ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠤ ᠪᠢᠴᠢᠭ | ᠮᠠᠲ᠋ᠧᠷᠢᠶᠠᠯ ︵ ᠨᠢᠭᠡ ︶ | | ᠵᠠᠰᠠᠭ ᠤᠨ ᠣᠷᠳᠣᠨ ᠤ ᠠᠵᠢᠯ ᠤᠨ ᠢᠯᠡᠳᠬᠡᠯ | — 2022 ᠣᠨ ᠤ1 ᠰᠠᠷ᠎ᠠ ᠶᠢᠨ 7 ᠤ ᠡᠳᠦᠷ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | | | | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ | ᠣᠷᠳᠤᠨ ᠤ ᠣᠷᠤᠯᠠᠭᠴᠢ ᠬᠤᠰᠢᠭᠤᠨ ᠳᠠᠷᠤᠭ᠎ᠠ ᠸᠠᠩ ᠯᠢ ᠳ᠋ᠦᠩ | | ᠲᠥᠯᠥᠭᠡᠯᠡᠭᠴᠢᠳ ᠡ᠄ | ᠣᠲᠣ ᠪᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ ᠃ | ᠨᠢᠭᠡ᠂ ᠥᠩᠭᠡᠷᠡᠭᠰᠡᠨ ᠲᠦᠷᠪᠡᠨ ᠵᠢᠯ ᠤᠨ ᠠᠵᠢᠯ ᠤᠨ ᠡᠷᠭᠢᠴᠡᠭᠦᠯᠦᠯ | ᠥᠩᠭᠡᠷᠡᠭᠰᠡᠨ ᠳᠦᠷᠪᠡᠨ ᠵᠢᠯ ᠪᠣᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠭᠵᠢᠯᠲᠡ ᠶᠢᠨ | ᠲᠡᠦᠬᠡᠨ ᠳᠡᠭᠡᠷᠡᠬᠢ ᠲᠤᠶᠢᠯ ᠤᠨ ᠣᠨᠴᠠᠭᠠᠢ᠂ ᠲᠤᠶᠢᠯ ᠤᠨ ᠬᠢᠯᠪᠠᠷ ᠪᠤᠰᠤ᠂ ᠲᠤᠶᠢᠯ ᠤᠨ ᠶᠡᠷᠦ ᠪᠤᠰᠤ ᠶᠢᠨ ᠳᠦᠷᠪᠡᠨ | ᠵᠢᠯ ᠪᠣᠯᠤᠨ᠎ᠠ᠃ ᠳᠥᠷᠪᠡᠨ ᠵᠢᠯ ᠤᠨ ᠲᠤᠷᠰᠢ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠶᠣᠰᠣᠭᠠᠷ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠠ ᠬᠤᠰᠢᠭᠤᠨ ᠤ ᠨᠠᠮ ᠤᠨ | ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠦᠬᠦ | ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠪᠠ᠃ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ | ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ᠃ 《 | ᠲᠠᠪᠤ ᠶᠢ ᠨᠢᠭᠡ ᠴᠤᠭᠴᠠᠵᠢᠭᠤᠯᠬᠤ 》ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂《 | ᠳᠥᠷᠪᠡᠨ ᠪᠦᠬᠦ ᠲᠠᠯ᠎ᠠ 》 ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠪᠠ᠃ | ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠪᠣᠬᠢᠷᠲᠤᠯ ᠦᠭᠡᠢ ᠬᠥᠭᠵᠢᠯᠲᠡ | ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ᠂ ᠤᠭ ᠰᠠᠨᠠᠭ᠎ᠠ ᠪᠠᠨ ᠦᠯᠦ | ᠮᠠᠷᠲᠠᠬᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠠᠷᠪᠠᠨ ᠭᠤᠷᠪᠠᠳᠤᠭᠠᠷ ᠲᠠᠪᠤᠨ ᠵᠢᠯ ᠤᠨ | ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃《 ᠠᠷᠪᠠᠨ ᠳᠥᠷᠪᠡᠳᠦᠭᠡᠷ ᠲᠠᠪᠤᠨ ᠵᠢᠯ 》 ᠤᠨ | ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃ ᠪᠦᠬᠦ ᠤᠯᠤᠰ ᠲᠠᠢ ᠬᠠᠮᠲᠤ ᠪᠠᠷ ᠴᠢᠨᠡᠭᠡᠯᠢᠭ ᠨᠡᠶᠢᠭᠡᠮ ᠳᠤ | ᠣᠷᠣᠵᠠᠢ᠃ ᠣᠳᠣᠬᠢᠴᠢᠯᠠᠭᠰᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠪᠡ ᠃ | ( ᠨᠢᠭᠡ ) ᠪᠢᠳᠡ ᠦᠨᠡᠨ ᠢ ᠪᠠᠷᠢᠮᠲᠠᠯᠠᠵᠤ᠂ ᠰᠢᠨ᠎ᠡ ᠶᠢ ᠡᠭᠦᠳᠦᠨ ᠥᠷᠢᠰᠥᠯᠳᠦᠵᠦ᠂ ᠲᠡᠷᠢᠭᠦᠨ ᠳᠤ ᠣᠷᠣᠬᠤ | ᠪᠠᠷ ᠡᠷᠡᠯᠬᠡᠭᠯᠡᠨ ᠲᠡᠮᠡᠴᠡᠬᠦ 《 ᠠᠵᠤ ᠠᠬᠤᠶ ᠶᠢᠨ ᠬᠠᠷᠢᠭᠤᠯᠲᠠ ᠶᠢᠨ ᠬᠠᠭᠤᠳᠠᠰᠤ 》 ᠶᠢ ᠲᠤᠰᠢᠶᠠᠪᠠ | ᠬᠥᠭᠵᠢᠭᠦᠯᠬᠦ ᠪᠣᠯ ᠲᠡᠷᠢᠭᠦᠨ ᠴᠢᠬᠤᠯᠠ ᠡᠭᠦᠷᠭᠡ ᠪᠣᠯᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠭᠤᠰᠢᠯᠠᠭᠤᠯᠵᠠᠢ᠃ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠲᠠᠰᠤᠷᠠᠯᠲᠠ ᠦᠭᠡᠢ | ᠳᠡᠭᠡᠭᠰᠢᠯᠡᠵᠦ᠂ ᠠᠵᠤ ᠠᠬᠤᠢ ᠶᠢᠨ ᠬᠥᠭᠵᠢᠯᠲᠡ ᠶᠢᠨ ᠪᠦᠲᠦᠴᠡ ᠨᠠᠩ ᠰᠢᠯᠢᠳᠡᠭ᠂ ᠶᠠᠰᠤ ᠴᠢᠨᠠᠷ ᠨᠠᠩ ᠥᠨᠳᠥᠷ᠂ | ᠦᠷ᠎ᠡ ᠠᠰᠢᠭ ᠨᠠᠩ ᠰᠠᠶᠢᠨ᠂ ᠶᠡᠷᠦᠩᠬᠡᠶᠢᠯᠡᠭᠰᠡᠨ ᠪᠣᠳᠠᠲᠤ ᠬᠦᠴᠦᠨ ᠰᠢᠨ᠎ᠡ ᠳᠡᠭᠲᠡᠷ ᠲᠤ ᠭᠠᠷᠪᠠ᠃ ᠵᠢᠱᠢᠯᠲᠡ ᠪᠠᠷ᠂ | ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ 107 ᠳ᠋ᠦᠩᠰᠢᠭᠤᠷ | ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 5 . 4 % ᠪᠠᠷ ᠨᠡᠮᠡᠭᠳᠡᠪᠡ᠃ ᠡᠩ ᠤᠨ ᠣᠯᠠᠨ ᠨᠡᠶᠢᠲᠡ | ᠶᠢᠨ ᠲᠥᠰᠦᠪ ᠤᠨ ᠣᠷᠣᠯᠭ᠎ᠠ 5 . 35 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤᠮᠳᠠᠴᠢ ᠪᠠᠷ 19 . 5 | % ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 19 . | 5 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 4 . 3 % ᠨᠡᠮᠡᠭᠳᠡᠪᠡ᠃ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠲᠤᠰ ᠲᠤᠰ | 32092 ᠲᠥᠭᠦᠷᠢᠭ ᠪᠠ 14315 ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ ᠲᠤᠰ ᠲᠤᠰ 6.6 | % ᠪᠠ 11 . 1 % ᠨᠡᠮᠡᠭᠳᠡᠵᠦ᠂ ᠭᠤᠣᠯ ᠪᠣᠯᠬᠤ ᠠᠵᠤ ᠠᠬᠤᠶ ᠶᠢᠨ ᠭᠦᠢᠴᠡᠳᠬᠡᠬᠦ ᠲᠤᠭ᠎ᠠ ᠶᠢ ᠢᠮᠠᠭᠲᠠ ᠵᠦᠢ | ᠵᠣᠬᠢᠰᠲᠠᠶ ᠣᠷᠣᠨ ᠪᠠᠶᠢᠷᠢ ᠳᠤ ᠪᠠᠶᠢᠯᠭᠠᠪᠠ ᠃ | ( ᠬᠤᠶᠠᠷ ) ᠪᠢᠳᠡ ᠨᠢᠭᠡ ᠯᠡ ᠠᠮᠢᠰᠬᠤᠭ᠎ᠠ ᠪᠠᠷ ᠭᠠᠪᠰᠢᠭᠠᠶᠢᠯᠠᠨ ᠪᠠᠶᠢᠯᠳᠤᠵᠤ᠂ ᠴᠢᠨᠠᠷ ᠰᠠᠶᠢᠲᠠᠢ 《 ᠲᠡᠦᠬᠡ | ᠶᠢᠨ ᠬᠠᠷᠢᠭᠤᠯᠲᠠ ᠶᠢᠨ ᠬᠠᠭᠤᠳᠠᠰᠤ 》 ᠶᠢ ᠲᠤᠰᠢᠶᠠᠪᠠ | ᠭᠤᠣᠯᠳᠠᠯᠭ᠎ᠠ ᠶᠢ ᠠᠳᠬᠤᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ | ᠬᠦᠴᠦᠷᠬᠡᠭᠵᠢᠭᠦᠯᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ᠂ ᠶᠠᠳᠠᠭᠤ | ᠠᠴᠠ ᠠᠩᠭᠢᠵᠢᠷᠠᠭᠤᠯᠬᠤ᠂ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ | ᠶᠢ ᠤᠯᠬᠤ᠂ ᠠᠮᠢ ᠠᠬᠤᠢ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠬᠤ᠂ ᠭᠤᠣᠯᠳᠠᠯᠭ᠎ᠠ ᠲᠠᠢ ᠬᠦᠷᠢᠶᠡᠨ ᠤ | ᠠᠶᠤᠯ ᠲᠦᠭᠰᠢᠭᠦᠷᠢ ᠶᠢ ᠡᠵᠡᠮᠳᠡᠵᠦ ᠪᠣᠯᠬᠤ ᠠᠵᠢᠯ ᠢ ᠡᠷᠡᠰ ᠰᠠᠶᠢᠲᠤᠷ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ | ᠪᠠᠷ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ ᠃ | ᠨᠢᠭᠡ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ | ᠢᠯᠠᠯᠲᠠ ᠶᠢ ᠣᠯᠵᠠᠢ᠃ ᠢᠮᠠᠭᠲᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠷ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠬᠤ ᠶᠢ ᠪᠠᠷᠢᠮᠲᠠᠯᠠᠵᠤ᠂ 《 ᠲᠠᠪᠤᠨ | ᠨᠢᠭᠡ ᠪᠦᠯᠦᠭ᠂ ᠵᠢᠷᠭᠤᠭᠠᠨ ᠨᠠᠷᠢᠯᠢᠭ ᠣᠨᠣᠪᠴᠢᠲᠠᠢ 》 ᠶᠢᠨ ᠱᠠᠭᠠᠷᠳᠠᠯᠭ᠎ᠠ ᠶᠣᠰᠣᠭᠠᠷ᠂ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠤᠯᠪᠠ᠃ ᠨᠡᠶᠢᠲᠡ 28 . 5 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ ᠶᠠᠳᠠᠭᠤ ᠶᠢ ᠲᠡᠳᠬᠦᠬᠦ ᠦᠢᠯᠡᠰ ᠲᠤ ᠣᠨᠣᠪᠴᠢᠲᠠᠢ ᠬᠡᠷᠡᠭᠯᠡᠪᠡ ᠃ 8 . 9 | ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠠᠯᠠᠰᠢᠨ ᠦᠬᠡᠷ᠂ ᠬᠢᠲᠠᠳ ᠡᠪᠡᠰᠦᠨ ᠡᠮ | ᠂ ᠭᠡᠷᠡᠯ ᠴᠡᠨᠡᠭ ᠵᠡᠷᠭᠡ ᠣᠨᠴᠠᠯᠢᠭᠲᠤ ᠠᠵᠤ ᠦᠢᠯᠡᠰ ᠤᠨ 130 ᠲᠥᠷᠥᠯ ᠵᠦᠢᠯ ᠢ ᠬᠡᠷᠡᠭᠵᠢᠭᠦᠯᠵᠦ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠢᠯᠡᠳᠲᠡ ᠰᠠᠶᠢᠵᠢᠷᠠᠪᠠ ᠃ 1 . 13 ᠳ᠋ᠦᠩᠰᠢᠭᠤᠷ ᠲᠥᠭᠦᠷᠢᠭ ᠤᠨ ᠪᠡᠯᠡ ᠮᠥᠩᠭᠦ | ᠣᠷᠣᠭᠤᠯᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠥᠳᠡᠭᠡ | ᠲᠣᠰᠬᠤᠨ ᠤ ᠳᠦᠷᠢ ᠲᠥᠷᠬᠦ ᠳᠤ ᠲᠡᠦᠬᠡᠲᠦ ᠴᠢᠨᠠᠷᠲᠠᠢ ᠬᠤᠪᠢᠷᠠᠯᠲᠠ ᠭᠠᠷᠪᠠ᠃ ᠪᠡᠭᠡᠵᠢᠩ ᠥᠪᠥᠷ ᠮᠣᠩᠭᠤᠯ ᠤᠨ | ᠬᠠᠮᠵᠢᠯᠴᠠᠬᠤ ᠪᠡᠯᠡ ᠮᠥᠩᠭᠦ ᠶᠢ 2 . 6 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠡᠷᠦᠬᠡ ᠪᠦᠷᠢ ᠶᠢᠨ | ᠳᠤᠮᠳᠠᠴᠢ ᠣᠷᠣᠯᠭ᠎ᠠ ᠶᠢ 2000 ᠲᠥᠭᠦᠷᠢᠭ ᠠᠴᠠ ᠳᠡᠭᠡᠭᠰᠢ ᠨᠡᠮᠡᠭᠳᠡᠭᠦᠯᠦᠨ᠎ᠡ᠃ ᠠᠵᠤ ᠦᠶᠯᠡᠰ᠂ ᠠᠵᠢᠯ | ᠣᠯᠭᠤᠯᠲᠠ ᠬᠤᠶᠠᠷ ᠵᠦᠶᠯ ᠤᠨ ᠭᠤᠤᠯᠳᠠᠯᠭ᠎ᠠ ᠲᠠᠢ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠶ ᠵᠣᠯᠭᠠᠭᠤᠯᠬᠤ ᠶᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠢᠵᠡᠢ᠃ ᠲᠥᠪ ᠤᠨ ᠨᠢᠭᠡᠴᠡ ᠠᠴᠠ ᠴᠢᠭ | ᠲᠣᠭᠲᠠᠭᠠᠨ ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ᠂ | ᠲᠢᠩᠬᠢᠮ ᠲᠣᠪᠴᠢᠶ᠎ᠠ ᠶᠢᠨ ᠬᠠᠪᠰᠤᠷᠤᠨ ᠲᠡᠳᠬᠦᠬᠦ᠂ ᠥᠪᠡᠷᠲᠡᠭᠡᠨ ᠵᠠᠰᠠᠬᠤ ᠣᠷᠣᠨ ᠤ ᠲᠣᠮᠢᠯᠠᠨ ᠰᠠᠭᠤᠯᠭᠠᠵᠤ | ᠱᠠᠯᠠᠪᠳᠠᠭᠤᠯᠤᠨ ᠵᠢᠯᠣᠭᠤᠳᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠪᠦᠬᠦ ᠬᠤᠰᠢᠭᠤᠨ ᠤ 135 | ᠭᠠᠴᠠᠭ᠎ᠠ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 24772 ᠶᠠᠳᠠᠭᠤ ᠬᠦᠴᠢᠷᠳᠡᠯᠲᠡᠢ ᠬᠥᠮᠦᠨ | ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠪᠦᠬᠦᠯᠢ ᠴᠣᠭᠴᠠ ᠪᠠᠷ ᠶᠠᠳᠠᠭᠤ ᠠᠴᠠ ᠠᠩᠭᠢᠵᠢᠷᠠᠭᠤᠯᠬᠤ | ᠶᠢ ᠪᠡᠶᠡᠯᠡᠭᠦᠯᠪᠡ᠃ | ᠬᠤᠶᠠᠷ ᠲᠤ᠂ ᠠᠮᠢ ᠠᠬᠤᠢ ᠶᠢᠨ ᠣᠷᠴᠢᠨ ᠨᠥᠬᠦᠴᠡᠯ ᠢᠯᠡᠳᠲᠡ ᠰᠠᠶᠢᠵᠢᠷᠠᠪᠠ ᠃ ᠬᠦᠬᠡ ᠣᠭᠲᠠᠷᠭᠤᠢ᠂ | ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠠᠬᠢᠭᠤᠯᠵᠤ᠂《ᠠᠮᠢ ᠠᠬᠤᠢ | ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠦᠭᠵᠢᠯᠲᠡ 》 ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢ ᠪᠠᠲᠤᠲᠠᠢ ᠠᠯᠬᠤᠪᠠ᠃ ᠡᠨᠧᠷᠭᠢ ᠶᠢᠨ ᠬᠤᠷᠣᠭᠳᠠᠯ ᠤᠨ《 ᠬᠤᠣᠰ ᠡᠵᠡᠮᠳᠡᠯ 》 ᠢ | ᠴᠢᠩᠭ᠎ᠠ ᠨᠠᠢᠳᠠᠪᠤᠷᠢᠵᠢᠭᠤᠯᠵᠤ᠂ 38 ᠠᠵᠤ ᠠᠬᠤᠢᠯᠠᠯ ᠤᠨ ᠨᠡᠭᠦᠷᠡᠰᠦ ᠰᠢᠲᠠᠭᠠᠬᠤ ᠭᠦᠸᠧᠯᠦ ᠶᠢ ᠬᠦᠴᠦᠨ ᠦᠭᠡᠢ | ᠪᠣᠯᠭᠠᠨ ᠥᠭᠡᠷᠡᠴᠢᠯᠡᠵᠦ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠣᠭᠠᠨ ᠤ ᠬᠠᠷᠢᠴᠠᠯ ᠢ 97 | % ᠳᠤ ᠬᠦᠷᠭᠡᠪᠡ᠃ ᠭᠤᠣᠯ ( ᠨᠠᠭᠤᠷ ) ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠰᠣᠯᠣᠨ᠂ ᠡᠷᠬᠢᠲᠦ ᠵᠡᠷᠭᠡ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠲᠣᠬᠢᠷᠠᠭᠤᠯᠤᠯᠲᠠ ᠶᠢ ᠪᠡᠶᠡᠯᠡᠭᠦᠯᠪᠡ᠃ | 60 ᠭᠠᠵᠠᠷ ᠳᠣᠣᠷᠠᠬᠢ ᠲᠣᠰᠣᠨ ᠰᠠᠪᠠ ᠨᠡᠪᠴᠢᠬᠦ ᠶᠢ ᠰᠡᠷᠭᠡᠶᠢᠯᠡᠬᠦ ᠥᠭᠡᠷᠡᠴᠢᠯᠡᠯᠲᠡ ᠶᠢ ᠪᠡᠶᠡᠯᠡᠭᠦᠯᠵᠦ᠂ 46 ᠮᠠᠯ | ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠠᠰᠢᠭᠯᠠᠯᠲᠠ ᠳᠤ ᠣᠷᠣᠪᠠ᠃ | ᠣᠷᠴᠢᠨ ᠲᠣᠭᠤᠷᠢᠨ ᠤ ᠭᠤᠶᠤ ᠰᠠᠶᠢᠬᠠᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠢᠯᠴᠢ ᠬᠠᠩᠭᠠᠬᠤ ᠬᠤᠭ | ᠲᠣᠭᠤᠰᠣ ᠶᠢ ᠶᠡᠷᠦᠩᠬᠡᠶᠢᠯᠡᠨ ᠵᠠᠰᠠᠬᠤ ᠵᠡᠷᠭᠡ ᠪᠣᠬᠢᠷᠲᠤᠯ ᠢ ᠰᠡᠷᠭᠡᠶᠢᠯᠡᠨ ᠵᠠᠰᠠᠬᠤ 57 ᠲᠥᠷᠥᠯ ᠵᠦᠢᠯ ᠢ | ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠬᠥᠷᠥᠰᠥ ᠰᠢᠷᠣᠢ ᠶᠢᠨ ᠪᠣᠬᠢᠷᠲᠤᠯ ᠤᠨ ᠪᠠᠶᠢᠳᠠᠯ ᠤᠨ ᠨᠠᠷᠢᠨ | ᠪᠠᠶᠢᠴᠠᠭᠠᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠶᠡᠷᠦᠩᠬᠡᠶᠢᠯᠡᠨ ᠰᠢᠢᠳᠪᠦᠷᠢᠯᠡᠬᠦ ᠨᠣᠷᠮ᠎ᠠ 100 % ᠳᠤ ᠬᠦᠷᠪᠡ ᠃ 58 . 6 ᠲᠦᠮᠡᠨ ᠮᠥ ᠭᠠᠵᠠᠷ ᠢ | ᠣᠶᠢᠵᠢᠭᠤᠯᠤᠨ ᠨᠣᠭᠤᠭᠠᠷᠠᠭᠤᠯᠵᠤ᠂ 231 . 4 ᠲᠦᠮᠡᠨ ᠮᠥ ᠨᠤᠲᠤᠭ ᠪᠡᠯᠴᠢᠭᠡᠷ ᠤᠨ ᠪᠥᠲᠥᠭᠡᠨ ᠪᠠᠶᠢᠭᠤᠯᠤᠯᠲᠠ | ᠶᠢᠨ ᠡᠭᠦᠷᠭᠡ ᠶᠢ ᠪᠡᠶᠡᠯᠡᠭᠦᠯᠵᠦ᠂ ᠣᠶ ᠰᠢᠭᠤᠶ ᠶᠢᠨ ᠪᠦᠷᠬᠦᠴᠡ᠂ ᠨᠤᠲᠤᠭ ᠪᠡᠯᠴᠢᠭᠡᠷ ᠤᠨ ᠤᠷᠭᠤᠮᠠᠯ ᠤᠨ | ᠬᠤᠴᠢᠯᠭ᠎ᠠ ᠶᠢᠨ ᠪᠦᠷᠬᠦᠴᠡ ᠲᠣᠰ ᠲᠣᠰ 25 . 5 % ᠪᠠ 87 . 5 % ᠳᠤ ᠬᠦᠷᠴᠦ᠂ ᠬᠥᠬᠡ ᠠᠭᠤᠯᠠ | ᠦᠷᠭᠦᠯᠵᠢ ᠨᠣᠭᠤᠭᠠᠷᠠᠵᠤ᠂ ᠬᠥᠭᠡᠮᠳᠦᠭ ᠤᠰᠤ ᠣᠷᠳᠣ ᠤᠷᠤᠰᠬᠠᠯ ᠲᠠᠢ᠂ ᠠᠭᠠᠷ ᠦᠷᠭᠦᠯᠵᠢ ᠰᠢᠨ᠎ᠡ ᠪᠠᠶᠢᠳᠠᠯ ᠲᠠᠢ | ᠪᠣᠯᠪᠠ ᠃ | ᠭᠤᠷᠪᠠ ᠳᠤ᠂ ᠠᠶᠤᠯ ᠲᠦᠭᠰᠢᠭᠦᠷᠢ ᠶᠢᠨ ᠲᠠᠯᠳᠠ ᠭᠡᠮ ᠢ ᠯᠠᠪᠳᠠᠭᠤᠨ ᠢᠶᠠᠷ ᠠᠷᠢᠯᠭᠠᠪᠠ᠃ ᠥᠷᠢ ᠥᠭᠴᠡᠭᠡ | ᠶᠡᠬᠡᠲᠡᠢ ᠨᠡᠮᠡᠭᠳᠡᠯ ᠢ ᠪᠠᠲᠤᠯᠠᠬᠤ ᠰᠡᠳᠬᠢᠬᠦᠢ ᠶᠢ ᠡᠷᠡᠰ ᠲᠠᠶᠠᠭᠳᠠᠵᠤ᠂ ᠬᠡᠢ ᠲᠤᠭ᠎ᠠ᠂ ᠬᠥᠭᠡᠰᠦ ᠶᠢ ᠠᠷᠢᠯᠭᠠᠬᠤ᠂ | ᠥᠷᠢ ᠥᠭᠴᠡᠭᠡ ᠶᠢ ᠠᠷᠢᠯᠭᠠᠬᠤ ᠶᠢ ᠬᠦᠴᠦᠲᠡᠢ ᠠᠬᠢᠭᠤᠯᠪᠠ᠃ ᠥᠷᠢ ᠥᠭᠴᠡᠭᠡ ᠶᠢᠨ ᠲᠦᠭᠰᠢᠭᠦᠷᠢ ᠶᠢ | ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠪᠦᠬᠦ ᠰᠢᠰᠲ᠋ᠧᠮ ᠤᠨ ᠵᠠᠰᠠᠭ ᠤᠨ ᠣᠷᠳᠣᠨ ᠤ | ᠥᠷᠢ ᠥᠭᠴᠡᠭᠡ ᠶᠢ 47 . 9 ᠳ᠋ᠦᠩᠰᠢᠭᠤᠷ ᠲᠥᠭᠦᠷᠢᠭ ᠪᠦᠲᠦᠮᠵᠢᠲᠡᠢ ᠠᠷᠢᠯᠭᠠᠵᠤ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠵᠥᠷᠢᠯᠳᠦᠭᠡᠨ ᠦᠭᠡᠢ ᠪᠠᠷ ᠥᠷᠢᠲᠦᠭᠰᠡᠨ 13 . 2 ᠳ᠋ᠦᠩᠰᠢᠭᠤᠷ ᠲᠥᠭᠦᠷᠢᠭ ᠢ ᠪᠦᠬᠦ ᠲᠠᠯ᠎ᠠ | ᠪᠠᠷ ᠲᠦᠯᠦᠵᠦ ᠳᠠᠭᠤᠰᠬᠠᠪᠠ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠪᠦᠬᠦ | ᠬᠤᠰᠢᠭᠤᠨ ᠤ ᠲᠥᠰᠦᠪ ᠬᠢᠵᠦ ᠪᠠᠶᠢᠭ᠎ᠠ ᠨᠢᠭᠡᠴᠡ ᠶᠢᠨ 《 ᠭᠤᠷᠪᠠᠨ ᠵᠦᠢᠯ ᠤᠨ ᠠᠯᠪᠠᠨ ᠵᠠᠷᠤᠳᠠᠯ 》 ᠢ ᠵᠢᠯ | ᠪᠦᠷᠢ 10 % ᠪᠠᠷ ᠪᠠᠭᠠᠰᠬᠠᠪᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ | 28 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ | ᠶᠢ ᠠᠬᠢᠭᠤᠯᠬᠤ ᠳᠤ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠪᠡ᠃ ᠬᠠᠤᠯᠢ ᠪᠤᠰᠤ ᠪᠠᠷ ᠪᠠᠯᠠ ᠴᠤᠭᠯᠠᠭᠤᠯᠬᠤ᠂ | ᠴᠥᠷᠬᠡᠯᠡᠭᠡ ᠵᠢᠭᠡᠯᠡᠯᠭᠡ ᠲᠠᠯᠪᠢᠬᠤ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠥᠩᠭᠦᠨ ᠭᠦᠶᠯᠭᠡᠭᠡᠨ ᠤ | ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠪᠡ᠃ ᠤᠯᠤᠰ ᠤᠨ ᠪᠠᠯᠠ ᠣᠷᠣᠭᠤᠯᠤᠯᠲᠠ ᠶᠢᠨ ᠺᠣᠮᠫᠠᠨᠢ | ᠂ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ ᠶᠢᠨ ᠡᠵᠡᠩᠨᠡᠯᠲᠡ ᠬᠠᠮᠢᠶᠠᠷᠤᠯᠲᠠ ᠶᠢᠨ ᠬᠢᠷᠢ ᠲᠦᠪᠰᠢᠨ | ᠦᠷᠭᠦᠯᠵᠢᠯᠡᠨ ᠳᠡᠭᠡᠭᠰᠢᠯᠡᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠠᠭᠠᠭᠠᠯᠲᠠ ᠶᠢᠨ ᠺᠣᠮᠫᠠᠨᠢ ᠶᠢᠨ ᠬᠡᠪᠴᠢᠶ᠎ᠡ | ᠲᠠᠰᠤᠷᠠᠯᠲᠠ ᠥᠬᠡᠶ ᠪᠤᠵᠠᠭᠠᠶᠢᠷᠠᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ | ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠪᠡ ᠃ | ( ᠭᠤᠷᠪᠠ ) ᠪᠢᠳᠡ ᠦᠨᠡᠨᠬᠦ ᠠᠳᠬᠤᠨ ᠪᠣᠳᠠᠲᠠᠢ ᠠᠵᠢᠯᠯᠠᠵᠤ᠂ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠵᠤ᠂ ᠲᠣᠭᠲᠠᠭᠤᠨ ᠢᠶᠠᠷ ᠰᠠᠶᠢᠵᠢᠷᠠᠬᠤ《 ᠬᠥᠭᠵᠢᠯᠲᠡ ᠶᠢᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ | ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯ | ᠰᠢᠪᠲᠤᠯᠬᠤ ᠴᠢᠭᠯᠡᠯ ᠪᠣᠯᠭᠠᠵᠤ᠂ 《 ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ | ᠬᠦᠭᠵᠢᠯᠲᠡ》 ᠶᠢ ᠪᠠᠷᠢᠮᠲᠠᠯᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ | ᠶᠢᠨ ᠲᠣᠭᠲᠠᠯ ᠬᠦᠴᠦᠨ ᠢ ᠪᠠᠲᠤᠯᠠᠵᠤ᠂ ᠠᠵᠤ ᠠᠬᠤᠶ ᠶᠢᠨ ᠬᠥᠭᠵᠢᠯᠲᠡ ᠶᠢᠨ 《 ᠦᠨ᠎ᠡ ᠥᠷᠲᠡᠭ 》᠂《 | ᠰᠢᠨ᠎ᠡ ᠠᠭᠤᠯᠤᠭᠳᠠᠴᠠ 》᠂《 ᠨᠣᠭᠤᠭᠠᠨ ᠠᠭᠤᠯᠤᠭᠳᠠᠴᠠ 》 ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ | ᠨᠢᠭᠡ ᠳᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 28 . 