ᠤᠯᠠᠭᠠᠨᠮᠦᠴᠢᠷ ᠤᠨ ︽ᠵᠠᠭᠤᠨ ᠪᠦᠯᠬᠦᠮ ᠮᠢᠩᠭᠠᠨ ᠲᠠᠯᠠᠪᠤᠷ︾ ᠢᠶᠠᠷ ᠦᠨᠳᠦᠰᠦᠨ ᠱᠠᠲᠤᠨ ᠳᠤ ᠪᠠᠭᠤᠵᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠨ‌‍ᠰᠤᠪᠢᠯᠠᠯᠲᠠ ᠶᠢᠨ ᠬᠦᠷᠢᠶᠡᠯᠡᠩ ᠤᠨ ᠨᠠᠰᠤᠲᠠᠶᠢᠴᠤᠳ ᠲᠤ ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠪᠡ
ᠨᠡᠶᠢᠲᠡᠯᠡᠭᠰᠡᠨ ᠴᠠᠭ᠄
2022/2/14
     2 ᠰᠠᠷ᠎ᠠ ᠶᠢᠨ 9 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠥ᠋ᠴᠢᠷ ᠤᠨ ︽ᠵᠠᠭᠤᠨ ᠪᠦᠯᠬᠦᠮ ᠮᠢᠩᠭᠠᠨ ᠲᠠᠯᠠᠪᠤᠷ︾ ᠤᠨ ᠦᠨᠳᠦᠰᠦᠨ ᠱᠠᠲᠤᠨ ᠳᠤ ᠪᠠᠭᠤᠵᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠱᠸᠤ ᠺᠠᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠮᠤᠷ ᠢ ᠬᠠᠮᠠᠭᠠᠯᠠᠬᠤ ᠬᠦᠷᠢᠶᠡᠯᠡᠩ ᠳᠤ ᠬᠦᠷᠴᠦ᠂ ᠳᠠᠭᠤᠤ ᠪᠥᠵᠢᠭ ᠤᠨ ᠲᠣᠭᠯᠠᠯᠲᠠ ᠪᠠ ᠬᠥᠭᠵᠢᠮ ᠬᠥᠭᠵᠢᠮᠳᠡᠵᠦ᠂ ᠰᠤᠪᠢᠯᠠᠯᠲᠠ ᠶᠢᠨ ᠬᠦᠷᠢᠶᠡᠯᠡᠩ ᠤᠨ ᠨᠠᠰᠤᠲᠠᠶᠢᠴᠤᠳ ᠲᠤ ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠪᠡ᠃    ᠰᠤᠪᠢᠯᠠᠯᠲᠠ ᠶᠢᠨ ᠬᠦᠷᠢᠶᠡᠯᠡᠩ ᠤᠨ ᠨᠠᠰᠤᠲᠠᠳ ᠠᠯᠢ ᠡᠷᠲᠡ ᠬᠥᠳᠡᠯᠭᠡᠭᠡᠨ ᠤ ᠥᠷᠥᠭᠡᠨ ᠳᠤ ᠢᠷᠡᠵᠦ᠂ ᠲᠣᠭᠯᠠᠯᠲᠠ ᠡᠬᠢᠯᠡᠬᠦ ᠶᠢ ᠬᠦᠯᠢᠶᠡᠵᠦ ᠪᠠᠶᠢᠯ᠎ᠠ᠃ ᠲᠣᠭᠯᠠᠯᠲᠠ ᠶᠢᠨ ᠡᠬᠢᠯᠡᠯᠲᠡ ᠳᠤ ᠠᠶᠠᠭᠠᠨ ᠤ ᠪᠥᠵᠢᠭ ᠨᠢ ᠠᠭᠱᠠᠨ ᠵᠠᠭᠤᠷ᠎ᠠ ᠨᠠᠰᠤᠲᠠᠶᠢᠴᠤᠳ ᠤᠨ ᠤᠷᠮ᠎ᠠ ᠰᠡᠳᠬᠢᠯᠭᠡ ᠶᠢ ᠬᠥᠭᠵᠢᠭᠡᠵᠦ᠂ ᠲᠣᠭᠯᠠᠯᠲᠠ ᠶᠢᠨ ᠶᠠᠪᠤᠭᠳᠠᠬᠤ ᠶᠢ ᠳᠠᠭᠠᠯᠳᠤᠨ ᠠᠬᠤᠶ ᠲᠠᠯᠠᠪᠠᠢ ᠶᠢᠨ ᠠᠭᠤᠷ ᠠᠮᠢᠰᠬᠤᠯ ᠴᠤ ᠤᠯᠠᠮ ᠠᠴᠠ ᠤᠯᠠᠮ ᠬᠥᠭᠵᠢᠶᠡᠨ ᠲᠠᠢ ᠪᠣᠯᠪᠠ᠃ ᠲᠣᠭᠯᠠᠯᠲᠠ ᠳᠤ᠂ ᠤᠯᠠᠭᠠᠨᠮᠥ᠋ᠴᠢᠷ ᠤᠨ ᠲᠣᠭᠯᠠᠭᠴᠢᠳ ᠨᠠᠰᠤᠲᠠᠶᠢᠴᠤᠳ ᠲᠠᠢ ᠬᠠᠯᠠᠭᠤᠮᠰᠤᠭ ᠨᠥᠬᠦᠷᠰᠡᠭ ᠢᠶᠠᠷ ᠬᠠᠷᠢᠯᠴᠠᠵᠤ᠂ ᠲᠣᠭᠯᠠᠭᠴᠢᠳ ᠤᠨ ᠠᠪᠴᠢᠷᠠᠭᠰᠠᠨ ᠲᠣᠭᠯᠠᠯᠲᠠ ᠨᠢ ᠴᠦ ᠨᠠᠰᠤᠲᠠᠶᠢᠴᠤᠳ ᠤᠨ ᠬᠠᠯᠠᠭᠤᠨ ᠠᠯᠠᠭ᠎ᠠ ᠲᠠᠰᠢᠯᠳᠠ ᠶᠢᠨ ᠲᠠᠭᠤᠨ ᠪᠣᠯᠤᠨ ᠲᠠᠯᠠᠪᠠᠢ ᠳᠦᠭᠦᠷᠡᠩ ᠢᠨᠢᠶᠡᠯᠴᠡᠯ ᠢ ᠤᠯᠪᠠ᠃ ᠡᠨᠡ ᠤᠳᠠᠭᠠᠨ ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠨᠢ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠤ ᠲᠣᠭᠯᠠᠯᠲᠠ ᠶᠢ ᠬᠦᠷᠭᠡᠭᠰᠡᠨ ᠢᠶᠠᠷ ᠪᠠᠷᠠᠬᠤ ᠦᠭᠡᠢ᠂ ᠨᠡᠩ ᠴᠤ ᠨᠠᠰᠤᠲᠠᠶᠢᠴᠤᠳ ᠲᠤ ᠬᠠᠶᠢᠷ᠎ᠠ ᠬᠠᠯᠠᠮᠵᠢ ᠪᠠ ᠬᠠᠨᠢ ᠪᠣᠯᠤᠭᠰᠠᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号