᠨ ᠵᠠᠭᠪᠤᠷ ᠪᠣᠯᠤᠨ ᠠᠰᠢᠭ ᠲᠤᠰᠠ ᠶᠢᠨ ᠬᠤᠯᠪᠣᠯᠳᠤᠯ ᠤᠨ ᠲᠣᠭᠲᠠᠴᠠ᠂ ᠰᠠᠭᠤᠷᠢ ᠲᠥᠬᠦᠭᠡᠷᠦᠮᠵᠢ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠵᠡᠷᠭᠡ ᠰᠠᠭᠤᠷᠢ ᠨᠥᠬᠦᠴᠡᠯ ᠤᠨ ᠲᠣᠭᠤᠷᠢᠨ ᠳᠤ ᠬᠠᠷᠠᠯᠲᠠ ᠡᠭᠦᠷᠭᠡ ᠪᠠᠨ ᠴᠢᠨᠠᠭᠰᠢᠳᠠ ᠲᠣᠳᠣᠷᠬᠠᠶᠢᠯᠠᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠᠷ ᠦᠨᠳᠦᠰᠦᠨ ᠵᠠᠷᠴᠢᠮ ᠪᠣᠯᠭᠠᠵᠤ᠂ ᠪᠡᠯᠴᠢᠭᠡᠷ ᠤᠨ ᠪᠠᠭᠲᠠᠭᠠᠮᠵᠢ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠬᠤ ᠬᠡᠷᠡᠭᠲᠡᠢ᠃ ᠲᠤᠷᠰᠢᠯᠲᠠ ᠶᠢᠨ ᠴᠢᠭ ᠤᠨ ᠲᠥᠷᠥᠯ ᠵᠦᠢᠯ ᠢ ᠬᠡᠷᠡᠭᠵᠢᠭᠦᠯᠬᠦ ᠪᠠᠷ ᠳᠡᠮᠵᠢᠨ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠰᠢᠨ᠎ᠡ ᠵᠠᠭᠪᠤᠷ ᠢ ᠠᠯᠬᠤᠮ ᠠᠯᠬᠤᠮ ᠢᠶᠠᠷ ᠦᠢᠯᠡᠳᠦᠯᠭᠡᠵᠢᠭᠦᠯᠬᠦ᠂ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠠᠵᠤ ᠦᠶᠯᠡᠰᠵᠢᠭᠦᠯᠬᠦ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠴᠢᠳᠠᠪᠤᠷᠢ ᠪᠠ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠬᠢᠭᠡᠳ ᠦᠷ᠎ᠡ ᠠᠰᠢᠭ ᠢ ᠳᠡᠭᠡᠭᠰᠢᠯᠡᠭᠦᠯᠦᠨ᠎ᠡ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号