5 ᠲᠦᠮᠡᠨ ᠮᠦ ᠪᠦᠲᠦᠭᠡᠨ | ᠪᠠᠶᠢᠭᠤᠯᠵᠤ᠂《 ᠬᠤᠶᠠᠷ ᠲᠣᠭᠤᠷᠢᠭ 》 ᠤᠨ ᠲᠠᠯᠠᠪᠠᠢ ᠶᠢ 195 ᠲᠦᠮᠡᠨ ᠮᠦ ᠬᠤᠪᠢᠶᠠᠷᠢᠯᠠᠨ ᠲᠣᠭᠲᠠᠭᠠᠵᠤ᠂ | ᠠᠮᠤ ᠪᠤᠳᠠᠭᠠᠨ ᠤ ᠤᠨᠠᠯᠲᠠ ᠶᠢ 29 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠪᠠ᠃《 ᠬᠤᠶᠠᠷ | ᠮᠧᠲᠷ 》 ᠤᠨ ᠠᠵᠤ ᠦᠢᠯᠡᠰ ᠢ ᠬᠦᠴᠦᠲᠡᠢ ᠠᠬᠢᠭᠤᠯᠵᠤ᠂ ᠴᠢᠨᠠᠷ ᠰᠠᠶᠢᠲᠠᠢ ᠡᠷᠳᠡᠨᠢ ᠰᠢᠰᠢ 300 ᠲᠦᠮᠡᠨ ᠮᠦ᠂ | ᠤᠰᠤᠨ ᠲᠤᠲᠤᠷᠭ᠎ᠠ 15 ᠲᠦᠮᠡᠨ ᠮᠦ ᠲᠠᠷᠢᠪᠠ᠃ ᠳᠠᠪᠠᠭᠤᠯᠢᠭ ᠣᠨᠴᠠᠯᠢᠭᠲᠤ ᠠᠵᠤ ᠦᠢᠯᠡᠰ ᠲᠣᠭᠲᠠᠭᠤᠨ ᠢᠶᠠᠷ | ᠳᠡᠭᠡᠭᠰᠢᠯᠡᠵᠦ᠂ ᠬᠢᠲᠠᠳ ᠡᠮ ᠤᠨ ᠮᠠᠲ᠋ᠧᠷᠢᠶᠠᠯ ᠤᠨ ᠲᠠᠷᠢᠬᠤ ᠲᠠᠯᠠᠪᠠᠢ 10 ᠲᠦᠮᠡᠨ ᠮᠦ ᠶᠢ ᠳᠠᠪᠠᠵᠤ᠂ ᠣᠢ ᠵᠢᠮᠢᠰ | ᠤᠨ ᠶᠡᠷᠦᠩᠬᠡᠢ ᠲᠠᠯᠠᠪᠠᠢ 23 . 5 ᠲᠦᠮᠡᠨ ᠮᠦ ᠳᠤ ᠬᠦᠷᠪᠡ᠃ ᠮᠠᠯ ᠪᠡᠯᠴᠢᠭᠡᠷ ᠢ ᠨᠢᠭᠡ ᠴᠣᠭᠴᠠᠵᠢᠭᠤᠯᠬᠤ ᠪᠦᠬᠦ | ᠠᠵᠤ ᠦᠢᠯᠡᠰ ᠤᠨ ᠬᠡᠯᠬᠢᠶᠡᠵᠢᠯ ᠤᠨ ᠬᠥᠭᠵᠢᠯᠲᠡ ᠶᠢ ᠠᠬᠢᠭᠤᠯᠵᠤ᠂ ᠠᠯᠳᠠᠷ ᠡᠪᠡᠰᠦᠨ ᠤ ᠦᠢᠯᠡᠰ ᠤᠨ | ᠬᠦᠷᠢᠶᠡᠯᠡᠩ ᠲᠣᠭᠤᠷᠢᠭ ᠢ ᠤᠷᠤᠭᠰᠢᠲᠠᠢ ᠡᠬᠢᠯᠡᠭᠦᠯᠪᠡ᠃ ᠮᠠᠯᠵᠢᠯ ᠤᠨ ᠦᠢᠯᠡᠰ ᠤᠨ ᠣᠨ ᠤ ᠮᠠᠯ ᠤᠨᠤᠭ᠎ᠠ ᠶᠢ | 420 ᠲᠦᠮᠡᠨ ᠲᠣᠯᠣᠭᠠᠶ ᠠᠴᠠ ᠳᠡᠭᠡᠭᠰᠢ ᠲᠣᠭᠲᠠᠭᠤᠨ ᠪᠠᠶᠢᠯᠭᠠᠵᠤ᠂ ᠵᠢᠯ ᠤᠨ ᠴᠢᠨᠠᠷ ᠰᠠᠶᠢᠲᠠᠶ ᠲᠡᠵᠢᠭᠡᠯ ᠡᠪᠡᠰᠦ | ᠶᠢ 22 ᠲᠦᠮᠡᠨ ᠲᠣᠨ ᠦᠢᠯᠡᠳᠪᠦᠷᠢᠯᠡᠪᠡ᠃ ᠳ᠋ᠧ ᠺᠠᠩ ᠪᠦᠯᠦᠭᠯᠡᠯ ᠤᠨ ᠵᠠᠭᠤᠨ ᠲᠦᠮᠡᠨ ᠭᠠᠭ᠋ᠠᠶ ᠲᠡᠵᠢᠭᠡᠬᠦ ᠶᠢ | ᠨᠢᠭᠡ ᠴᠤᠭᠴᠠᠵᠢᠭᠤᠯᠬᠤ ᠲᠥᠷᠥᠯ ᠵᠦᠶᠯ ᠠᠩᠬ᠎ᠠ ᠠᠯᠬᠤᠮ ᠬᠡᠪᠴᠢᠶᠡᠵᠢᠵᠦ᠂ ᠪᠥᠬᠦ ᠬᠤᠰᠢᠭᠤᠨ ᠤ ᠠᠮᠢᠳᠤ ᠭᠠᠭ᠋ᠠᠶ | 21 ᠲᠦᠮᠡ ᠪᠣᠯᠪᠠ᠃《 ᠬᠤᠶᠠᠷ ᠦᠬᠡᠷ 》 ᠤᠨ ᠠᠵᠤ ᠦᠢᠯᠡᠰ ᠲᠣᠪᠦ᠋ᠮ᠎ᠠ ᠦᠷ᠎ᠡ ᠪᠦᠲᠦᠮᠵᠢ ᠣᠯᠵᠤ᠂ 4 | ᠰᠠᠭᠤᠷᠢ ᠲᠦᠮᠡᠨ ᠰᠠᠭᠠᠯᠢ ᠶᠢᠨ ᠦᠨᠢᠶᠡᠨ ᠤ ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠢ ᠤᠷᠤᠭᠰᠢᠲᠠᠢ ᠳᠠᠭᠤᠰᠴᠤ᠂ | ᠠᠯᠠᠰᠢᠨ ᠦᠬᠡᠷ ᠪᠠ ᠰᠠᠭᠠᠯᠢ ᠶᠢᠨ ᠦᠨᠢᠶᠡᠨ ᠤ ᠲᠤᠭ᠎ᠠ ᠲᠣᠰ ᠲᠣᠰ 28 ᠲᠦᠮᠡ ᠪᠠ 4.5 ᠲᠦᠮᠡ ᠳᠤ ᠬᠦᠷᠴᠦ᠂ | ᠵᠢᠯ ᠪᠦᠷᠢ ᠳᠤᠮᠳᠠᠴᠢ ᠪᠠᠷ ᠲᠣᠰ ᠲᠣᠰ 23 . 2 % ᠪᠠ 42.2 % ᠨᠡᠮᠡᠭᠳᠡᠪᠡ᠃ ᠲᠠᠷᠢᠶᠠᠯᠠᠩ ᠤᠨ | ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ 84 . 6 % ᠳᠤ ᠬᠦᠷᠴᠦ᠂ 《 ᠪᠦᠬᠦ ᠤᠯᠤᠰ ᠲᠤ ᠲᠠᠷᠢᠮᠠᠯ | ᠤᠨ ᠦᠢᠯᠡᠳᠪᠦᠷᠢᠯᠡᠯ ᠤᠨ ᠪᠦᠬᠦ ᠶᠠᠪᠤᠴᠠ ᠶᠢᠨ ᠮᠠᠰᠢᠨᠴᠢᠯᠠᠯᠲᠠ ᠶᠢ ᠡᠩ ᠲᠡᠷᠢᠭᠦᠨ ᠳᠤ ᠪᠡᠶᠡᠯᠡᠭᠦᠯᠦᠭᠰᠡᠨ ᠵᠢᠱᠢᠶ᠎ᠡ | ᠦᠵᠡᠭᠦᠯᠬᠦ ᠰᠢᠶᠠᠨ 》 ᠭᠡᠬᠦ ᠢᠷᠠᠭᠤ ᠠᠯᠳᠠᠷ ᠤᠨ ᠴᠣᠯᠠ ᠶᠢ ᠬᠦᠷᠲᠡᠪᠡ ᠃ | ᠬᠤᠶᠠᠷ ᠲᠤ᠂ ᠠᠵᠤ ᠦᠢᠯᠡᠳᠪᠦᠷᠢ ᠶᠢᠨ ᠠᠵᠤ ᠠᠬᠤᠢ ᠦᠷᠭᠦᠯᠵᠢᠯᠡᠨ ᠪᠤᠵᠠᠭᠠᠶᠢᠷᠠᠪᠠ᠃《 ᠠᠵᠤ ᠦᠢᠯᠡᠰ | ᠤᠨ ᠲᠥᠪᠯᠡᠷᠡᠯ 》 ᠤᠨ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠨ᠂ ᠣᠨᠴᠠᠯᠢᠭᠲᠤ ᠭᠤᠣᠯᠯᠠᠬᠤ ᠠᠵᠤ ᠦᠢᠯᠡᠰ | ᠢ ᠬᠥᠭᠵᠢᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠯᠬᠢᠨ ᠠᠬᠢᠭᠤᠯᠤᠨ᠎ᠠ᠃ | ᠲᠦᠷᠪᠡᠨ ᠵᠢᠯ ᠤᠨ ᠲᠤᠷᠰᠢ᠂ ᠤᠷᠢᠳ ᠬᠤᠵᠢᠳ 90 ᠴᠢᠬᠤᠯᠠ ᠶᠡᠭᠡ ᠲᠦᠷᠦᠯ ᠵᠦᠢᠯ ᠢ ᠣᠷᠣᠭᠤᠯᠤᠨ | ᠠᠪᠴᠢᠷᠠᠵᠤ᠂ ᠶᠡᠷᠦᠩᠬᠡᠢ ᠪᠡᠯᠡ ᠣᠷᠣᠭᠤᠯᠤᠯᠲᠠ 509.7 ᠳ᠋ᠦᠩᠰᠢᠭᠤᠷ ᠲᠥᠭᠦᠷᠢᠭ ᠲᠤ ᠬᠦᠷᠴᠦ᠂ ᠬᠡᠪᠴᠢᠶᠡᠵᠢᠯ | ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 25 ᠪᠣᠯᠪᠠ᠃ ᠤᠯᠠᠭᠠᠨ ᠪᠦᠯᠦᠭᠯᠡᠯ ᠤᠨ ᠶᠡᠭᠡ ᠬᠢᠮᠢ | ᠶᠢᠨ ᠪᠤᠷᠳᠤᠭᠤᠷ ᠤᠨ ᠨᠢᠭᠡᠳᠦᠭᠡᠷ ᠬᠤᠭᠤᠴᠠᠭ᠎ᠠ᠂ ᠳ᠋ᠧ ᠺᠠᠩ ᠪᠦᠯᠦᠭᠯᠡᠯ ᠤᠨ ᠵᠢᠯ ᠳᠤ 30 ᠲᠦᠮᠡᠨ ᠲᠣᠨ | ᠪᠣᠷᠳᠤᠭ᠎ᠠ ᠦᠢᠯᠡᠳᠪᠦᠷᠢᠯᠡᠬᠦ ᠵᠡᠷᠭᠡ 19 ᠲᠦᠷᠦᠯ ᠵᠦᠢᠯ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ ᠵᠦᠩ | ᠭᠤᠸᠠᠩ ᠾᠧ ᠶᠢᠨ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ᠂ ᠢᠯᠢ | ᠳᠡᠭᠡᠳᠦ ᠲᠡᠰ ᠤᠨ ᠴᠠᠭᠠᠨ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ ᠵᠡᠷᠭᠡ 11 ᠲᠦᠷᠦᠯ ᠵᠦᠢᠯ ᠬᠦᠴᠦᠲᠡᠢ | ᠠᠬᠢᠵᠤ᠂ ᠬᠢᠲᠠᠳ ᠡᠮ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ | 《 ᠭᠠᠳᠠᠭᠠᠳᠤ ᠭᠠᠷᠭᠠᠯᠲᠠ ᠶᠢᠨ ᠨᠢᠭᠡᠳᠦᠭᠡᠷ ᠳᠠᠩᠰᠠ 》ᠤᠷᠤᠭᠰᠢᠲᠠᠢ ᠪᠣᠭᠤᠮᠲᠠ ᠨᠡᠪᠲᠡᠷᠡᠵᠦ᠂ ᠾᠧ ᠹᠧᠩ ᠤᠨ | ᠬᠥᠳᠡᠭᠡ ᠠᠵᠤ ᠠᠬᠤᠢ᠂ ᠮᠧᠩ ᠵᠢᠶᠠ ᠠᠮᠤ ᠲᠤᠰᠤ ᠵᠡᠷᠭᠡ ᠭᠤᠣᠯᠯᠠᠭᠴᠢ ᠠᠵᠤ ᠠᠬᠤᠶᠢᠯᠠᠯ ᠤᠨ ᠠᠵᠢᠯᠯᠠᠭᠠᠨ | ᠲᠣᠭᠲᠠᠭᠤᠨ ᠪᠠᠶᠢᠵᠤ᠂ ᠠᠢ ᠯᠠᠩ ᠰᠠᠯᠬᠢᠨ ᠬᠦᠴᠦᠨ ᠤ ᠴᠠᠬᠢᠯᠭᠠᠨ᠂ ᠬᠤᠩ ᠳ᠋ᠠ ᠳᠠᠷᠤᠵᠤ ᠴᠢᠳᠬᠤᠬᠤ ᠵᠡᠷᠭᠡ ᠶᠢ | ᠥᠭᠡᠷᠡᠴᠢᠯᠡᠨ ᠲᠡᠰ ᠳᠡᠪᠰᠢᠭᠦᠯᠵᠦ᠂《 ᠲᠠᠪᠤᠨ ᠶᠡᠭᠡ ᠠᠵᠤ ᠦᠢᠯᠡᠰ ᠤᠨ ᠪᠦᠯᠦᠭᠵᠢᠯ 》ᠠᠩᠬ᠎ᠠ ᠠᠯᠬᠤᠮ | ᠬᠡᠪᠴᠢᠶᠡᠵᠢᠵᠦ᠂ ᠪᠣᠬᠢᠷᠲᠤᠯ ᠦᠭᠡᠢ ᠬᠥᠭᠵᠢᠯᠲᠡ ᠶᠢᠨ ᠳᠠᠯᠳᠠ ᠬᠦᠴᠦᠨ ᠲᠠᠰᠤᠷᠠᠯᠲᠠ ᠦᠭᠡᠢ ᠪᠠᠳᠠᠷᠠᠪᠠ᠃ ᠠᠵᠤ | ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤ᠂ ᠴᠠᠬᠢᠯᠭᠠᠨ᠂ ᠵᠠᠮ᠂ ᠳᠤᠯᠠᠭᠠᠯᠠᠭ᠎ᠠ ᠵᠡᠷᠭᠡ ᠰᠠᠭᠤᠷᠢ | ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠳᠠᠩᠰᠠᠯᠠᠭᠤᠯᠤᠭᠰᠠᠨ ᠠᠵᠤ ᠠᠬᠤᠶᠢᠯᠠᠯ ᠤᠨ ᠶᠡᠷᠦᠩᠬᠡᠢ ᠲᠤᠭ᠎ᠠ | 114 ᠪᠣᠯᠪᠠ ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠰᠢᠶᠳᠪᠦᠷᠢᠯᠡᠬᠦ ᠲᠥᠷᠥᠯ ᠵᠦᠶᠯ ᠢ | ᠲᠣᠭᠲᠠᠭᠤᠨ ᠢᠶᠠᠷ ᠬᠡᠷᠡᠭᠵᠢᠭᠦᠯᠵᠦ᠂ ᠠᠵᠤ ᠦᠶᠯᠡᠳᠪᠦᠷᠢ ᠶᠢᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢ | ᠨᠢᠭᠡᠳᠦᠭᠡᠷ ᠬᠤᠭᠤᠴᠠᠭᠠᠨ ᠳᠤ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠬᠦᠷᠢᠶᠡᠯᠡᠩ | ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠲᠠᠰᠤᠷᠠᠯᠲᠠ ᠥᠬᠡᠶ ᠴᠢᠩᠭᠠᠷᠠᠵᠤ᠂ ᠴᠢᠨᠠᠷ ᠰᠠᠶᠢᠲᠠᠶ ᠬᠥᠭᠵᠢᠯᠲᠡ ᠶᠢᠨ | 《 ᠭᠤᠤᠯᠯᠠᠭᠴᠢ ᠬᠦᠴᠦᠨ 》 ᠢ ᠨᠢᠭᠲᠠᠷᠠᠭᠤᠯᠪᠠ ᠃ | ᠭᠤᠷᠪᠠ ᠳᠤ᠂ ᠭᠤᠷᠪᠠᠳᠤᠭᠠᠷ ᠠᠵᠤ ᠦᠢᠯᠡᠰ ᠢᠯᠠᠯᠲᠠ ᠶᠢᠨ ᠡᠷᠴᠢᠨ ᠳᠡᠭᠡᠷ᠎ᠡ ᠪᠠᠨ ᠲᠦᠷᠭᠡᠨ ᠬᠥᠭᠵᠢᠪᠡ ᠃ | 《 ᠳᠤᠮᠳᠠᠳᠤ ᠤᠯᠤᠰ ᠤᠨ ᠰᠢᠨ᠎ᠡ ᠪᠠᠷ ᠬᠥᠭᠵᠢᠭᠰᠡᠨ ᠲᠠᠯ᠎ᠠ ᠨᠤᠲᠤᠭ ᠤᠨ ᠵᠢᠭᠤᠯᠴᠢᠯᠠᠯ ᠤᠨ ᠵᠣᠷᠢᠭᠰᠠᠨ ᠭᠠᠵᠠᠷ | 》 ᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠪᠥᠬᠦ ᠣᠷᠣᠨ ᠪᠦᠰᠡ | ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ | ᠡᠬᠢᠯᠡᠭᠦᠯᠪᠡ᠃ ᠡᠮᠦᠨᠡᠲᠦ ᠬᠤᠰᠢᠭᠤᠨ ᠤ 500 ᠭᠠᠵᠠᠷ ᠤᠨ ᠰᠣᠶᠣᠯ ᠵᠢᠭᠤᠯᠴᠢᠯᠠᠯ ᠤᠨ ᠤᠷᠲᠤ ᠬᠤᠩᠭᠢᠯ ᠤᠨ | ᠲᠥᠷᠥᠯ ᠵᠦᠢᠯ ᠢ ᠥᠨᠳᠥᠷ ᠲᠦᠪᠰᠢᠨ ᠢᠶᠠᠷ ᠠᠬᠢᠭᠤᠯᠵᠤ᠂ ᠠᠯᠲᠠᠨ ᠡᠮᠡᠭᠡᠯ ᠦᠵᠡᠮᠵᠢ ᠶᠢᠨ ᠣᠷᠣᠨ᠂ ᠠᠳᠤᠭᠤᠨ | ᠰᠣᠶᠣᠯ ᠤᠨ ᠰᠠᠭᠤᠷᠢᠨ ᠭᠠᠵᠠᠷ᠂ ᠵᠢᠶᠠ ᠾᠧ ᠬᠡᠭᠡᠷ᠎ᠡ ᠶᠢᠨ ᠮᠠᠶᠢᠬᠠᠨ ᠪᠠᠭᠤᠳᠠᠯ ᠢ ᠪᠠᠶᠢᠭᠤᠯᠤᠨ ᠳᠠᠭᠤᠰᠬᠠᠵᠤ | ᠠᠰᠢᠭᠯᠠᠯᠲᠠ ᠳᠤ ᠣᠷᠣᠭᠤᠯᠤᠨ᠂ ᠵᠢᠭᠤᠯᠴᠢᠯᠠᠯ ᠤᠨ ᠵᠣᠷᠯᠣᠩ᠂ ᠵᠠᠮ ᠤᠨ ᠲᠡᠮᠳᠡᠭ ᠵᠡᠷᠭᠡ ᠰᠠᠭᠤᠷᠢ ᠲᠥᠬᠦᠭᠡᠷᠦᠮᠵᠢ | ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ ᠠᠭᠠᠯᠢᠭ ᠠᠯᠢᠮ᠎ᠠ ᠶᠢᠨ ᠰᠢᠷᠢᠰ ᠰᠦᠯᠵᠢᠶᠡᠨ ᠤ ᠤᠯᠠᠭᠠᠨ | ᠪᠦᠲᠦᠭᠡᠭᠳᠡᠬᠦᠨ ᠢ ᠠᠮᠵᠢᠯᠲᠠ ᠲᠠᠢ ᠡᠭᠦᠳᠴᠦ᠂《 ᠵᠢᠵᠢᠭ ᠠᠭᠠᠯᠢᠭ ᠠᠯᠢᠮ᠎ᠠ ᠶᠢᠨ ᠲᠣᠮᠣ ᠠᠵᠤ ᠦᠶᠯᠡᠰ 》 ᠤᠨ | ᠲᠤᠰᠬᠠᠶ ᠰᠡᠳᠦᠪ ᠢᠶᠠᠷ ᠲᠥᠪ ᠲᠧᠯᠸᠢᠰ ᠲᠤ ᠭᠠᠷᠴᠤ᠂ ᠨᠠᠷᠠᠲᠤ ᠲᠡᠮᠳᠡᠭ ᠤᠨ ᠠᠯᠳᠠᠷᠰᠢᠯ ᠦᠷᠭᠦᠯᠵᠢᠯᠡᠨ | ᠳᠡᠭᠡᠭᠰᠢᠯᠡᠪᠡ ᠃ ᠭᠤᠷᠪᠠᠨ ᠵᠢᠯ ᠳᠠᠷᠠᠭᠠᠯᠠᠨ ᠪᠥᠬᠦ ᠠᠶᠢᠮᠠᠭ ᠤᠨ ᠨᠠᠭᠠᠳᠤᠮ ᠢ ᠳᠠᠭᠠᠭᠠᠴᠢᠯᠠᠨ ᠡᠷᠭᠢᠯᠡᠵᠦ᠂《 | ᠬᠠᠩᠭᠠᠶ ᠲᠠᠯ᠎ᠠ ᠨᠤᠲᠤᠭ᠂ ᠣᠶᠤᠨ ᠰᠠᠨᠠᠭᠠᠨ ᠤ ᠮᠠᠯᠵᠢᠯ ᠤᠨ ᠲᠠᠯᠠᠪᠠᠶ 》ᠬᠥᠮᠦᠰ ᠤᠨ ᠰᠡᠳᠬᠢᠯ ᠳᠤ ᠭᠦᠨ | ᠰᠠᠭᠤᠭᠳᠠᠪᠠ᠃ ᠵᠤᠭᠠᠴᠠᠭᠰᠠᠳ ᠢ ᠨᠡᠶᠢᠲᠡ 922 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠤᠭᠠᠴᠠᠯ ᠤᠨ | ᠣᠷᠣᠯᠭ᠎ᠠ ᠶᠢ 69 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ | ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ | ᠲᠠᠢ ᠡᠭᠦᠳᠦᠨ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠲᠤᠭ᠎ᠠ ᠶᠢ 4 . 6 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 30 % ᠪᠠᠷ ᠨᠡᠮᠡᠭᠳᠡᠪᠡ᠃《 ᠠᠩᠬᠠᠳᠤᠭᠠᠷ ᠬᠤᠭᠤᠴᠠᠭᠠᠨ | ᠤ ᠳᠤᠮᠳᠠᠳᠤ ᠮᠣᠩᠭᠤᠯ ᠤᠨ ᠣᠯᠠᠨ ᠤᠯᠤᠰ ᠤᠨ ᠲᠠᠸᠠᠷ ᠤᠨ ᠦᠵᠡᠰᠬᠦᠯᠡᠩ ᠤᠨ ᠵᠥᠪᠳᠡᠯᠴᠡᠬᠦ ᠴᠤᠭᠯᠠᠭᠠᠨ 》᠂《 | ᠢᠳᠡᠭᠡᠨ ᠤ ᠰᠣᠶᠣᠯ ᠤᠨ ᠨᠠᠶᠢᠷ 》ᠵᠡᠷᠭᠡ ᠠᠵᠢᠯᠯᠠᠭ᠎ᠠ ᠶᠢ 19 ᠤᠳᠠᠭ᠎ᠠ ᠠᠮᠵᠢᠯᠲᠠ ᠲᠠᠢ ᠡᠷᠬᠢᠯᠡᠵᠦ᠂ ᠬᠡᠷᠡᠭᠯᠡᠭᠡ | ᠶᠢ 1 . 3 ᠳ᠋ᠦᠩᠰᠢᠭᠤᠷ ᠲᠥᠭᠦᠷᠢᠭ ᠳᠠᠶᠢᠴᠢᠯᠠᠪᠠ᠃ ᠪᠥᠬᠦ ᠠᠶᠢᠮᠠᠭ ᠤᠨ ᠠᠩᠬᠠᠳᠠᠭᠴᠢ ᠬᠤᠰᠢᠭᠤ ᠰᠢᠶᠠᠨ ᠤ | ᠱᠠᠲᠤᠨ ᠤ ᠤᠯᠤᠰ ᠤᠨ ᠥᠮᠴᠢᠯᠡᠯᠲᠦ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ ᠠᠵᠢᠯ ᠢᠶᠠᠨ | ᠡᠬᠢᠯᠡᠭᠦᠯᠦᠨ ᠡᠵᠡᠩᠨᠡᠵᠦ᠂ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ | ᠲᠣᠰ ᠲᠣᠰ 79 . 8 ᠳ᠋ᠦᠩᠰᠢᠭᠤᠷ ᠲᠥᠭᠦᠷᠢᠭ ᠪᠠ 90.8 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ | ᠳᠤᠮᠳᠠᠴᠢ ᠪᠠᠷ ᠲᠣᠰ ᠲᠣᠰ 15 . 7 % ᠪᠠ 21.1 % ᠢᠶᠠᠷ ᠨᠡᠮᠡᠭᠳᠡᠪᠡ᠃ | ( ᠲᠦᠷᠪᠡ ) ᠪᠢᠳᠡ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠵᠦ᠂ ᠬᠦᠴᠢᠷ ᠢ ᠲᠤᠭᠤᠯᠤᠨ ᠪᠡᠷᠬᠡ ᠶᠢ | ᠳᠠᠪᠠᠵᠤ᠂ ᠭᠤᠶᠢᠳᠠ ᠰᠠᠶᠢᠬᠠᠨ ᠬᠤᠪᠢᠷᠠᠯᠲᠠ ᠲᠠᠢ《 ᠦᠵᠡᠰᠬᠦᠯᠡᠩᠲᠦ ᠰᠠᠶᠢᠬᠠᠨ ᠬᠠᠷᠢᠭᠤᠯᠲᠠ ᠶᠢᠨ ᠬᠠᠭᠤᠳᠠᠰᠤ | 》 ᠶᠢ ᠲᠤᠰᠢᠶᠠᠪᠠ᠃ | ᠲᠥᠯᠥᠪᠵᠢᠭᠦᠯᠭᠡ ᠶᠢ ᠤᠷᠢᠳ ᠢᠶᠠᠷ ᠬᠡᠷᠡᠭᠵᠢᠭᠦᠯᠬᠦ᠂ ᠡᠷᠴᠢᠮᠵᠢᠭᠦᠯᠦᠨ ᠬᠥᠭᠵᠢᠭᠦᠯᠬᠦ᠂ ᠨᠠᠷᠢᠯᠢᠭ ᠬᠠᠮᠢᠶᠠᠷᠬᠤ ᠶᠢ | ᠪᠠᠷᠢᠮᠲᠠᠯᠠᠵᠤ᠂ ᠰᠣᠳᠣᠨ ᠪᠦᠲᠦᠭᠡᠯ ᠤᠨ ᠤᠬᠠᠮᠰᠠᠷ ᠢ ᠪᠣᠶ ᠪᠣᠯᠭᠠᠵᠤ᠂ ᠴᠢᠨᠠᠷ ᠰᠠᠶᠢᠲᠠᠶ ᠢᠨᠵᠧᠨᠧᠷᠢᠩ ᠢ ᠪᠣᠶ | ᠪᠣᠯᠭᠠᠵᠤ᠂ ᠬᠤᠲᠠ ᠶᠢᠨ ᠪᠥᠲᠥᠭᠡᠨ ᠪᠠᠶᠢᠭᠤᠯᠤᠯᠲᠠ ᠴᠡᠴᠡᠭᠯᠡᠨ ᠬᠥᠭᠵᠢᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠪᠥᠬᠦ ᠲᠠᠯ᠎ᠠ ᠪᠠᠷ ᠡᠬᠢᠯᠡᠪᠡ᠃ | ᠨᠢᠭᠡ ᠳᠤ᠂ ᠬᠤᠲᠠ ᠶᠢᠨ ᠶᠠᠰᠤ ᠴᠢᠨᠠᠷ ᠲᠠᠰᠤᠷᠠᠯᠲᠠ ᠥᠬᠡᠶ ᠳᠡᠭᠡᠭᠰᠢᠯᠡᠪᠡ᠃ ᠬᠥᠮᠦᠨ ᠢᠶᠠᠷ ᠭᠤᠣᠯ | ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠠᠬᠢᠴᠠ ᠶᠢ ᠦᠷᠭᠦᠯᠵᠢᠯᠡᠨ ᠠᠬᠢᠭᠤᠯᠵᠤ᠂ ᠬᠤᠲᠠ | ᠲᠣᠭᠤᠷᠢᠭᠰᠠᠨ ᠪᠠᠷᠠᠭᠤᠨ ᠵᠠᠮ᠂ ᠬᠠᠰᠠᠷ ᠵᠡᠭᠡᠯᠢ ᠵᠡᠷᠭᠡ 18 ᠵᠤᠷᠪᠤᠰ ᠬᠤᠲᠠ ᠶᠢᠨ ᠵᠠᠮ᠂ 4 ᠬᠥᠭᠦᠷᠭᠡ ᠶᠢᠨ | ᠢᠨᠵᠧᠨᠧᠷᠢᠩ ᠢ ᠪᠡᠶᠡᠯᠡᠭᠦᠯᠵᠦ᠂ 20 ᠺᠢᠯᠣᠮᠧᠲᠷ ᠵᠠᠮ ᠤᠨ ᠤᠷᠲᠤ ᠶᠢ ᠰᠢᠨ᠎ᠡ ᠪᠠᠷ ᠨᠡᠮᠡᠭᠳᠡᠭᠦᠯᠵᠦ᠂ ᠢᠯᠴᠢ | ᠬᠠᠩᠭᠠᠬᠤ᠂ ᠤᠰᠤ ᠭᠠᠳᠠᠭᠰᠢᠯᠠᠭᠤᠯᠬᠤ ᠬᠤᠭᠤᠯᠠᠢ ᠶᠢᠨ ᠲᠣᠣᠷ ᠢ 45 . 9 ᠺᠢᠯᠣᠮᠧᠲᠷ ᠰᠢᠨ᠎ᠡ ᠪᠠᠷ ᠪᠠᠶᠢᠭᠤᠯᠬᠤ | ᠪᠠ ᠥᠭᠡᠷᠡᠴᠢᠯᠡᠨ ᠪᠠᠶᠢᠭᠤᠯᠵᠠᠢ᠃ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠬᠡᠰᠡᠭ ᠲᠠᠯ᠎ᠠ ᠪᠠᠷ | ᠨᠡᠭᠦᠯᠭᠡᠵᠦ᠂ ᠶᠢᠨ ᠪᠢᠨ ᠲᠥᠪ ᠬᠤᠲᠠ᠂ ᠨᠠ ᠯᠠᠨ ᠶᠠ ᠵᠢᠤᠢ ᠵᠡᠷᠭᠡ ᠰᠠᠶᠢᠵᠢᠷᠠᠭᠤᠯᠬᠤ ᠬᠡᠯᠪᠡᠷᠢ ᠶᠢᠨ ᠣᠷᠣᠨ | ᠰᠠᠭᠤᠴᠠ ᠶᠢ ᠵᠠᠬ᠎ᠠ ᠳᠡᠯᠭᠡᠭᠦᠷ ᠤᠨ《 ᠰᠢᠨ᠎ᠡ ᠬᠦᠷᠢᠶᠡᠯᠡᠯ 》 ᠪᠣᠯᠭᠠᠵᠤ᠂ ᠬᠡᠷ ᠪᠠᠶᠢᠰᠢᠩ ᠭᠠᠵᠠᠷ ᠰᠢᠷᠣᠶ ᠶᠢᠨ | ᠬᠥᠷᠥᠩᠭᠡ ᠶᠢᠨ ᠨᠡᠭᠡᠭᠡᠯᠲᠡ ᠶᠢᠨ ᠲᠠᠯᠠᠪᠠᠶ ᠶᠢ 336 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ | ᠨᠡᠮᠡᠭᠳᠡᠭᠦᠯᠪᠡ᠃ 500 ᠡᠷᠦᠬᠡ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠵᠤ᠂ | 28915 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ 8 . 7 ᠲᠦᠮᠡᠨ ᠬᠥᠮᠦᠨ | 《 ᠬᠠᠯᠠᠭᠤᠨ ᠳᠤᠯᠠᠭᠠᠨ ᠭᠡᠷ ᠪᠠᠶᠢᠰᠢᠩ 》 ᠳᠤ ᠰᠠᠭᠤᠵᠤ᠂ 《 ᠰᠠᠭᠤᠷᠢᠰᠢᠬᠤ ᠳᠤ ᠲᠠᠭᠠᠯᠠᠮᠵᠢᠲᠠᠢ ᠬᠦᠰᠡᠯ | 》 ᠢ ᠪᠡᠶᠡᠯᠡᠭᠦᠯᠪᠡ᠃ ᠭᠦᠢᠯᠡᠷ ᠭᠤᠤᠯ ᠤᠨ ᠠᠮᠢ ᠠᠬᠤᠶ ᠶᠢᠨ ᠴᠡᠴᠡᠷᠯᠢᠭ᠂ ᠬᠤᠷᠴᠢᠨ ᠲᠠᠯ᠎ᠠ ᠬᠤᠲᠠ ᠶᠢᠨ | ᠳᠤᠮᠳᠠᠬᠢ ᠲᠠᠯ᠎ᠠ ᠨᠤᠲᠤᠭ ᠵᠡᠷᠭᠡ 12 ᠵᠦᠶᠯ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ | ᠨᠣᠭᠤᠭᠠᠷᠠᠭᠤᠯᠤᠯᠲᠠ ᠶᠢᠨ ᠲᠠᠯᠠᠪᠠᠶ 182 . 3 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂《 ᠵᠠᠮ | ᠳᠠᠭᠠᠤ ᠦᠵᠡᠮᠵᠢ ᠲᠠᠢ᠂ ᠬᠤᠶᠠᠷ ᠭᠤᠤᠯ ᠤᠨ ᠤᠷᠤᠰᠬᠠᠯ ᠲᠠᠢ᠂ ᠤᠳᠠ ᠮᠤᠳᠤᠨ ᠳᠤ ᠬᠦᠷᠢᠶᠡᠯᠡᠭᠳᠡᠭᠰᠡᠨ | 》ᠴᠡᠴᠡᠷᠯᠢᠭ ᠰᠢᠭ ᠬᠤᠲᠠ ᠪᠣᠶ ᠪᠣᠯᠪᠠ᠃ | ᠬᠤᠶᠠᠷ ᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠪᠠ᠃ ᠶᠠᠳᠠᠭᠤ | ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ 47 ᠵᠢᠱᠢᠶ᠎ᠡ ᠦᠵᠡᠭᠦᠯᠬᠦ ᠥᠯᠢᠭᠡᠷ ᠳᠠᠭᠤᠷᠢᠶᠠᠯᠲᠤ ᠲᠣᠰᠬᠤᠨ ᠤ ᠲᠣᠭᠤᠷᠢᠨ ᠳᠤ᠂ | ᠮᠠᠯ ᠵᠢᠭᠦᠷᠲᠡᠨ ᠲᠡᠵᠢᠭᠡᠨ ᠦᠷᠡᠵᠢᠭᠦᠯᠬᠦ᠂ ᠠᠶᠢᠯ ᠲᠣᠰᠬᠤᠨ ᠢ ᠨᠣᠭᠤᠭᠠᠷᠠᠭᠤᠯᠬᠤ᠂ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ 103 ᠲᠥᠷᠥᠯ ᠵᠦᠶᠯ ᠢ ᠬᠡᠷᠡᠭᠵᠢᠭᠦᠯᠪᠡ᠃《 1 + 1 + 6 | 》ᠵᠠᠭᠪᠤᠷ ᠢᠶᠠᠷ ᠲᠥᠪ ᠪᠣᠯᠭᠠᠵᠤ᠂《 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ | ᠭᠠᠴᠠᠭ᠎ᠠ ᠲᠣᠰᠬᠤᠨ ᠤ ᠲᠥᠯᠥᠪᠵᠢᠭᠦᠯᠭᠡ 》᠂ 《 ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 〈 | ᠠᠷᠪᠠᠨ ᠳᠥᠷᠪᠡᠳᠦᠭᠡᠷ ᠲᠠᠪᠤᠨ ᠵᠢᠯ 〉 ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠯᠥᠪᠵᠢᠭᠦᠯᠭᠡ | 》 ᠶᠢ ᠨᠠᠶᠢᠷᠠᠭᠤᠯᠤᠨ ᠵᠣᠬᠢᠶᠠᠪᠠ᠃ ᠬᠤᠷᠴᠢᠨ ᠪᠠᠯᠭᠠᠰᠤᠨ ᠤ ᠫᠢᠩ ᠠᠨ ᠲᠣᠰᠬᠤᠨ ᠢᠶᠠᠷ ᠲᠤᠷᠰᠢᠯᠲᠠ ᠶᠢᠨ ᠴᠡᠭ | ᠪᠣᠯᠭᠠᠵᠤ᠂ ᠪᠥᠬᠦ ᠠᠶᠢᠮᠠᠭ ᠲᠤ ᠬᠠᠮᠤᠭ ᠤᠨ ᠲᠡᠷᠢᠭᠦᠨ ᠳᠤ ᠤᠰᠤ ᠬᠠᠩᠭᠠᠵᠤ ᠭᠠᠳᠠᠭᠰᠢᠯᠠᠭᠤᠯᠬᠤ ᠶᠢ ᠨᠢᠭᠡ | ᠴᠣᠭᠴᠠᠵᠢᠭᠤᠯᠵᠤ᠂ ᠲᠣᠰᠬᠤᠨ ᠤ ᠠᠷᠠᠳ ᠤᠨ ᠠᠮᠢᠳᠤᠷᠠᠯ ᠤᠨ ᠶᠠᠰᠤ ᠴᠢᠨᠠᠷ ᠪᠥᠬᠦ ᠲᠠᠯ᠎ᠠ ᠪᠠᠷ ᠳᠡᠭᠡᠭᠰᠢᠯᠡᠪᠡ᠃ | ᠵᠢᠷᠦᠬᠡᠨ ᠪᠠᠯᠭᠠᠰᠤᠨ ᠤ ᠬᠤᠩ ᠰᠢᠨ ᠲᠣᠰᠬᠤᠨ ᠢᠶᠠᠷ ᠲᠤᠷᠰᠢᠯᠲᠠ ᠶᠢᠨ ᠴᠢᠭ ᠪᠣᠯᠭᠠᠵᠤ᠂ ᠭᠡᠷᠡᠯ ᠢᠶᠠᠷ ᠴᠠᠬᠢᠯᠭᠠᠨ | ᠭᠠᠷᠭᠠᠬᠤ ᠲᠥᠷᠥᠯ ᠵᠦᠢᠯ ᠢ ᠬᠡᠷᠡᠭᠵᠢᠭᠦᠯᠵᠦ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 5 . 4 ᠲᠦᠮᠡᠨ ᠭᠷᠠᠳᠦ᠋ᠰ | ᠲᠤ ᠬᠦᠷᠪᠡ᠃《 ᠵᠣᠷᠯᠣᠩ ᠤᠨ ᠥᠭᠡᠷᠡᠴᠢᠯᠡᠯᠲᠡ》 ᠢ ᠪᠦᠬᠦ ᠬᠦᠴᠦᠨ ᠢᠶᠠᠷ ᠠᠬᠢᠭᠤᠯᠵᠤ᠂ 11768 ᠡᠷᠦᠬᠡ | ᠶᠢᠨ ᠵᠣᠷᠯᠣᠩ ᠢ ᠥᠭᠡᠷᠡᠴᠢᠯᠡᠪᠡ᠃ ᠢᠯᠭᠠᠳᠠᠰᠤᠨ ᠪᠣᠬᠢᠷᠲᠤᠯ ᠢ ᠰᠢᠶᠳᠪᠦᠷᠢᠯᠡᠬᠦ ᠭᠤᠷᠪᠠᠳᠠᠬᠢ ᠡᠲᠡᠭᠡᠳ ᠤᠨ | ᠪᠠᠶᠢᠭᠤᠯᠤᠮᠵᠢ ᠶᠢ ᠪᠣᠶᠢᠵᠢᠭᠤᠯᠤᠨ᠂ ᠮᠠᠯ ᠵᠢᠭᠦᠷᠲᠡᠨ ᠤ ᠢᠯᠭᠠᠳᠠᠰᠣᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ | ᠨᠣᠷᠮ᠎ᠠ ᠶᠢ 91 . 