︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠡᠷᠡᠭᠵᠢᠭᠦᠯᠵᠦ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ
ᠨᠡᠶᠢᠲᠡᠯᠡᠭᠰᠡᠨ ᠴᠠᠭ᠄
2022/2/16
   ᠣᠶᠢᠷ᠎ᠠ ᠶᠢᠨ ᠵᠢᠯ ᠳᠤ᠂ ᠮᠠᠨ ᠤ ᠬᠤᠰᠢᠭᠤ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠯᠭᠡᠨ ᠤ ᠴᠢᠳᠠᠮᠵᠢ ᠶᠢ ᠦᠷᠭᠦᠯᠵᠢᠯᠡᠨ ᠪᠠᠳᠠᠷᠠᠭᠤᠯᠵᠤ᠂ ︽ᠨᠢᠭᠡ ᠴᠤᠭᠴᠠᠵᠢᠭᠤᠯᠬᠤ︾ ᠲᠠᠪᠴᠠᠩ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ︽ᠪᠥᠬᠦ ᠶᠠᠪᠤᠴᠠ︾ ᠶᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠠᠬᠢᠭᠤᠯᠵᠤ᠂ ᠡᠯ᠎ᠡ ᠵᠦᠢᠯ ᠤᠨ ᠠᠵᠤ ᠠᠬᠤᠶᠢᠯᠠᠯ ᠳᠤ ᠬᠤᠯᠪᠣᠭᠳᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠲᠥᠷᠥ ᠶᠢᠨ ᠪᠣᠳᠣᠯᠭ᠎ᠠ ᠪᠠᠷ ᠬᠠᠮᠤᠭ ᠤᠨ ᠰᠢᠯᠢᠳᠡᠭ᠂ ᠥᠪᠡᠷ ᠤᠨ ᠥᠷᠲᠡᠭ ᠢᠶᠠᠷ ᠬᠠᠮᠤᠭ ᠤᠨ ᠳᠣᠤᠷ᠎ᠠ᠂ ᠦᠢᠯᠡᠴᠢᠯᠡᠭᠡ ᠪᠠᠷ ᠬᠠᠮᠤᠭ ᠤᠨ ᠰᠠᠶᠢᠨ᠂ ᠠᠵᠢᠯ ᠶᠠᠪᠤᠳᠠᠯ ᠭᠦᠢᠴᠡᠳᠭᠡᠬᠦ ᠪᠠᠷ ᠬᠠᠮᠤᠭ ᠤᠨ ᠲᠦᠷᠭᠡᠨ ︽ᠳᠥᠷᠪᠡᠨ ᠬᠠᠮᠤᠭ ᠤᠨ︾ ᠡᠵᠡᠩᠨᠡᠯᠲᠡ ᠶᠢᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ᠂ ︽ᠡᠮᠦᠨᠡᠲᠦ ᠬᠤᠰᠢᠭᠤᠨ ᠤ ᠬᠤᠷᠳᠤᠴᠠ︾ ᠪᠠᠷ ︽ᠡᠮᠦᠨᠡᠲᠦ ᠬᠤᠰᠢᠭᠤᠨ ᠤ ᠦᠷᠨᠢᠭᠦᠨ ᠠᠭᠤᠷ ᠠᠮᠢᠰᠬᠤᠯ︾ ᠢ ᠬᠥᠭᠵᠢᠭᠡᠪᠡ᠃   ᠴᠠᠭᠠᠨ ᠰᠠᠷ᠎ᠠ ᠶᠢᠨ ᠠᠮᠠᠷᠠᠯᠲᠠ ᠥᠩᠭᠡᠷᠡᠭᠰᠡᠨ ᠤ ᠳᠠᠷᠠᠭ᠎ᠠ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠲᠤᠪᠴᠢᠶ᠎ᠠ ᠶᠢᠨ ᠬᠢᠨᠠᠨ ᠵᠦᠪᠰᠢᠶᠡᠷᠡᠬᠦ ᠭᠠᠵᠠᠷ ᠤᠨ ᠬᠢᠨ ᠬᠠᠮᠤᠭ ᠤᠨ ᠲᠦᠷᠦᠭᠦᠨ ᠳᠤ ᠶᠠᠭᠠᠷᠠᠯᠲᠠᠶ ᠠᠵᠢᠯ ᠤᠨ ᠪᠠᠶᠢᠳᠠᠯ ᠳᠤ ᠣᠷᠣᠵᠤ᠂ ᠤᠰᠤ᠂ ᠴᠠᠬᠢᠯᠭᠠᠨ᠂ ᠬᠡᠶ᠂ ᠳᠤᠯᠠᠭᠠᠯᠠᠭ᠎ᠠ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠵᠡᠷᠭᠡ ᠠᠵᠢᠯ ᠨᠢᠭᠡᠨᠲᠡ ᠵᠥᠪ ᠵᠠᠮ ᠳᠠᠭᠠᠨ ᠣᠷᠣᠵᠤ᠂ ︽ᠨᠢᠭᠡ ᠥᠷᠲᠡᠭᠡ ᠮᠠᠶ᠋ᠢᠭ︾ ︽ᠨᠢᠭᠡ ᠴᠤᠭᠴᠠᠵᠢᠭᠤᠯᠬᠤ︾ ︽ᠪᠥᠬᠦ ᠴᠤᠪᠤᠷᠠᠯ︾ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ᠂ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠴᠠᠭ ᠤᠨ ᠬᠢᠵᠠᠭᠠᠷ ᠤᠨ ᠮᠠᠲ᠋ᠧᠷᠢᠶᠠᠯ ᠢ ᠴᠣᠮᠬᠠᠳᠬᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠪᠠᠷ ᠢᠷᠡᠭᠰᠡᠨ ᠰᠠᠭᠤᠭᠠᠯᠢ ᠠᠷᠠᠳ ᠪᠠ ᠠᠵᠤ ᠠᠬᠤᠶᠢᠯᠠᠯ ᠳᠤ ᠨᠠᠩ ᠲᠥᠬᠦᠮ ᠦᠢᠯᠡᠴᠢᠯᠡᠭᠡ ᠬᠠᠩᠭᠠᠭᠰᠠᠨ ᠪᠠᠶᠢᠨ᠎ᠠ᠃    ᠴᠠᠭᠠᠨ ᠰᠠᠷ᠎ᠠ ᠠᠴᠠ ᠡᠮᠦᠨ᠎ᠡ᠂ ᠥᠪᠥᠷ ᠮᠣᠩᠭᠤᠯ ᠤᠨ ᠶᠢᠨ ᠪᠢᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠢᠵᠠᠭᠠᠷᠲᠤ ᠺᠣᠮᠫᠠᠨᠢ ᠲᠣᠰ ᠴᠣᠩᠬᠤᠨ ᠳᠤ ᠲᠦᠭᠡᠭᠡᠯ ᠤᠰᠤ ᠶᠢ ᠮᠡᠳᠡᠭᠦᠯᠦᠨ ᠤᠭᠰᠠᠷᠠᠬᠤ ᠲᠤᠬᠠᠶᠢᠯᠠᠭᠰᠠᠨ ᠠᠵᠢᠯ ᠢ ᠡᠷᠭᠢᠯᠡᠵᠦ᠂ ᠲᠤᠬᠠᠶᠢᠯᠠᠭᠰᠠᠨ ᠠᠵᠢᠯ ᠢ ᠨᠢ ︽ᠨᠢᠭᠡ ᠴᠤᠭᠴᠠᠵᠢᠭᠤᠯᠬᠤ︾ ᠲᠠᠪᠴᠠᠩ ᠢᠶᠠᠷ ᠳᠠᠮᠵᠢᠭᠤᠯᠤᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠦᠭᠡᠭᠡᠯ ᠤᠰᠤᠨ ᠤ ᠺᠣᠮᠫᠠᠨᠢ ᠳᠤ ᠬᠦᠷᠭᠡᠭᠰᠡᠨ ᠪᠠᠶᠢᠨ᠎ᠠ᠃ ᠲᠦᠭᠡᠭᠡᠯ ᠤᠰᠤᠨ ᠤ ᠺᠣᠮᠫᠠᠨᠢ ᠶᠢᠨ ᠠᠵᠢᠯᠲᠠᠳ ᠤᠲᠠᠰᠤ ᠪᠠᠷ ᠮᠡᠳᠡᠭᠳᠡᠬᠦ᠂ ᠲᠤᠬᠠᠶ ᠶᠢᠨ ᠲᠠᠯᠠᠪᠤᠷ ᠲᠤ ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠢ ᠦᠳᠲᠡᠷ ᠲᠦᠷᠭᠡᠨ ᠬᠠᠪᠰᠤᠷᠤᠨ ᠭᠠᠷ ᠭᠦᠢᠴᠡᠳᠭᠡᠯ ᠢ ᠨᠢ ᠰᠠᠶᠢᠲᠤᠷ ᠬᠢᠵᠦ᠂ ᠠᠵᠤ ᠠᠬᠤᠶᠢᠯᠠᠯ ᠤᠨ ᠠᠵᠢᠯ ᠢ ᠡᠷᠲᠡᠬᠡᠨ ᠡᠬᠢᠯᠡᠭᠦᠯᠬᠦ ᠶᠢ ᠪᠠᠲᠤᠯᠠᠬᠤ ᠬᠡᠷᠡᠭᠲᠡᠶ ᠭᠡᠵᠡᠢ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ︽ᠠᠰᠠᠷᠠᠭᠴᠢ ᠮᠠᠶ᠋ᠢᠭ︾ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠵᠠᠭᠪᠤᠷ ᠢ ᠪᠣᠶ ᠪᠣᠯᠭᠠᠵᠤ᠂ ᠬᠢᠨᠠᠨ ᠵᠥᠪᠰᠢᠶᠡᠷᠡᠬᠦ ᠠᠯᠬᠤᠮ ᠳᠠᠷᠠᠭ᠎ᠠ ᠶᠢ ᠴᠣᠮᠬᠠᠳᠬᠠᠨ᠂ ᠢᠳᠡᠪᠬᠢᠲᠡᠶ ᠪᠠᠷ ᠠᠵᠢᠯ ᠬᠢᠵᠦ᠂ ᠤᠷᠢᠳᠠᠪᠠᠷ ᠦᠢᠯᠡᠴᠢᠯᠡᠨ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 70% ᠪᠠᠷ ᠪᠠᠭᠠᠰᠬᠠᠵᠤ᠂ ᠰᠦᠯᠵᠢᠶᠡᠨ ᠳᠡᠭᠡᠷ᠎ᠡ ᠭᠦᠢᠴᠡᠳᠭᠡᠬᠦ ᠨᠣᠷᠮ᠎ᠠ ᠶᠢ 90% ᠠᠴᠠ ᠳᠡᠭᠡᠭᠰᠢ ᠳᠤ ᠬᠦᠷᠭᠡᠵᠦ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ︽ᠬᠠᠮ ᠠᠷᠭ᠎ᠠ︾ ᠶᠢ ᠰᠠᠶᠢᠲᠤᠷ ᠬᠡᠷᠡᠭᠵᠢᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号