ᠰᠦᠨ ᠱᠤ᠋ ᠲᠤᠤ ᠴᠠᠭᠠᠨ ᠰᠠᠷ᠎ᠠ ᠶᠢᠨ ᠵᠢᠵᠢᠭᠦᠷᠯᠡᠨ ᠰᠠᠬᠢᠵᠤ ᠪᠠᠶᠢᠭ᠎ᠠ ᠡᠮᠴᠢ ᠰᠤᠪᠢᠯᠠᠭᠴᠢᠳ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠴᠢᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2022/2/11
   
  2 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤ᠋ ᠲᠤᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠣᠯᠤᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠭᠦᠨᠵᠡᠭᠡᠶᠢᠷᠡᠨ᠂ ᠴᠠᠭᠠᠨ ᠰᠠᠷ᠎ᠠ ᠶᠢᠨ ᠬᠤᠭᠤᠴᠠᠭᠠᠨ ᠳᠤ ᠵᠢᠵᠢᠭᠦᠷᠯᠡᠨ ᠠᠵᠢᠯᠯᠠᠵᠤ ᠪᠠᠶᠢᠭ᠎ᠠ ᠡᠮᠴᠢ ᠰᠤᠪᠢᠯᠠᠭᠴᠢ ᠪᠣᠯᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠴᠠᠭᠠᠨ ᠰᠠᠷ᠎ᠠ ᠶᠢᠨ ᠢᠷᠥᠭᠡᠯ ᠳᠡᠪᠰᠢᠭᠦᠯᠪᠡ᠃   ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠰᠦᠨ ᠱᠤ᠋ ᠲᠤᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠡᠮᠴᠢ ᠰᠤᠪᠢᠯᠠᠭᠴᠢᠳ ᠤᠨ ᠵᠢᠵᠢᠭᠦᠷᠯᠡᠵᠦ ᠪᠠᠶᠢᠭ᠎ᠠ ᠪᠠᠶᠢᠳᠠᠯ ᠪᠠ ᠠᠮᠢᠳᠤᠷᠠᠯ ᠤᠨ ᠪᠠᠲᠤᠯᠠᠭ᠎ᠠ ᠶᠢᠨ ᠪᠠᠶᠢᠳᠠᠯ ᠵᠢᠴᠢ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠶᠢᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠵᠢᠵᠢᠭᠦᠷᠯᠡᠵᠦ ᠪᠠᠶᠢᠭ᠎ᠠ ᠡᠮᠴᠢ ᠰᠤᠪᠢᠯᠠᠭᠴᠢᠳ ᠲᠠᠢ ᠳᠣᠲᠣᠨᠣ ᠪᠠᠷ ᠶᠠᠷᠢᠯᠴᠠᠵᠤ᠂ ᠡᠮᠴᠢ ᠰᠤᠪᠢᠯᠠᠭᠴᠢᠳ ᠤᠨ ︽ᠪᠠᠭ᠎ᠠ ᠬᠡᠷ ᠢᠶᠠᠨ ᠬᠠᠶᠠᠵᠤ᠂ ᠶᠡᠭᠡ ᠭᠡᠷ ᠢ ᠬᠠᠮᠠᠭᠠᠯᠠᠬᠤ︾ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠭᠦᠢᠴᠡᠳ ᠨᠤᠲᠠᠯᠠᠵᠠᠶ᠃ ᠴᠠᠭᠠᠨ ᠰᠠᠷ᠎ᠠ ᠶᠢᠨ ᠬᠤᠭᠤᠴᠠᠭᠠᠨ ᠳᠤ ᠬᠥᠮᠦᠰ ᠤᠨ ᠰᠢᠯᠵᠢᠯᠲᠡ ᠨᠡᠮᠡᠭᠳᠡᠵᠦ᠂ ᠬᠢᠵᠢᠭ ᠤᠨ ᠪᠠᠶᠢᠳᠠᠯ ᠤᠨ ᠳᠡᠯᠭᠡᠷᠡᠬᠦ ᠠᠶᠤᠯ ᠲᠦᠭᠰᠢᠭᠦᠷᠢ ᠴᠦ ᠳᠠᠭᠠᠯᠳᠤᠨ ᠨᠡᠮᠡᠭᠳᠡᠵᠡᠶ᠃ ᠰᠦᠨ ᠱᠤ᠋ ᠲᠤᠤ ᠴᠠᠭᠠᠨ ᠰᠠᠷ᠎ᠠ ᠶᠢᠨ ᠢᠷᠥᠭᠡᠯ ᠳᠡᠪᠰᠢᠭᠦᠯᠬᠦ ᠶᠢᠨ ᠵᠡᠷᠭᠡ ᠳᠤ᠂ ᠡᠮᠴᠢ ᠰᠤᠪᠢᠯᠠᠭᠴᠢᠳ ᠢ ᠡᠪᠡᠳᠴᠢᠲᠡᠨ ᠳᠤ ᠴᠢᠨᠠᠷ ᠰᠠᠶᠢᠲᠠᠶ ᠦᠢᠯᠡᠴᠢᠯᠡᠭᠡ ᠬᠠᠩᠭᠠᠭᠰᠠᠨ ᠰᠠᠭᠤᠷᠢᠨ ᠳᠡᠭᠡᠷ᠎ᠡ᠂ ᠳᠡᠭᠡᠳᠦ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠬᠤᠯᠪᠣᠭᠳᠠᠯ ᠪᠥᠬᠦᠶ ᠠᠵᠢᠯ ᠤᠨ ᠵᠢᠭᠠᠪᠤᠷᠢ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠰ ᠪᠡᠶ᠎ᠡ ᠶᠢᠨ ᠰᠡᠷᠭᠡᠶᠢᠯᠡᠯᠲᠡ ᠪᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠨ ᠰᠤᠯᠠᠷᠠᠭᠤᠯᠬᠤ ᠥᠬᠡᠶ ᠪᠠᠶᠢᠬᠤ ᠶᠢ ᠪᠠᠷᠢᠮᠲᠠᠯᠠᠨ᠂ ᠨᠠᠷᠢᠯᠢᠭ ᠪᠥᠭᠡᠳ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠠᠶᠠᠷ ᠬᠥᠷ ᠲᠠᠢ ᠥᠯᠵᠡᠶ ᠪᠡᠯᠭᠡ ᠲᠠᠢ᠂ ᠠᠮᠤᠷ ᠲᠦᠪᠰᠢᠨ ᠲᠣᠭᠲᠠᠭᠤᠨ ᠪᠠᠶᠠᠷ ᠤᠨ ᠡᠳᠦᠷ ᠤᠨ ᠣᠷᠴᠢᠨ ᠨᠥᠬᠦᠴᠡᠯ ᠢ ᠢᠳᠡᠪᠬᠢᠲᠡᠶ ᠪᠠᠷ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃   ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠰᠦᠨ ᠱᠤ᠋ ᠲᠤᠤ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠲᠠᠳ ᠢ ᠳᠣᠲᠣᠨᠣ ᠪᠠᠷ ᠪᠣᠯᠭᠤᠭᠠᠨ ᠲᠣᠬᠤᠨᠢᠭᠤᠯᠵᠤ᠂ ᠲᠡᠳᠡᠨ ᠤ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠳᠡᠨ ᠤ ᠦᠭᠡ ᠲᠠᠭᠤᠨ ᠥᠬᠡᠶ᠂ ᠭᠤᠶᠠᠴᠢ ᠥᠬᠡᠶ ᠵᠢᠳᠬᠦᠵᠦ᠂ ᠦᠵᠡᠰᠬᠦᠯᠡᠩᠲᠦ ᠰᠠᠶᠢᠬᠠᠨ ᠡᠮᠦᠨᠡᠲᠦ ᠬᠤᠰᠢᠭᠤᠨ ᠤ ᠪᠥᠲᠥᠭᠡᠨ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠡᠭᠦᠨ ᠤ ᠬᠠᠮᠲᠤ ᠲᠡᠳᠡᠨ ᠳᠤ ᠪᠡᠶ᠎ᠡ ᠮᠠᠬᠠᠪᠣᠳ ᠢᠶᠠᠨ ᠠᠩᠬᠠᠷᠴᠤ᠂ ᠠᠵᠢᠯ ᠢᠶᠠᠨ ᠰᠠᠶᠢᠨ ᠬᠢᠬᠦ ᠶᠢᠨ ᠬᠠᠮᠲᠤ ᠵᠣᠬᠢᠰᠲᠠᠶ ᠠᠮᠠᠷᠠᠨ᠂ ᠬᠦᠢᠲᠡᠨ ᠠᠴᠠ ᠰᠡᠷᠭᠡᠶᠢᠯᠡᠵᠦ ᠳᠤᠯᠠᠭᠠᠯᠠᠬᠤ ᠶᠢ ᠠᠩᠬᠠᠷᠴᠤ᠂ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠶ ᠭᠡᠵᠦ ᠵᠠᠬᠢᠭᠰᠠᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号