7 % ᠳᠤ ᠬᠦᠷᠦᠭᠦᠯᠪᠡ᠃ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ | ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠢ | ᠨᠡᠶᠢᠳᠡᠮ ᠬᠡᠷᠡᠭᠵᠢᠭᠦᠯᠬᠦ ᠶᠢ ᠪᠡᠶᠡᠯᠡᠭᠦᠯᠪᠡ ᠃ ᠪᠠᠶᠢᠭᠤᠯᠵᠤ ᠬᠠᠮᠢᠶᠠᠷᠬᠤ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠳᠦᠷᠢ ᠳᠥᠷᠬᠦ ᠲᠠᠰᠤᠷᠠᠯᠲᠠ ᠥᠬᠡᠶ | ᠳᠡᠭᠡᠭᠰᠢᠯᠡᠭᠦᠯᠪᠡ᠃ | ᠭᠤᠷᠪᠠ ᠳᠤ᠂ ᠬᠤᠳᠠ ᠬᠥᠳᠡᠭᠡ ᠶᠢᠨ ᠠᠭᠤᠰᠤᠯᠴᠠᠯ ᠤᠨ ᠠᠯᠬᠤᠴᠠ ᠲᠦᠷᠭᠡᠳᠪᠡ᠃ 302 ᠤᠯᠤᠰ ᠤᠨ | ᠲᠡᠰ ᠤᠨ ᠵᠠᠰᠠᠮᠠᠯ ᠵᠠᠮ ᠠᠴᠠ ᠣᠯᠠᠨᠭᠤᠤᠯ ᠬᠦᠷᠬᠦ᠂ ᠤᠯᠠᠭᠠᠨ᠋ᠣ᠋ᠳᠣ ᠠᠴᠠ ᠯᠢᠦᠢ ᠱᠦᠢ᠂ ᠬᠠᠷᠠᠪᠠᠶᠢᠰᠢᠩ ᠬᠦᠷᠬᠦ | ᠵᠠᠰᠠᠮᠠᠯ ᠵᠠᠮ ᠤᠨ ᠪᠠᠷᠢᠯᠭ᠎ᠠ ᠶᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠪᠠ᠃ ᠱᠠᠷᠢᠭ ᠤᠨ ᠶᠡᠭᠡ | ᠬᠥᠭᠦᠷᠭᠡ ᠶᠢᠨ ᠪᠠᠷᠢᠯᠭ᠎ᠠ ᠳᠠᠭᠤᠰᠴᠤ ᠲᠡᠷᠭᠡ ᠨᠡᠪᠲᠡᠷᠡᠭᠰᠡᠨ᠂ ᠤᠯᠤᠰ ᠤᠨ ᠲᠡᠰ ᠤᠨ 331 ᠱᠤᠭᠤᠮ ᠤᠨ | ᠡᠬᠢᠯᠡᠯᠲᠡ ᠶᠢᠨ ᠴᠡᠭ ᠠᠴᠠ ᠪᠣᠭᠳᠠ ᠠᠭᠤᠯᠠ ᠬᠦᠷᠬᠦ᠂ ᠣᠯᠠᠨᠭᠤᠤᠯ ᠠᠴᠠ ᠤᠯᠠᠭᠠᠨ ᠤᠳᠤ ᠬᠦᠷᠬᠦ ᠵᠤᠭᠠᠴᠠᠯ ᠤᠨ | ᠵᠠᠰᠠᠮᠠᠯ ᠵᠠᠮ ᠵᠡᠷᠭᠡ 5 ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤᠨᠢ ᠲᠦᠯᠬᠢᠨ ᠠᠬᠢᠭᠤᠯᠪᠠ᠃ ᠪᠦᠬᠦ | ᠬᠤᠰᠢᠭᠤᠨ ᠤ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ ᠨᠡᠶᠢᠲᠡ 2066 ᠺᠢᠯᠣᠮᠧᠲᠷ ᠪᠠᠶᠢᠭᠤᠯᠵᠤ᠂ 1010 | ᠺᠢᠯᠣᠮᠧᠲᠷ ᠵᠡᠭᠡᠯᠢ ᠭᠤᠳᠤᠮᠵᠢ ᠶᠢ ᠬᠠᠲᠠᠭᠤᠷᠠᠭᠤᠯᠵᠤ᠂ ᠰᠠᠭᠠᠳ ᠦᠭᠡᠢ ᠨᠡᠪᠲᠡᠷᠡᠬᠦ᠂ ᠳᠥᠷᠪᠡᠨ ᠵᠦᠭ ᠨᠠᠢᠮᠠᠨ | ᠵᠣᠪᠬᠢᠰ ᠲᠤ ᠨᠡᠪᠲᠡᠷᠡᠬᠦ ᠬᠥᠳᠡᠭᠡ ᠲᠣᠰᠬᠤᠨ ᠤ ᠵᠠᠮ ᠤᠨ ᠲᠣᠣᠷ ᠤᠨ ᠰᠢᠰᠲ᠋ᠧᠮ ᠢ ᠪᠠᠶᠢᠭᠤᠯᠪᠠ᠃ ᠭᠤᠤᠯ ᠮᠥᠷᠡᠨ | ᠨᠠᠭᠤᠷ ᠴᠥᠭᠦᠷᠥᠮ ᠤᠨ ᠡᠷᠭᠢ ᠶᠢᠨ ᠱᠤᠭᠤᠮ 24 . 9 ᠺᠢᠯᠣᠮᠧᠲᠷ᠂ ᠭᠤᠤᠯ ᠤᠨ ᠵᠠᠮ 33 . 4 ᠺᠢᠯᠣᠮᠧᠲᠷ᠂ | ᠢᠳᠡᠭᠳᠡᠮᠡᠯ ᠭᠤᠤ 44 ᠵᠤᠷᠪᠤᠰ ᠪᠠᠶᠢᠵᠤ᠂ ᠬᠥᠷᠥᠰᠥ ᠰᠢᠷᠣᠶ ᠶᠢᠨ ᠬᠠᠮᠠᠭᠠᠯᠠᠯᠲᠠ ᠶᠢ 46 . 4 ᠲᠡᠭᠰᠢ | ᠳᠥᠷᠪᠡᠯᠵᠢᠨ ᠺᠢᠯᠣᠮᠧᠲᠷ ᠪᠡᠶᠡᠯᠡᠭᠦᠯᠪᠡ᠃ 10 ᠺᠢᠯᠤᠸᠤᠯᠲ ᠠᠴᠠ ᠳᠣᠷᠣᠭᠰᠢᠬᠢ ᠬᠥᠳᠡᠭᠡ ᠲᠣᠰᠬᠤᠨ ᠤ ᠴᠠᠬᠢᠯᠭᠠᠨ | ᠲᠣᠣᠷ ᠢ ᠥᠭᠡᠷᠡᠴᠢᠯᠡᠬᠦ ᠢᠨᠵᠧᠨᠧᠷᠢᠩ ᠢ ᠨᠡᠶᠢᠲᠡ 1432 ᠺᠢᠯᠣᠮᠧᠲᠷ ᠬᠡᠷᠡᠭᠵᠢᠭᠦᠯᠵᠦ᠂ 537 ᠬᠦᠴᠦᠳᠡᠯ | ᠬᠤᠪᠢᠰᠬᠠᠬᠤ ᠮᠠᠰᠢᠨ ᠤᠭᠰᠠᠷᠠᠵᠤ᠂ ᠡᠷᠭᠦᠨ᠎ᠡ ᠶᠢᠨ 66 ᠺᠢᠯᠤᠸᠤᠯᠲ ᠬᠦᠴᠦᠳᠡᠯ ᠬᠤᠪᠢᠰᠬᠠᠬᠤ ᠥᠷᠲᠡᠭᠡ ᠶᠢᠨ | ᠥᠷᠭᠡᠳᠬᠡᠨ ᠪᠠᠶᠢᠭᠤᠯᠬᠤ ᠵᠡᠷᠭᠡ 4 ᠲᠥᠷᠥᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠵᠤ᠂ ᠴᠠᠬᠢᠯᠭᠠᠨ | ᠬᠦᠴᠦᠨ ᠤ ᠪᠠᠲᠤᠯᠠᠭ᠎ᠠ ᠶᠢᠨ ᠬᠢᠷᠢ ᠲᠦᠪᠰᠢᠨ ᠪᠦᠬᠦ ᠲᠠᠯ᠎ᠠ ᠪᠠᠷ ᠳᠡᠭᠡᠭᠰᠢᠯᠡᠪᠡ᠃ | ( ᠲᠠᠪᠤ ) ᠪᠢᠳᠡ ᠠᠵᠠ ᠵᠢᠷᠭᠠᠯ ᠢᠶᠠᠨ ᠨᠡᠮᠡᠭᠳᠡᠭᠦᠯᠵᠦ᠂ ᠨᠢᠭᠡ ᠰᠡᠳᠬᠢᠯ ᠢᠶᠠᠷ ᠠᠷᠠᠳ ᠲᠦᠮᠡᠨ ᠳᠤ | ᠦᠢᠯᠡᠴᠢᠯᠡᠵᠦ᠂ ᠬᠥᠮᠦᠰ ᠤᠨ ᠰᠡᠳᠬᠢᠯ ᠢ ᠳᠤᠯᠠᠭᠠᠴᠠᠭᠤᠯᠤᠭᠰᠠᠨ 《 ᠠᠷᠠᠳ ᠤᠨ ᠠᠮᠢᠳᠤᠷᠠᠯ ᠤᠨ ᠬᠠᠷᠢᠭᠤᠯᠲᠠ | ᠶᠢᠨ ᠬᠠᠭᠤᠳᠠᠰᠤ 》 ᠶᠢ ᠲᠤᠰᠢᠶᠠᠪᠠ᠃ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ | ᠦᠢᠯᠡᠳᠦᠯᠭᠡᠵᠢᠭᠦᠯᠵᠦ᠂ ᠦᠨᠡᠨ ᠰᠡᠳᠬᠢᠯ ᠠᠴᠠ ᠪᠠᠨ ᠠᠷᠠᠳ ᠲᠦᠮᠡᠨ ᠳᠤ ᠦᠢᠯᠡᠴᠢᠯᠡᠵᠦ᠂ ᠪᠦᠬᠦ ᠰᠡᠳᠬᠢᠯ ᠢᠶᠠᠷ | ᠢᠶᠠᠨ ᠠᠷᠠᠳ ᠲᠦᠮᠡᠨ ᠳᠤ ᠠᠰᠢᠭ ᠬᠦᠷᠲᠡᠭᠡᠵᠦ᠂ ᠬᠠᠷᠢᠭᠤᠴᠠᠯᠭ᠎ᠠ ᠲᠠᠢ ᠪᠠᠶᠢᠵᠤ᠂ ᠬᠠᠶᠢᠷ᠎ᠠ ᠰᠡᠳᠬᠢᠯᠭᠡ ᠲᠠᠢ ᠪᠠᠷ | ᠠᠷᠠᠳ ᠲᠦᠮᠡᠨ ᠳᠤ ᠪᠣᠳᠠᠲᠤ ᠶᠠᠪᠤᠳᠠᠯ ᠬᠢᠵᠦ᠂ ᠬᠥᠭᠵᠢᠯᠲᠡ ᠨᠢ ᠨᠡᠩ ᠬᠠᠯᠠᠭᠤᠨ ᠳᠤᠯᠠᠭᠠᠨ᠂ ᠵᠣᠯ ᠵᠢᠷᠭᠠᠯ ᠨᠢ | ᠨᠡᠩ ᠦᠨᠡᠨ ᠪᠣᠳᠠᠲᠠᠢ ᠪᠣᠯᠪᠠ᠃ | ᠨᠢᠭᠡ ᠳᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠲᠣᠭᠲᠠᠭᠤᠨ ᠢᠶᠠᠷ ᠳᠡᠭᠡᠭᠰᠢᠯᠡᠪᠡ᠃ ᠠᠷᠠᠳ ᠤᠨ | ᠬᠦᠰᠡᠯ ᠡᠷᠡᠮᠡᠯᠵᠡᠯ ᠢ ᠵᠠᠰᠠᠭ ᠶᠠᠪᠤᠭᠤᠯᠬᠤ ᠬᠠᠨᠳᠤᠰᠢ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ | ᠬᠦᠷᠢᠶᠡᠨ ᠳᠠᠬᠢ ᠵᠠᠷᠤᠯᠭ᠎ᠠ ᠨᠡᠶᠢᠲᠡ 129 . 6 ᠳ᠋ᠦᠩᠰᠢᠭᠤᠷ ᠲᠥᠭᠦᠷᠢᠭ ᠲᠤ ᠬᠦᠷᠴᠦ᠂ ᠡᠳ᠋ ᠤᠨ ᠵᠠᠰᠠᠭ ᠤᠨ | ᠶᠡᠷᠦᠩᠬᠡᠶ ᠵᠠᠷᠤᠯᠭ᠎ᠠ ᠶᠢᠨ 76 % ᠶᠢ ᠡᠵᠡᠯᠡᠪᠡ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠧᠲ ᠢᠶᠠᠷ ᠰᠢᠶᠳᠪᠦᠷᠢ ᠭᠠᠷᠭᠠᠬᠤ ᠲᠥᠷᠥᠯ ᠵᠦᠶᠯ ᠢ | ᠪᠦᠬᠦᠨ ᠢ ᠪᠡᠶᠡᠯᠡᠭᠦᠯᠵᠦ᠂ ᠠᠷᠠᠳ ᠤᠨ ᠲᠥᠯᠥᠭᠡ ᠠᠮᠠᠯᠳᠠᠭᠰᠠᠨ ᠢᠶᠠᠨ ᠴᠢᠨᠠᠷ ᠰᠠᠶᠢᠲᠠᠶ ᠪᠡᠶᠡᠯᠡᠭᠦᠯᠪᠡ᠃ ᠠᠵᠢᠯ | ᠣᠯᠭᠤᠯᠲᠠ ᠶᠢ ᠬᠠᠮᠤᠭ ᠤᠨ ᠶᠡᠭᠡ ᠠᠷᠠᠳ ᠤᠨ ᠠᠮᠢᠳᠤᠷᠠᠯ ᠠᠰᠠᠭᠤᠳᠠᠯ ᠪᠣᠯᠭᠠᠵᠤ᠂ ᠬᠤᠲᠠ ᠪᠠᠯᠭᠠᠰᠤᠨ ᠤ | 1047 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3 | . 9 % ᠶᠢᠨ ᠳᠣᠲᠣᠷ᠎ᠠ ᠬᠢᠵᠠᠭᠠᠷᠯᠠᠪᠠ᠃ ᠡᠯ᠎ᠡ ᠲᠥᠷᠥᠯ ᠤᠨ ᠠᠪᠤᠷᠠᠨ ᠲᠤᠰᠠᠯᠠᠬᠤ᠂ ᠨᠥᠬᠦᠪᠥᠷᠢ ᠪᠠᠯᠠ ᠮᠥᠩᠭᠦ | ᠶᠢ ᠨᠡᠶᠢᠲᠡ 7 . 9 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠰ ᠲᠣᠰ 30 % ᠪᠠ 28 % ᠪᠠᠷ ᠳᠡᠭᠡᠭᠰᠢᠯᠡᠭᠦᠯᠵᠦ᠂ ᠣᠨᠴᠠ | ᠬᠦᠴᠢᠷᠳᠡᠯᠲᠡᠶ ᠡᠲᠡᠭᠡᠳ ᠲᠤ ᠨᠥᠬᠦᠪᠥᠷᠢ ᠥᠭᠬᠦ ᠪᠠᠷᠢᠮᠵᠢᠶ᠎ᠠ ᠶᠢ 30 % ᠪᠠᠷ ᠳᠡᠭᠡᠭᠰᠢᠯᠡᠭᠦᠯᠵᠦ᠂ ᠡᠮᠴᠢᠯᠡᠭᠡᠨ ᠤ | ᠳᠠᠭᠠᠳᠬᠠᠯ ᠢ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠶᠢ ᠪᠡᠶᠡᠯᠡᠭᠦᠯᠵᠦ᠂ | ᠨᠡᠶᠢᠭᠡᠮ ᠤᠨ ᠳᠠᠭᠠᠳᠬᠠᠯ ᠤᠨ ᠭᠠᠷᠲᠠᠨ ᠭᠦᠶᠴᠡᠳᠬᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ ᠃ | ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠠᠵᠢᠯ ᠢ ᠡᠮᠬᠢ ᠴᠡᠭᠴᠡ ᠲᠠᠢ ᠠᠬᠢᠭᠤᠯᠵᠤ᠂ 415 ᠠᠵᠢᠯ ᠤᠨ | ᠪᠠᠶᠢᠷᠢ ᠲᠤᠬᠢᠷᠠᠭᠤᠯᠤᠨ᠂ ᠬᠤᠰᠢᠭᠤ ᠰᠢᠶᠠᠩ ᠲᠣᠰᠬᠤᠨ ᠭᠤᠷᠪᠠᠨ ᠱᠠᠲᠤᠨ ᠤ ᠴᠡᠷᠢᠭ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠪᠠ᠃ 1470 ᠲᠦᠮᠡᠨ ᠲᠥᠭᠦᠷᠢᠭ | ᠤᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠯᠪᠢᠵᠤ᠂ ᠰᠢᠨ᠎ᠡ ᠶᠢ ᠡᠭᠦᠳᠴᠦ ᠦᠢᠯᠡᠰ ᠪᠣᠰᠬᠠᠬᠤ ᠰᠠᠭᠤᠷᠢᠨ | ᠭᠠᠵᠠᠷ ᠲᠤ 97 ᠠᠵᠤ ᠠᠬᠤᠶᠢᠯᠠᠯ ᠣᠷᠣᠵᠤ ᠰᠠᠭᠤᠷᠢᠰᠢᠨ᠂ 860 ᠬᠥᠮᠦᠨ ᠤ ᠠᠵᠢᠯ ᠣᠯᠵᠤ ᠦᠢᠯᠡᠰ ᠪᠣᠰᠬᠠᠬᠤ | ᠶᠢ ᠳᠠᠶᠢᠴᠢᠯᠠᠨ ᠳᠠᠭᠠᠭᠤᠯᠪᠠ᠃ | ᠬᠤᠶᠠᠷ ᠲᠤ᠂ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠲᠠᠪᠰᠢᠪᠠ᠃ ᠰᠤᠷᠭᠠᠨ ᠬᠥᠮᠦᠵᠢᠯ ᠢ ᠤᠷᠢᠳ ᠢᠶᠠᠷ | ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ | ᠲᠡᠩᠴᠡᠭᠦᠷᠢᠲᠡᠶ ᠪᠠᠶᠢᠯᠭᠠᠵᠤ᠂ ᠦᠨᠳᠦᠰᠦᠲᠡᠨ ᠤ ᠰᠤᠷᠭᠠᠨ ᠬᠥᠮᠦᠵᠢᠯ ᠡᠯᠪᠡᠭ ᠳᠡᠯᠪᠡᠭ ᠦᠷ᠎ᠡ ᠪᠦᠲᠦᠭᠡᠯ ᠣᠯᠵᠤ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠰᠢᠯᠢᠳᠡᠭᠵᠢᠭᠦᠯᠪᠡ᠃ | ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠢ ᠰᠡᠯᠪᠢᠨ ᠵᠠᠰᠠᠵᠤ ᠥᠭᠡᠷᠡᠴᠢᠯᠡᠨ ᠪᠠᠶᠢᠭᠤᠯᠵᠤ᠂ ᠳᠥᠷᠪᠡᠳᠦᠭᠡᠷ | ᠬᠡᠦᠬᠡᠳ ᠤᠨ ᠴᠡᠴᠡᠷᠯᠢᠭ᠂ ᠶᠦᠩ ᠰᠢᠩ ᠪᠠᠭ᠎ᠠ ᠰᠤᠷᠭᠠᠭᠤᠯᠢ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠰᠤᠷᠭᠠᠨ | ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠢ ᠪᠠᠶᠢᠭᠤᠯᠵᠤ᠂ ᠬᠤᠰᠢᠭᠤᠨ ᠤ ᠪᠠᠭᠰᠢ ᠶᠢᠨ ᠬᠥᠭᠵᠢᠯᠲᠡ ᠶᠢᠨ | ᠲᠥᠪ ᠥᠨᠳᠥᠷ ᠭᠠᠷᠤᠭ᠎ᠠ ᠠᠴᠠ ᠠᠵᠢᠯᠯᠠᠵᠤ ᠡᠬᠢᠯᠡᠪᠡ᠃ ᠪᠦᠬᠦ ᠠᠶᠢᠮᠠᠭ ᠤᠨ ᠠᠩᠬᠠᠳᠠᠭᠴᠢ 《 ᠠᠯᠪᠠᠨ ᠠᠴᠠ | ᠪᠠᠶᠢᠭᠤᠯᠵᠤ ᠠᠷᠠᠳ ᠠᠴᠠ ᠡᠵᠡᠩᠨᠡᠭᠰᠡᠨ 》ᠨᠠᠰᠤᠲᠠᠨ ᠢ ᠠᠰᠠᠷᠠᠬᠤ ᠬᠦᠷᠢᠶᠡᠯᠡᠩ ᠢ ᠠᠰᠢᠭᠯᠠᠯᠲᠠ ᠳᠤ ᠣᠷᠣᠭᠤᠯᠵᠤ᠂ | ᠲᠢᠶᠠᠨᠵᠢᠨ ᠬᠠᠷᠪᠢᠨ ᠤ ᠰᠤᠪᠢᠯᠠᠯᠲᠠ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠦᠬᠦ ᠲᠠᠯ᠎ᠠ ᠪᠠᠷ | ᠳᠠᠭᠤᠰᠬᠠᠪᠠ᠃ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ᠂ ᠵᠢᠷᠦᠬᠡᠨ ᠡᠷᠡᠭᠦᠯ ᠬᠠᠮᠠᠭᠠᠯᠠᠯ ᠤᠨ | ᠬᠤᠷᠢᠶ᠎ᠠ ᠶᠢᠨ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠭᠡᠷ ᠪᠠ ᠵᠡᠮᠳᠡᠭᠴᠦᠳ ᠤᠨ ᠡᠷᠡᠭᠦᠯᠵᠢᠯ ᠤᠨ ᠲᠥᠪ ᠢ | ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠲᠤᠷᠰᠢᠯᠲᠠ ᠶᠢᠨ | ᠲᠠᠰᠤᠭ᠂ ᠪᠢ ᠬᠦᠢ ᠶᠤᠸᠠᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ | ᠠᠰᠢᠭᠯᠠᠯᠲᠠ ᠳᠤ ᠣᠷᠣᠭᠤᠯᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠵᠤ᠂ ᠡᠩ ᠤᠨ ᠦᠶ᠎ᠡ ᠪᠠ ᠳᠠᠶᠢᠨ ᠤ ᠦᠶ᠎ᠡ ᠶᠢ ᠤᠶᠠᠯᠳᠤᠭᠤᠯᠬᠤ᠂ | ᠰᠠᠶᠢᠨ ᠰᠡᠷᠭᠡᠶᠢᠯᠡᠬᠦ ᠶᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ 《 ᠣᠷᠣᠭᠤᠯᠬᠤ ᠦᠭᠡᠢ᠂ ᠣᠨᠣᠰᠢᠯᠠᠬᠤ ᠦᠭᠡᠢ | 》 ᠪᠠᠶᠢᠬᠤ ᠶᠢ ᠪᠡᠶᠡᠯᠡᠭᠦᠯᠪᠡ᠃ ᠮᠠᠨ ᠤ ᠬᠤᠰᠢᠭᠤ ᠪᠥᠸᠧ ᠤᠣ ᠶᠢᠨ ᠣᠯᠠᠨ ᠤᠯᠤᠰ ᠤᠨ ᠵᠢᠭᠤᠯᠴᠢᠯᠠᠯ ᠤᠨ 《 | ᠣᠨ ᠤ ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠶᠢ ᠡᠭᠦᠳᠦᠭᠰᠡᠨ ᠱᠠᠩᠨᠠᠯ 》 ᠢ ᠬᠦᠷᠲᠡᠵᠦ᠂ 《 | ᠬᠠᠮᠤᠭ ᠤᠷᠲᠤ ᠮᠣᠩᠭᠤᠯ ᠦᠨᠳᠦᠰᠦᠲᠡᠨ ᠤ ᠬᠠᠳᠬᠤᠮᠠᠯ ᠤᠨ ᠡᠪᠬᠡᠮᠡᠯ 》 ᠨᠢ ᠬᠢᠨᠢᠰ ᠤᠨ ᠳᠡᠯᠡᠬᠡᠢ ᠶᠢᠨ ᠲᠡᠮᠳᠡᠭᠯᠡᠯ | ᠳᠤ ᠰᠣᠩᠭᠤᠭᠳᠠᠵᠤ᠂ 《 ᠪᠠᠶᠠᠨᠵᠢᠷᠦᠬᠡ ᠠᠭᠤᠯᠠ ᠶᠢᠨ ᠲᠠᠬᠢᠯᠭ᠎ᠠ 》 ᠨᠢ ᠤᠯᠤᠰ ᠤᠨ ᠲᠡᠰ ᠤᠨ ᠪᠣᠳᠠᠰ ᠤᠨ | ᠪᠤᠰᠤ ᠰᠣᠶᠣᠯ ᠤᠨ ᠥᠪ ᠤᠨ ᠨᠡᠷᠡᠰ ᠲᠤ ᠵᠢᠭᠰᠠᠭᠠᠭᠳᠠᠪᠠ᠃ | ᠭᠤᠷᠪᠠ ᠳᠤ᠂ ᠨᠡᠶᠢᠭᠡᠮ ᠤᠨ ᠵᠠᠰᠠᠯᠲᠠ ᠨᠡᠩ ᠲᠣᠭᠲᠠᠪᠤᠷᠢᠵᠢᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠭᠠᠴᠠᠭ᠎ᠠ ᠲᠣᠰᠬᠤᠨ ᠤ ᠬᠠᠤᠯᠢ ᠴᠠᠭᠠᠵᠠ ᠶᠢᠨ | ᠵᠥᠪᠯᠡᠭᠴᠢ ᠶᠢ《 ᠪᠦᠷᠢᠨ ᠪᠥᠷᠬᠦᠭᠦᠯᠬᠦ 》 ᠶᠢ ᠪᠡᠶᠡᠯᠡᠭᠦᠯᠪᠡ ᠃ ᠳᠣᠯᠣᠳᠤᠭᠠᠷ ᠲᠠᠪᠤᠨ ᠵᠢᠯ ᠤᠨ ᠬᠠᠤᠯᠢ | ᠲᠦᠭᠡᠮᠡᠯᠵᠢᠭᠦᠯᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠨᠠᠢᠮᠠᠳᠤᠭᠠᠷ ᠲᠠᠪᠤᠨ ᠵᠢᠯ ᠤᠨ ᠬᠠᠤᠯᠢ | ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃ ᠲᠣᠭᠲᠠᠭᠤᠨ ᠪᠠᠶᠢᠯᠭᠠᠬᠤ ᠨᠢ ᠠᠯᠢᠪᠠ ᠠᠴᠠ ᠴᠢᠬᠤᠯᠠ | ᠪᠠᠶᠢᠬᠤ ᠶᠢ ᠪᠠᠷᠢᠮᠲᠠᠯᠠᠵᠤ᠂《 ᠠᠮᠤᠷ ᠠᠮᠤᠭᠤᠯᠠᠩ ᠡᠮᠦᠨᠡᠲᠦ ᠬᠤᠰᠢᠭᠤ 》 ᠶᠢ ᠲᠠᠰᠤᠷᠠᠯᠲᠠ ᠥᠬᠡᠶ | ᠭᠦᠨᠵᠡᠭᠡᠶᠢᠷᠡᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠥᠷᠨᠢᠭᠦᠯᠵᠦ᠂ | ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠦᠨᠡᠨ ᠪᠣᠳᠠᠲᠠᠶ ᠦᠷ᠎ᠡ ᠪᠦᠲᠦᠮᠵᠢ | ᠣᠯᠪᠠ᠃ ᠮᠠᠭᠤ ᠰᠠᠨᠠᠭ᠎ᠠ ᠪᠠᠷ ᠴᠠᠯᠢᠩ ᠥᠷᠢᠲᠦᠬᠦ ᠠᠵᠢᠯᠯᠠᠭ᠎ᠠ ᠳᠤ ᠬᠠᠲᠠᠭᠤ ᠴᠢᠩᠭ᠎ᠠ ᠴᠣᠬᠢᠯᠲᠠ ᠥᠭᠴᠦ᠂ | ᠨᠡᠶᠢᠲᠡ 4824 ᠬᠥᠯᠥᠰᠥᠨ ᠠᠵᠢᠯᠴᠢᠨ ᠳᠤ 1 . 1 ᠳ᠋ᠦᠩᠰᠢᠭᠤᠷ ᠲᠥᠭᠦᠷᠢᠭ ᠤᠨ ᠴᠠᠯᠢᠩ ᠨᠡᠬᠡᠮᠵᠢᠯᠡᠨ ᠠᠪᠴᠤ | ᠥᠭᠪᠡ᠃ ᠵᠥᠷᠢᠴᠡᠯ ᠵᠢᠭᠤᠷᠠᠯᠳᠤᠭᠠᠨ ᠢ ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠨᠠᠮᠳᠠᠭᠤᠯᠬᠤ᠂ ᠶᠡᠬᠡᠪᠡᠷ | ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠨᠢᠭᠡ ᠪᠦᠯᠦᠭ ᠲᠡᠦᠬᠡᠨ ᠠᠴᠠ ᠦᠯᠡᠳᠡᠭᠳᠡᠵᠦ | ᠢᠷᠡᠭᠰᠡᠨ ᠭᠤᠤᠯᠳᠠᠯᠭ᠎ᠠ ᠲᠠᠢ ᠬᠦᠴᠢᠷ ᠲᠦᠪᠡᠭᠲᠡᠶ ᠵᠠᠬᠢᠳᠠᠯ ᠰᠤᠷᠪᠤᠯᠵᠢᠯᠠᠭ᠎ᠠ ᠤᠨ ᠠᠰᠠᠭᠤᠳᠠᠯ ᠢ ᠰᠢᠶᠳᠪᠦᠷᠢᠯᠡᠪᠡ᠃ | 《 ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》ᠪᠠᠶᠢᠯᠳᠤᠬᠤ ᠪᠣᠳᠣᠯᠭ᠎ᠠ ᠶᠢ | ᠪᠥᠬᠦ ᠲᠠᠯ᠎ᠠ ᠪᠠᠷ ᠠᠬᠢᠭᠤᠯᠵᠤ᠂ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ | ᠶᠢ ᠲᠠᠰᠤᠷᠠᠯᠲᠠ ᠥᠬᠡᠶ ᠴᠢᠩᠭᠠᠷᠠᠭᠤᠯᠤᠨ᠂ ᠠᠶᠤᠯ ᠥᠬᠡᠶ ᠦᠶᠯᠡᠳᠪᠦᠷᠢᠯᠡᠯ ᠤᠨ ᠪᠠᠶᠢᠳᠠᠯ ᠢ ᠦᠷᠭᠦᠯᠵᠢᠯᠡᠨ | ᠲᠣᠭᠲᠠᠭᠤᠨ ᠪᠠᠶᠢᠯᠭᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ | ᠲᠠᠯ᠎ᠠ ᠪᠠᠷ ᠪᠠᠬᠢᠵᠢᠭᠦᠯᠵᠦ᠂ ᠳᠣᠯᠣᠳᠤᠭᠠᠷ ᠤᠳᠠᠭ᠎ᠠ 《 ᠥᠪᠡᠷᠲᠡᠭᠡᠨ ᠵᠠᠰᠠᠬᠤ ᠣᠷᠣᠨ ᠤ ᠲᠡᠰ ᠤᠨ ᠬᠤᠶᠠᠷ ᠢ | ᠬᠦᠷᠢᠶᠡᠯᠡᠬᠦ ᠵᠢᠱᠢᠶᠡᠴᠢ ᠬᠤᠰᠢᠭᠤ 》 ᠪᠠᠷ ᠦᠨᠡᠯᠡᠭᠳᠡᠪᠡ᠃ | ( ᠵᠢᠷᠭᠤᠭ᠎ᠠ ) ᠪᠢᠳᠡ ᠵᠣᠷᠢᠭᠲᠠᠶ ᠪᠠᠷ ᠰᠢᠨ᠎ᠡ ᠶᠢ ᠡᠭᠦᠳᠴᠦ᠂ ᠴᠢᠷᠮᠠᠶᠢᠨ ᠠᠵᠢᠯᠯᠠᠵᠤ᠂ ᠨᠡᠭᠡᠭᠡᠯᠲᠡ ᠬᠢᠵᠦ | ᠰᠢᠨ᠎ᠡ ᠶᠢ ᠡᠭᠦᠳᠬᠦ 《 ᠥᠭᠡᠷᠡᠴᠢᠯᠡᠯᠲᠡ ᠶᠢᠨ ᠬᠠᠷᠢᠭᠤᠯᠲᠠ ᠶᠢᠨ ᠬᠠᠭᠤᠳᠠᠰᠤ 》 ᠶᠢ ᠲᠤᠰᠢᠶᠠᠪᠠ᠃ | ᠢᠮᠠᠭᠲᠠ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ᠂ ᠨᠡᠭᠡᠭᠡᠯᠲᠡ ᠬᠢᠵᠦ ᠬᠥᠭᠵᠢᠨ ᠮᠠᠨᠳᠤᠬᠤ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠵᠤ᠂ ᠥᠭᠡᠷᠡᠴᠢᠯᠡᠯᠲᠡ ᠠᠴᠠ | ᠬᠥᠳᠡᠯᠭᠡᠬᠦ ᠬᠦᠴᠦᠨ ᠣᠯᠵᠤ᠂ ᠨᠡᠭᠡᠭᠡᠯᠲᠡ ᠠᠴᠠ ᠠᠮᠢᠵᠢᠷᠠᠯ ᠤᠨ ᠬᠦᠴᠦᠨ ᠣᠯᠪᠠ᠃ | ᠨᠢᠭᠡ ᠳᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠦᠷᠭᠦᠯᠵᠢᠯᠡᠨ ᠠᠬᠢᠭᠤᠯᠪᠠ᠃ ᠭᠤᠣᠯᠳᠠᠯᠭ᠎ᠠ | ᠲᠠᠢ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠣᠯᠠᠨ ᠲᠠᠯ᠎ᠠ ᠪᠠᠷ ᠰᠢᠪᠲᠤᠯᠤᠯᠲᠠ ᠲᠠᠢ ᠪᠣᠯᠵᠤ᠂《 ᠪᠠᠭᠤᠯᠭᠠᠬᠤ᠂ | ᠬᠠᠮᠢᠶᠠᠷᠬᠤ᠂ ᠦᠢᠯᠡᠴᠢᠯᠡᠬᠦ 》ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠬᠤᠰᠢᠭᠤ ᠰᠢᠶᠠᠨ | ᠤ ᠱᠠᠲᠤᠨ ᠤ 26 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠬᠦᠴᠦᠨ ᠦᠭᠡᠢ ᠪᠣᠯᠭᠠᠵᠤ᠂ ᠬᠢᠨᠠᠨ | ᠵᠥᠪᠰᠢᠶᠡᠷᠡᠬᠦ ᠵᠦᠢᠯᠡᠰ ᠤᠨ ᠭᠦᠢᠴᠡᠳᠬᠡᠬᠦ ᠴᠠᠭ ᠤᠨ ᠬᠢᠵᠠᠭᠠᠷ ᠢ 50 % ᠠᠴᠠ ᠳᠡᠭᠡᠭᠰᠢ ᠪᠣᠭᠤᠨᠢᠰᠬᠠᠪᠠ᠃ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠤᠯᠤᠰ ᠤᠨ ᠥᠮᠴᠢᠯᠡᠯᠲᠦ | ᠲᠠᠷᠢᠶᠠᠯᠠᠩ ᠮᠠᠯᠵᠢᠯ ᠤᠨ ᠲᠠᠯᠠᠪᠠᠶ ᠶᠢᠨ ᠨᠡᠶᠢᠭᠡᠮ ᠤᠨ ᠦᠶᠯᠡᠰ ᠡᠷᠭᠢᠯᠡᠬᠦ ᠡᠭᠦᠷᠭᠡ ᠴᠢᠳᠠᠪᠤᠷᠢ ᠶᠢᠨ ᠥᠭᠡᠷᠡᠴᠢᠯᠡᠯᠲᠡ | ᠶᠢ ᠯᠠᠪᠳᠠᠭᠤᠨ ᠢᠶᠠᠷ ᠠᠬᠢᠭᠤᠯᠤᠨ᠂ ᠳᠠᠪᠤᠰᠤᠨ ᠤ ᠦᠶᠯᠡᠰ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠤᠷᠤᠭᠰᠢᠲᠠᠶ ᠪᠡᠶᠡᠯᠡᠭᠦᠯᠵᠦ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠥᠪ | ᠤᠨ ᠣᠯᠠᠨ ᠲᠦᠮᠡᠨ ᠳᠤ ᠦᠶᠯᠡᠴᠢᠯᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠡᠭᠦᠷᠭᠡ ᠴᠢᠳᠠᠪᠤᠷᠢ ᠡᠭᠦᠷᠭᠡ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶ ᠪᠣᠯᠭᠠᠪᠠ᠃ ᠬᠤᠰᠢᠭᠤᠨ ᠤ ᠤᠯᠤᠰ ᠤᠨ ᠥᠮᠴᠢᠯᠡᠯᠲᠡ | ᠪᠡᠯᠡ ᠬᠤᠷᠠᠮᠳᠤᠭᠤᠯᠬᠤ ᠪᠠᠲᠤᠯᠠᠭᠠᠨ ᠤ ᠺᠣᠮᠫᠠᠨᠢ ᠪᠠᠶᠢᠭᠤᠯᠵᠤ᠂ ᠤᠯᠤᠰ ᠠᠴᠠ ᠪᠡᠯᠡ ᠣᠷᠣᠭᠤᠯᠤᠯᠲᠠ ᠶᠢᠨ ᠺᠣᠮᠫᠠᠨᠢ | ᠶᠢᠨ ᠵᠠᠬ᠎ᠠ ᠳᠡᠯᠭᠡᠭᠦᠷᠴᠢᠯᠡᠭᠰᠡᠨ ᠬᠡᠯᠪᠡᠷᠢ ᠶᠢᠨ ᠬᠤᠪᠢᠷᠠᠯᠲᠠ ᠶᠢ ᠲᠦᠷᠭᠡᠳᠬᠡᠨ ᠠᠬᠢᠭᠤᠯᠵᠤ᠂ ᠪᠦᠬᠦ ᠣᠷᠣᠨ ᠤ | ᠠᠩᠬᠠᠳᠠᠭᠴᠢ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠠᠷᠠᠯᠵᠢᠶᠠᠨ ᠤ ᠲᠥᠪ ᠵᠢᠩᠬᠢᠨᠢ ᠪᠠᠷ ᠡᠵᠡᠩᠨᠡᠯᠲᠡ ᠪᠠᠨ | ᠡᠬᠢᠯᠡᠭᠦᠯᠪᠡ᠃ ᠴᠢᠬᠤᠯᠠ ᠶᠡᠭᠡ ᠲᠥᠷᠥᠯ ᠵᠦᠶᠯ ᠢ ᠨᠡᠭᠡᠭᠡᠵᠦ᠂ ᠭᠤᠤᠯᠳᠠᠯᠭ᠎ᠠ ᠲᠠᠢ ᠭᠠᠶᠢᠯᠢ ᠶᠢᠨ ᠢᠷᠡᠯᠲᠡ ᠶᠢᠨ 《 | ᠰᠢᠭᠤᠳ ᠨᠡᠪᠲᠡᠷᠡᠬᠦ ᠲᠡᠷᠭᠡ 》 ᠶᠢ ᠨᠡᠭᠡᠭᠡᠵᠦ᠂ ᠭᠠᠶᠢᠯᠢ ᠳᠤ ᠬᠤᠯᠪᠣᠭᠳᠠᠭᠰᠠᠨ 184 ᠵᠦᠶᠯᠡᠰ ᠢ ᠨᠢᠭᠡ ᠯᠡ | ᠤᠳᠠᠭ᠎ᠠ ᠳᠤ ᠰᠢᠶᠳᠪᠦᠷᠢᠯᠡᠵᠦ ᠳᠠᠭᠤᠰᠬᠠᠪᠠ᠃ ᠬᠥᠳᠡᠭᠡ ᠲᠣᠰᠬᠤᠨ ᠤ ᠭᠠᠵᠠᠷ ᠰᠢᠷᠣᠶ ᠶᠢᠨ 《 ᠭᠤᠷᠪᠠᠨ ᠡᠷᠬᠡ | ᠶᠢ ᠰᠠᠯᠭᠠᠬᠤ 》 ᠥᠭᠡᠷᠡᠴᠢᠯᠡᠯᠲᠡ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ | ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠭᠠᠵᠠᠷ ᠰᠢᠷᠣᠶ ᠶᠢᠨ ᠡᠷᠬᠡ ᠶᠢ ᠨᠤᠲᠠᠯᠠᠨ | ᠲᠣᠭᠲᠠᠭᠠᠭᠰᠠᠨ ᠦᠨᠡᠮᠯᠡᠯ ᠢ 7 . 2 ᠲᠦᠮᠡᠨ ᠬᠤᠪᠢ ᠣᠯᠭᠤᠵᠤ᠂ 16 . 1 ᠳ᠋ᠦᠩᠰᠢᠭᠤᠷ ᠲᠥᠭᠦᠷᠢᠭ ᠤᠨ | ᠬᠠᠮᠲᠤ ᠶᠢᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠬᠢᠨᠠᠨ ᠬᠠᠷᠭᠤᠭᠤᠯᠪᠠ᠃ | ᠬᠤᠶᠠᠷ ᠲᠤ᠂ ᠨᠡᠭᠡᠭᠡᠯᠲᠡ ᠬᠢᠬᠦ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠪᠡᠭᠡᠵᠢᠩ ᠳᠤ | ᠲᠠᠷᠢᠶᠠᠯᠠᠩ ᠤᠨ ᠣᠨᠴᠠ ᠰᠢᠯᠢᠳᠡᠭ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠴᠤᠭᠯᠠᠭᠠᠨ ᠢ ᠠᠮᠵᠢᠯᠲᠠ ᠲᠠᠢ | ᠡᠷᠬᠢᠯᠡᠵᠦ᠂ ᠵᠠᠭᠤ ᠭᠠᠷᠤᠶ ᠵᠦᠢᠯ ᠤᠨ ᠲᠠᠸᠠᠷ ᠨᠡᠶᠢᠰᠯᠡᠯ ᠤᠨ ᠵᠠᠬ᠎ᠠ ᠳᠡᠯᠭᠡᠭᠦᠷ ᠲᠤ ᠣᠷᠣᠪᠠ᠃ ᠪᠥᠬᠦ ᠠᠶᠢᠮᠠᠭ ᠤᠨ | ᠠᠩᠬᠠᠳᠠᠭᠴᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠲᠥᠪ ᠵᠢᠩᠬᠢᠨᠢ ᠪᠠᠷ | ᠠᠰᠢᠭᠯᠠᠯᠲᠠ ᠳᠤ ᠣᠷᠣᠵᠤ᠂ 100 ᠭᠠᠷᠤᠶ ᠰᠦᠯᠵᠢᠶᠡᠨ ᠳᠡᠯᠭᠡᠭᠦᠷ ᠢ ᠪᠣᠶᠢᠵᠢᠭᠤᠯᠵᠤ᠂ ᠧᠦ᠋ᠷᠣᠫᠠ ᠠᠮᠧᠷᠢᠺᠠ | ᠵᠡᠷᠭᠡ 10 ᠭᠠᠷᠤᠶ ᠤᠯᠤᠰ ᠢ ᠬᠠᠮᠤᠷᠤᠭᠰᠠᠨ ᠪᠠᠶᠢᠨ᠎ᠠ᠃《 ᠤᠯᠠᠭᠠᠨᠮᠣᠳᠣ ᠳᠤᠮᠳᠠᠳᠤ ᠤᠯᠤᠰ ᠤᠨ ᠲᠠᠯ᠎ᠠ ᠨᠤᠲᠤᠭ | ᠤᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠶᠠᠷᠢᠶᠠᠨ ᠤ ᠲᠠᠪᠴᠠᠩ 》᠂ 《 ᠳᠤᠮᠳᠠᠳᠤ ᠮᠣᠩᠭᠤᠯ ᠤᠨ | ᠣᠯᠠᠨ ᠤᠯᠤᠰ ᠤᠨ ᠪᠣᠬᠢᠷᠲᠤᠯ ᠥᠬᠡᠶ ᠪᠦᠲᠦᠭᠡᠭᠳᠡᠬᠦᠨ ᠤ ᠦᠵᠡᠰᠬᠦᠯᠡᠩ ᠤᠨ ᠴᠤᠭᠯᠠᠭᠠᠨ 》᠂ 《 ᠳᠤᠮᠳᠠᠳᠤ | ᠮᠣᠩᠭᠤᠯ ᠣᠷᠣᠰ ᠤᠨ ᠣᠯᠠᠨ ᠤᠯᠤᠰ ᠤᠨ ᠰᠠᠭᠰᠤᠨ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ 》 ᠢ | ᠠᠮᠵᠢᠯᠲᠠ ᠲᠠᠢ ᠡᠷᠭᠢᠯᠡᠵᠦ᠂ ᠨᠡᠭᠡᠭᠡᠯᠲᠡ ᠬᠢᠵᠦ ᠬᠠᠮᠲᠤᠷᠠᠯᠴᠠᠬᠤ ᠵᠠᠮ ᠶᠠᠪᠤᠬᠤ ᠲᠤᠲᠤᠮ ᠥᠷᠭᠡᠵᠢᠪᠡ᠃ ᠶᠦᠨᠨᠠᠨ | ᠮᠤᠵᠢ ᠶᠢᠨ ᠱᠢ ᠯᠢᠨ ᠤ ᠢ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠲᠠᠢ ᠦᠨᠳᠦᠰᠦᠲᠡᠨ ᠤ ᠪᠦᠯᠬᠦᠮᠳᠡᠯ | ᠨᠥᠬᠦᠷᠯᠡᠯ ᠤᠨ ᠬᠤᠰᠢᠭᠤ ᠰᠢᠶᠠᠨ ᠪᠠᠶᠢᠭᠤᠯᠵᠤ᠂ ᠬᠤᠶᠠᠷ ᠭᠠᠵᠠᠷ ᠤᠨ ᠳᠠᠪᠠᠭᠤᠯᠢᠭ ᠢᠶᠠᠨ ᠬᠠᠷᠢᠯᠴᠠᠨ | ᠨᠥᠬᠦᠪᠥᠷᠢᠯᠡᠵᠦ᠂ ᠭᠠᠷ ᠬᠤᠯᠪᠣᠨ ᠬᠠᠮᠲᠤ ᠪᠠᠷ ᠤᠷᠤᠭᠰᠢᠯᠠᠬᠤ ᠶᠢ ᠪᠡᠶᠡᠯᠡᠭᠦᠯᠪᠡ᠃ ᠪᠥᠬᠦ ᠣᠷᠣᠨ ᠤ ᠠᠩᠬᠠᠳᠠᠭᠴᠢ | ᠰᠤᠪᠤᠳ ᠡᠷᠳᠡᠨᠢ ᠶᠢᠨ ᠠᠵᠤ ᠦᠶᠯᠡᠰ ᠤᠨ ᠬᠦᠷᠢᠶᠡᠯᠡᠩ ᠳ᠋ᠢᠩ ᠴᠧᠩ ᠰᠤᠪᠤᠳ ᠡᠷᠳᠡᠨᠢ ᠶᠢ ᠡᠮᠦᠨᠡᠲᠦ ᠬᠤᠰᠢᠭᠤᠨ | ᠳᠤ ᠨᠤᠲᠤᠭᠰᠢᠭᠤᠯᠵᠤ᠂ ᠭᠠᠶᠢᠯᠢ ᠪᠠᠲᠤᠯᠠᠬᠤ ᠬᠥᠮᠥᠷᠭᠡ ᠶᠢᠨ ᠭᠤᠤᠯ ᠴᠣᠭᠴᠠ ᠶᠢ ᠪᠠᠶᠢᠭᠤᠯᠤᠨ ᠳᠠᠭᠤᠰᠬᠠᠵᠤ᠂ | ᠭᠠᠳᠠᠭᠠᠳᠤ ᠠᠷᠠᠯᠵᠢᠶᠠᠨ ᠤ ᠭᠠᠳᠠᠭᠠᠳᠤ ᠭᠠᠷᠭᠠᠯᠲᠠ ᠶᠢ ᠤᠷᠤᠭᠰᠢᠲᠠᠶ ᠪᠡᠶᠡᠯᠡᠭᠦᠯᠵᠦ᠂ ᠵᠢᠶᠠ ᠶᠤᠸᠠᠨ ᠮᠠᠯ ᠠᠵᠤ | ᠠᠬᠤᠶ ᠨᠢ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠵᠥᠪᠰᠢᠶᠡᠷᠡᠯ ᠤᠨ ᠬᠢᠷᠢ ᠬᠡᠮ | ᠢ ᠣᠯᠵᠠᠶ᠃ ᠪᠦᠬᠦ ᠬᠤᠰᠢᠭᠤᠨ ᠤ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ | ᠬᠡᠮᠵᠢᠶ᠎ᠡ 2.39 ᠳ᠋ᠦᠩᠰᠢᠭᠤᠷ ᠳ᠋ᠣᠯᠯᠠᠷ ᠢ ᠪᠡᠶᠡᠯᠡᠭᠦᠯᠵᠦ᠂ ᠭᠠᠳᠠᠭᠠᠳᠤ ᠪᠡᠯᠡ ᠶᠢᠨ ᠠᠰᠢᠭᠯᠠᠯᠲᠠ ᠶᠢᠨ ᠬᠡᠮᠵᠢᠶ᠎ᠡ | 6675 ᠲᠦᠮᠡᠨ ᠳ᠋ᠣᠯᠯᠠᠷ ᠢ ᠪᠡᠶᠡᠯᠡᠭᠦᠯᠪᠡ ᠃ | ᠭᠤᠷᠪᠠ ᠳᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠪᠡ᠃ | ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠢ ᠨᠡᠭᠦᠯᠭᠡᠵᠦ᠂ ᠨᠡᠶᠢᠲᠡ 607 ᠵᠦᠶᠯ ᠤᠨ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠣᠷᠣᠭᠤᠯᠪᠠ᠃《 ᠳᠥᠷᠪᠡᠨ ᠠᠯᠪᠠᠨ ᠭᠡᠷ 》 ᠤᠨ | ᠠᠵᠢᠯ ᠢ ᠭᠦᠨᠵᠡᠭᠡᠶᠢᠷᠡᠭᠦᠯᠵᠦ᠂ ᠪᠦᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ ᠶᠢ 80 | % ᠳᠤ ᠬᠦᠷᠭᠡᠪᠡ᠃《 ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ 》 ᠶᠢᠨ ᠰᠢᠨ᠎ᠡ ᠵᠠᠭᠪᠤᠷ | ᠢ ᠪᠣᠶ ᠪᠣᠯᠭᠠᠵᠤ᠂ 24 ᠴᠠᠭ ᠤᠨ ᠳᠣᠲᠣᠷ᠎ᠠ《 ᠡᠭᠦᠳᠡ ᠪᠠᠨ ᠬᠠᠭᠠᠬᠤ ᠥᠬᠡᠶ 》ᠪᠠᠶᠢᠬᠤ ᠶᠢ ᠪᠡᠶᠡᠯᠡᠭᠦᠯᠪᠡ᠃ | ᠣᠷᠣᠨ ᠪᠦᠰᠡ ᠶᠢᠨ ᠦᠨᠡᠯᠡᠨ ᠵᠢᠱᠢᠯᠲᠡ ᠶᠢ ᠬᠡᠷᠡᠭᠵᠢᠭᠦᠯᠵᠦ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ ᠬᠠᠮᠲᠤ | ᠪᠠᠷ ᠬᠡᠷᠡᠭᠯᠡᠬᠦ ᠶᠢ ᠠᠬᠢᠭᠤᠯᠪᠠ᠃《 ᠵᠠᠭᠤᠨ ᠡᠳᠦᠷ ᠤᠨ ᠪᠣᠭᠤᠮᠲᠠ ᠰᠢᠪᠲᠤᠯᠬᠤ 》ᠲᠤᠰᠬᠠᠶ ᠠᠵᠢᠯᠯᠠᠭ᠎ᠠ ᠶᠢ | ᠥᠷᠨᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠮᠲᠤᠷᠠᠭᠰᠠᠨ ᠬᠤᠷᠠᠯ ᠤᠨ | ᠲᠦᠷᠢᠮ ᠢ ᠪᠠᠶᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ 2 . 29 ᠲᠦᠮᠡᠨ ᠮᠡᠳᠡᠭᠡ ᠵᠠᠩᠭᠢ ᠶᠢ ᠵᠠᠷᠯᠠᠨ | ᠨᠡᠶᠢᠲᠡᠯᠡᠪᠡ᠃ ᠬᠠᠮᠲᠤᠷᠠᠨ ᠱᠠᠩᠨᠠᠵᠤ ᠲᠣᠷᠭᠠᠬᠤ ᠲᠣᠭᠲᠠᠴᠠ ᠶᠢ ᠬᠡᠷᠡᠭᠵᠢᠭᠦᠯᠵᠦ᠂ 204 ᠢᠲᠡᠭᠡᠮᠵᠢ ᠰᠠᠶᠢᠨ ᠪᠤᠰᠤ | ᠠᠵᠤ ᠠᠬᠤᠶᠢᠯᠠᠯ ᠢ ᠨᠡᠶᠢᠭᠡᠮ ᠳᠤ ᠢᠯᠡ ᠪᠣᠯᠭᠠᠪᠠ᠃ ᠪᠡᠭᠡᠵᠢᠩ᠂ ᠱᠠᠩᠬᠠᠶ᠂ ᠱᠧᠨᠵᠧᠨ ᠵᠡᠷᠭᠡ ᠭᠠᠵᠠᠷ ᠤᠨ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠲᠠᠨᠢᠯᠴᠠᠭᠤᠯᠬᠤ ᠬᠤᠷᠠᠯ ᠢ ᠡᠷᠬᠢᠯᠡᠵᠦ᠂ ᠰᠦᠯᠵᠢᠶᠡᠨ ᠳᠡᠭᠡᠷ᠎ᠡ | ᠬᠤᠳᠠᠯᠳᠤᠭᠠᠴᠢᠨ ᠤᠷᠢᠬᠤ ᠶᠢ ᠢᠳᠡᠪᠬᠢᠲᠡᠶ ᠥᠷᠨᠢᠭᠦᠯᠵᠦ᠂ 91 ᠲᠥᠷᠥᠯ ᠵᠦᠢᠯ ᠢ ᠣᠷᠣᠭᠤᠯᠤᠨ ᠠᠪᠴᠢᠷᠠᠵᠤ᠂ | 187 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠵᠤ᠂ ᠵᠢᠯ ᠪᠦᠷᠢ ᠳᠤᠮᠳᠠᠴᠢ ᠪᠠᠷ 10 . | 5 % ᠨᠡᠮᠡᠭᠳᠡᠪᠡ᠃ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ 32.3 ᠳ᠋ᠦᠩᠰᠢᠭᠤᠷ ᠲᠥᠭᠦᠷᠢᠭ ᠤᠨ | ᠵᠢᠭᠡᠯᠡᠯᠭᠡ ᠲᠠᠯᠪᠢᠵᠤ᠂ ᠪᠥᠬᠦ ᠬᠤᠰᠢᠭᠤᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠬᠥᠭᠵᠢᠭᠡᠳ 2 . 45 | ᠲᠦᠮᠡᠨ ᠡᠷᠦᠬᠡ ᠪᠣᠯᠵᠣ᠂ 《 ᠳᠣᠲᠣᠨᠣ ᠴᠢᠬᠡᠴᠢ 》ᠰᠢᠨ᠎ᠡ ᠬᠡᠯᠪᠡᠷᠢ ᠶᠢᠨ ᠵᠠᠰᠠᠭ ᠤᠨ ᠣᠷᠳᠣᠨ ᠪᠠ | ᠬᠤᠳᠠᠯᠳᠤᠭᠠᠴᠢᠨ ᠤ ᠬᠠᠷᠢᠴᠠᠭ᠎ᠠ ᠶᠢ ᠪᠥᠬᠦ ᠲᠠᠯ᠎ᠠ ᠪᠠᠷ ᠪᠠᠶᠢᠭᠤᠯᠪᠠ᠃ | ( ᠳᠣᠯᠤᠭ᠎ᠠ ) ᠪᠢᠳᠡ ᠬᠠᠤᠯᠢ ᠶᠣᠰᠣᠭᠠᠷ ᠵᠠᠰᠠᠭ ᠶᠠᠪᠤᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ | ᠠᠷᠢᠭᠤᠨ ᠴᠢᠬᠡᠴᠢ ᠪᠠᠷ ᠵᠠᠰᠠᠭ ᠪᠠᠷᠢᠬᠤ 《 ᠴᠠᠭ ᠦᠶ᠎ᠡ ᠶᠢᠨ ᠬᠠᠷᠢᠭᠤᠯᠲᠠ ᠶᠢᠨ ᠬᠠᠭᠤᠳᠠᠰᠤ 》 ᠶᠢ ᠲᠤᠰᠢᠶᠠᠪᠠ᠃ | | ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠳᠡᠭᠡᠲᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠤᠨ | ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠢᠮᠠᠭᠲᠠ ᠤᠯᠤᠰ ᠲᠥᠷᠥ ᠶᠢ ᠡᠷᠬᠢᠮᠯᠡᠬᠦ | ᠱᠠᠭᠠᠷᠳᠠᠯᠭ᠎ᠠ ᠶᠢ ᠰᠡᠳᠬᠢᠯ ᠳᠡᠭᠡᠨ ᠬᠠᠳᠠᠩᠰᠢᠭᠤᠯᠵᠤ᠂ ᠦᠢᠯᠡ ᠠᠵᠢᠯᠯᠠᠭ᠎ᠠ ᠳᠠᠭᠠᠨ ᠬᠠᠳᠠᠩᠰᠢᠭᠤᠯᠵᠤ᠂ ᠤᠯᠤᠰ | ᠲᠥᠷᠦ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ 《 ᠤᠯᠤᠰ ᠲᠥᠷᠦ ᠶᠢᠨ ᠭᠤᠷᠪᠠᠨ | ᠬᠦᠴᠦᠨ 》 ᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ 《 ᠳᠥᠷᠪᠡᠨ ᠤᠬᠠᠮᠰᠠᠷ 》 ᠢ ᠨᠠᠩ | ᠪᠠᠲᠤᠳᠬᠠᠵᠤ᠂ 《 ᠳᠥᠷᠪᠡᠨ ᠢᠲᠡᠭᠡᠯ 》 ᠢ ᠨᠠᠩ ᠪᠠᠲᠤᠳᠬᠠᠵᠤ᠂ 《 ᠬᠤᠶᠠᠷ ᠢ ᠬᠠᠮᠠᠭᠠᠯᠠᠬᠤ 》ᠦᠵᠡᠯ | ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠪᠦᠬᠦ ᠲᠠᠯ᠎ᠠ ᠪᠠᠷ ᠴᠢᠩᠭᠠᠳᠬᠠᠪᠠ᠃ ᠦᠵᠡᠯ | ᠤᠬᠠᠮᠰᠠᠷ ᠤᠨ ᠬᠡᠯᠪᠡᠷᠢ ᠪᠠ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠳᠦᠷᠢᠮ ᠢ ᠴᠢᠩᠭ᠎ᠠ ᠨᠠᠢᠳᠠᠪᠤᠷᠢᠵᠢᠭᠤᠯᠬᠤ᠂ ᠭᠤᠣᠯᠯᠠᠬᠤ ᠡᠷᠬᠡ ᠪᠠ ᠦᠭᠡ ᠬᠡᠯᠡᠬᠦ ᠡᠷᠬᠡ ᠶᠢ ᠲᠠᠰᠤᠷᠠᠯᠲᠠ ᠦᠭᠡᠢ | ᠴᠢᠩᠭᠠᠳᠬᠠᠨ᠎ᠠ᠃ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠳᠤᠷᠠᠳᠤᠯᠭ᠎ᠠ ᠶᠢ ᠪᠦᠬᠦᠨ ᠢ ᠴᠢᠨᠠᠷ ᠰᠠᠶᠢᠲᠠᠶ ᠰᠢᠶᠳᠪᠦᠷᠢᠯᠡᠵᠦ ᠳᠠᠭᠤᠰᠬᠠᠪᠠ᠃ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠢᠳᠡᠪᠬᠢᠲᠡᠢ ᠥᠷᠨᠢᠭᠦᠯᠵᠦ᠂ ᠲᠡᠦᠬᠡ ᠶᠢ ᠰᠤᠷᠤᠯᠴᠠᠵᠦ ᠶᠣᠰᠣ ᠶᠢ ᠮᠡᠳᠡᠬᠦ | ᠂ ᠲᠡᠦᠬᠡ ᠶᠢ ᠰᠤᠷᠤᠯᠴᠠᠵᠦ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠵᠦ ᠶᠣᠰᠣ ᠮᠣᠷᠠᠯ ᠢ ᠡᠷᠬᠢᠮᠯᠡᠬᠦ᠂ | ᠲᠡᠦᠬᠡ ᠶᠢ ᠰᠤᠷᠤᠯᠴᠠᠵᠦ ᠬᠦᠴᠦᠯᠡᠨ ᠬᠢᠬᠦ ᠥᠷᠨᠢᠯᠲᠡ ᠭᠠᠷᠪᠠ᠃《 ᠭᠤᠷᠪᠠᠨ ᠴᠢᠬᠤᠯᠠ ᠨᠢᠭᠡ ᠶᠡᠭᠡ | 》ᠰᠢᠶᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠳᠦᠷᠢᠮ ᠢᠶᠠᠷ ᠬᠡᠷᠡᠭ ᠶᠠᠪᠤᠳᠠᠯ ᠢ ᠬᠠᠮᠢᠶᠠᠷᠴᠤ ᠬᠥᠮᠦᠨ ᠢ ᠬᠠᠮᠢᠶᠠᠷᠬᠤ ᠶᠢ ᠪᠠᠷᠢᠮᠲᠠᠯᠠᠪᠠ᠃ ᠵᠠᠰᠠᠭ ᠵᠠᠬᠢᠷᠭᠠᠨ ᠤ | ᠬᠢᠨᠠᠨ ᠪᠠᠶᠢᠴᠠᠭᠠᠯᠲᠠ᠂ ᠬᠢᠨᠠᠨ ᠪᠤᠳᠤᠯᠳᠠ ᠶᠢᠨ ᠬᠢᠨᠠᠯᠲᠠ ᠪᠠ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠳᠠᠯᠠᠪᠠ᠃ | 《 ᠳᠥᠷᠪᠡᠨ ᠰᠤᠷᠲᠠᠯ 》 ᠢ ᠡᠷᠡᠰ ᠡᠰᠡᠷᠭᠦᠴᠡᠵᠦ᠂ 《 ᠭᠤᠷᠪᠠᠨ ᠵᠦᠢᠯ ᠤᠨ ᠠᠯᠪᠠᠨ ᠵᠠᠷᠤᠳᠠᠯ 》 ᠢ ᠴᠢᠩᠭ᠎ᠠ | ᠬᠢᠵᠠᠭᠠᠷᠯᠠᠨ᠎ᠠ᠃ ᠢᠯᠵᠠᠷᠠᠯ ᠢ ᠵᠠᠯᠬᠠᠭᠠᠨ ᠰᠢᠢᠳᠬᠡᠬᠦ ᠲᠠᠯ᠎ᠠ ᠪᠠᠷ ᠬᠦᠴᠦᠲᠡᠢ ᠳᠠᠷᠤᠯᠲᠠ ᠦᠵᠡᠭᠦᠯᠬᠦ ᠪᠠᠶᠢᠳᠠᠯ ᠢ | ᠢᠮᠠᠭᠲᠠ ᠪᠠᠷᠢᠮᠲᠠᠯᠠᠵᠤ᠂ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠪᠦᠬᠦ | ᠲᠠᠯ᠎ᠠ ᠪᠠᠷ ᠴᠢᠩᠭᠠᠳᠬᠠᠨ᠂《 ᠵᠠᠩᠭᠢᠯᠠᠭ᠎ᠠ ᠶᠢᠨ ᠴᠥᠭᠡᠨ ᠲᠣᠭᠠᠲᠠᠨ 》 ᠢ ᠠᠳᠬᠤᠵᠤ᠂ ᠡᠷᠬᠡ ᠶᠢ 《 | ᠪᠠᠭᠠᠰᠬᠠᠬᠤ 》 ᠪᠠᠷ ᠠᠷᠢᠭᠤᠨ ᠴᠢᠬᠡᠴᠢ ᠪᠠᠷ ᠵᠠᠰᠠᠭ ᠪᠠᠷᠢᠬᠤ 《 ᠴᠢᠭᠢᠷᠠᠭᠵᠢᠭᠤᠯᠤᠯᠲᠠ 》ᠪᠣᠯᠭᠠᠨ᠎ᠠ᠃ ᠬᠠᠮ | ᠵᠠᠭᠤᠴᠢᠯᠠᠭᠤᠷ᠂ ᠲᠡᠦᠬᠡ ᠣᠶᠢᠯᠠᠯᠭ᠎ᠠ ᠶᠢᠨ ᠲᠠᠩᠰᠠ ᠡᠪᠬᠡᠮᠡᠯ᠂ ᠪᠠᠶᠢᠭᠤᠯᠭ᠎ᠠ ᠶᠢᠨ ᠬᠡᠷᠡᠭ ᠶᠠᠪᠤᠳᠠᠯ᠂ ᠭᠠᠯ | ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠵᠡᠷᠭᠡ ᠠᠵᠢᠯ ᠰᠢᠨ᠎ᠡ ᠠᠮᠵᠢᠯᠲᠠ ᠣᠯᠵᠤ᠂ ᠤᠳᠬ᠎ᠠ | ᠤᠷᠠᠯᠢᠭ ᠤᠨ ᠬᠢᠨ ᠤ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠠᠵᠢᠯᠴᠢᠨ ᠤ | ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ᠂ ᠡᠪ ᠬᠠᠮᠲᠤ | ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ | ᠵᠥᠪᠯᠡᠯ᠂ ᠠᠬᠠᠮᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠨᠠᠰᠤᠲᠠᠶᠢᠴᠤᠳ ᠤᠨ ᠪᠡᠶ᠎ᠡ ᠶᠢᠨ | ᠲᠠᠮᠢᠷ ᠤᠨ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠬᠥᠭᠦᠷᠭᠡ ᠬᠤᠯᠪᠣᠭᠠᠰᠤ | ᠶᠢᠨ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ ᠬᠤᠰᠢᠭᠤᠨ ᠳᠤ ᠰᠠᠭᠤᠭ᠎ᠠ ᠴᠡᠷᠢᠭ ᠴᠠᠭᠳᠠᠭ᠎ᠠ ᠴᠡᠷᠢᠭ ᠠᠩᠭᠢ | ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠵᠦ᠂ ᠬᠠᠮᠲᠤ ᠪᠠᠷ《 ᠬᠦᠴᠢᠷ | ᠪᠡᠷᠬᠡᠰᠢᠶᠡᠯ ᠠᠴᠠ ᠠᠶᠤᠬᠤ ᠥᠬᠡᠶ᠂ ᠨᠤᠭᠤᠷᠠᠰᠢ ᠥᠬᠡᠶ ᠲᠡᠮᠡᠴᠡᠬᠦ᠂ ᠵᠣᠷᠢᠭᠲᠠᠶ ᠪᠠᠷ ᠢᠯᠠᠯᠲᠠ ᠤᠯᠬᠤ 》ᠰᠦᠷ | ᠳᠠᠯᠠᠶᠢᠴᠠᠲᠠᠶ ᠬᠦᠴᠦᠨ ᠢ ᠪᠣᠢ ᠪᠣᠯᠭᠠᠪᠠ᠃ | ᠲᠥᠯᠥᠭᠡᠯᠡᠭᠴᠢᠳ ᠡ᠂《 ᠴᠠᠭ ᠦᠶ᠎ᠡ ᠪᠣᠯ ᠰᠡᠳᠦᠪ ᠭᠠᠷᠭᠠᠭᠴᠢ᠂ ᠪᠢᠳᠡ ᠪᠣᠯ ᠰᠡᠳᠦᠪ ᠬᠠᠷᠢᠭᠤᠯᠤᠭᠴᠢ᠂ | ᠠᠷᠠᠳ ᠲᠦᠮᠡᠨ ᠪᠣᠯ ᠰᠡᠳᠦᠪ ᠬᠢᠨᠠᠭᠴᠢ ᠮᠥᠨ᠃ ᠴᠠᠭ ᠦᠶ᠎ᠡ ᠬᠡᠵᠢᠶᠡᠳᠡ ᠰᠢᠨᠡᠳᠴᠦ ᠪᠠᠶᠢᠳᠠᠭ᠂ ᠠᠷᠠᠳ ᠲᠦᠮᠡᠨ | ᠤ ᠲᠥᠯᠥᠭᠡ ᠰᠡᠳᠦᠪ ᠬᠠᠷᠢᠭᠤᠯᠬᠤ ᠳᠤ᠂ ᠠᠷᠠᠳ ᠲᠦᠮᠡᠨ ᠤ ᠰᠡᠳᠦᠪ ᠤᠩᠰᠢᠬᠤ ᠪᠠᠷᠢᠮᠲᠠᠯᠠᠯ ᠨᠢ ᠶᠡᠷᠦ ᠠᠴᠠ | ᠬᠤᠪᠢᠷᠠᠭ᠎ᠠ ᠦᠭᠡᠢ ᠶᠤᠮ᠃ ᠪᠢᠳᠡ ᠢᠮᠠᠭᠲᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠦᠢᠯᠡᠳᠦᠯᠭᠡᠵᠢᠭᠦᠯᠵᠦ᠂ ᠠᠷᠠᠳ ᠲᠦᠮᠡᠨ ᠲᠠᠢ ᠪᠤᠳᠤᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ | ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠤᠨ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠠᠷᠠᠳ ᠲᠦᠮᠡᠨ ᠯᠦᠭᠡ | ᠶᠢᠨ ᠴᠢᠰᠤ ᠮᠢᠬᠠᠨ ᠤ ᠬᠠᠷᠢᠴᠠᠭ᠎ᠠ ᠪᠠᠨ ᠡᠭᠦᠷᠢᠳᠡ ᠪᠠᠲᠤᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ | ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠪᠠ᠃ ᠣᠳᠣᠬᠢ ᠱᠠᠲᠤᠨ ᠤ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠦᠨᠳᠦ ᠡᠭᠦᠷᠭᠡ ᠳᠤ ᠬᠠᠨᠳᠤᠵᠤ᠂ ᠠᠵᠤ ᠠᠬᠤᠶ ᠪᠠᠭᠤᠷᠠᠬᠤ | ᠳᠠᠷᠤᠯᠲᠠ ᠶᠡᠬᠡᠳᠦᠭᠰᠡᠨ ᠬᠦᠨᠳᠦ ᠬᠡᠴᠡᠭᠦᠦ ᠪᠠᠶᠢᠳᠠᠯ ᠳᠤ ᠬᠠᠨᠳᠤᠵᠤ᠂ ᠬᠤᠰᠢᠭᠤ ᠶᠢᠨ ᠨᠠᠮ ᠤᠨ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠢᠳᠡ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠢ | ᠴᠢᠩᠭ᠎ᠠ ᠲᠦᠰᠢᠭᠯᠡᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠬᠤ ᠴᠢᠳᠠᠪᠤᠷᠢ᠂ | ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠦᠨᠳᠦ ᠡᠭᠦᠷᠭᠡ ᠶᠢ | ᠮᠡᠳᠡᠵᠦ ᠬᠦᠨᠳᠦ ᠡᠭᠦᠷᠭᠡ ᠶᠢ ᠡᠭᠦᠷᠭᠡᠯᠡᠨ᠂ ᠵᠣᠷᠢᠭᠲᠠᠶ ᠪᠠᠷ ᠤᠷᠤᠭᠰᠢᠯᠠᠵᠤ᠂ 《 ᠬᠥᠮᠦᠨ ᠤ ᠰᠡᠳᠬᠢᠯ ᠢ ᠤᠯᠬᠤ᠂ | ᠲᠥᠷᠥ ᠶᠢᠨ ᠶᠠᠪᠤᠳᠠᠯ ᠢ ᠰᠢᠯᠤᠭᠤᠳᠬᠠᠬᠤ 》ᠡᠮᠦᠨᠡᠲᠦ ᠬᠤᠰᠢᠭᠤᠨ ᠤ ᠵᠣᠷᠢᠭ ᠰᠠᠨᠠᠭ᠎ᠠ ᠶᠢ ᠵᠠᠯᠭᠠᠮᠵᠢᠯᠠᠨ | ᠪᠠᠳᠠᠷᠠᠭᠤᠯᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠨᠠᠩ ᠣᠯᠠᠨ ᠠᠷᠠᠳ ᠲᠦᠮᠡᠨ ᠳᠤ | ᠬᠦᠷᠲᠡᠭᠡᠪᠡ᠃ ᠬᠠᠮᠤᠭ ᠤᠨ ᠪᠠᠶᠠᠷᠯᠠᠭᠤᠰᠢᠲᠠᠢ ᠨᠢ᠂ ᠠᠵᠤ ᠠᠬᠤᠢ ᠤᠷᠤᠭᠤᠳᠠᠬᠤ ᠳᠠᠷᠤᠯᠲᠠ ᠦᠷᠭᠦᠯᠵᠢᠯᠡᠨ | ᠨᠡᠮᠡᠭᠳᠡᠵᠦ ᠪᠠᠶᠢᠬᠤ ᠪᠠ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠭᠠᠳᠠᠭᠠᠳᠤ ᠣᠷᠴᠢᠨ ᠳᠤ᠂ ᠪᠢᠳᠡ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠲᠤᠭᠤᠰᠢᠯᠠᠭᠤᠯᠵᠤ᠂ ᠴᠥᠬᠦᠷᠡᠰᠢ ᠦᠭᠡᠢ ᠴᠢᠷᠮᠠᠶᠢᠨ᠂ ᠠᠤᠭ᠎ᠠ | ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ᠂ | ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ᠂ ᠡᠳ᠋ ᠤᠨ ᠵᠠᠰᠠᠭ ᠤᠨ ᠣᠷᠣᠯᠭ᠎ᠠ᠂ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠡᠷᠭᠡ ᠭᠤᠣᠯ ᠪᠣᠯᠬᠤ ᠠᠵᠤ ᠠᠬᠤᠢ | ᠶᠢᠨ ᠭᠦᠢᠴᠡᠳᠬᠡᠯ ᠲᠤᠭ᠎ᠠ ᠶᠢ ᠴᠥᠮ ᠵᠣᠬᠢᠰᠲᠠᠢ ᠬᠡᠪᠴᠢᠶᠡᠨ ᠳᠤ ᠪᠠᠶᠢᠯᠭᠠᠪᠠ᠃ ᠬᠠᠮᠤᠭᠡᠴᠠᠣᠮᠣᠭᠰᠢᠭᠤᠰᠢᠲᠠᠶ ᠨᠢ | ᠂ ᠪᠢᠳᠡ ᠲᠡᠷᠢᠭᠦᠨ ᠤ ᠬᠢ ᠶᠢ ᠡᠭᠦᠳᠦᠨ ᠰᠢᠯᠢᠳᠡᠭ ᠪᠣᠯᠬᠤ ᠪᠠᠷ ᠴᠢᠷᠮᠠᠶᠢᠬᠤ᠂ ᠬᠥᠭᠡᠭᠡᠵᠦ ᠭᠦᠶᠴᠡᠨ ᠳᠠᠪᠠᠵᠤ ᠭᠠᠷᠬᠤ | ᠶᠢ ᠢᠮᠠᠭᠲᠠ ᠪᠠᠷᠢᠮᠲᠠᠯᠠᠵᠤ᠂ ᠨᠢᠭᠡ ᠨᠢᠭᠡ ᠠᠯᠬᠤᠮ ᠢᠶᠠᠷ ᠶᠠᠪᠤᠵᠤ᠂ ᠨᠢᠭᠡ ᠵᠢᠯ ᠳᠤ ᠨᠢᠭᠡ ᠳᠡᠭᠲᠡᠷ ᠲᠤ ᠭᠠᠷᠴᠤ᠂ | ᠤᠯᠤᠰ ᠤᠨ ᠲᠠᠰ ᠤᠨ ᠢᠷᠠᠭᠤ ᠠᠯᠳᠠᠷ 16 ᠵᠦᠶᠯ᠂ ᠣᠷᠣᠨ ᠤ ᠲᠠᠰ ᠤᠨ ᠢᠷᠠᠭᠤ ᠠᠯᠳᠠᠷ 47 ᠵᠦᠶᠯ ᠣᠯᠵᠤ᠂ | ᠤᠯᠤᠰ ᠤᠨ ᠲᠠᠰ ᠤᠨ ᠲᠤᠷᠰᠢᠯᠲᠠ ᠶᠢᠨ ᠴᠡᠭ ᠤᠨ 1 ᠵᠦᠶᠯ ᠢ ᠡᠭᠦᠷᠭᠡᠯᠡᠵᠦ᠂《 ᠪᠠᠭ᠎ᠠ ᠬᠤᠰᠢᠭᠤ ᠨᠢ ᠶᠡᠭᠡ | ᠶᠠᠪᠤᠳᠠᠯ ᠪᠦᠲᠦᠭᠡᠵᠦ ᠴᠢᠳᠠᠬᠤ᠂ ᠪᠠᠭ᠎ᠠ ᠬᠤᠰᠢᠭᠤ ᠨᠢ ᠶᠡᠭᠡ ᠦᠶᠯᠡᠰ ᠪᠦᠲᠦᠭᠡᠵᠦ ᠴᠢᠳᠠᠬᠤ 》ᠰᠢᠨ᠎ᠡ ᠴᠤᠭ | ᠵᠢᠪᠬᠤᠭ᠎ᠠ ᠶᠢ ᠤᠯᠠᠮ ᠨᠢᠭᠡ ᠠᠯᠬᠤᠮ ᠢᠯᠡᠷᠡᠭᠦᠯᠪᠡ᠃ ᠬᠠᠮᠤᠭ ᠠᠴᠠ ᠪᠠᠭ᠋ᠠᠷᠬᠠᠯᠲᠠᠢ ᠨᠢ᠂ ᠪᠢᠳᠡ ᠪᠥᠬᠦ ᠬᠤᠰᠢᠭᠤᠨ | ᠤ ᠬᠦᠴᠦᠨ ᠢ ᠳᠠᠶᠢᠴᠢᠯᠠᠨ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠲᠤᠶᠢᠯ ᠤᠨ ᠶᠠᠳᠠᠭᠤ | ᠬᠦᠴᠢᠷᠳᠡᠯ ᠢ ᠪᠥᠬᠦ ᠲᠠᠯ᠎ᠠ ᠪᠠᠷ ᠠᠷᠢᠯᠭᠠᠵᠤ᠂ ᠡᠮᠦᠨᠡᠲᠦ ᠬᠤᠰᠢᠭᠤᠨ ᠤ ᠠᠷᠠᠳ ᠲᠦᠮᠡᠨ ᠣᠮᠤᠭ ᠲᠡᠭᠦᠯᠳᠡᠷ ᠢᠶᠠᠷ | ᠴᠢᠨᠡᠭᠡᠯᠢᠭ ᠨᠡᠶᠢᠭᠡᠮ ᠳᠤ ᠠᠯᠬᠤᠨ ᠣᠷᠣᠵᠤ᠂ ᠶᠡᠭᠡ ᠳᠠᠶᠢᠯᠠᠯᠳᠤᠭᠠᠨ ᠶᠡᠭᠡ ᠰᠢᠯᠭᠠᠯᠲᠠ ᠳᠤᠮᠳᠠ ᠣᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠦᠶᠯᠡᠳᠦᠯᠭᠡᠵᠢᠭᠦᠯᠵᠦ᠂ ᠨᠤᠭᠤᠷᠠᠰᠢ ᠥᠬᠡᠶ ᠲᠡᠮᠡᠴᠡᠬᠦ᠂ ᠢᠯᠠᠯᠲᠠ ᠤᠯᠬᠤ ᠳᠤ | ᠴᠢᠳᠠᠮᠠᠭᠠᠶ ᠪᠠᠶᠢᠬᠤ ᠡᠷᠡᠯᠬᠡᠭ ᠪᠠᠭᠠᠲᠤᠷᠯᠢᠭ ᠰᠥᠰᠥ ᠵᠣᠷᠢᠭ ᠢᠶᠠᠨ ᠢᠯᠡᠷᠡᠭᠦᠯᠵᠦ᠂ ᠪᠣᠳᠠᠲᠠᠶ ᠬᠢᠵᠦ ᠬᠠᠷᠢᠭᠤᠴᠠᠯᠭ᠎ᠠ | ᠡᠭᠦᠷᠭᠡᠯᠡᠬᠦ᠂ ᠯᠠᠪᠳᠠᠭᠤᠨ ᠪᠠᠲᠤᠲᠠᠶ ᠠᠵᠢᠯᠯᠠᠬᠤ ᠲᠡᠦᠬᠡ ᠶᠢᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃ | ᠭᠠᠭᠴᠠ ᠬᠦ ᠤᠷᠤᠭᠰᠢᠯᠠᠨ ᠳᠠᠪᠰᠢᠪᠠᠯ ᠰᠠᠶ᠋ᠢ ᠳᠠᠪᠠᠵᠤ ᠴᠢᠳᠠᠨ᠎ᠠ᠂ ᠭᠠᠭᠴᠠ ᠬᠦ ᠲᠡᠮᠡᠴᠡᠪᠡᠯ ᠰᠠᠶ᠋ᠢ ᠠᠮᠵᠢᠯᠲᠠ | ᠣᠯᠵᠤ ᠴᠢᠳᠠᠨ᠎ᠠ᠃ ᠡᠲᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ | ᠵᠢᠯᠣᠭᠤᠳᠣᠯᠭ᠎ᠠ ᠠᠴᠠ ᠪᠣᠯᠤᠭᠰᠠᠨ ᠶᠤᠮ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ | ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠨᠠᠮ ᠤᠨ | ᠬᠤᠷᠢᠶ᠎ᠠ ᠵᠠᠬᠢᠷᠭ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ ᠠᠴᠠ ᠪᠣᠯᠤᠭᠰᠠᠨ ᠶᠤᠮ᠃ ᠬᠤᠰᠢᠭᠤ ᠶᠢᠨ ᠨᠠᠮ ᠤᠨ | ᠬᠤᠷᠢᠶ᠎ᠠ ᠪᠥᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠳᠥᠷᠪᠡᠨ ᠶᠡᠭᠡ ᠤᠳᠤᠷᠢᠳᠬᠤ ᠪᠠᠭ ᠴᠢᠩ ᠦᠨᠡᠨᠴᠢ ᠪᠠᠷ | ᠪᠦᠯᠬᠦᠮᠳᠡᠵᠦ᠂ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠨᠤᠭᠤᠷᠠᠰᠢ ᠥᠬᠡᠶ | ᠲᠡᠮᠡᠴᠡᠵᠦ᠂ ᠰᠢᠷᠭᠠᠭᠤ ᠠᠵᠢᠯᠯᠠᠵᠤ ᠪᠣᠳᠠᠲᠠᠶ ᠠᠵᠢᠯᠯᠠᠭᠰᠠᠨ ᠠᠴᠠ ᠪᠣᠯᠤᠭᠰᠠᠨ ᠶᠤᠮ ᠃ ᠥᠩᠭᠡᠷᠡᠭᠰᠡᠨ ᠤ ᠡᠯ᠎ᠡ | ᠬᠤᠭᠤᠴᠠᠭᠠᠨ ᠤ ᠬᠤᠰᠢᠭᠤ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ | ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠤᠷᠠᠯ ᠤᠨ ᠦᠷᠭᠦᠯᠵᠢᠯᠡᠨ ᠲᠡᠮᠡᠴᠡᠭᠰᠡᠨ ᠪᠠ ᠰᠢᠨ᠎ᠡ ᠶᠢ | ᠡᠭᠦᠳᠦᠭᠰᠡᠨ ᠦᠶᠯᠡᠳᠦᠯᠭᠡ ᠠᠴᠠ ᠰᠠᠯᠵᠤ ᠴᠢᠳᠠᠬᠤ ᠥᠬᠡᠶ ᠶᠤᠮ᠃ ᠨᠡᠶᠢᠭᠡᠮ ᠤᠨ ᠡᠯ᠎ᠡ ᠡᠲᠡᠭᠡᠳ ᠤᠨ ᠢᠳᠡᠪᠬᠢᠲᠡᠶ | ᠣᠷᠣᠯᠴᠠᠭ᠎ᠠ ᠪᠠ ᠬᠦᠴᠦᠲᠡᠶ ᠬᠠᠪᠰᠤᠷᠤᠯᠭ᠎ᠠ ᠶᠢ ᠨᠢᠭᠲᠠᠷᠠᠭᠤᠯᠪᠠ᠃ ᠠᠳᠡ ᠪᠢ ᠬᠤᠰᠢᠭᠤ ᠶᠢᠨ ᠠᠷᠠᠳ ᠤᠨ ᠵᠠᠰᠠᠭ | ᠤᠨ ᠣᠷᠳᠣᠨ ᠢ ᠲᠥᠯᠥᠭᠡᠯᠡᠵᠦ᠂ ᠪᠥᠬᠦ ᠬᠤᠰᠢᠭᠤᠨ ᠤ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠬᠤᠷᠠᠯ ᠤᠨ ᠭᠡᠰᠢᠭᠦᠨ᠂ ᠠᠵᠢᠯ ᠠᠴᠠ | ᠪᠠᠨ ᠳᠠᠷᠬᠠᠯᠠᠭᠳᠠᠭᠰᠠᠨ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠪᠣᠯᠤᠨ ᠨᠡᠶᠢᠭᠡᠮ ᠤᠨ ᠡᠯ᠎ᠡ ᠡᠲᠡᠭᠡᠳ | ᠤᠨ ᠬᠥᠮᠦᠰ᠂ ᠬᠤᠰᠢᠭᠤᠨ ᠳᠤ ᠰᠠᠭᠤᠭ᠎ᠠ ᠡᠯ᠎ᠡ ᠴᠡᠷᠢᠭ ᠴᠠᠭᠳᠠᠭ᠎ᠠ ᠴᠡᠷᠢᠭ ᠠᠩᠭᠢ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠯ᠎ᠡ ᠹᠷᠣᠨᠲ ᠲᠤ ᠡᠷᠡᠯᠬᠡᠭᠯᠡᠨ ᠲᠡᠮᠡᠴᠡᠵᠦ ᠪᠠᠶᠢᠭ᠎ᠠ ᠨᠥᠬᠦᠳ᠂ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠪᠥᠲᠥᠭᠡᠨ ᠪᠠᠶᠢᠭᠤᠯᠤᠯᠲᠠ ᠪᠣᠯᠤᠨ ᠬᠥᠭᠵᠢᠯᠲᠡ ᠳᠤ ᠣᠷᠣᠯᠴᠠᠭᠰᠠᠨ᠂ ᠳᠡᠮᠵᠢᠭᠰᠡᠨ᠂ | ᠬᠠᠯᠠᠮᠵᠢᠯᠠᠵᠤ ᠪᠠᠶᠢᠭ᠎ᠠ ᠪᠣᠶ ᠪᠥᠬᠦᠶ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠡ᠂ ᠲᠦᠷᠪᠡᠨ ᠵᠢᠯ ᠤᠨ ᠠᠵᠢᠯ ᠢᠶᠠᠨ ᠡᠷᠭᠢᠴᠡᠭᠦᠯᠪᠡᠯ᠂ ᠲᠡᠮᠡᠴᠡᠯ ᠤᠨ ᠥᠩᠭᠡᠷᠡᠯᠲᠡ ᠪᠡᠷᠬᠡ | ᠬᠠᠲᠠᠭᠤᠵᠢᠯᠲᠠᠢ᠂ ᠣᠯᠤᠭᠰᠠᠨ ᠠᠮᠵᠢᠯᠲᠠ ᠪᠦᠲᠦᠮᠵᠢ ᠨᠢ ᠬᠥᠮᠦᠰ ᠢ ᠵᠣᠷᠢᠭᠵᠢᠭᠤᠯᠤᠮ᠎ᠠ᠂ ᠬᠠᠷᠠᠰᠠᠯᠳᠤ ᠰᠤᠷᠭᠠᠮᠵᠢ | ᠨᠢ ᠲᠤᠶᠢᠯ ᠤᠨ ᠭᠦᠨᠵᠡᠭᠡᠢ᠂ ᠬᠤᠷᠠᠮᠳᠤᠭᠤᠯᠤᠭᠰᠠᠨ ᠲᠤᠷᠰᠢᠯᠭ᠎ᠠ ᠨᠢ ᠲᠤᠶᠢᠯ ᠤᠨ ᠡᠷᠬᠢᠮ ᠨᠠᠨᠳᠢᠨ ᠶᠤᠮ᠃ ᠪᠢᠳᠡ | ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠨᠠᠩ ᠭᠦᠨᠵᠡᠭᠡᠶ ᠣᠶᠢᠯᠠᠭᠠᠶ᠎ᠠ᠄ | —ᠡᠷᠬᠡᠪᠰᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠲᠡᠭᠦᠯᠳᠡᠷᠵᠢᠭᠦᠯᠬᠦ ᠪᠣᠯ ᠨᠠᠮ ᠪᠠ ᠤᠯᠤᠰ ᠤᠨ ᠦᠨᠳᠦᠰᠦ ᠪᠠ ᠠᠮᠢᠨ | ᠰᠤᠳᠠᠰᠤ ᠮᠥᠨ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠰᠢᠭ ᠲᠤᠰᠠ ᠪᠠ ᠵᠣᠯ | ᠵᠢᠷᠭᠠᠯ ᠮᠥᠨ᠃ ᠨᠠᠮ ᠪᠣᠯ ᠬᠡᠵᠢᠶᠡᠳᠡ ᠪᠢᠳᠡᠨ ᠤ ᠲᠦᠰᠢᠭ ᠲᠤᠯᠭᠠᠭᠤᠷᠢ ᠮᠥᠨ᠃ ᠭᠠᠭᠴᠠ ᠬᠦ ᠨᠠᠮ ᠤᠨ | ᠭᠤᠣᠯᠯᠠᠭᠴᠢ ᠤᠳᠤᠷᠢᠳᠬᠤ ᠪᠠᠶᠢᠷᠢ ᠰᠠᠭᠤᠷᠢ ᠶᠢ ᠡᠷᠡᠰ ᠭᠤᠶᠢᠪᠢᠰᠢ ᠦᠭᠡᠢ ᠪᠠᠷᠢᠮᠲᠠᠯᠠᠨ ᠬᠠᠮᠠᠭᠠᠯᠠᠵᠤ᠂ ᠨᠠᠮ ᠤᠨ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ | ᠬᠤᠰᠢᠭᠤ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠲᠤᠤᠱᠯᠠᠭᠤᠯᠤᠨ ᠨᠠᠢᠳᠠᠪᠤᠷᠢᠵᠢᠭᠤᠯᠬᠤ᠂ ᠨᠠᠮ ᠤᠨ ᠪᠠᠶᠢᠭᠤᠯᠤᠯᠲᠠ ᠶᠢ ᠵᠠᠰᠠᠭ ᠤᠨ ᠣᠷᠳᠣᠨ ᠤ ᠰᠢᠰᠲ᠋ᠧᠮ ᠳᠤ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠᠯ ᠰᠠᠶ᠋ᠢ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ | ᠤᠨ ᠢᠮᠠᠭᠲᠠ ᠵᠥᠪ ᠴᠢᠭᠯᠡᠯ ᠢᠶᠠᠷ ᠲᠣᠮᠣ ᠠᠯᠬᠤᠮ ᠢᠶᠠᠷ ᠤᠷᠤᠭᠰᠢᠯᠠᠬᠤ ᠶᠢ ᠪᠠᠲᠤᠯᠠᠵᠤ ᠴᠢᠳᠠᠨ᠎ᠠ᠃ | —ᠡᠷᠬᠡᠪᠰᠢ ᠬᠥᠭᠵᠢᠭᠦᠯᠬᠦ ᠪᠠᠷ ᠭᠤᠣᠯ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ᠬᠥᠭᠵᠢᠯᠲᠡ ᠪᠣᠯ ᠠᠯᠢᠪᠠ | ᠠᠰᠠᠭᠤᠳᠠᠯ ᠢ ᠰᠢᠢᠳᠪᠦᠷᠢᠯᠡᠬᠦ ᠶᠢᠨ ᠰᠠᠭᠤᠷᠢ ᠪᠠ ᠵᠠᠩᠭᠢᠯᠠᠭ᠎ᠠ ᠮᠥᠨ᠃ ᠳᠥᠷᠪᠡᠨ ᠵᠢᠯ ᠤᠨ ᠲᠤᠷᠰᠢ᠂ ᠪᠢᠳᠡ ᠠᠵᠤ | ᠦᠢᠯᠡᠰ ᠤᠨ ᠬᠥᠭᠵᠢᠯᠲᠡ᠂ ᠬᠤᠲᠠ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭᠠᠨ ᠤ ᠰᠠᠶᠢᠵᠢᠷᠠᠯᠲᠠ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ | ᠨᠢᠭᠡ ᠪᠦᠯᠦᠭ ᠰᠠᠭᠤᠷᠢ ᠲᠠᠯᠪᠢᠬᠤ᠂ ᠠᠯᠤᠰ ᠬᠡᠲᠦ ᠳᠤ ᠠᠰᠢᠭᠲᠠᠢ ᠶᠡᠭᠡ ᠶᠠᠪᠤᠳᠠᠯ ᠢ ᠪᠦᠲᠦᠭᠡᠪᠡ᠃ ᠰᠢᠨ᠎ᠡ | ᠭᠠᠷᠤᠭ᠎ᠠ ᠳᠤ ᠵᠣᠭᠰᠣᠵᠤ᠂ ᠣᠷᠣᠰᠢᠵᠤ ᠪᠠᠶᠢᠭ᠎ᠠ ᠬᠥᠭᠵᠢᠯᠲᠡ ᠲᠡᠩᠴᠡᠭᠦᠷᠢ ᠦᠬᠡᠢ᠂ ᠭᠦᠢᠴᠡᠳ ᠦᠬᠡᠢ | ᠠᠰᠠᠭᠤᠳᠠᠯ ᠤᠨ ᠡᠮᠦᠨ᠎ᠡ᠂ ᠭᠠᠭᠴᠠ ᠬᠦ ᠡᠷᠡᠰ ᠭᠤᠶᠢᠪᠢᠰᠢ ᠦᠬᠡᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ | ᠪᠠᠷ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ | ᠶᠡᠷᠦᠩᠬᠡᠶᠢᠯᠡᠭᠰᠡᠨ ᠪᠣᠳᠠᠲᠤ ᠬᠦᠴᠦᠨ ᠢ ᠳᠠᠰᠤᠷᠠᠯᠳᠠ ᠦᠬᠡᠢ ᠴᠢᠩᠭᠠᠳᠬᠠᠪᠠᠯ ᠰᠠᠶ᠋ᠢ ᠬᠥᠭᠵᠢᠯᠲᠡ ᠶᠢᠨ ᠬᠡᠪᠴᠢᠶ᠎ᠡ ᠶᠢ | ᠰᠢᠪᠲᠤᠯᠵᠤ᠂ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ ᠴᠢᠳᠠᠨ᠎ᠠ᠃ | —ᠡᠷᠬᠡᠪᠰᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠬᠤ ᠬᠡᠷᠡᠭᠲᠡᠢ᠃ ᠥᠭᠡᠷᠡᠴᠢᠯᠡᠯᠲᠡ | ᠬᠢᠭᠰᠡᠳ ᠤᠷᠤᠭᠰᠢᠯᠠᠨ ᠲᠠᠪᠰᠢᠵᠤ᠂ ᠰᠢᠨ᠎ᠡ ᠶᠢ ᠡᠭᠦᠳᠦᠭᠴᠢ ᠬᠦᠴᠦᠷᠬᠡᠭᠵᠢᠵᠦ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠦᠭᠴᠢ ᠢᠯᠠᠯᠲᠠ ᠣᠯᠤᠮᠤᠢ᠃ ᠡᠮᠦᠨᠡᠲᠦ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ | ᠶᠢᠨ ᠨᠥᠬᠦᠴᠡᠯ᠂ ᠬᠥᠭᠵᠢᠯᠲᠡ ᠶᠢᠨ ᠪᠠᠶᠢᠳᠠᠯ ᠠᠴᠠ ᠦᠵᠡᠭᠰᠡᠨ ᠴᠦ ᠲᠡᠷᠡ᠂ ᠡᠰᠡᠬᠦᠯ᠎ᠡ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠳᠥᠯᠭᠢᠨ ᠠᠬᠢᠭᠤᠯᠬᠤ᠂ ᠬᠥᠳᠡᠯᠭᠡᠭᠴᠢ ᠡᠨᠧᠷᠭᠢ ᠶᠢᠨ ᠰᠣᠯᠢᠭᠳᠠᠯ ᠢ | ᠲᠦᠷᠭᠡᠳᠬᠡᠬᠦ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠱᠠᠭᠠᠷᠳᠠᠯᠭ᠎ᠠ ᠠᠴᠠ ᠦᠵᠡᠭᠰᠡᠨ ᠴᠦ ᠲᠡᠷᠡ᠂ | ᠭᠠᠭᠴᠠ ᠬᠦ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠦ᠂ ᠬᠥᠭᠵᠢᠯᠲᠡ ᠶᠢᠨ ᠠᠷᠭ᠎ᠠ ᠬᠡᠯᠪᠡᠷᠢ ᠪᠠᠨ | ᠬᠤᠪᠢᠷᠠᠭᠤᠯᠤᠨ᠂ ᠠᠵᠤ ᠠᠬᠤᠶ ᠶᠢᠨ ᠪᠦᠲᠦᠴᠡ ᠪᠠᠨ ᠰᠢᠯᠢᠳᠡᠭᠵᠢᠭᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠬᠤ ᠶᠢ ᠬᠡᠷᠡᠭᠵᠢᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠬᠥᠳᠡᠯᠭᠡᠭᠦᠷ ᠢ ᠪᠣᠶ ᠪᠣᠯᠭᠠᠪᠠᠯ | ᠰᠠᠶ᠋ᠢ ᠬᠥᠭᠵᠢᠯᠲᠡ ᠶᠢ ᠨᠠᠩ ᠴᠢᠨᠠᠷ ᠰᠠᠶᠢᠲᠠᠶ᠂ ᠨᠠᠩ ᠦᠷ᠎ᠡ ᠪᠦᠲᠦᠮᠵᠢᠲᠡᠶ᠂ ᠨᠠᠩ ᠲᠥᠪ ᠭᠤᠤᠯᠴᠢ᠂ ᠨᠠᠩ | ᠦᠷᠭᠦᠯᠵᠢᠯᠡᠬᠦᠶᠢᠴᠡ ᠪᠣᠯᠭᠠᠵᠤ ᠴᠢᠳᠠᠨ᠎ᠠ ᠃ | —ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠡᠷᠬᠡᠪᠰᠢ ᠪᠠᠷᠢᠮᠲᠠᠯᠠᠬᠤ ᠬᠡᠷᠡᠭᠲᠡᠢ᠃ ᠠᠷᠠᠳ ᠤᠨ | ᠠᠮᠢᠳᠤᠷᠠᠯ ᠠᠷᠠᠳ ᠤᠨ ᠰᠡᠳᠬᠢᠯ ᠢ ᠬᠤᠯᠪᠣᠵᠤ᠂ ᠠᠷᠠᠳ ᠤᠨ ᠰᠡᠳᠬᠢᠯ ᠠᠷᠠᠳ ᠤᠨ ᠬᠦᠴᠦᠨ ᠢ ᠨᠢᠭᠲᠠᠷᠠᠭᠤᠯᠳᠠᠭ᠃ | ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ | ᠬᠥᠭᠵᠢᠭᠦᠯᠬᠦ ᠪᠣᠯ ᠢᠮᠠᠭᠲᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠭᠦᠰᠦᠯᠲᠡ ᠪᠠ ᠦᠷ᠎ᠡ ᠳ᠋ᠦᠩ ᠮᠥᠨ᠃ | ᠭᠠᠭᠴᠠ ᠬᠦ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠷᠢᠮᠲᠠᠯᠠᠵᠤ᠂ | ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠴᠢᠷᠮᠠᠶᠢᠨ ᠪᠡᠶᠡᠯᠡᠭᠦᠯᠪᠡᠯ ᠰᠠᠶ᠋ᠢ | ᠠᠷᠠᠳ ᠣᠯᠠᠨ ᠤ ᠦᠨᠡᠨ ᠰᠡᠳᠬᠢᠯ ᠤᠨ ᠬᠦᠷᠢᠶᠡᠯᠡᠯ ᠪᠠ ᠳᠡᠮᠵᠢᠯᠭᠡ ᠶᠢ ᠣᠯᠵᠤ᠂ ᠴᠢᠨᠠᠷ ᠰᠠᠶᠢᠲᠠᠶ ᠬᠥᠭᠵᠢᠯᠲᠡ ᠶᠢᠨ | ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ ᠴᠢᠳᠠᠨ᠎ᠠ᠃ | —ᠡᠷᠬᠡᠪᠰᠢ ᠦᠨᠡᠨ ᠬᠦ ᠠᠳᠬᠤᠵᠤ ᠪᠣᠳᠠᠲᠠᠢ ᠠᠵᠢᠯᠯᠠᠬᠤ ᠶᠢ ᠪᠠᠷᠢᠮᠲᠠᠯᠠᠬᠤ ᠬᠡᠷᠡᠭᠲᠡᠢ᠃ ᠦᠨᠡᠨ ᠬᠦ | ᠠᠳᠬᠤᠪᠠᠯ ᠰᠠᠶ᠋ᠢ ᠬᠦᠴᠢᠷ ᠢ ᠲᠤᠭᠤᠯᠤᠨ ᠪᠡᠷᠬᠡ ᠶᠢ ᠳᠠᠪᠠᠵᠤ ᠂ ᠦᠨᠡᠨ ᠪᠣᠳᠠᠲᠠᠢ ᠠᠵᠢᠯᠯᠠᠪᠠᠯ ᠰᠠᠶ᠋ᠢ ᠬᠦᠰᠡᠯ | ᠵᠡᠭᠦᠳᠦ ᠪᠠᠨ ᠪᠡᠶᠡᠯᠡᠭᠦᠯᠵᠦ ᠴᠢᠳᠠᠨ᠎ᠠ᠃ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠦᠶ᠎ᠡ ᠦᠶ᠎ᠡ ᠶᠢᠨ ᠬᠥᠮᠦᠰ ᠤᠨ | ᠦᠷᠭᠦᠯᠵᠢᠯᠡᠨ ᠲᠡᠮᠡᠴᠡᠬᠦ ᠳᠤ ᠲᠦᠰᠢᠭᠯᠡᠨ᠎ᠡ᠃ ᠭᠠᠭᠴᠠ ᠬᠦ ᠪᠦᠯᠬᠦᠮᠳᠡᠨ ᠪᠣᠳᠠᠲᠠᠶ ᠠᠵᠢᠯᠯᠠᠬᠤ᠂ ᠵᠠᠮ ᠨᠡᠭᠡᠭᠡᠨ | ᠬᠤᠪᠢ ᠨᠡᠮᠡᠷᠢ ᠦᠵᠡᠭᠦᠯᠬᠦ ᠪᠠ ᠠᠵᠢᠯ ᠬᠢᠬᠦ ᠶᠢ ᠪᠤᠳᠤᠬᠤ᠂ ᠠᠵᠢᠯ ᠬᠢᠵᠦ ᠳᠡᠶᠢᠯᠬᠦ᠂ ᠠᠵᠢᠯ ᠪᠦᠲᠦᠭᠡᠵᠦ ᠳᠡᠶᠢᠯᠬᠦ | ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠰᠡᠳᠬᠢᠯ ᠰᠠᠨᠠᠭ᠎ᠠ ᠪᠠᠨ ᠪᠣᠳᠠᠲᠠᠶ ᠠᠵᠢᠯ ᠬᠢᠬᠦ ᠳᠡᠭᠡᠷ᠎ᠡ | ᠲᠠᠯᠪᠢᠵᠤ᠂ ᠣᠶᠤᠨ ᠴᠢᠳᠠᠯ ᠢᠶᠠᠨ ᠠᠵᠤ ᠦᠶᠯᠡᠰ ᠢ ᠠᠳᠬᠤᠬᠤ ᠳᠡᠭᠡᠷ᠎ᠡ ᠲᠠᠯᠪᠢᠵᠤ᠂ ᠪᠣᠳᠠᠲᠤ ᠦᠷ᠎ᠡ ᠪᠦᠲᠦᠮᠵᠢ | ᠶᠢ ᠡᠷᠬᠢᠮᠯᠡᠬᠦ ᠳᠡᠭᠡᠷ᠎ᠡ ᠬᠦᠴᠦ ᠲᠠᠯᠪᠢᠵᠤ᠂ ᠥᠷᠯᠥᠭᠡ ᠦᠳᠡᠰᠢ ᠶᠢ ᠲᠡᠮᠡᠴᠡᠨ᠂ ᠣᠶᠤᠨ ᠤᠬᠠᠭᠠᠨ ᠢᠶᠠᠨ ᠰᠢᠪᠬᠠᠪᠠᠯ | ᠰᠠᠶ᠋ᠢ ᠤᠷᠤᠭᠰᠢᠯᠠᠯᠲᠠ ᠶᠢᠨ ᠵᠠᠮ ᠳᠡᠭᠡᠷ᠎ᠡ ᠢᠯᠠᠭᠳᠠᠰᠢ ᠥᠬᠡᠶ ᠪᠠᠶᠢᠵᠤ᠂ ᠰᠠᠶ᠋ᠢ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠡᠷᠡᠯ ᠰᠠᠴᠤᠷᠠᠩᠭᠤᠶ ᠬᠠᠭᠤᠳᠠᠰᠤ ᠶᠢ | ᠦᠷᠭᠦᠯᠵᠢᠯᠡᠨ ᠪᠢᠴᠢᠭᠯᠡᠵᠦ ᠴᠢᠳᠠᠨ᠎ᠠ︕ | ᠠᠶᠤᠯ ᠲᠦᠭᠰᠢᠭᠦᠷᠢ ᠶᠢ ᠪᠣᠳᠣᠯᠬᠢᠯᠠᠪᠠᠯ ᠰᠠᠶ᠋ᠢ ᠠᠮᠤᠷ ᠲᠦᠪᠰᠢᠨ ᠠᠮᠢᠳᠤᠷᠠᠵᠤ᠂ ᠵᠣᠪᠠᠭᠤᠷᠢ ᠵᠦᠳᠡᠭᠦᠷᠢ ᠶᠢ | ᠮᠡᠳᠡᠪᠡᠯ ᠰᠠᠶ᠋ᠢ ᠬᠦᠴᠢᠷ ᠪᠡᠷᠬᠡᠰᠢᠶᠡᠯ ᠢ ᠢᠯᠠᠨ ᠳᠠᠪᠠᠵᠤ ᠴᠢᠳᠠᠨ᠎ᠠ᠃ ᠠᠮᠵᠢᠯᠲᠠ ᠪᠠᠨ ᠨᠤᠲᠠᠯᠠᠬᠤ ᠶᠢᠨ ᠬᠠᠮᠲᠤ᠂ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠮᠥᠨ ᠴᠥᠭᠡᠨ | ᠪᠤᠰᠤ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠨ᠎ᠠ᠃ ᠨᠢᠭᠡ ᠳᠤ᠂ ᠠᠵᠤ ᠠᠬᠤᠶ ᠶᠢᠨ ᠶᠡᠷᠦᠩᠬᠡᠶ | ᠬᠡᠮᠵᠢᠶ᠎ᠡ ᠪᠠᠭ᠎ᠠ᠂ ᠣᠷᠣᠯᠭ᠎ᠠ ᠶᠢᠨ ᠢᠷᠡᠯᠲᠡ ᠶᠢᠨ ᠪᠦᠲᠦᠴᠡ ᠳᠠᠩ ᠴᠤᠯᠭᠤᠶ᠂ ᠥᠪᠡᠷ ᠢ ᠪᠠᠨ ᠬᠠᠩᠭᠠᠬᠤ ᠴᠢᠳᠠᠪᠤᠷᠢ | ᠬᠦᠷᠦᠯᠴᠡᠬᠦ ᠦᠭᠡᠶ᠂ ᠥᠷᠢ ᠰᠢᠷᠢ ᠶᠢᠨ ᠲᠦᠭᠰᠢᠭᠦᠷᠢ ᠢᠯᠡᠷᠬᠡᠶ ᠪᠠᠶᠢᠵᠤ᠂ ᠣᠷᠣᠯᠭ᠎ᠠ ᠵᠠᠷᠤᠯᠭ᠎ᠠ ᠶᠢᠨ ᠵᠥᠷᠢᠴᠡᠯ | ᠲᠣᠪᠣᠶᠢᠮ᠎ᠠ ᠪᠠᠶᠢᠨ᠎ᠠ᠃ ᠬᠤᠶᠠᠷ ᠲᠤ᠂ ᠨᠢᠭᠡᠳᠦᠭᠡᠷ ᠠᠵᠤ ᠦᠢᠯᠡᠰ ᠤᠨ ᠰᠢᠪᠲᠤᠯᠤᠯᠲᠠ ᠳᠡᠮᠡᠢ ᠶᠡᠭᠡ ᠪᠢᠰᠢ᠂ | ᠬᠤᠶᠠᠳᠤᠭᠠᠷ ᠠᠵᠤ ᠦᠢᠯᠡᠰ ᠤᠨ ᠠᠬᠢᠭᠤᠯᠤᠯᠲᠠ ᠬᠦᠷᠦᠯᠴᠡᠬᠦ ᠦᠭᠡᠢ᠂ ᠭᠤᠷᠪᠠᠳᠤᠭᠠᠷ ᠠᠵᠤ ᠦᠢᠯᠡᠰ ᠤᠨ | ᠳᠠᠶᠢᠴᠢᠯᠠᠯᠲᠠ ᠬᠦᠷᠦᠯᠴᠡᠬᠦ ᠦᠭᠡᠢ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠵᠤ ᠳᠡᠶᠢᠯᠦᠭᠡᠳᠦᠢ᠃ ᠰᠢᠨ᠎ᠡ | ᠪᠠᠷ ᠮᠠᠨᠳᠤᠭᠰᠠᠨ ᠠᠵᠤ ᠦᠢᠯᠡᠰ ᠪᠦᠲᠦᠮᠵᠢᠲᠡᠢ ᠲᠤᠯᠭᠠᠭᠤᠷᠢᠯᠠᠯ ᠬᠠᠷᠠᠬᠠᠨ ᠪᠦᠷᠢᠯᠳᠦᠭᠡᠳᠦᠢ ᠪᠠᠶᠢᠵᠤ᠂ 《 ᠲᠤᠭ᠎ᠠ | ᠬᠡᠮᠵᠢᠶᠡᠨ ᠤ ᠨᠡᠬᠡᠯᠲᠡ 》 ᠪᠠ 《 ᠶᠠᠰᠤ ᠴᠢᠨᠠᠷ ᠤᠨ ᠨᠡᠬᠡᠯᠲᠡ 》 ᠶᠢᠨ ᠳᠠᠪᠬᠤᠷ ᠥᠷᠢᠰᠥᠯᠳᠦᠭᠡᠨ ᠳᠤ | ᠲᠤᠯᠭᠠᠷᠠᠵᠤ ᠪᠠᠶᠢᠨ᠎ᠠ᠃ ᠭᠤᠷᠪᠠ ᠳᠤ᠂ ᠠᠭᠠᠷ ᠮᠠᠨᠳᠠᠯ᠂ ᠬᠥᠷᠥᠰᠥ ᠰᠢᠷᠣᠢ ᠵᠡᠷᠭᠡ ᠡᠬᠢ ᠪᠠᠶᠠᠯᠢᠭ ᠣᠷᠴᠢᠨ ᠠᠬᠤᠢ | ᠶᠢᠨ ᠬᠢᠵᠠᠭᠠᠷᠯᠠᠯ ᠴᠢᠩᠭᠠᠷᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠬᠠᠲᠠᠭᠤ ᠪᠡᠷᠬᠡ ᠪᠠᠶᠢᠵᠤ᠂ ᠠᠮᠢ | ᠠᠬᠤᠢ ᠣᠷᠴᠢᠨ ᠠᠬᠤᠢ ᠶᠢᠨ ᠬᠠᠮᠠᠭᠠᠯᠠᠯᠲᠠ ᠶᠢᠨ ᠪᠠᠶᠢᠳᠠᠯ ᠮᠥᠨ ᠯᠡ ᠬᠦᠨᠳᠦ ᠬᠡᠴᠡᠭᠦᠦ ᠪᠠᠶᠢᠵᠤ᠂ ᠮᠥᠨ ᠯᠡ 《 | ᠣᠷᠣᠰᠢᠨ ᠲᠣᠭᠲᠠᠨᠢᠬᠤ ᠠᠴᠠ ᠠᠮᠢ ᠠᠬᠤᠢ ᠲᠡᠶᠢᠰᠢ ᠰᠢᠯᠵᠢᠬᠦ 》᠂ 《 ᠢᠳᠡᠵᠦ ᠡᠮᠦᠰᠬᠦ ᠳᠡᠭᠡᠨ ᠵᠥᠪ | ᠪᠣᠯᠣᠭᠰᠠᠨ ᠠᠴᠠ ᠪᠠᠨ ᠣᠷᠴᠢᠨ ᠠᠬᠤᠢ ᠶᠢ ᠬᠠᠮᠠᠭᠠᠯᠠᠬᠤ ᠲᠡᠶᠢᠰᠢ ᠰᠢᠯᠵᠢᠬᠦ 》 ᠦᠵᠡᠯ ᠰᠠᠨᠠᠭᠠᠨ ᠤ ᠬᠤᠪᠢᠷᠠᠯᠲᠠ | ᠶᠢᠨ ᠱᠠᠲᠤᠨ ᠳᠤ ᠣᠷᠣᠰᠢᠭᠰᠠᠭᠠᠷ ᠪᠠᠶᠢᠨ᠎ᠠ᠃ ᠲᠦᠷᠪᠡ ᠳᠤ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ᠂ | ᠵᠠᠰᠠᠯᠲᠠ ᠶᠢᠨ ᠦᠷ᠎ᠡ ᠪᠦᠲᠦᠮᠵᠢ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠪᠠᠰᠠ ᠵᠥᠷᠢᠶ᠎ᠡ ᠲᠠᠢ | ᠪᠠᠶᠢᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠲᠠᠯ᠎ᠠ ᠪᠠᠷ ᠮᠥᠨ ᠪᠣᠳᠠᠲᠠᠢ ᠪᠢᠰᠢ᠂ | ᠴᠥᠭᠡᠨ ᠲᠣᠭᠠᠨ ᠤ ᠺᠠᠳ᠋ᠷ ᠤᠨ ᠦᠢᠯᠡᠴᠢᠯᠡᠭᠡᠨ ᠤ ᠤᠬᠠᠮᠰᠠᠷ ᠪᠣᠯᠤᠨ ᠬᠠᠤᠯᠢᠵᠢᠯ ᠤᠨ ᠤᠬᠠᠮᠰᠠᠷ ᠴᠢᠩᠭ᠎ᠠ ᠪᠢᠰᠢ | ᠪᠠᠶᠢᠨ᠎ᠠ᠃ ᠲᠠᠪᠤ ᠳᠤ᠂ ᠠᠵᠢᠯ ᠤᠨ ᠰᠤᠷᠲᠠᠯ ᠦᠨᠡᠨ ᠪᠣᠳᠠᠲᠠᠢ ᠪᠢᠰᠢ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ | ᠬᠦᠷᠦᠯᠴᠡᠬᠦ ᠦᠭᠡᠢ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠨ᠎ᠠ᠃ | ᠡᠲᠡᠭᠡᠷ ᠠᠰᠠᠭᠤᠳᠠᠯ ᠪᠣᠯ ᠴᠥᠮ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ | ᠪᠠᠶᠢᠭ᠎ᠠ《 ᠬᠠᠷᠰᠢ ᠰᠠᠭᠠᠳ 》ᠮᠥᠨ ᠃ | ᠲᠥᠯᠥᠭᠡᠯᠡᠭᠴᠢᠳ ᠡ᠂ ᠶᠠᠪᠤᠭᠰᠠᠨ ᠮᠦᠷ ᠢᠶᠠᠨ ᠬᠠᠷᠠᠵᠤ᠂ ᠦᠩᠭᠡᠷᠡᠭᠰᠡᠨ ᠢᠶᠠᠨ ᠡᠷᠭᠢᠴᠡᠭᠦᠯᠬᠦᠶ᠎ᠡ᠂ | ᠮᠠᠨᠵᠥᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠤᠨ ᠬᠠᠤᠯᠢ ᠶᠢ ᠵᠥᠷᠢᠴᠡᠨ ᠨᠤᠲᠤᠭ ᠪᠡᠯᠴᠢᠭᠡᠷ ᠢ | ᠬᠠᠭᠠᠯᠪᠤᠷᠢᠯᠠᠭᠰᠠᠨ ᠠᠰᠠᠭᠤᠳᠠᠯ ᠨᠢ ᠪᠢᠳᠡᠨ ᠤ ᠨᠠᠮ ᠢ ᠬᠠᠮᠢᠶᠠᠷᠴᠤ᠂ ᠵᠠᠰᠠᠭ ᠢ ᠵᠠᠰᠠᠬᠤ ᠲᠠᠯ᠎ᠠ ᠪᠠᠷ ᠬᠦᠨᠳᠦ | ᠨᠣᠴᠢᠲᠠᠶ ᠳᠤᠲᠠᠭᠳᠠᠯ ᠣᠷᠣᠰᠢᠵᠤ ᠪᠠᠶᠢᠬᠤ ᠶᠢ ᠭᠦᠨᠵᠡᠭᠡᠶ ᠢᠯᠡᠷᠡᠭᠦᠯᠵᠦ᠂ ᠡᠮᠦᠨᠡᠲᠦ ᠬᠤᠰᠢᠭᠤᠨ ᠤ ᠳᠦᠷᠢ ᠲᠥᠷᠬᠦ᠂ | ᠪᠥᠬᠦ ᠠᠶᠢᠮᠠᠭ ᠤᠨ ᠳᠦᠷᠢ ᠲᠥᠷᠬᠦ᠂ ᠪᠥᠬᠦ ᠣᠷᠣᠨ ᠤ ᠳᠦᠷᠢ ᠲᠥᠷᠬᠦ ᠳᠤ ᠡᠭᠡᠭᠦᠯᠵᠦ ᠳᠡᠶᠢᠯᠦᠰᠢ ᠥᠬᠡᠶ | ᠨᠥᠯᠥᠭᠡ ᠦᠵᠡᠭᠦᠯᠵᠦ᠂ ᠰᠢᠨᠵᠢ ᠴᠢᠨᠠᠷ ᠨᠢ ᠲᠦᠢᠯ ᠤᠨ ᠬᠦᠨᠳᠦ ᠨᠣᠴᠢᠲᠠᠶ᠂ ᠨᠥᠯᠥᠭᠡ ᠨᠢ ᠲᠦᠢᠯ ᠤᠨ ᠮᠠᠭᠤ᠂ | ᠰᠤᠷᠭᠠᠮᠵᠢ ᠨᠢ ᠲᠦᠢᠯ ᠤᠨ ᠬᠠᠷᠠᠰᠠᠯᠲᠠᠶ ᠶᠤᠮ᠃ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠣᠤᠷ᠎ᠠ᠂ ᠪᠢᠳᠡ ᠶᠠᠰᠤ ᠶᠢ ᠨᠢ | ᠬᠤᠰᠤᠵᠤ ᠬᠤᠤᠷ ᠢ ᠨᠢ ᠠᠷᠢᠯᠭᠠᠬᠤ ᠡᠷᠴᠢ ᠵᠣᠷᠢᠭ ᠢᠶᠠᠷ ᠬᠡᠪ ᠰᠤᠷᠲᠠᠯ ᠢ ᠲᠥᠪ ᠪᠣᠯᠭᠠᠨ᠂ ᠰᠢᠨ᠎ᠡ ᠬᠡᠪ ᠰᠤᠷᠲᠠᠯ ᠢ | ᠪᠣᠶ ᠪᠣᠯᠭᠠᠵᠤ᠂ ᠰᠢᠨ᠎ᠡ ᠳᠥᠷᠬᠦ ᠶᠢ ᠳᠠᠬᠢᠨ ᠱᠤᠭᠤᠬᠤ ᠰᠥᠰᠥ ᠵᠣᠷᠢᠭ ᠢᠶᠠᠷ ᠤᠳᠤᠷᠢᠳᠤᠮᠵᠢ ᠶᠢ ᠲᠣᠳᠣᠷᠬᠠᠶᠢᠯᠠᠨ | ᠂ ᠰᠢᠨ᠎ᠡ ᠲᠦᠷᠢᠮ ᠲᠣᠭᠲᠠᠭᠠᠯ ᠲᠣᠭᠲᠠᠭᠠᠵᠤ᠂ ᠠᠶᠤᠯ ᠲᠦᠭᠰᠢᠭᠦᠷᠢ ᠲᠠᠢ ᠬᠠᠲᠠᠨ ᠵᠣᠷᠢᠭ ᠢᠶᠠᠷ ᠬᠥᠭᠵᠢᠯᠲᠡ ᠶᠢ | ᠰᠦᠪᠡᠭᠴᠢᠯᠡᠵᠦ᠂ ᠰᠢᠨ᠎ᠡ ᠬᠠᠭᠤᠳᠠᠰᠤ ᠶᠢ ᠪᠢᠴᠢᠭᠯᠡᠨ᠂ ᠪᠥᠬᠦ ᠬᠤᠰᠢᠭᠤᠨ ᠤ ᠬᠦᠴᠦᠨ ᠢ ᠳᠠᠶᠢᠴᠢᠯᠠᠨ ᠡᠨᠡ ᠬᠦ 《 | ᠭᠦᠨᠵᠡᠭᠡᠶ ᠰᠤᠷᠭᠠᠮᠵᠢ ᠠᠪᠴᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠦᠨ᠂ ᠡᠮᠦᠨᠡᠲᠦ ᠬᠤᠰᠢᠭᠤᠨ ᠤ | ᠳᠦᠷᠢ ᠲᠥᠷᠬᠦ ᠶᠢ ᠳᠠᠬᠢᠨ ᠱᠤᠭᠤᠬᠤ 》ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ | ᠤᠯᠬᠤ ᠬᠡᠷᠡᠭᠲᠡᠶ ᠃ | ᠲᠥᠯᠥᠭᠡᠯᠡᠭᠴᠢᠳ ᠡ᠂ ᠣᠳᠣᠬᠠᠨ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠤᠷᠢᠳ ᠡᠮᠦᠨ᠎ᠡ | ᠪᠠᠶᠢᠭ᠎ᠠ ᠥᠬᠡᠶ ᠬᠦᠴᠢᠷᠳᠡᠯ ᠪᠠ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠭᠡᠪᠡᠴᠦ ᠴᠥᠮ ᠲᠦᠷ ᠴᠠᠭ ᠤᠨ | ᠪᠥᠭᠡᠳ ᠬᠥᠭᠵᠢᠯᠲᠡ ᠪᠠᠷ ᠳᠡᠮᠵᠢᠨ ᠰᠢᠶᠳᠪᠦᠷᠢᠯᠡᠵᠦ ᠪᠣᠯᠬᠤ ᠶᠤᠮ ᠃ ᠬᠦᠴᠢᠷ ᠪᠡᠷᠬᠡᠰᠢᠶᠡᠯ ᠢ ᠲᠤᠭᠤᠯᠬᠤ ᠦᠭᠡᠢ | ᠪᠣᠯ ᠶᠠᠮᠠᠷ ᠭᠡᠷᠡᠯ ᠰᠠᠴᠤᠷᠠᠩᠭᠤᠢ ᠪᠠᠶᠢᠵᠤ ᠴᠢᠳᠠᠬᠤ ᠪᠤᠢ᠃ ᠡᠭᠦᠨ ᠳᠤ᠂ ᠪᠢᠳᠠ ᠵᠣᠷᠢᠭᠲᠠᠢ ᠪᠠᠷ ᠠᠰᠠᠭᠤᠳᠠᠯ ᠳᠤ | ᠰᠢᠭᠤᠳ ᠬᠠᠨᠳᠤᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠳᠥᠷᠬᠦ ᠶᠢ ᠳᠠᠬᠢᠨ ᠱᠤᠭᠤᠵᠤ᠂ | ᠢᠴᠢᠭᠦᠷᠢ ᠶᠢ ᠮᠡᠳᠡᠵᠤ ᠵᠣᠷᠢᠭᠲᠠᠢ ᠪᠠᠷ ᠤᠷᠤᠭᠰᠢᠯᠠᠵᠤ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ | ᠬᠥᠰᠡᠷᠳᠡᠭᠦᠯᠬᠦ ᠦᠭᠡᠢ᠂ ᠲᠡᠦᠬᠡ ᠶᠢᠨ ᠰᠣᠩᠭᠤᠯᠲᠠ ᠳᠤ ᠣᠰᠣᠯᠳᠠᠬᠤ ᠦᠭᠡᠢ ᠪᠠᠶᠢᠬᠤ ᠬᠡᠷᠡᠭᠲᠡᠢ ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠲᠣᠬᠢᠷᠠᠭᠤᠯᠤᠯᠲᠠ | ᠢᠷᠡᠭᠡᠳᠦᠢ ᠶᠢᠨ ᠲᠠᠪᠤᠨ ᠵᠢᠯ ᠪᠣᠯ᠂ ᠪᠦᠬᠦ ᠬᠤᠰᠢᠭᠤᠨ ᠤ ᠬᠥᠭᠵᠢᠯᠲᠡ ᠶᠢᠨ ᠬᠥᠳᠡᠯᠭᠡᠬᠦ ᠬᠦᠴᠦᠨ ᠤ | ᠰᠣᠯᠢᠭᠳᠠᠯ᠂ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠪᠣᠭᠤᠮᠲᠠ ᠰᠢᠪᠲᠤᠯᠬᠤ ᠬᠤᠭᠤᠴᠠᠭ᠎ᠠ᠂ | ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠲᠤᠷᠰᠢᠯᠭ᠎ᠠ ᠬᠤᠷᠠᠮᠳᠤᠭᠰᠠᠨ ᠬᠥᠭᠵᠢᠯᠲᠡ ᠶᠢᠨ ᠰᠢᠵᠢᠷ ᠠᠯᠲᠠᠨ | ᠬᠤᠭᠤᠴᠠᠭ᠎ᠠ᠂ ᠮᠥᠨᠴᠦ ᠳᠠᠪᠠᠵᠤ ᠭᠦᠢᠴᠡᠬᠦ᠂ ᠶᠠᠰᠤ ᠴᠢᠨᠠᠷ ᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ | ᠪᠣᠯᠤᠨ᠎ᠠ᠃ ᠤᠷᠤᠭᠰᠢᠯᠠᠯᠲᠠ ᠶᠢᠨ ᠵᠠᠮ ᠳᠡᠭᠡᠷ᠎ᠡ ᠪᠢᠳᠡ ᠬᠠᠲᠠᠭᠤ ᠴᠢᠩᠭ᠎ᠠ ᠥᠷᠢᠰᠥᠯᠳᠦᠭᠡᠨ ᠳᠤ ᠲᠤᠯᠭᠠᠷᠠᠵᠤ | ᠪᠠᠶᠢᠬᠤ ᠪᠥᠭᠡᠳ ᠣᠯᠳᠠᠬᠤᠶ᠎ᠠ ᠪᠡᠷᠬᠡ ᠠᠵᠠ ᠲᠣᠬᠢᠶᠠᠯ ᠢ ᠤᠭᠲᠤᠨ ᠠᠪᠴᠢᠷᠠᠪᠠ᠃ ᠪᠦᠬᠦ ᠲᠠᠯ᠎ᠠ ᠠᠴᠠ ᠦᠵᠡᠪᠡᠯ᠂ | ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ | ᠥᠩᠭᠡᠷᠡᠭᠡᠵᠦ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ | ᠠᠵᠤ ᠦᠢᠯᠡᠰ ᠤᠨ ᠬᠤᠪᠢᠰᠤᠯᠲᠠ ᠭᠦᠨᠵᠡᠭᠡᠶᠢᠷᠡᠨ ᠬᠥᠭᠵᠢᠵᠦ᠂ ᠤᠯᠠᠨ ᠤᠯᠤᠰ ᠤᠨ ᠬᠦᠴᠦᠨ ᠤ ᠬᠠᠷᠢᠴᠠᠯ ᠳᠤ | ᠭᠦᠨᠵᠡᠭᠡᠢ ᠲᠤᠬᠢᠷᠠᠭᠤᠯᠤᠯᠳᠠ ᠬᠢᠵᠦ᠂ ᠡᠩᠬᠡ ᠲᠠᠶᠢᠪᠤᠩ ᠪᠣᠯᠤᠨ ᠬᠥᠭᠵᠢᠯᠲᠡ ᠮᠥᠨ ᠬᠦ ᠴᠠᠭ ᠦᠶ᠎ᠡ ᠶᠢᠨ ᠭᠤᠣᠯ | ᠰᠡᠳᠦᠪ ᠪᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ | ᠬᠥᠮᠦᠰ ᠤᠨ ᠰᠡᠳᠬᠢᠯ ᠳᠤ ᠭᠦᠨ ᠬᠠᠳᠠᠩᠰᠢᠵᠤ᠂ ᠮᠠᠨ ᠤ ᠤᠯᠤᠰ ᠤᠨ ᠬᠥᠭᠵᠢᠯᠲᠡ ᠮᠥᠨ ᠬᠦ ᠴᠢᠬᠤᠯᠠ | ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ ᠪᠠᠶᠢᠨ᠎ᠠ᠃ ᠰᠢᠨ᠎ᠡ ᠬᠥᠭᠵᠢᠯᠲᠡ | ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ᠂ ᠰᠢᠨ᠎ᠡ ᠨᠢᠭᠡ ᠡᠭᠡᠯᠵᠢ ᠶᠢᠨ ᠵᠡᠭᠦᠨ ᠬᠤᠶᠢᠲᠤ ᠣᠷᠣᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠡᠬᠢᠯᠡᠨ ᠬᠡᠷᠡᠭᠵᠢᠭᠦᠯᠬᠦ᠂ ᠰᠢᠨ᠎ᠡ ᠴᠠᠭ ᠦᠶ᠎ᠡ ᠳᠤ | ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠤᠨ ᠰᠢᠨ᠎ᠡ ᠪᠠᠶᠢᠷᠢᠰᠢᠯ ᠢ ᠪᠦᠷᠢᠯᠳᠦᠭᠦᠯᠬᠦ | ᠵᠢᠯᠣᠭᠤᠳᠬᠤ ᠰᠠᠨᠠᠯ᠂ ᠳᠤᠮᠳᠠ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠢᠴᠢ ᠬᠢᠯᠢ ᠬᠢᠵᠠᠭᠠᠷ | ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠲᠥᠪ ᠤᠨ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ | ᠶᠢᠨ ᠲᠤᠷᠰᠢᠯᠲᠠ ᠶᠢᠨ ᠴᠡᠭ ᠤᠨ ᠰᠠᠨᠠᠯ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠵᠡᠷᠭᠡᠪᠡᠷ ᠬᠡᠷᠡᠭᠵᠢᠭᠦᠯᠬᠦ | ᠨᠢ ᠮᠠᠨ ᠤ ᠬᠤᠰᠢᠭᠤᠨ ᠤ ᠨᠠᠩ ᠶᠡᠭᠡ ᠬᠡᠪᠴᠢᠶᠡᠨ ᠳᠤ᠂ ᠨᠠᠩ ᠥᠨᠳᠥᠷ ᠲᠠᠰ ᠳᠠᠪᠬᠤᠷᠭ᠎ᠠ ᠪᠠᠷ ᠴᠢᠬᠤᠯᠠ | ᠡᠯᠧᠮᠧᠨ᠋ᠲ ᠤᠨ ᠡᠬᠢ ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠬᠤ᠂ ᠤᠯᠤᠰ ᠤᠨ ᠳᠣᠲᠣᠭᠠᠳᠤ ᠭᠠᠳᠠᠭᠠᠳᠤ ᠶᠢᠨ | ᠬᠤᠤᠰ ᠣᠷᠴᠢᠯ ᠳᠤ ᠭᠦᠨᠵᠡᠭᠡᠶ ᠠᠭᠤᠰᠤᠯᠴᠠᠬᠤ ᠳᠤ ᠠᠰᠢᠭᠲᠠᠶ ᠶᠤᠮ᠃ ᠪᠥᠬᠦ ᠬᠤᠰᠢᠭᠤᠨ ᠳᠤ ᠰᠠᠭᠤᠷᠢᠯᠠᠵᠤ᠂ | ᠣᠶᠢᠷ᠎ᠠ ᠶᠢᠨ ᠵᠢᠯ ᠠᠴᠠ ᠨᠠᠭᠠᠰᠢ᠂ ᠪᠢᠳᠡ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠶ | ᠰᠦᠪᠡᠭᠴᠢᠯᠡᠵᠦ᠂ ᠬᠥᠭᠵᠢᠯᠲᠡ ᠶᠢᠨ ᠰᠡᠳᠬᠢᠴᠡ ᠨᠠᠩ ᠲᠣᠳᠣᠷᠬᠠᠶ ᠪᠣᠯᠵᠣ᠂ ᠬᠥᠭᠵᠢᠯᠲᠡ ᠶᠢᠨ ᠬᠥᠳᠡᠯᠭᠡᠬᠦ ᠡᠨᠧᠷᠭᠢ | ᠨᠠᠩ ᠡᠷᠴᠢᠮᠲᠡᠶ ᠪᠣᠯᠵᠣ᠂ ᠬᠥᠭᠵᠢᠯᠲᠡ ᠶᠢᠨ ᠢᠷᠡᠭᠡᠳᠦᠶ ᠨᠠᠩ ᠰᠠᠷᠠᠭᠤᠯ ᠠᠭᠤᠳᠠᠮ ᠪᠣᠯᠵᠠᠶ᠃ ᠣᠨᠴᠠᠭᠠᠶᠢᠯᠠᠨ | ᠬᠤᠰᠢᠭᠤᠨ ᠤ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠪᠢᠳᠡᠨ ᠳᠤ | ᠠᠤᠭ᠎ᠠ ᠶᠡᠭᠡ ᠬᠥᠭᠵᠢᠯᠲᠡ ᠶᠢᠨ ᠲᠥᠰᠦᠪ ᠢ ᠵᠢᠷᠤᠭᠯᠠᠵᠤ᠂ ᠤᠷᠤᠭᠰᠢᠯᠠᠯᠲᠠ ᠶᠢᠨ ᠪᠦᠷᠢᠶ᠎ᠡ ᠶᠢ ᠬᠠᠩᠭᠢᠨᠠᠭᠤᠯᠵᠤ᠂ | ᠤᠷᠤᠭᠰᠢᠯᠠᠨ ᠳᠠᠪᠰᠢᠬᠤ ᠬᠦᠴᠦᠨ ᠢ ᠬᠤᠷᠠᠮᠳᠤᠭᠤᠯᠵᠤ ᠥᠭᠭᠦᠭᠰᠡᠨ ᠪᠠᠶᠢᠨ᠎ᠠ᠃ ᠪᠠᠶᠢᠳᠠᠯ ᠢ ᠠᠵᠢᠭᠴᠢ ᠮᠡᠷᠭᠡᠨ᠂ | ᠪᠠᠶᠢᠳᠠᠯ ᠢ ᠡᠵᠡᠮᠳᠡᠭᠴᠢ ᠢᠯᠠᠨ᠎ᠠ ᠃ ᠪᠢᠳᠡ ᠠᠵᠠ ᠲᠣᠬᠢᠶᠠᠯ ᠤᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ | ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠤᠯᠤᠰ ᠲᠥᠷᠥ ᠶᠢᠨ ᠴᠢᠭᠯᠡᠯ ᠢ ᠪᠠᠲᠤ | ᠡᠵᠡᠮᠳᠡᠵᠦ᠂ ᠦᠨᠳᠦᠰᠦᠨ ᠵᠢᠷᠤᠮᠯᠠᠯ ᠢ ᠪᠠᠲᠤ ᠡᠵᠡᠮᠳᠡᠵᠦ᠂ ᠬᠥᠭᠵᠢᠯᠲᠡ ᠶᠢᠨ ᠪᠠᠶᠢᠳᠠᠯ ᠢ ᠡᠵᠡᠮᠳᠡᠵᠦ᠂ ᠵᠣᠷᠢᠭᠲᠠᠶ | ᠪᠠᠷ ᠪᠠᠶᠢᠳᠠᠯ ᠢ ᠰᠥᠷᠥᠨ ᠤᠷᠤᠭᠰᠢᠯᠠᠵᠤ᠂ ᠰᠠᠯᠬᠢ ᠰᠦᠷᠦᠨ ᠣᠩᠭᠤᠴᠠ ᠶᠢ ᠰᠠᠶᠢᠲᠤᠷ ᠰᠡᠯᠢᠬᠦ ᠪᠠᠷ ᠪᠠᠷᠠᠬᠤ ᠥᠬᠡᠶ | ᠂ ᠪᠠᠰᠠ ᠪᠠᠶᠢᠳᠠᠯ ᠢ ᠲᠠᠭᠠᠨ ᠠᠵᠢᠯᠯᠠᠵᠤ᠂ ᠰᠠᠯᠬᠢᠨ ᠤ ᠠᠶ᠎ᠠ ᠪᠠᠷ ᠵᠠᠯᠠᠭᠤᠷᠳᠠᠬᠤ ᠶᠢ ᠰᠠᠶᠢᠲᠤᠷ ᠡᠵᠡᠮᠳᠡᠵᠦ᠂ ᠬᠢᠮᠤᠷᠠᠯ | ᠤᠨ ᠳᠤᠮᠳᠠ ᠠᠵᠠ ᠲᠣᠬᠢᠶᠠᠯ ᠢ ᠪᠣᠶ ᠪᠣᠯᠭᠠᠵᠤ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠡᠭᠦᠳᠴᠦ᠂ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ | ᠴᠢᠷᠮᠠᠶᠢᠨ ᠡᠭᠦᠳᠬᠦ ᠬᠡᠷᠡᠭᠲᠡᠶ᠃ | ᠬᠤᠶᠢᠰᠢᠳᠠ ᠶᠢᠨ ᠲᠠᠪᠤᠨ ᠵᠢᠯ ᠤᠨ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠭᠤᠣᠯ ᠬᠠᠷᠠᠯᠲᠠ ᠡᠭᠦᠷᠭᠡ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠵᠢᠯ ᠳᠤᠮᠳᠠᠴᠢ | ᠪᠠᠷ 6 % ᠨᠡᠮᠡᠭᠳᠡᠭᠦᠯᠦᠨ᠎ᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠵᠢᠯ | ᠪᠦᠷᠢ ᠳᠤᠮᠳᠠᠴᠢ ᠪᠠᠷ 6 . 5 % ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ | ᠪᠣᠷᠣᠯᠠᠭᠤᠯᠬᠤ ᠶᠡᠷᠦᠩᠬᠡᠢ ᠬᠡᠮᠵᠢᠶ᠎ᠡ ᠶᠢ ᠵᠢᠯ ᠪᠦᠷᠢ ᠳᠤᠮᠳᠠᠴᠢ ᠪᠠᠷ 5 % ᠪᠠᠷ ᠨᠡᠮᠡᠭᠳᠡᠭᠦᠯᠦᠨ᠎ᠡ᠃ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 5 % ᠨᠡᠮᠡᠭᠳᠡᠭᠦᠯᠦᠨ᠎ᠡ᠃ ᠬᠤᠳᠠ ᠬᠥᠳᠡᠭᠡ | ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠯ ᠳᠤᠮᠳᠠᠴᠢ ᠪᠠᠷ 7 % | ᠪᠠ 11 % ᠪᠠᠷ ᠨᠡᠮᠡᠭᠳᠡᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠰᠢᠨ᠎ᠡ ᠳᠡᠭᠲᠡᠷ ᠲᠤ ᠭᠠᠷᠪᠠ᠃ ᠬᠤᠶᠢᠰᠢᠳᠠ | ᠶᠢᠨ ᠲᠠᠪᠤᠨ ᠵᠢᠯ ᠳᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠳᠣᠣᠷᠠᠬᠢ ᠭᠤᠣᠯ ᠬᠠᠷᠠᠯᠲᠠ ᠨᠤᠭᠤᠳ ᠢ | ᠴᠢᠷᠮᠠᠶᠢᠨ ᠪᠡᠶᠡᠯᠡᠭᠦᠯᠦᠨ᠎ᠡ᠃ | —ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠨᠡᠮᠡᠭᠳᠡᠯ ᠤᠨ ᠬᠥᠳᠡᠯᠭᠡᠬᠦ ᠬᠦᠴᠦᠨ ᠢ ᠨᠡᠩ ᠡᠷᠴᠢᠮ | ᠲᠠᠢ ᠪᠣᠯᠭᠠᠨ᠎ᠠ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠬᠡᠷᠡᠭᠵᠢᠭᠦᠯᠵᠦ᠂ 2026 ᠣᠨ ᠪᠣᠯᠬᠤ ᠳᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ | ᠠᠵᠤ ᠦᠶᠯᠡᠰ ᠢ ᠪᠤᠵᠠᠭᠠᠶᠢᠷᠠᠭᠤᠯᠤᠨ ᠬᠥᠭᠵᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ | ᠥᠷᠨᠢᠭᠦᠨ ᠬᠥᠭᠵᠢᠭᠦᠯᠵᠦ᠂ ᠠᠷᠠᠳ ᠤᠨ ᠪᠠᠯᠠ ᠣᠷᠣᠭᠤᠯᠤᠯᠲᠠ ᠶᠢ ᠵᠢᠯ ᠳᠤᠮᠳᠠᠴᠢ ᠪᠠᠷ 16 . 9 % | ᠨᠡᠮᠡᠭᠳᠡᠭᠦᠯᠵᠦ᠂ 5 G ᠶᠢᠨ ᠰᠦᠯᠵᠢᠶᠡᠨ ᠤ ᠪᠦᠷᠬᠦᠴᠡ ᠶᠢᠨ ᠨᠣᠷᠮ᠎ᠠ ᠶᠢ 100 % ᠪᠣᠯᠭᠠᠨ᠎ᠠ᠃ ᠰᠢᠨᠵᠢᠯᠡᠬᠦ | ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ | ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠨ᠂ ᠠᠵᠤ ᠦᠢᠯᠡᠰ ᠤᠨ ᠬᠡᠯᠪᠡᠷᠢ | ᠪᠠᠨ ᠬᠤᠪᠢᠷᠠᠭᠤᠯᠤᠨ ᠳᠡᠰ ᠳᠡᠪᠰᠢᠬᠦ ᠶᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ | ᠬᠥᠳᠡᠯᠭᠡᠬᠦ ᠬᠦᠴᠦᠨ ᠬᠠᠩᠭᠠᠨ᠎ᠠ᠃ | —ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ ᠶᠢ ᠨᠡᠩ | ᠰᠠᠶᠢᠨ ᠠᠭᠤᠰᠣᠯᠴᠠᠭᠤᠯᠤᠨᠠ᠃ ᠵᠣᠬᠢᠴᠠᠩᠭᠤᠶ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠤᠲᠠ ᠪᠠᠷ | ᠠᠵᠤ ᠦᠶᠯᠡᠰ ᠢ ᠲᠥᠪᠯᠡᠷᠡᠭᠦᠯᠵᠦ᠂ ᠠᠵᠤ ᠦᠶᠯᠡᠰ ᠢᠶᠠᠷ ᠬᠤᠲᠠ ᠶᠢ ᠬᠥᠭᠵᠢᠭᠦᠯᠵᠦ᠂ ᠠᠵᠤ ᠦᠶᠯᠡᠰ ᠪᠠ ᠬᠤᠲᠠ | ᠶᠢ ᠠᠭᠤᠰᠤᠯᠴᠠᠭᠤᠯᠬᠤ ᠬᠡᠷᠡᠭᠲᠡᠶ᠃ 2026 ᠣᠨ ᠪᠣᠯᠬᠤ ᠳᠤ᠂ ᠰᠢᠨ᠎ᠡ ᠬᠠᠶ᠋ᠢᠭ ᠤᠨ ᠬᠥᠮᠦᠨ ᠠᠮᠠ ᠶᠢ 10 | ᠲᠦᠮᠡ ᠶᠢ ᠳᠠᠪᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠢᠯ ᠤᠨ ᠣᠷᠣᠯᠭ᠎ᠠ ᠶᠢ 30 ᠲᠦᠮᠡᠨ | ᠲᠥᠭᠦᠷᠢᠭ ᠠᠴᠠ ᠳᠡᠭᠡᠭᠰᠢ ᠳᠤ ᠬᠦᠷᠭᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠨᠡᠩ ᠴᠡᠪᠡᠷ | ᠴᠡᠮᠴᠡᠭᠡᠷ᠂ ᠲᠣᠬᠢᠯᠢᠭ ᠰᠠᠶᠢᠬᠠᠨ ᠪᠣᠯᠭᠠᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ | ᠵᠥᠷᠢᠶ᠎ᠡ 1 ᠲᠦᠮᠡᠨ ᠲᠥᠭᠦᠷᠢᠭ ᠠᠴᠠ ᠪᠠᠭ᠎ᠠ ᠪᠠᠶᠢᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ 100 % ᠳᠤ ᠬᠦᠷᠴᠦ᠂ ᠠᠷᠠᠳ ᠤᠨ | ᠵᠣᠭᠤᠰ ᠤᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠤᠭ᠎ᠠ 260 ᠳ᠋ᠦᠩᠰᠢᠭᠤᠷ ᠲᠥᠭᠦᠷᠢᠭ ᠢ ᠳᠠᠪᠠᠪᠠ᠃ | —ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠠᠮᠢ ᠠᠬᠤᠢ ᠶᠢᠨ ᠠᠰᠢᠭ ᠲᠤᠰᠠ ᠶᠢ ᠨᠡᠩ ᠢᠯᠡᠭᠦᠦ | ᠪᠠᠳᠠᠷᠠᠭᠤᠯᠤᠨ᠎ᠠ᠃ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠭᠤᠯᠠ ᠤᠰᠤ ᠤᠢ | ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ | ᠲᠥᠯᠥᠪᠵᠢᠭᠦᠯᠵᠦ᠂ ᠬᠥᠭᠵᠢᠯᠲᠡ ᠪᠠ ᠠᠮᠢ ᠠᠬᠤᠢ ᠶᠢᠨ ᠬᠤᠶᠠᠷ ᠬᠤᠷᠢᠭ᠎ᠠ ᠱᠤᠭᠤᠮ ᠢ ᠪᠠᠲᠤ ᠰᠠᠬᠢᠨ᠎ᠠ᠃ 2026 | ᠣᠨ ᠪᠣᠯᠬᠤ ᠳᠤ᠂ ᠬᠤᠲᠠ ᠶᠢᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ | 97 % ᠳᠤ ᠬᠦᠷᠦᠭᠦᠯᠦᠨ᠎ᠡ᠃ ᠣᠶ ᠰᠢᠭᠤᠶ ᠶᠢᠨ ᠪᠦᠷᠬᠦᠴᠡ ᠶᠢᠨ ᠨᠣᠷᠮ᠎ᠠ 26 . 12 % ᠲᠤ ᠬᠥᠷᠪᠡ᠃ | ᠣᠷᠣᠨ ᠪᠦᠰᠡ ᠶᠢᠨ ᠳᠣᠲᠣᠷᠠᠬᠢ ᠭᠤᠤᠯ ᠮᠥᠷᠡᠨ ᠤ ᠣᠭᠲᠣᠯᠤᠭᠠᠰᠤ ᠶᠢᠨ ᠤᠰᠤᠨ ᠤ ᠴᠢᠨᠠᠷ ᠤᠨ ᠪᠠᠷᠢᠮᠵᠢᠶ᠎ᠠ ᠳᠤ | ᠭᠦᠷᠦᠭᠰᠡᠨ ᠨᠣᠷᠮ᠎ᠠ ᠶᠢ 100 % ᠪᠠᠶᠢᠯᠭᠠᠵᠤ᠂ ᠡᠮᠦᠨᠡᠲᠦ ᠬᠤᠰᠢᠭᠤᠨ ᠤ 《 ᠴᠤᠭ ᠰᠦᠯᠳᠡ᠂ | ᠠᠭᠤᠯᠤᠭᠳᠠᠬᠤᠨ 》 ᠨᠠᠩ ᠰᠠᠶᠢᠨ᠂ 《 ᠳᠦᠷᠢ ᠳᠥᠷᠬᠦ᠂ ᠦᠨ᠎ᠡ ᠥᠷᠲᠡᠭ 》 ᠨᠠᠩ ᠥᠨᠳᠥᠷ ᠪᠠᠶᠢᠬᠤ ᠶᠢ | ᠪᠠᠲᠤᠯᠠᠨ᠎ᠠ᠃ | —ᠨᠡᠭᠡᠭᠡᠯᠲᠡᠲᠦ ᠬᠥᠭᠵᠢᠯᠲᠡ ᠶᠢ ᠠᠬᠢᠭᠤᠯᠵᠤ᠂ ᠣᠷᠣᠨ ᠪᠠᠶᠢᠷᠢ ᠶᠢᠨ ᠳᠠᠪᠠᠭᠤᠯᠢᠭ ᠢ ᠨᠡᠩ ᠲᠤᠪᠤᠶᠢᠮ᠎ᠠ | ᠪᠣᠯᠭᠠᠨ᠎ᠠ᠃ ᠨᠡᠭᠡᠭᠡᠯᠲᠡᠲᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠤᠯᠤᠰ ᠤᠨ ᠴᠢᠬᠤᠯᠠ ᠶᠡᠭᠡ | ᠪᠠᠶᠢᠯᠳᠤᠬᠤ ᠪᠤᠳᠤᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠣᠷᠣᠨ ᠪᠦᠰᠡ ᠶᠢᠨ ᠴᠢᠬᠤᠯᠠ | ᠵᠠᠩᠭᠢᠯᠠᠭ᠎ᠠ ᠶᠢᠨ ᠬᠤᠲᠠ ᠶᠢ ᠪᠠᠶᠢᠭᠤᠯᠬᠤ ᠲᠠᠢ ᠨᠢᠭᠲᠠ ᠤᠶᠠᠯᠳᠤᠭᠤᠯᠵᠤ᠂ ᠵᠠᠮ ᠬᠠᠷᠢᠯᠴᠠᠭ᠎ᠠ᠂ ᠪᠠᠷᠠᠭᠠᠨ ᠤ | ᠭᠦᠢᠯᠭᠡᠭᠡ᠂ ᠠᠷᠠᠯᠵᠢᠶ᠎ᠠ ᠬᠤᠳᠠᠯᠳᠤᠭ᠎ᠠ᠂ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠨᠡᠩ | ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ《 ᠪᠠᠬᠢᠯᠡᠯᠲᠡ | 》 ᠶᠢ ᠴᠣᠭᠴᠠᠯᠠᠨ᠎ᠠ᠃ 2026 ᠣᠨ ᠪᠣᠯᠬᠤ ᠳᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠶᠡᠷᠦᠩᠬᠡᠶ ᠲᠤᠭ᠎ᠠ ᠶᠢ ᠵᠢᠯ ᠪᠦᠷᠢ ᠳᠤᠮᠳᠠᠴᠢ ᠪᠠᠷ 5 % ᠨᠡᠮᠡᠭᠳᠡᠭᠦᠯᠦᠨ᠎ᠡ᠃ | —ᠬᠠᠮᠲᠤ ᠪᠠᠷ ᠡᠳ᠋ᠯᠡᠬᠦ ᠬᠥᠭᠵᠢᠯᠲᠡ ᠶᠢ ᠠᠬᠢᠭᠤᠯᠵᠤ᠂ ᠣᠯᠠᠨ ᠲᠦᠮᠡᠨ ᠤ ᠠᠮᠢᠳᠤᠷᠠᠯ ᠢ ᠨᠠᠩ ᠴᠢᠨᠠᠷ | ᠴᠢᠨᠰᠠᠭ᠎ᠠ ᠲᠠᠢ ᠪᠣᠯᠭᠠᠨ᠎ᠠ᠃ ᠬᠠᠮᠲᠤ ᠪᠠᠷ ᠡᠳ᠋ᠯᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠷᠠᠳ | ᠢᠷᠭᠡᠳ ᠲᠤ ᠨᠡᠩ ᠭᠦᠢᠴᠡᠳ ᠠᠵᠢᠯ ᠣᠯᠭᠤᠯᠲᠠ᠂ ᠨᠡᠩ ᠰᠢᠯᠢᠳᠡᠭ ᠰᠤᠷᠭᠠᠨ ᠬᠥᠮᠦᠵᠢᠯ ᠤᠨ ᠨᠥᠬᠦᠴᠡᠯ᠂ ᠨᠡᠩ | ᠳᠥᠭᠦᠮ ᠳᠥᠲᠡ ᠡᠮ ᠡᠮᠨᠡᠯᠭᠡ ᠶᠢᠨ ᠦᠢᠯᠡᠴᠢᠯᠡᠭᠡ᠂ ᠨᠡᠩ ᠲᠠᠭᠠᠯᠠᠮᠵᠢᠲᠠᠢ ᠣᠷᠣᠰᠢᠨ ᠰᠠᠭᠤᠬᠤ ᠣᠷᠴᠢᠨ | ᠲᠣᠭᠤᠷᠢᠨ᠂ ᠨᠡᠩ ᠨᠠᠶᠢᠳᠠᠪᠤᠷᠢᠲᠠᠢ ᠨᠡᠶᠢᠭᠡᠮ ᠤᠨ ᠪᠠᠲᠤᠯᠠᠭ᠎ᠠ᠂ ᠨᠡᠩ ᠪᠠᠶᠠᠯᠢᠭ ᠰᠣᠶᠣᠯ ᠪᠡᠶ᠎ᠡ ᠶᠢᠨ ᠲᠠᠮᠢᠷ ᠤᠨ | ᠠᠮᠢᠳᠤᠷᠠᠯ ᠢ ᠡᠳ᠋ᠯᠡᠭᠦᠯᠦᠨ᠎ᠡ᠃ 2026 ᠣᠨ ᠪᠣᠯᠬᠤ ᠳᠤ᠂ ᠬᠤᠲᠠ ᠪᠠᠯᠭᠠᠰᠤᠨ ᠳᠤ ᠵᠢᠯ ᠳᠤᠮᠳᠠᠴᠢ ᠪᠠᠷ 1500 | ᠬᠥᠮᠦᠨ ᠳᠤ ᠰᠢᠨ᠎ᠡ ᠪᠠᠷ ᠠᠵᠢᠯ ᠣᠯᠭᠤᠨ᠎ᠠ᠃ ᠮᠢᠩᠭᠠᠨ ᠬᠥᠮᠦᠨ ᠪᠦᠷᠢ ᠳᠤ 4 . 9 ᠡᠮᠴᠢᠯᠡᠭᠡᠨ ᠤ ᠪᠠᠶᠢᠭᠤᠯᠤᠮᠵᠢ | ᠲᠠᠢ ᠃ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠦᠶᠯᠡᠴᠢᠯᠡᠭᠡᠨ ᠤ ᠥᠷᠲᠡᠭᠡ ᠶᠢᠨ | ᠬᠠᠮᠤᠷᠬᠤ ᠨᠣᠷᠮ᠎ᠠ ᠶᠢ 100 % ᠳᠤ ᠬᠦᠷᠦᠭᠦᠯᠦᠨ᠎ᠡ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠱᠠᠲᠤᠨ ᠤ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠪᠦᠬᠦ ᠨᠤᠷᠮ᠎ᠠ ᠶᠢ 95 % ᠳᠤ ᠬᠦᠷᠭᠡᠨ᠎ᠡ᠃ | ᠶᠢᠰᠦᠨ ᠵᠢᠯ ᠤᠨ ᠳᠦᠷᠢᠮᠲᠦ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠤᠷᠮ᠎ᠠ 99 % ᠳᠤ | ᠬᠦᠷᠴᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠢ ᠪᠡᠶᠡᠯᠡᠭᠦᠯᠪᠡ᠃ | ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 4 . 5 % ᠶᠢᠨ ᠳᠣᠲᠣᠷ᠎ᠠ | ᠬᠢᠵᠠᠭᠠᠷᠯᠠᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ 《 ᠲᠦᠷᠪᠡᠨ ᠬᠦᠴᠦᠨ 》 ᠢ ᠪᠦᠬᠦ ᠲᠠᠯ᠎ᠠ | ᠪᠠᠷ ᠴᠢᠩᠭᠠᠳᠬᠠᠬᠤ ᠬᠡᠷᠡᠭᠲᠡᠢ᠃ ᠨᠢᠭᠡ ᠳᠤ ᠨᠢᠭᠲᠠᠷᠠᠯ ᠤᠨ ᠬᠦᠴᠦᠨ ᠢ ᠴᠢᠩᠭᠠᠳᠬᠠᠬᠤ ᠬᠡᠷᠡᠭᠲᠡᠢ᠃ ᠬᠦᠴᠦᠨ ᠢᠶᠠᠨ | ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠬᠦ ᠪᠣᠯ ᠮᠠᠨ ᠤ ᠨᠠᠮ ᠤᠨ ᠪᠠᠶᠢᠭᠤᠯᠤᠯ ᠤᠨ ᠳᠠᠪᠠᠭᠤᠯᠢᠭ ᠮᠥᠨ᠃《 | ᠨᠢᠭᠡ ᠬᠥᠯᠭᠡ ᠰᠢᠲᠠᠷ᠎ᠠ 》 ᠶᠢᠨ ᠦᠵᠡᠯ ᠰᠠᠨᠠᠭ᠎ᠠ ᠶᠢ ᠪᠣᠶ ᠪᠣᠯᠭᠠᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠲᠣᠭᠲᠠᠭᠠᠭᠰᠠᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂《 ᠰᠡᠳᠬᠢᠯ ᠨᠢᠭᠡᠳᠦᠨ ᠬᠦᠴᠦ | ᠪᠠᠨ ᠬᠠᠮᠲᠤᠳᠬᠠᠵᠤ 》᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠪᠥᠬᠦ | ᠬᠦᠴᠦᠨ ᠢᠶᠠᠷ ᠢᠶᠠᠨ ᠡᠮᠦᠨᠡᠲᠦ ᠬᠤᠰᠢᠭᠤᠨ ᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠶᠠᠷ ᠲᠤ ᠲᠠᠶᠢᠴᠢᠨ | ᠬᠦᠴᠦᠨ ᠢᠶᠠᠨ ᠴᠢᠩᠭᠠᠳᠬᠠᠬᠤ ᠬᠡᠷᠡᠭᠲᠡᠢ᠃ ᠲᠡᠮᠡᠴᠡᠯ ᠪᠣᠯ ᠨᠢᠭᠡ ᠵᠦᠢᠯ ᠤᠨ ᠣᠪᠣᠷ ᠮᠥᠨ᠂ ᠪᠠᠰᠠ ᠴᠤ ᠨᠢᠭᠡ | ᠵᠣᠭᠰᠣᠯᠲᠠ ᠮᠥᠨ᠂ ᠨᠡᠩ ᠴᠤ ᠨᠢᠭᠡ ᠵᠦᠢᠯ ᠤᠨ ᠴᠢᠳᠠᠪᠤᠷᠢ ᠮᠥᠨ᠃ ᠲᠡᠷᠢᠭᠦᠨ ᠤ ᠬᠢ ᠪᠣᠯᠬᠤ ᠪᠠᠷ ᠴᠢᠷᠮᠠᠶᠢᠬᠤ | ᠤᠬᠠᠮᠰᠠᠷ ᠲᠠᠢ ᠪᠠᠶᠢᠵᠤ᠂《 ᠵᠣᠷᠢᠭᠲᠠᠢ ᠪᠠᠷ ᠲᠡᠮᠡᠴᠡᠬᠦ 》ᠰᠥᠰᠥ ᠵᠣᠷᠢᠭ᠂《 ᠴᠢᠳᠠᠮᠠᠭᠠᠢ ᠪᠠᠷ ᠲᠡᠮᠡᠴᠡᠬᠦ | 》ᠤᠶᠤᠨ ᠤᠬᠠᠭᠠᠨ᠂《 ᠴᠢᠳᠠᠮᠠᠭᠠᠢ ᠪᠠᠷ ᠲᠡᠮᠡᠴᠡᠬᠦ 》 ᠴᠢᠳᠠᠪᠤᠷᠢ ᠲᠠᠢ ᠪᠠᠶᠢᠵᠤ᠂ ᠠᠵᠢᠯ ᠢᠶᠠᠨ ᠡᠷᠲᠡ | ᠰᠡᠳᠬᠢᠵᠦ᠂ ᠴᠢᠩᠭ᠎ᠠ ᠠᠳᠬᠤᠵᠤ᠂ ᠪᠣᠳᠠᠲᠠᠢ ᠬᠢᠬᠦ ᠬᠡᠷᠡᠭᠲᠡᠢ᠃ ᠭᠤᠷᠪᠠ ᠳᠤ ᠪᠦᠲᠦᠭᠡᠯᠴᠢ ᠴᠢᠳᠠᠪᠤᠷᠢ ᠪᠠᠨ | ᠨᠡᠮᠡᠭᠳᠡᠭᠦᠯᠦᠨ᠎ᠡ᠃ ᠰᠢᠨ᠎ᠡ ᠶᠢ ᠡᠭᠦᠳᠬᠦ ᠪᠣᠯ ᠬᠥᠭᠵᠢᠯᠲᠡ ᠶᠢᠨ ᠬᠥᠳᠡᠯᠭᠡᠭᠴᠢ ᠬᠦᠴᠦᠨ᠂ ᠰᠢᠪᠲᠤᠯᠤᠯᠲᠠ ᠶᠢᠨ | ᠵᠠᠩᠭᠢᠯᠠᠭ᠎ᠠ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠬᠦᠴᠦᠨ ᠵᠦᠢᠯ ᠮᠥᠨ᠃ ᠬᠥᠭᠵᠢᠯᠲᠡ ᠶᠢᠨ ᠠᠵᠠ | ᠲᠣᠬᠢᠶᠠᠯ ᠢ ᠴᠢᠩᠭ᠎ᠠ ᠠᠳᠬᠤᠵᠤ᠂ ᠠᠰᠠᠭᠤᠳᠠᠯ ᠥᠷᠢᠰᠥᠯᠳᠦᠭᠡᠨ ᠳᠤ ᠬᠤᠪᠢᠰᠤᠩᠭᠤᠶ ᠪᠠᠷ ᠬᠠᠨᠳᠤᠵᠤ᠂ ᠬᠠᠶᠢᠨ | ᠰᠥᠪᠡᠭᠴᠢᠯᠡᠯᠲᠡ ᠠᠴᠠ ᠡᠬᠢᠯᠡᠨ ᠬᠢᠵᠦ᠂ ᠰᠢᠨ᠎ᠡ ᠶᠢ ᠡᠭᠦᠳᠬᠦ ᠪᠠᠷ ᠰᠡᠳᠦᠪ ᠢ ᠰᠢᠶᠳᠪᠦᠷᠢᠯᠡᠨ᠂ ᠦᠶᠯᠡᠳᠦᠯᠭᠡ ᠳᠤ | ᠦᠨᠡᠨ ᠢ ᠪᠠᠷᠢᠮᠲᠠᠯᠠᠵᠤ᠂ ᠠᠵᠢᠯ ᠤᠨ ᠳᠤᠮᠳᠠ ᠪᠠᠨ《ᠲᠦᠷᠭᠡᠨ ᠠᠯᠬᠤᠮ》᠂ 《 ᠮᠡᠷᠭᠡᠨ ᠠᠷᠭ᠎ᠠ 》ᠪᠠᠶᠢᠬᠤ | ᠪᠠᠷ ᠴᠢᠷᠮᠠᠶᠢᠬᠤ ᠬᠡᠷᠡᠭᠲᠡᠶ᠃ ᠲᠦᠷᠪᠡ ᠳᠤ ᠭᠦᠢᠴᠡᠳᠬᠡᠬᠦ ᠬᠦᠴᠦᠨ ᠢ ᠴᠢᠩᠭᠠᠳᠬᠠᠬᠤ ᠬᠡᠷᠡᠭᠲᠡᠢ᠃ ᠮᠡᠳᠡᠬᠦ ᠳᠤ ᠠᠮᠠᠷ | ᠬᠢᠬᠦ ᠳᠤ ᠬᠦᠴᠢᠷ ᠬᠢᠬᠦ ᠨᠢ ᠬᠡᠯᠡᠬᠦ ᠠᠴᠠ ᠳᠡᠭᠡᠷ᠎ᠡ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠬᠠᠷᠢᠭᠤᠴᠠᠯᠭ᠎ᠠ | ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠳᠤᠷᠢᠳᠤᠯᠭ᠎ᠠ | ᠳᠠᠭᠠᠭᠠᠴᠢᠯᠠᠨ ᠬᠤᠯᠪᠣᠭᠠᠯᠠᠬᠤ᠂ ᠲᠤᠰᠬᠠᠶ ᠠᠩᠭᠢ ᠠᠬᠢᠭᠤᠯᠬᠤ᠂ ᠱᠠᠯᠠᠪᠳᠠᠭᠤᠯᠤᠨ ᠵᠢᠯᠣᠭᠤᠳᠴᠤ ᠱᠠᠯᠠᠪᠳᠠᠭᠤᠯᠤᠨ | ᠭᠦᠶᠴᠡᠳᠬᠡᠬᠦ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠵᠡᠷᠭᠡ ᠠᠵᠢᠯ ᠤᠨ ᠲᠣᠭᠲᠠᠴᠠ ᠶᠢ ᠤᠯᠠᠮ ᠨᠢᠭᠡ | ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠪᠠ ᠭᠦᠶᠴᠡᠳᠬᠡᠯ ᠲᠤᠭ᠎ᠠ ᠪᠠᠷ | ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ᠂ ᠬᠥᠭᠵᠢᠯᠲᠡ ᠶᠢᠨ ᠶᠠᠰᠤ ᠴᠢᠨᠠᠷ ᠢ ᠰᠢᠯᠭᠠᠨ ᠪᠠᠶᠢᠴᠠᠭᠠᠬᠤ ᠬᠡᠷᠡᠭᠲᠡᠶ᠃ | | ᠲᠥᠯᠥᠭᠡᠯᠡᠭᠴᠢᠳ ᠡ᠂ ᠲᠡᠦᠬᠡ ᠶᠢᠨ ᠰᠢᠨ᠎ᠡ ᠬᠠᠭᠤᠳᠠᠰᠤ ᠶᠢ ᠨᠢᠭᠡᠨᠲᠡ ᠰᠡᠬᠦᠪᠡ᠃ ᠪᠢᠳᠡ ᠰᠢᠨ᠎ᠡ ᠬᠥᠭᠵᠢᠯᠲᠡ | ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ᠂ ᠬᠥᠭᠵᠢᠯᠲᠡ ᠪᠣᠯ ᠲᠡᠷᠢᠭᠦᠨ ᠴᠢᠬᠤᠯᠠ ᠡᠭᠦᠷᠭᠡ ᠪᠣᠯᠬᠤ ᠶᠢ ᠪᠠᠲᠤ | ᠪᠠᠷᠢᠮᠲᠠᠯᠠᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠨ᠂ ᠡᠷᠡᠮᠡᠬᠡᠶᠢᠯᠡᠨ ᠤᠷᠤᠭᠰᠢᠯᠠᠵᠤ᠂ ᠦᠳᠲᠡᠷ | ᠲᠦᠷᠭᠡᠨ ᠰᠢᠨ᠎ᠡ ᠪᠠᠶᠢᠳᠠᠯ ᠢ ᠡᠭᠦᠳᠴᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠠᠮᠵᠢᠯᠲᠠ ᠪᠦᠲᠦᠮᠵᠢ | ᠭᠠᠷᠭᠠᠬᠤ ᠪᠠᠷ ᠬᠦᠴᠦᠯᠡᠨ ᠴᠢᠷᠮᠠᠶᠢᠵᠤ᠂ ᠰᠢᠨ᠎ᠡ ᠲᠡᠮᠡᠴᠡᠯ ᠢᠶᠠᠷ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠥᠬᠡᠶ᠂ | ᠴᠠᠭ ᠦᠶ᠎ᠡ ᠶᠢ ᠬᠥᠰᠡᠷᠳᠡᠭᠦᠯᠬᠦ ᠥᠬᠡᠶ ᠪᠠᠷ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠳᠤ ᠲᠣᠮᠣ ᠠᠯᠬᠤᠮ ᠢᠶᠠᠷ | ᠤᠷᠤᠭᠰᠢᠯᠠᠬᠤ ᠬᠡᠷᠡᠭᠲᠡᠶ︕ | ᠭᠤᠷᠪᠠ᠂ 2022 ᠣᠨ ᠤ ᠠᠵᠢᠯ ᠤᠨ ᠰᠡᠳᠬᠢᠴᠡ | ᠰᠢᠨ᠎ᠡ ᠴᠠᠭ ᠦᠶ᠎ᠡ ᠳᠤ ᠣᠷᠣᠵᠤ᠂ ᠰᠢᠨ᠎ᠡ ᠬᠦᠰᠡᠯ ᠡᠷᠡᠮᠡᠯᠵᠡᠯ ᠢ ᠬᠠᠮᠲᠤᠪᠠᠷ ᠵᠢᠷᠤᠭᠯᠠᠵᠤ᠂ ᠰᠢᠨ᠎ᠡ ᠵᠢᠳᠬᠦᠯ | ᠴᠢᠷᠮᠠᠶᠢᠯᠭ᠎ᠠ ᠶᠢ ᠪᠡᠶᠡᠯᠡᠭᠦᠯᠵᠦ᠂ ᠰᠢᠨ᠎ᠡ ᠭᠡᠷᠡᠯ ᠰᠠᠴᠤᠷᠠᠩᠭᠤᠢ ᠢᠷᠡᠭᠡᠳᠦᠢ ᠵᠦᠭ ᠤᠷᠤᠭᠰᠢᠯᠠᠨ᠎ᠠ᠃ ᠡᠨᠡ ᠵᠢᠯ ᠪᠣᠯ | 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢ ᠬᠡᠷᠡᠭᠵᠢᠭᠦᠯᠬᠦ ᠴᠢᠬᠤᠯᠠ ᠵᠢᠯ ᠮᠥᠨ᠃ | ᠪᠠᠰᠠ ᠴᠤ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠵᠢᠯ ᠮᠥᠨ᠃ ᠡᠯ᠎ᠡ ᠵᠦᠢᠯ ᠤᠨ ᠠᠵᠢᠯ ᠢ | ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠳᠤ ᠮᠠᠨ ᠤ ᠡᠭᠦᠷᠭᠡ ᠬᠠᠲᠠᠭᠤ ᠪᠡᠷᠬᠡ᠂ ᠡᠭᠦᠷᠭᠡ ᠢᠷᠠᠭᠤ ᠠᠯᠳᠠᠷᠲᠠᠢ᠂ | ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠲᠠᠢ ᠶᠤᠮ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ | ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ | ᠪᠠᠳᠠᠷᠠᠭᠤᠯᠤᠶ᠎ᠠ᠃ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠲᠠᠯᠠᠶ᠎ᠠ᠃ ᠪᠦᠲᠦᠨ᠂ ᠣᠨᠣᠪᠴᠢᠲᠠᠶ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ | ᠲᠤᠭᠤᠰᠢᠯᠠᠭᠤᠯᠤᠶ᠎ᠠ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ ᠥᠭᠡᠷᠡᠴᠢᠯᠡᠯᠲᠡ | ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ | ᠪᠣᠯᠭᠠᠬᠤ ᠶᠢ ᠪᠠᠷᠢᠮᠲᠠᠯᠠᠨ᠎ᠠ᠃ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠎ᠠ᠃ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ | ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠎ᠡ᠃ 《 ᠵᠢᠷᠭᠤᠭ᠎ᠠ ᠶᠢ | ᠲᠣᠭᠲᠠᠪᠤᠷᠢᠵᠢᠭᠤᠯᠬᠤ 》 ᠠᠵᠢᠯ ᠢ ᠦᠷᠭᠦᠯᠵᠢᠯᠡᠨ ᠰᠠᠶᠢᠲᠤᠷ ᠬᠢᠨ᠎ᠠ᠃《 ᠵᠢᠷᠭᠤᠭ᠎ᠠ ᠶᠢ ᠪᠠᠲᠤᠯᠠᠬᠤ 》 ᠠᠵᠢᠯ᠂ | ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠬᠤᠷᠸ᠎ᠠ ᠠᠵᠤ ᠠᠬᠤᠢ ᠶᠢᠨ ᠶᠡᠭᠡ ᠲᠠᠯ᠎ᠠ ᠶᠢ | ᠬᠦᠴᠦᠯᠡᠨ ᠲᠣᠭᠲᠠᠪᠤᠷᠢᠵᠢᠭᠤᠯᠪᠠ᠃ ᠠᠵᠤ ᠠᠬᠤᠢ ᠶᠢᠨ ᠠᠵᠢᠯᠯᠠᠭᠠᠨ ᠢ ᠢᠮᠠᠭᠲᠠ ᠵᠦᠢ ᠵᠣᠬᠢᠰᠲᠠᠢ ᠣᠷᠣᠨ ᠪᠠᠶᠢᠷᠢ | ᠳᠤ ᠪᠠᠶᠢᠯᠭᠠᠨ᠎ᠠ᠃ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠣᠯᠠᠨ᠎ᠠ᠃ ᠨᠠᠮ ᠤᠨ ᠬᠤᠷᠢᠳᠤᠭᠠᠷ | ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ᠃ | ᠡᠨᠡ ᠵᠢᠯ ᠤᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ | ᠬᠠᠷᠠᠯᠲᠠ ᠪᠣᠯ᠄ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 6 % ᠪᠠᠷ ᠨᠡᠮᠡᠭᠳᠡᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠶᠡᠷᠦᠩᠬᠡᠶ ᠥᠷᠲᠡᠭ ᠢ 100 % ᠪᠠᠷ ᠨᠡᠮᠡᠭᠳᠡᠭᠦᠯᠵᠦ᠂ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 22 . 5 % ᠪᠠᠷ ᠨᠡᠮᠡᠭᠳᠡᠭᠦᠯᠵᠦ᠂ ᠪᠥᠬᠦ ᠨᠡᠶᠢᠭᠡᠮ ᠤᠨ | ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 9 % ᠪᠠᠷ ᠨᠡᠮᠡᠭᠳᠡᠭᠦᠯᠵᠦ᠂ ᠣᠯᠠᠨ | ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 10 % ᠪᠠᠷ ᠨᠡᠮᠡᠭᠳᠡᠭᠦᠯᠵᠦ᠂ ᠬᠤᠲᠠ ᠬᠥᠳᠡᠭᠡ | ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ | ᠲᠣᠰ 11 % ᠪᠠ 13 % ᠪᠠᠷ ᠨᠡᠮᠡᠭᠳᠡᠭᠦᠯᠦᠨ᠎ᠡ᠃ ᠪᠦᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ | ᠲᠠᠢ ᠪᠡᠶᠡᠯᠡᠭᠦᠯᠬᠦ ᠶᠢᠨ ᠲᠥᠯᠥᠭᠡ᠂ ᠪᠢᠳᠠ ᠬᠥᠭᠡᠭᠡᠵᠦ ᠭᠦᠢᠴᠡᠬᠦ᠂ ᠪᠦᠬᠦ ᠬᠤᠰᠢᠭᠤᠨ ᠤ ᠬᠦᠴᠦᠨ ᠢ | ᠨᠢᠭᠲᠠᠷᠠᠭᠤᠯᠵᠤ᠂ ᠤᠷᠤᠭᠰᠢᠯᠠᠯᠲᠠ ᠶᠢᠨ ᠳᠠᠷᠪᠠᠭᠤᠯ ᠢ ᠬᠡᠶᠢᠰᠬᠡᠨ᠂ ᠳᠣᠣᠷᠠᠬᠢ ᠬᠡᠳᠦᠨ ᠵᠦᠢᠯ ᠤᠨ ᠠᠵᠢᠯ ᠢ | ᠭᠤᠣᠯᠳᠠᠯᠭ᠎ᠠ ᠲᠠᠢ ᠠᠳᠬᠤᠨ᠎ᠠ᠃ | ( ᠨᠢᠭᠡ ) ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠵᠤ᠂ | ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠲᠠᠯ᠎ᠠ ᠪᠠᠷ ᠰᠢᠨ᠎ᠡ ᠠᠯᠬᠤᠮ ᠢ ᠬᠦᠴᠦᠯᠡᠨ ᠠᠯᠬᠤᠬᠤ ᠬᠡᠷᠡᠭᠲᠡᠶ | ᠃《 ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠬᠤ | 》ᠶᠡᠷᠦᠩᠬᠡᠢ ᠬᠥᠭ ᠠᠶᠠᠰ ᠢ ᠪᠠᠷᠢᠮᠲᠠᠯᠠᠨ᠂ ᠡᠷᠴᠢ ᠵᠣᠷᠢᠭ ᠢᠶᠠᠨ ᠬᠥᠪᠴᠢᠯᠡᠨ᠂ ᠠᠷᠭ᠎ᠠ ᠬᠡᠮᠵᠢᠶ᠎ᠡ ᠪᠠᠨ | ᠴᠢᠩᠭᠠᠳᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠨᠠᠩ ᠣᠯᠠᠨ ᠲᠣᠮᠣ ᠲᠥᠷᠥᠯ | ᠵᠦᠢᠯ᠂ ᠰᠠᠶᠢᠨ ᠲᠥᠷᠥᠯ ᠵᠦᠢᠯ ᠢ ᠮᠠᠨ ᠤ ᠬᠤᠰᠢᠭᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠨᠢᠭᠡ ᠳᠤ᠂ ᠰᠢᠨ᠎ᠡ ᠶᠢ ᠡᠭᠦᠳᠬᠦ ᠰᠡᠳᠬᠢᠬᠦᠢ ᠪᠠᠷ ᠲᠦᠷᠦᠯ ᠵᠦᠢᠯ ᠢ ᠤᠬᠠᠭᠠᠯᠠᠨ᠎ᠠ᠃ ᠰᠢᠨ᠎ᠡ ᠨᠢᠭᠡ ᠡᠭᠡᠯᠵᠢ | ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ | ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ | 《 ᠬᠤᠶᠠᠷ ᠰᠢᠨ᠎ᠡ ᠨᠢᠭᠡ ᠴᠢᠬᠤᠯᠠ 》᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠣᠶᠣᠯ | ᠵᠢᠭᠤᠯᠴᠢᠯᠠᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ | ᠶᠢᠨ ᠲᠣᠭᠤᠷᠢᠨ ᠳᠤ᠂ ᠨᠢᠭᠡ ᠪᠦᠯᠦᠭ ᠰᠠᠭᠤᠷᠢ ᠪᠡᠯᠡᠳᠬᠡᠮᠵᠢ᠂ ᠠᠵᠤ ᠦᠶᠯᠡᠰ ᠤᠨ ᠲᠠᠰ ᠳᠡᠪᠰᠢᠬᠦ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠲᠥᠷᠥᠯ ᠵᠦᠶᠯ ᠢ ᠨᠠᠷᠢᠨ ᠨᠢᠮᠪᠠᠶ ᠲᠥᠰᠦᠪᠯᠡᠨ ᠨᠥᠭᠡᠴᠡᠯᠡᠵᠦ᠂ ᠨᠢᠭᠡ ᠪᠦᠯᠦᠭ 《 | ᠦᠨ᠎ᠡ ᠥᠷᠲᠡᠭ ᠲᠠᠢ》᠂《 ᠰᠢᠨ᠎ᠡ ᠰᠡᠪᠢᠭᠦᠨ 》᠂《 ᠪᠤᠬᠢᠷᠲᠤᠯ ᠦᠭᠡᠢ》ᠥᠨᠳᠥᠷ ᠲᠣᠮᠣ ᠲᠥᠷᠥᠯ | ᠵᠦᠶᠯ᠂ ᠰᠠᠶᠢᠨ ᠲᠥᠷᠥᠯ ᠵᠦᠶᠯ ᠢ ᠪᠣᠭᠤᠳᠠᠯᠯᠠᠨ ᠲᠥᠯᠥᠪᠯᠡᠵᠦ᠂ ᠠᠷᠭ᠎ᠠ ᠪᠦᠬᠦᠨ ᠢ ᠰᠦᠪᠡᠭᠴᠢᠯᠡᠨ ᠪᠦᠲᠦᠮᠵᠢᠲᠡᠶ | ᠪᠠᠯᠠ ᠣᠷᠣᠭᠤᠯᠤᠯᠲᠠ ᠶᠢ ᠥᠷᠭᠡᠳᠬᠡᠨ᠎ᠡ᠃ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠵᠢᠯᠴᠠᠭ᠎ᠠ᠂ | ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠲᠢᠩᠬᠢᠮ ᠲᠣᠪᠴᠢᠶ᠎ᠠ ᠶᠢᠨ ᠬᠠᠪᠰᠤᠷᠤᠨ ᠲᠡᠳᠬᠦᠬᠦ ᠵᠡᠷᠭᠡ ᠲᠥᠷᠥ | ᠶᠢᠨ ᠪᠣᠳᠣᠯᠭ᠎ᠠ ᠶᠢᠨ ᠠᠵᠠ ᠲᠣᠬᠢᠶᠠᠯ ᠳᠤ ᠲᠦᠰᠢᠭᠯᠡᠨ᠂ ᠤᠯᠤᠰ᠂ ᠣᠷᠣᠨ ᠠᠶᠢᠮᠠᠭ ᠯᠤᠭ᠎ᠠ ᠵᠣᠯᠭᠠᠭᠤᠯᠬᠤ ᠪᠠᠨ | ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠲᠥᠷᠥᠯ ᠵᠦᠶᠯ ᠢ ᠲᠥᠰᠦᠪᠯᠡᠬᠦ ᠬᠠᠨᠳᠤᠯᠭᠠᠲᠤ ᠴᠢᠨᠠᠷ ᠪᠠ | ᠭᠤᠶᠤᠴᠢᠯᠠᠨ ᠮᠡᠳᠡᠭᠦᠯᠬᠦ ᠶᠢᠨ ᠠᠮᠵᠢᠯᠲᠠ ᠣᠯᠬᠤ ᠨᠤᠷᠮ᠎ᠠ ᠪᠠᠨ ᠦᠨᠡᠨᠬᠦ ᠳᠡᠭᠡᠭᠰᠢᠯᠡᠭᠦᠯᠦᠨ᠂ ᠨᠠᠩ ᠣᠯᠠᠨ ᠲᠥᠷᠥᠯ | ᠵᠦᠶᠯ ᠢ ᠤᠯᠤᠰ᠂ ᠣᠷᠣᠨ᠂ ᠠᠶᠢᠮᠠᠭ ᠲᠤ ᠣᠷᠣᠭᠤᠯᠬᠤ ᠪᠠᠷ ᠴᠢᠷᠮᠠᠶᠢᠨ᠎ᠠ᠃ 《 ᠣᠲᠣ ᠪᠠᠶᠢᠭ᠎ᠠ ᠠᠵᠤ | ᠠᠬᠤᠶᠢᠯᠠᠯ ᠢ ᠰᠠᠶᠢᠲᠤᠷ ᠡᠷᠭᠢᠯᠡᠬᠦ ᠪᠣᠯ ᠬᠠᠮᠤᠭ ᠤᠨ ᠰᠠᠶᠢᠨ ᠬᠤᠳᠠᠯᠳᠤᠭᠠᠴᠢᠨ ᠤᠷᠢᠬᠤ ᠶᠠᠪᠤᠳᠠᠯ ᠮᠥᠨ 》ᠭᠡᠬᠦ | ᠣᠶᠢᠯᠠᠭᠠᠭᠳᠠᠬᠤᠨ ᠢ ᠪᠠᠷᠢᠮᠲᠠᠯᠠᠵᠤ᠂ ᠬᠤᠳᠠᠯᠳᠤᠭ᠎ᠠ ᠪᠠᠷ ᠬᠤᠳᠠᠯᠳᠤᠭᠠᠴᠢᠨ ᠢ ᠲᠠᠲᠠᠬᠤ᠂ ᠠᠵᠤ ᠦᠶᠯᠡᠰ ᠤᠨ | ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ | ᠶᠢ ᠲᠡᠳᠬᠦᠨ ᠳᠡᠮᠵᠢᠨ᠎ᠡ᠃《 ᠪᠥᠬᠦ ᠠᠵᠢᠯᠲᠠᠨ ᠬᠤᠳᠠᠯᠳᠤᠭᠠᠴᠢᠨ ᠤᠷᠢᠬᠤ 》 ᠵᠠᠭᠪᠤᠷ ᠢ ᠡᠬᠢᠯᠡᠭᠦᠯᠵᠦ᠂ ᠪᠥᠬᠦ | ᠵᠢᠯ ᠳᠤ 24 ᠲᠥᠷᠥᠯ ᠵᠦᠶᠯ ᠲᠣᠭᠲᠠᠵᠤ᠂ 13 ᠲᠥᠷᠥᠯ ᠵᠦᠶᠯ ᠢ ᠨᠠᠶᠢᠳᠠᠪᠤᠷᠢᠵᠢᠭᠤᠯᠵᠤ᠂ ᠶᠡᠷᠦᠩᠬᠡᠶ ᠪᠠᠯᠠ | ᠣᠷᠣᠭᠤᠯᠤᠯᠲᠠ 70 ᠳ᠋ᠦᠩᠰᠢᠭᠤᠷ ᠲᠥᠭᠦᠷᠢᠭ ᠲᠤ ᠬᠦᠷᠴᠦ᠂ ᠣᠨ ᠤ ᠪᠠᠯᠠ ᠣᠷᠣᠭᠤᠯᠤᠯᠲᠠ 56 . 2 | ᠳ᠋ᠦᠩᠰᠢᠭᠤᠷ ᠲᠥᠭᠦᠷᠢᠭ ᠲᠤ ᠬᠥᠷᠪᠡ᠃ | ᠬᠤᠶᠠᠷ ᠲᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ ᠲᠥᠷᠥᠯ ᠵᠦᠶᠯ ᠢ ᠠᠬᠢᠭᠤᠯᠤᠨ᠎ᠠ᠃《ᠲᠥᠷᠥᠯ ᠵᠦᠶᠯ | ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠬᠦ ᠣᠨ》 ᠤ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂《ᠦᠨᠳᠦᠷ ᠪᠠᠶᠢᠷᠢᠲᠤ ᠲᠣᠬᠢᠷᠠᠭᠤᠯᠤᠯᠲᠠ᠂ ᠲᠥᠪᠯᠡᠷᠡᠭᠦᠯᠦᠨ ᠪᠠᠶᠢᠯᠳᠤᠬᠤ᠂ ᠬᠠᠪᠲᠠᠭᠠᠶᠢᠵᠢᠭᠤᠯᠤᠨ | ᠵᠣᠬᠢᠴᠠᠭᠤᠯᠬᠤ᠂ ᠨᠢᠭᠡ ᠴᠣᠭᠴᠠᠵᠢᠭᠤᠯᠤᠨ ᠭᠦᠶᠴᠡᠳᠬᠡᠬᠦ 》 ᠶᠢ ᠪᠠᠷᠢᠮᠲᠠᠯᠠᠵᠤ᠂ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠶ᠃ ᠪᠥᠬᠦ ᠵᠢᠯ ᠳᠤ ᠮᠢᠩᠭᠠᠨ | ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠶᠯ ᠢ 236 ᠬᠡᠷᠡᠭᠵᠢᠭᠦᠯᠬᠦ ᠪᠠᠷ ᠲᠥᠯᠥᠪᠯᠡᠵᠦ᠂ ᠡᠭᠦᠨ ᠳᠤ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠶᠯ 40 ᠪᠠᠶᠢᠵᠤ᠂ ᠶᠡᠷᠦᠩᠬᠡᠶ ᠪᠠᠯᠠ | ᠣᠷᠣᠭᠤᠯᠤᠯᠲᠠ ᠨᠢ 250 . 1 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 53 . 8 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10 | % ᠪᠠᠷ ᠨᠡᠮᠡᠭᠳᠡᠪᠡ᠃ ᠴᠡᠪᠡᠷ ᠡᠨᠧᠷᠭᠢ ᠶᠢ ᠬᠦᠴᠦᠷᠬᠡᠭᠵᠢᠭᠦᠯᠬᠦ᠂ ᠳᠡᠭᠡᠳᠦ ᠰᠢᠨ᠎ᠡ ᠮᠡᠷᠭᠡᠵᠢᠯ ᠢ ᠰᠢᠯᠢᠳᠡᠭᠵᠢᠭᠦᠯᠬᠦ᠂ | ᠮᠠᠯ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠶᠢ ᠪᠤᠵᠠᠭᠠᠶᠢᠷᠠᠭᠤᠯᠬᠤ᠂ ᠥᠨᠳᠥᠷ | ᠪᠠᠷᠢᠮᠵᠢᠶ᠎ᠠ ᠪᠠᠷ ᠰᠣᠯᠣᠨ ᠤᠰᠤ ᠲᠠᠲᠠᠵᠤ ᠡᠨᠧᠷᠭᠢ ᠬᠠᠳᠠᠭᠠᠯᠠᠬᠤ᠂ ᠢᠯᠢ ᠳᠡᠭᠡᠳᠦ ᠲᠡᠰ ᠤᠨ ᠴᠠᠭᠠᠨ ᠢᠳᠡᠭᠡᠨ | ᠡᠳ᠋ᠰᠢᠭᠦᠯᠦᠨ ᠪᠣᠯᠪᠠᠰᠤᠷᠠᠭᠤᠯᠬᠤ ᠵᠡᠷᠭᠡ 47 ᠠᠵᠤ ᠦᠢᠯᠡᠰ ᠤᠨ ᠲᠤᠯᠭᠠᠭᠤᠷᠢᠯᠠᠬᠤ ᠲᠦᠷᠦᠯ ᠵᠦᠢᠯ ᠢ | ᠬᠡᠷᠡᠭᠵᠢᠭᠦᠯᠦᠨ᠎ᠡ᠃ ᠭᠡᠷ ᠭᠠᠵᠠᠷ ᠬᠥᠷᠥᠩᠭᠡ ᠶᠢᠨ ᠨᠡᠭᠡᠭᠡᠨ ᠠᠰᠢᠭᠯᠠᠯᠲᠠ ᠶᠢ ᠨᠠᠷᠢᠯᠢᠭ ᠠᠳᠬᠤᠬᠤ᠂ ᠬᠤᠲᠠ ᠶᠢᠨ | ᠪᠦᠲᠦᠭᠡᠨ ᠪᠠᠢᠭᠤᠯᠤᠯᠲᠠ ᠶᠢ ᠰᠠᠢᠲᠤᠷ ᠠᠳᠬᠤᠬᠤ᠂ ᠠᠮᠢ ᠠᠬᠤᠢ ᠶᠢᠨ ᠵᠠᠰᠠᠯᠲᠠ ᠶᠢ ᠪᠣᠳᠠᠲᠠᠢ ᠠᠳᠬᠤᠬᠤ ᠶᠢᠨ | ᠲᠣᠭᠤᠷᠢᠨ ᠳᠤ᠂ ᠬᠢᠩᠭᠠᠨ ᠨᠢᠭᠡᠳᠦᠭᠡᠷ ᠨᠤᠮᠢᠷᠲᠦ ᠬᠦᠷᠢᠶᠡᠯᠡᠩ᠂ ᠮᠧᠢ ᠶᠤᠸᠠᠨ ᠡᠮᠦᠨ᠎ᠡ ᠵᠠᠮ᠂ ᠬᠤᠷᠴᠢᠨ ᠨᠠᠭᠤᠷ | ᠵᠡᠷᠭᠡ 114 ᠰᠠᠭᠤᠷᠢ ᠲᠥᠬᠦᠭᠡᠷᠦᠮᠵᠢ ᠶᠢᠨ ᠲᠥᠷᠦᠯ ᠵᠦᠢᠯ ᠤᠨ ᠪᠦᠲᠦᠭᠡᠨ ᠪᠠᠢᠭᠤᠯᠤᠯᠲᠠ ᠶᠢ ᠴᠢᠨᠠᠷ ᠰᠠᠢᠲᠠᠢ | ᠠᠬᠢᠭᠤᠯᠵᠤ᠂ ᠲᠠᠷᠢᠶᠠᠯᠠᠩ ᠪᠠ ᠵᠢᠭᠤᠯᠴᠢᠯᠠᠯ ᠤᠨ ᠠᠭᠤᠰᠤᠯᠴᠠᠯ ᠢ ᠲᠦᠷᠭᠡᠳᠬᠡᠬᠦ᠂ ᠠᠵᠤ ᠠᠬᠤᠢ ᠠᠷᠠᠯᠵᠢᠶᠠᠨ ᠤ | ᠭᠦᠢᠯᠭᠡᠭᠡ ᠶᠢ ᠲᠦᠷᠭᠡᠳᠬᠡᠬᠦ᠂ ᠨᠡᠢᠭᠡᠮ ᠤᠨ ᠦᠢᠯᠡᠰ ᠢ ᠴᠢᠩᠭᠠᠳᠬᠠᠬᠤ᠂ ᠲᠠᠯ᠎ᠠ ᠨᠤᠲᠤᠭ ᠤᠨ ᠵᠤᠭᠠᠴᠠᠯ ᠤᠨ | ᠭᠤᠣᠯ ᠣᠷᠣᠨ᠂ ᠬᠢᠲᠠᠳ ᠡᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ᠂ ᠶᠢᠨ | ᠪᠢᠨ ᠢ ᠶᠠᠩ ᠵᠡᠷᠭᠡ 75 ᠣᠯᠠᠨ ᠨᠡᠢᠲᠡ ᠶᠢᠨ ᠦᠢᠯᠡᠴᠢᠯᠡᠭᠡᠨ ᠤ ᠲᠥᠷᠦᠯ ᠵᠦᠢᠯ ᠢ ᠥᠨᠳᠥᠷ ᠲᠦᠪᠰᠢᠨ ᠢᠶᠠᠷ | ᠪᠦᠲᠦᠭᠡᠨ ᠪᠠᠶᠢᠭᠤᠯᠤᠨ᠎ᠠ᠃ | ᠭᠤᠷᠪᠠ ᠳᠤ᠂ ᠡᠯᠧᠮᠧᠨ᠋ᠲ ᠤᠨ ᠪᠠᠲᠤᠯᠠᠭ᠎ᠠ ᠶᠢᠨ ᠵᠦᠢᠯᠡᠰ ᠢ ᠲᠡᠭᠦᠯᠳᠡᠷᠵᠢᠭᠦᠯᠦᠨ᠎ᠡ᠃ ᠦᠢᠯᠡᠴᠢᠯᠡᠭᠡᠨ ᠤ | ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠬᠤᠱᠢᠭᠤᠨ ᠱᠠᠲᠤᠨ ᠤ ᠤᠳᠤᠷᠢᠳᠤᠯᠭ᠎ᠠ ᠭᠤᠣᠯᠳᠠᠯᠭ᠎ᠠ ᠲᠠᠢ | ᠲᠥᠷᠥᠯ ᠵᠦᠢᠯ ᠢ ᠳᠠᠭᠠᠭᠠᠴᠢᠯᠠᠨ ᠬᠠᠷᠢᠯᠴᠠᠬᠤ ᠳᠦᠷᠢᠮ ᠢ ᠭᠤᠶᠢᠪᠢᠰᠢ ᠦᠭᠡᠢ ᠪᠠᠷᠢᠮᠲᠠᠯᠠᠵᠤ᠂ ᠨᠢᠭᠡᠳᠦᠭᠡᠷ ᠹᠷᠣᠨᠲ | ᠤᠨ ᠠᠵᠢᠯ ᠤᠨ ᠠᠷᠭ᠎ᠠ ᠶᠢ ᠰᠠᠨᠠᠭᠠᠴᠢᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ | ᠣᠷᠣᠰᠢᠵᠤ ᠪᠠᠶᠭ᠎ᠠ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠵᠤ᠂ ᠠᠵᠤ ᠠᠬᠤᠢ ᠶᠢᠨ ᠰᠠᠶᠢᠨ ᠣᠷᠴᠢᠯ ᠢ | ᠠᠬᠢᠭᠤᠯᠤᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠠᠶᠢᠭᠤᠯᠤᠭᠰᠠᠨ ᠦᠨ᠎ᠡ | ᠶᠢ ᠬᠤᠪᠢᠷᠠᠭᠤᠯᠬᠤ ᠬᠠᠮᠢᠶᠠᠷᠤᠯᠲᠠ ᠶᠢ ᠴᠢᠩᠭᠠᠳᠬᠠᠨ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠣᠯᠤᠨ ᠢᠨᠵᠧᠨᠧᠷᠢᠩ | ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠪᠠᠯᠠ ᠮᠥᠩᠭᠦ ᠶᠢᠨ ᠬᠦᠴᠦᠨ ᠵᠦᠶᠯ ᠤᠨ ᠪᠠᠲᠤᠯᠠᠭ᠎ᠠ ᠶᠢ | ᠴᠢᠩᠭᠠᠷᠠᠭᠤᠯᠤᠨ᠂ ᠤᠯᠤᠰ ᠤᠨ ᠲᠥᠷᠥ ᠶᠢᠨ ᠪᠣᠳᠣᠯᠭ᠎ᠠ ᠶᠢᠨ ᠴᠣᠩᠬᠤᠪᠴᠢ ᠬᠤᠭᠤᠴᠠᠭ᠎ᠠ ᠶᠢ ᠢᠳᠡᠪᠬᠢᠲᠡᠶ ᠪᠠᠷ | ᠵᠠᠪᠳᠤᠨ ᠠᠳᠬᠤᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠠᠩᠬᠢ ᠶᠢᠨ ᠢᠲᠡᠭᠡᠮᠵᠢᠲᠦ ᠵᠢᠭᠡᠯᠡᠯᠭᠡ ᠪᠠ ᠡᠩ ᠤᠨ | ᠵᠢᠭᠡᠯᠡᠯᠭᠡ᠂ ᠲᠤᠰᠬᠠᠶ ᠵᠦᠶᠯ ᠤᠨ ᠵᠢᠭᠡᠯᠡᠯᠭᠡ ᠵᠡᠷᠭᠡ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ | ᠴᠢᠷᠮᠠᠶᠢᠨ ᠤᠯᠬᠤ ᠡᠷᠴᠢᠮ ᠢ ᠴᠢᠩᠭᠠᠷᠠᠭᠤᠯᠤᠨ᠂ ᠮᠥᠩᠭᠦᠨ ᠭᠦᠶᠯᠭᠡᠭᠡᠨ ᠪᠠ ᠨᠡᠶᠢᠭᠡᠮ ᠤᠨ ᠬᠥᠷᠥᠩᠭᠡ ᠶᠢᠨ ᠰᠠᠭᠤᠷᠢ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ ᠣᠷᠣᠭᠤᠯᠤᠯᠲᠠ ᠬᠢᠬᠦ ᠶᠢ ᠬᠥᠲᠥᠯᠦᠨ ᠵᠢᠯᠣᠭᠤᠳᠴᠤ ᠳᠠᠶᠢᠴᠢᠯᠠᠨ᠎ᠠ | ᠃ ᠤᠯᠤᠰ ᠤᠨ ᠪᠠᠯᠠ ᠣᠷᠣᠭᠤᠯᠤᠯᠲᠠ ᠶᠢᠨ ᠺᠣᠮᠫᠠᠨᠢ᠂ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ ᠵᠡᠷᠭᠡ | ᠬᠤᠰᠢᠭᠤᠨ ᠳᠤ ᠬᠠᠷᠢᠶᠠᠯᠠᠭᠳᠠᠬᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ | ᠲᠠᠰ ᠳᠡᠪᠰᠢᠬᠦ ᠠᠯᠬᠤᠴᠠ ᠶᠢ ᠲᠦᠷᠭᠡᠳᠬᠡᠨ᠎ᠡ᠃ ᠭᠠᠵᠠᠷ ᠰᠢᠷᠣᠶ ᠶᠢᠨ ᠬᠦᠴᠦᠨ ᠵᠦᠶᠯ ᠤᠨ ᠪᠠᠲᠤᠯᠠᠭ᠎ᠠ ᠶᠢ | ᠴᠢᠩᠭᠠᠳᠬᠠᠵᠤ᠂ ᠰᠢᠨ᠎ᠡ ᠪᠠᠷ ᠨᠡᠮᠡᠭᠳᠡᠭᠰᠡᠨ ᠪᠠ ᠬᠠᠳᠠᠭᠠᠯᠠᠭᠳᠠᠵᠤ ᠪᠠᠶᠢᠭ᠎ᠠ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠯᠡᠵᠦ᠂ 2 . 5 ᠲᠦᠮᠡᠨ ᠮᠥ ᠠᠴᠠ ᠳᠡᠭᠡᠭᠰᠢ ᠭᠠᠵᠠᠷ ᠰᠢᠷᠣᠶ | ᠶᠢᠨ ᠭᠦᠶᠴᠡᠳᠬᠡᠯ ᠲᠤᠭ᠎ᠠ ᠶᠢ ᠴᠢᠷᠮᠠᠶᠢᠨ ᠣᠯᠵᠤ᠂ ᠵᠥᠪᠰᠢᠶᠡᠷᠡᠭᠡᠳ ᠥᠯᠥ ᠬᠡᠷᠡᠭᠯᠡᠭᠰᠡᠨ 1650 ᠮᠥ ᠭᠠᠵᠠᠷ | ᠰᠢᠷᠣᠶ ᠶᠢ ᠰᠢᠩᠭᠡᠭᠡᠪᠡ᠃ 《 ᠲᠠᠷᠢᠶᠠᠨ ᠭᠠᠵᠠᠷ ᠢ ᠨᠥᠬᠦᠪᠥᠷᠢᠯᠡᠬᠦ ᠬᠥᠮᠥᠷᠭᠡ 》 ᠶᠢᠨ ᠪᠦᠲᠦᠭᠡᠨ ᠪᠠᠶᠢᠭᠤᠯᠤᠯᠲᠠ | ᠶᠢ ᠲᠦᠷᠭᠡᠳᠬᠡᠵᠦ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠬᠦᠴᠢᠷ ᠠᠰᠠᠭᠤᠳᠠᠯ ᠢ ᠪᠦᠬᠦ ᠬᠦᠴᠦᠨ ᠢᠶᠠᠷ | ᠰᠢᠢᠳᠪᠦᠷᠢᠯᠡᠨ᠎ᠡ᠃ ᠬᠠᠤᠯᠢ ᠪᠤᠰᠤ ᠪᠠᠷ ᠠᠵᠢᠯ ᠬᠤᠷᠢᠭᠯᠠᠬᠤ᠂ ᠠᠯᠪᠠᠳᠠᠯᠭ᠎ᠠ ᠪᠠᠷ ᠠᠷᠠᠯᠵᠢᠶᠠᠯᠠᠬᠤ᠂ ᠪᠠᠷᠢᠯᠭ᠎ᠠ ᠶᠢ | ᠠᠯᠪᠠ ᠪᠠᠷ ᠣᠯᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ | ᠴᠣᠬᠢᠯᠲᠠ ᠥᠭᠴᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠣᠷᠴᠢᠨ ᠲᠣᠭᠤᠷᠢᠨ ᠢ | ᠡᠭᠦᠳᠴᠦ ᠥᠭᠭᠦᠨ᠎ᠡ᠃ | ( ᠬᠤᠶᠠᠷ ) ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠᠷ | ᠶᠡᠷᠦᠩᠬᠡᠶᠢᠯᠡᠨ ᠵᠢᠯᠣᠭᠤᠳᠣᠭᠤᠯᠵᠤ᠂ 《 ᠮᠠᠯ ᠠᠵᠤ ᠠᠬᠤᠶ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ | ᠮᠠᠯᠴᠢᠨ ᠲᠠᠷᠢᠶᠠᠴᠢᠨ 》 ᠤ ᠠᠵᠢᠯ ᠳᠡᠭᠡᠷ᠎ᠡ ᠰᠢᠨ᠎ᠡ ᠠᠮᠵᠢᠯᠲᠠ ᠪᠦᠲᠦᠮᠵᠢ ᠭᠠᠷᠭᠠᠨ᠎ᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠷ ᠰᠢᠨ᠎ᠡ ᠬᠥᠭᠵᠢᠯᠲᠡ ᠶᠢᠨ ᠱᠠᠲᠤ ᠦᠶ᠎ᠡ ᠶᠢᠨ 《 ᠮᠠᠯ ᠠᠵᠤ ᠠᠬᠤᠶ ᠲᠠᠷᠢᠶᠠᠯᠠᠩ | ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ 》 ᠤ ᠠᠵᠢᠯ ᠢ ᠶᠡᠷᠦᠩᠬᠡᠶᠢᠯᠡᠨ ᠵᠢᠯᠣᠭᠤᠳᠴᠤ᠂ ᠶᠠᠳᠠᠭᠤ | ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠮᠠᠯ ᠠᠵᠤ ᠠᠬᠤᠶ | ᠲᠠᠷᠢᠶᠠᠯᠠᠩ ᠢ 《 ᠬᠦᠴᠦᠷᠬᠡᠭᠵᠢᠭᠦᠯᠵᠦ 》᠂ ᠮᠠᠯᠴᠢᠨ ᠲᠠᠷᠢᠶᠠᠴᠢᠨ ᠢ 《 ᠪᠠᠶᠠᠵᠢᠭᠤᠯᠵᠤ 》᠂ ᠮᠠᠯᠵᠢᠬᠤ | ᠲᠠᠷᠢᠶᠠᠯᠠᠬᠤ ᠣᠷᠣᠨ ᠢ 《 ᠭᠤᠶᠣᠵᠢᠭᠤᠯᠤᠨ᠎ᠠ 》 ᠃ | ᠨᠢᠭᠡ ᠳᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠣᠯᠠᠨ ᠲᠦᠮᠡᠨ ᠢ | ᠪᠠᠶᠠᠵᠢᠭᠤᠯᠤᠨ᠎ᠠ᠃ 《 ᠳᠥᠷᠪᠡ ᠶᠢ ᠲᠠᠶᠠᠭᠳᠠᠬᠤ ᠥᠬᠡᠶ 》 ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | 《 ᠠᠭᠲᠠ ᠶᠢᠨ ᠨᠢᠷᠤᠭᠤᠨ ᠳᠤ ᠭᠠᠷᠭᠠᠵᠤ᠂ ᠠᠶᠠᠨ ᠵᠠᠮ ᠳᠤ ᠬᠦᠷᠭᠡᠬᠦ 》 ᠶᠢ ᠪᠠᠷᠢᠮᠲᠠᠯᠠᠵᠤ᠂ ᠬᠠᠪᠰᠤᠷᠤᠨ | ᠲᠡᠳᠬᠦᠬᠦ ᠲᠥᠷᠥ ᠶᠢᠨ ᠪᠣᠳᠣᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ ᠪᠠᠶᠢᠩᠭᠤᠵᠢᠭᠰᠠᠨ ᠬᠠᠪᠰᠤᠷᠤᠨ ᠲᠡᠳᠬᠦᠬᠦ ᠲᠣᠭᠲᠠᠴᠠ ᠶᠢ | ᠪᠦᠷᠢᠨᠰᠢᠭᠦᠯᠵᠦ᠂ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭᠠᠬᠢ ᠬᠠᠪᠰᠤᠷᠤᠨ ᠲᠡᠳᠬᠦᠬᠦ | ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠠᠵᠢᠯ ᠣᠯᠭᠤᠬᠤ ᠶᠢ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ | ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠬᠡᠨ᠎ᠡ᠃ ᠠᠷᠠᠳ ᠤᠨ ᠠᠮᠢᠳᠤᠷᠠᠯ ᠤᠨ ᠪᠠᠲᠤᠯᠠᠭ᠎ᠠ ᠪᠠᠷ | ᠦᠨᠳᠦᠰᠦ ᠪᠣᠯᠭᠠᠵᠤ᠂ 2 . 7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠪᠠᠶᠢᠭᠠᠳ ᠵᠡᠭᠡᠯᠢ ᠭᠤᠳᠤᠮᠵᠢ ᠶᠢ | ᠬᠠᠲᠠᠭᠤᠷᠠᠭᠤᠯᠬᠤ᠂ ᠨᠣᠭᠤᠭᠠᠷᠠᠭᠤᠯᠬᠤ ᠵᠡᠷᠭᠡ ᠳᠤᠲᠠᠭᠤᠳᠠᠯ ᠢ ᠨᠥᠬᠦᠪᠥᠷᠢᠯᠡᠬᠦ 30 ᠲᠥᠷᠥᠯ ᠵᠦᠢᠯ ᠢ | ᠬᠡᠷᠡᠭᠵᠢᠭᠦᠯᠦᠨ᠎ᠡ᠃ ᠠᠷᠠᠳ ᠲᠤ ᠲᠥᠬᠦᠮ ᠠᠷᠠᠳ ᠲᠦᠮᠡᠨ ᠳᠤ ᠠᠰᠢᠭᠲᠠᠶ ᠪᠠᠶᠢᠬᠤ ᠪᠠᠷ ᠵᠣᠷᠢᠯᠲᠠ ᠪᠣᠯᠭᠠᠵᠤ᠂ | 4880 ᠲᠦᠮᠡᠨ ᠲᠥᠭᠦᠷᠢᠭ ᠤᠨ ᠪᠠᠯᠠ ᠣᠷᠣᠭᠤᠯᠵᠤ ᠪᠠᠶᠢᠭᠠᠳ ᠬᠤᠭ ᠨᠣᠪᠰᠢ ᠶᠢ ᠬᠤᠷᠢᠶᠠᠨ ᠴᠤᠭᠯᠠᠭᠤᠯᠬᠤ᠂ | ᠰᠢᠯᠵᠢᠭᠦᠯᠦᠨ ᠲᠡᠭᠡᠭᠡᠪᠦᠷᠢᠯᠡᠬᠦ᠂ ᠰᠢᠶᠳᠪᠦᠷᠢᠯᠡᠬᠦ ᠶᠢ ᠨᠢᠭᠡ ᠴᠣᠭᠴᠠᠵᠢᠭᠤᠯᠤᠭᠰᠠᠨ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ᠵᠢᠭᠤᠯᠴᠢᠯᠠᠯ ᠢ ᠬᠥᠭᠵᠢᠭᠦᠯᠬᠦ ᠪᠠᠷ ᠭᠤᠣᠯ ᠱᠤᠭᠤᠮ ᠪᠣᠯᠭᠠᠵᠤ᠂ 4500 ᠲᠦᠮᠡᠨ | ᠲᠥᠭᠦᠷᠢᠭ ᠤᠨ ᠪᠡᠯᠡ ᠣᠷᠣᠭᠤᠯᠵᠤ᠂ ᠰᠠᠭᠤᠷᠢ ᠪᠡᠯᠡᠳᠬᠡᠮᠵᠢ᠂ ᠵᠢᠭᠤᠯᠴᠢᠯᠠᠯ ᠤᠨ ᠵᠠᠰᠠᠮᠠᠯ ᠵᠠᠮ ᠵᠡᠷᠭᠡ 3 ᠲᠥᠷᠥᠯ | ᠵᠦᠢᠯ ᠢ ᠬᠡᠷᠡᠭᠵᠢᠭᠦᠯᠦᠨ᠎ᠡ᠃ ᠴᠢᠶᠠᠨ ᠬᠠᠶ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠰᠠᠭᠤᠷᠢ ᠮᠦᠩᠭᠦᠨ ᠤ | ᠨᠡᠶᠢᠭᠡᠮᠯᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ 3000 ᠲᠤᠰᠬᠠᠶ ᠮᠡᠷᠭᠡᠵᠢᠯ ᠤᠨ ᠴᠢᠳᠠᠪᠤᠷᠢᠲᠠᠨ ᠢ | ᠣᠷᠣᠭᠤᠯᠤᠨ ᠠᠪᠴᠢᠷᠠᠵᠤ᠂ 《 ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠥᠯᠢᠭᠡᠷ ᠳᠠᠭᠤᠷᠢᠶᠠᠯ ᠲᠣᠭᠤᠷᠢᠭ | 》 ᠢ ᠪᠣᠶ ᠪᠣᠯᠭᠠᠨ᠎ᠠ ᠃ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ | ᠵᠠᠭᠤᠴᠢᠯᠠᠭᠤᠷ ᠤᠨ ᠶᠡᠭᠡ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠶᠢᠨ ᠬᠠᠪᠰᠤᠷᠤᠨ | ᠲᠡᠳᠬᠦᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠠᠵᠤ ᠦᠶᠯᠡᠰ ᠤᠨ ᠬᠠᠮᠲᠤᠷᠠᠯᠴᠠᠭ᠎ᠠ᠂ ᠴᠢᠳᠠᠪᠤᠷᠢᠲᠠᠨ ᠤ | ᠳᠡᠮᠵᠢᠯᠭᠡ᠂ ᠬᠥᠳᠡᠯᠮᠦᠷᠢ ᠦᠶᠯᠡᠴᠢᠯᠡᠭᠡᠨ ᠤ ᠬᠠᠮᠵᠢᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠬᠥᠳᠡᠭᠡ ᠲᠣᠰᠬᠤᠨ | ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ 《 ᠰᠢᠶᠣᠤ ᠵᠢᠩ 》 ᠲᠥᠯᠥᠪᠯᠡᠭᠡ ᠶᠢ | ᠬᠡᠷᠡᠭᠵᠢᠭᠦᠯᠵᠦ᠂ ᠴᠢᠳᠠᠪᠤᠷᠢᠲᠠᠨ ᠤ ᠠᠵᠤ ᠠᠬᠤᠢ ᠶᠢ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ | ᠵᠣᠬᠢᠰᠲᠠᠢ ᠬᠡᠪᠴᠢᠶᠡᠵᠢᠭᠰᠡᠨ ᠡᠵᠡᠩᠨᠡᠯᠲᠡ ᠶᠢ ᠠᠬᠢᠭᠤᠯᠵᠤ᠂ 300 ᠭᠠᠷᠤᠢ ᠨᠤᠲᠤᠭ ᠤᠨ ᠴᠢᠳᠠᠪᠤᠷᠢᠲᠠᠨ ᠢ | ᠬᠥᠮᠦᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠳᠤ 《 | ᠠᠮᠢᠵᠢᠷᠠᠯ ᠤᠨ ᠬᠦᠴᠦᠨ 》ᠨᠡᠮᠡᠷᠢᠯᠡᠨ᠎ᠡ᠃ | ᠬᠤᠶᠠᠷ ᠲᠤ᠂ ᠠᠭᠤᠰᠤᠯᠴᠠᠨ ᠬᠥᠭᠵᠢᠬᠦ ᠶᠢ ᠴᠢᠬᠤᠯᠠᠴᠢᠯᠠᠵᠤ᠂ ᠠᠵᠤ ᠦᠢᠯᠡᠰ ᠢ ᠬᠦᠴᠦᠷᠬᠡᠭᠵᠢᠭᠦᠯᠦᠨ᠎ᠡ᠃ | 《 ᠲᠠᠯ᠎ᠠ ᠨᠤᠲᠤᠭ ᠤᠨ ᠮᠠᠯ ᠠᠵᠤ ᠠᠬᠤᠶ ᠶᠢᠨ ᠬᠥᠭᠵᠢᠯᠲᠡ ᠶᠢᠨ ᠣᠷᠣᠨ᠂ ᠲᠠᠷᠢᠶᠠᠯᠠᠩ ᠮᠠᠯ ᠠᠵᠤ ᠠᠬᠤᠶ ᠶᠢᠨ | ᠦᠷᠭᠦᠯᠵᠢᠯᠡᠨ ᠬᠥᠭᠵᠢᠬᠦ ᠣᠷᠣᠨ᠂ ᠬᠤᠲᠠ ᠶᠢᠨ ᠲᠡᠭᠦᠷᠭᠡ ᠶᠢᠨ ᠥᠨᠳᠥᠷ ᠦᠷ᠎ᠡ ᠪᠦᠲᠦᠮᠵᠢᠲᠡᠶ ᠲᠠᠷᠢᠶᠠᠯᠠᠩ ᠤᠨ | ᠬᠥᠭᠵᠢᠯᠲᠡ ᠶᠢᠨ ᠣᠷᠣᠨ 》 ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ | ᠪᠠᠶᠢᠷᠢᠰᠢᠭᠤᠯᠤᠯ ᠶᠣᠰᠣᠭᠠᠷ᠂ 《 ᠨᠢᠭᠡ ᠲᠥᠪ᠂ ᠬᠤᠶᠠᠷ ᠵᠢᠭᠦᠷ᠂ ᠲᠠᠪᠤᠨ ᠣᠷᠣᠨ᠂ ᠳᠣᠯᠣᠭᠠᠨ ᠪᠦᠰᠡ᠂ ᠠᠷᠪᠠᠨ | ᠬᠦᠷᠢᠶᠡᠯᠡᠩ 》 ᠢᠶᠠᠷ ᠶᠡᠷᠦᠩᠬᠡᠶ ᠲᠥᠯᠥᠪᠰᠢᠷᠡᠯ ᠪᠣᠯᠭᠠᠵᠤ᠂ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ᠂ | ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠬᠠᠮᠠᠭᠠᠯᠠᠯᠲᠠ ᠶᠢᠨ ᠣᠷᠣᠨ ᠤ ᠪᠠᠶᠢᠷᠢ ᠰᠠᠭᠤᠷᠢ ᠪᠣᠯᠤᠨ ᠪᠦᠲᠦᠭᠡᠨ ᠪᠠᠶᠢᠭᠤᠯᠤᠯᠲᠠ ᠶᠢᠨ | ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠶ᠃ ᠣᠨᠴᠠᠯᠢᠭᠲᠤ ᠲᠠᠷᠢᠶᠠᠯᠠᠩ ᠢ ᠰᠢᠯᠢᠳᠡᠭᠵᠢᠭᠦᠯᠦᠨ ᠰᠠᠶᠢᠲᠤᠷ ᠬᠢᠨ᠎ᠡ᠃ | 《 ᠲᠠᠷᠢᠶᠠᠨ ᠭᠠᠵᠠᠷ ᠤᠨ ᠠᠮᠤ ᠪᠤᠳᠠᠭᠠᠨ ᠤ ᠤᠨᠠᠯᠲᠠ ᠶᠢ ᠪᠠᠲᠤᠯᠠᠵᠤ᠂ ᠰᠢᠨᠵᠢᠯᠡᠬᠦ ᠤᠬᠠᠭᠠᠨ ᠮᠡᠷᠭᠡᠵᠢᠯ ᠳᠤ | ᠲᠦᠰᠢᠭᠯᠡᠬᠦ 》 ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠶᠢ 390 | ᠲᠦᠮᠡᠨ ᠮᠥ᠂ ᠠᠮᠤ ᠪᠤᠳᠠᠭᠠᠨ ᠤ ᠤᠨᠠᠯᠲᠠ ᠶᠢ 30 ᠳ᠋ᠦᠩᠰᠢᠭᠤᠷ ᠵᠢᠩ ᠲᠣᠭᠲᠠᠪᠤᠷᠢᠵᠢᠭᠤᠯᠤᠨ᠎ᠠ᠃ ᠣᠲᠣ ᠦᠶ᠎ᠡ | ᠶᠢᠨ ᠬᠤᠲᠠ ᠶᠢᠨ ᠲᠡᠭᠦᠷᠭᠡ ᠶᠢᠨ ᠥᠨᠳᠥᠷ ᠪᠦᠲᠦᠮᠵᠢᠲᠡᠶ ᠲᠠᠷᠢᠶᠠᠯᠠᠩ ᠤᠨ ᠬᠥᠭᠵᠢᠯᠲᠡ ᠶᠢᠨ ᠣᠷᠣᠨ ᠳᠤ | ᠠᠩᠬᠠᠷᠤᠯ ᠢᠶᠠᠨ ᠲᠥᠪᠯᠡᠷᠡᠭᠦᠯᠵᠦ᠂ ᠰᠣᠳᠣᠨ ᠵᠢᠮᠢᠰ ᠨᠣᠭᠤᠭ᠎ᠠ ᠶᠢᠨ ᠵᠠᠬᠢᠶᠠᠯᠠᠭ᠎ᠠ ᠶᠢᠨ ᠬᠥᠭᠵᠢᠯᠲᠡ ᠶᠢ | ᠠᠬᠢᠭᠤᠯᠤᠨ᠎ᠠ᠃ ᠲᠠᠷᠢᠶᠠᠨ ᠭᠠᠵᠠᠷ ᠢ 《 ᠲᠠᠷᠢᠶᠠᠯᠠᠩ ᠤᠨ ᠪᠤᠰᠤ ᠪᠣᠯᠭᠠᠬᠤ 》 ᠶᠢ ᠡᠷᠡᠰ ᠬᠤᠷᠢᠭᠯᠠᠨ | ᠵᠣᠭᠰᠣᠭᠠᠵᠤ᠂ 《 ᠠᠮᠤ ᠪᠤᠳᠠᠭᠠᠨ ᠤ ᠪᠤᠰᠤ ᠪᠣᠯᠭᠠᠬᠤ 》 ᠶᠢ ᠰᠡᠷᠭᠡᠶᠢᠯᠡᠨ ᠬᠤᠷᠢᠭᠯᠠᠵᠤ᠂ ᠬᠠᠷ᠎ᠠ ᠬᠥᠷᠥᠰᠥᠲᠦ | ᠭᠠᠵᠠᠷ ᠢ ᠬᠠᠮᠠᠭᠠᠯᠠᠬᠤ ᠴᠢᠨᠠᠷᠲᠠᠶ ᠲᠠᠷᠢᠶᠠᠯᠠᠬᠤ ᠶᠢ ᠳᠥᠯᠭᠢᠨ ᠠᠬᠢᠭᠤᠯᠵᠤ᠂ ᠦᠨᠳᠦᠰᠦᠨ ᠲᠠᠷᠢᠶᠠᠨ ᠭᠠᠵᠠᠷ ᠢ | ᠬᠠᠮᠠᠭᠠᠯᠠᠭᠰᠠᠨ ᠲᠠᠯᠠᠪᠠᠶ 282 . 3 ᠲᠦᠮᠡᠨ ᠮᠥ ᠳᠤ ᠬᠦᠷᠴᠦ᠂ 7 . 6 ᠲᠦᠮᠡᠨ ᠮᠥ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠲᠡᠵᠢᠭᠡᠬᠦ ᠶᠢᠨ ᠲᠥᠯᠥᠭᠡ | ᠲᠠᠷᠢᠬᠤ᠂ ᠲᠠᠷᠢᠵᠤ ᠲᠡᠵᠢᠭᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠣᠭᠤᠭᠠᠨ ᠳᠠᠷᠤᠰᠢ ᠶᠢᠨ ᠡᠷᠳᠡᠨᠢ ᠰᠢᠰᠢ | 25 ᠲᠦᠮᠡᠨ ᠮᠦ᠂ ᠴᠢᠨᠠᠷ ᠰᠠᠶᠢᠲᠠᠢ ᠴᠠᠷᠭᠠᠰᠤ 3 ᠲᠦᠮᠡᠨ ᠮᠦ ᠶᠢ ᠬᠥᠭᠵᠢᠭᠦᠯᠦᠨ᠎ᠡ᠃ ᠦᠷ᠎ᠡ ᠶᠢᠨ ᠦᠶᠯᠡᠰ ᠤᠨ | ᠬᠥᠭᠵᠢᠯᠲᠡ ᠶᠢ ᠲᠦᠷᠭᠡᠳᠬᠡᠨ᠂ ᠨᠤᠲᠤᠭ ᠤᠨ ᠦᠷ᠎ᠡ ᠶᠢᠨ ᠦᠶᠯᠡᠰ ᠤᠨ ᠲᠦᠷᠦᠯ ᠲᠡᠮᠳᠡᠭ ᠢ ᠢᠳᠡᠪᠬᠢᠲᠡᠶ ᠪᠠᠷ | ᠪᠣᠶᠢᠵᠢᠭᠤᠯᠤᠨ᠎ᠠ᠃ ᠭᠠᠵᠠᠷ ᠰᠢᠷᠣᠢ ᠶᠢᠨ ᠵᠣᠬᠢᠰᠲᠠᠢ ᠬᠡᠪᠴᠢᠶᠡᠲᠦ ᠡᠵᠡᠩᠨᠡᠯᠲᠡ ᠶᠢ ᠲᠦᠯᠬᠢᠨ ᠠᠬᠢᠭᠤᠯᠵᠤ᠂ ᠭᠠᠵᠠᠷ | ᠰᠢᠷᠣᠢ ᠶᠢᠨ ᠡᠷᠭᠢᠯᠲᠡ ᠶᠢᠨ ᠲᠠᠯᠠᠪᠠᠢ ᠶᠢ 77 ᠲᠦᠮᠡᠨ ᠮᠦ ᠠᠴᠠ ᠳᠡᠭᠡᠭᠰᠢ ᠪᠠᠶᠢᠯᠭᠠᠬᠤ ᠶᠢ ᠪᠠᠲᠤᠯᠠᠪᠠ᠃ ᠰᠢᠨ᠎ᠡ | ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠤᠯᠤᠰ ᠠᠴᠠ ᠲᠡᠰ ᠤᠨ | ᠵᠢᠱᠢᠶ᠎ᠡ ᠦᠵᠡᠭᠦᠯᠬᠦ ᠬᠤᠷᠰᠢᠶ᠎ᠠ 1 ᠶᠢ ᠡᠭᠦᠳᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠢᠱᠢᠶ᠎ᠡ | ᠦᠵᠡᠭᠦᠯᠬᠦ ᠲᠠᠷᠢᠶᠠᠯᠠᠩ ᠮᠠᠯᠵᠢᠯ ᠤᠨ ᠲᠠᠯᠠᠪᠠᠢ 1 ᠶᠢ ᠰᠢᠨ᠎ᠡ ᠪᠠᠷ ᠨᠡᠮᠡᠭᠳᠡᠭᠦᠯᠦᠨ᠎ᠡ᠃ ᠣᠳᠣ ᠦᠶ᠎ᠡ ᠶᠢᠨ ᠮᠠᠯ ᠠᠵᠤ | ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ 《 ᠳᠤᠮᠳᠠᠳᠤ ᠤᠯᠤᠰ ᠤᠨ ᠰᠦ ᠶᠢᠨ ᠦᠢᠯᠡᠰ ᠢ | ᠬᠥᠭᠵᠢᠭᠦᠯᠬᠦ ᠵᠢᠱᠢᠶ᠎ᠡ ᠦᠵᠡᠭᠦᠯᠬᠦ ᠬᠤᠰᠢᠭᠤ 》 ᠶᠢ ᠴᠣᠭᠴᠠᠯᠠᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠮᠢᠩᠭᠠᠨ | ᠲᠣᠯᠣᠭᠠᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠮᠠᠯᠵᠢᠯ ᠤᠨ ᠲᠠᠯᠠᠪᠠᠢ 5 ᠶᠢ ᠡᠬᠢᠯᠡᠨ ᠪᠠᠶᠢᠭᠤᠯᠵᠤ᠂ | ᠲᠦᠮᠡᠨ ᠲᠣᠯᠣᠭᠠᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠪᠠᠷᠢᠮᠵᠢᠶᠠᠵᠢᠭᠰᠠᠨ ᠰᠠᠭᠤᠷᠢᠨ ᠭᠠᠵᠠᠷ 4 ᠶᠢ | ᠪᠠᠶᠢᠭᠤᠯᠤᠨ᠂ 2 ᠲᠦᠮᠡᠨ ᠲᠣᠯᠣᠭᠠᠢ ᠴᠢᠨᠠᠷ ᠰᠠᠶᠢᠲᠠᠢ ᠰᠠᠭᠠᠯᠢ ᠶᠢᠨ ᠦᠨᠢᠶ᠎ᠡ ᠣᠷᠣᠭᠤᠯᠤᠨ ᠠᠪᠴᠢᠷᠠᠵᠤ᠂ 10 | ᠲᠦᠮᠡᠨ ᠲᠣᠯᠣᠭᠠᠢ ᠶᠢ ᠳᠠᠪᠠᠭ᠋ᠤ ᠪᠠᠷ ᠴᠢᠷᠮᠠᠶᠢᠨ᠎ᠠ᠃ ᠮᠢᠬᠠᠨ ᠤ ᠦᠬᠡᠷ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ | ᠬᠡᠪᠴᠢᠶᠡᠵᠢᠭᠰᠡᠨ ᠠᠵᠤ ᠠᠬᠤᠶᠢᠯᠠᠯ 1 ᠶᠢ ᠪᠣᠶᠢᠵᠢᠭᠤᠯᠵᠤ᠂ ᠮᠢᠬᠠᠨ ᠤ ᠦᠬᠡᠷ ᠢ ᠪᠠᠷᠢᠮᠵᠢᠶᠠᠵᠢᠭᠤᠯᠤᠨ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ 1 ᠶᠢ ᠪᠠᠶᠢᠭᠤᠯᠵᠤ᠂ ᠪᠦᠬᠦ ᠬᠤᠰᠢᠭᠤᠨ ᠤ ᠮᠢᠬᠠᠨ ᠤ ᠦᠬᠡᠷ 35 ᠲᠦᠮᠡ ᠶᠢ | ᠳᠠᠪᠠᠪᠠ᠃ ᠭᠠᠭ᠋ᠠᠢ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠠᠩᠬᠠᠷᠤᠯ ᠢᠶᠠᠨ | ᠲᠥᠪᠯᠡᠷᠡᠭᠦᠯᠵᠦ᠂ ᠦᠷ᠎ᠡ ᠶᠢᠨ ᠭᠠᠭ᠋ᠠᠢ ᠲᠡᠵᠢᠭᠡᠬᠦ ᠲᠠᠯᠠᠪᠠᠢ 1᠂ ᠪᠣᠷᠳᠣᠨ ᠲᠠᠷᠭᠤᠯᠠᠭᠤᠯᠬᠤ ᠲᠠᠯᠠᠪᠠᠢ 1 ᠶᠢ | ᠪᠠᠶᠢᠭᠤᠯᠵᠤ᠂ ᠭᠠᠭ᠋ᠠᠢ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠴᠢᠳᠠᠪᠤᠷᠢ ᠶᠢ 85 ᠲᠦᠮᠡᠨ ᠲᠣᠯᠣᠭᠠᠢ ᠳᠤ | ᠬᠦᠷᠭᠡᠨ᠎ᠡ᠃ 《 ᠠᠯᠠᠭ ᠮᠢᠬᠠᠨ ᠤ ᠬᠤᠨᠢ》 ᠶᠢ ᠬᠥᠭᠵᠢᠭᠦᠯᠵᠦ᠂ ᠳᠤᠮᠳᠠᠳᠤ ᠤᠯᠤᠰ ᠠᠴᠠ ᠠᠯᠠᠰᠢᠨ ᠬᠤᠨᠢᠨ ᠤ | ᠣᠨᠴᠠᠯᠢᠭᠲᠤ ᠨᠡᠷᠡᠲᠦ ᠲᠥᠷᠥᠯ ᠲᠡᠮᠳᠡᠭᠲᠦ ᠶᠢ ᠪᠤᠢ ᠪᠣᠯᠭᠠᠨ᠎ᠠ ᠃ 《 ᠲᠣᠭᠤᠷᠢᠭ ᠬᠤᠪᠢᠶᠠᠨ ᠡᠭᠡᠯᠵᠢᠯᠡᠨ ᠮᠠᠯᠵᠢᠬᠤ | 》᠂ 《 ᠤᠯᠠᠷᠢᠯ ᠤᠨ ᠴᠢᠨᠠᠷᠲᠠᠢ ᠰᠡᠯᠡᠭᠦᠴᠡᠨ ᠮᠠᠯᠵᠢᠬᠤ 》 ᠶᠢ ᠬᠡᠷᠡᠭᠵᠢᠭᠦᠯᠵᠦ᠂ ᠮᠠᠯ ᠪᠡᠯᠴᠢᠭᠡᠷ ᠤᠨ | ᠲᠡᠩᠴᠡᠭᠦᠷᠢ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠣᠶ ᠰᠢᠭᠤᠶ ᠡᠪᠡᠰᠦᠨ ᠤ ᠠᠵᠤ ᠦᠶᠯᠡᠰ ᠢ | ᠨᠠᠷᠢᠯᠢᠭᠵᠢᠭᠤᠯᠤᠨ ᠪᠣᠳᠠᠲᠠᠶᠢᠵᠢᠭᠤᠯᠤᠨ᠎ᠠ᠃ ᠪᠥᠬᠦ ᠬᠤᠰᠢᠭᠤᠨ ᠤ ᠬᠦᠴᠦᠨ ᠢᠶᠠᠷ ᠡᠯᠡᠰᠦᠨ ᠵᠢᠮᠢᠰ ᠤᠨ ᠠᠵᠤ | ᠦᠶᠯᠡᠰ ᠤᠨ ᠬᠥᠭᠵᠢᠯᠲᠡ ᠶᠢ ᠠᠬᠢᠭᠤᠯᠵᠤ᠂ ᠡᠯᠡᠰᠦᠨ ᠵᠢᠮᠢᠰ ᠤᠨ ᠨᠡᠶᠢᠭᠡᠮᠯᠢᠭ ᠪᠠᠶᠢᠭᠤᠯᠤᠨ᠂ ᠡᠯᠡᠰᠦᠨ ᠵᠢᠮᠢᠰ ᠤᠨ | ᠬᠤᠯᠪᠣᠭ᠎ᠠ ᠪᠠᠶᠢᠭᠤᠯᠵᠤ᠂ ᠡᠯᠡᠰᠦᠨ ᠵᠢᠮᠢᠰ ᠤᠨ ᠶᠠᠷᠢᠶᠠᠨ ᠤ ᠲᠠᠪᠴᠠᠩ ᠡᠷᠭᠢᠯᠡᠨ᠂ ᠡᠯᠡᠰᠦᠨ ᠵᠢᠮᠢᠰ ᠤᠨ ᠲᠥᠷᠥᠯ | ᠲᠡᠮᠳᠡᠭ ᠢ ᠳᠠᠩᠰᠠᠯᠠᠭᠤᠯᠵᠤ᠂ ᠭᠠᠵᠠᠷ ᠤᠨ ᠲᠡᠮᠳᠡᠭ ᠤᠨ ᠭᠡᠷᠡᠴᠢᠯᠡᠭᠡ ᠶᠢ ᠠᠬᠢᠭᠤᠯᠤᠨ᠂ ᠡᠳ᠋ᠰᠢᠭᠦᠯᠬᠦ ᠠᠵᠤ | ᠠᠬᠤᠶᠢᠯᠠᠯ ᠢ ᠣᠷᠣᠭᠤᠯᠤᠨ ᠠᠪᠴᠢᠷᠠᠵᠤ᠂ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠨ᠂ ᠪᠣᠷᠣᠯᠠᠭᠤᠯᠭ᠎ᠠ ᠶᠢᠨ | ᠠᠷᠭ᠎ᠠ ᠵᠠᠮ ᠢ ᠥᠷᠭᠡᠳᠬᠡᠵᠦ᠂ 《ᠵᠢᠵᠢᠭ ᠠᠭᠠᠯᠢᠭ ᠵᠢᠮᠢᠰ 》 ᠤᠨ ᠦᠷ᠎ᠡ ᠪᠦᠲᠦᠮᠵᠢ ᠶᠢᠨ《 ᠲᠣᠮᠣ ᠠᠵᠤ | ᠦᠶᠯᠡᠰ 》 ᠢ ᠠᠬᠢᠭᠤᠯᠵᠤ᠂ ᠣᠶ ᠵᠢᠮᠢᠰ ᠤᠨ ᠶᠡᠷᠦᠩᠬᠡᠶ ᠲᠠᠯᠠᠪᠠᠶ ᠶᠢ 25 ᠲᠦᠮᠡᠨ ᠮᠥ ᠳᠠᠪᠠᠭᠤᠯᠬᠤ ᠶᠢ | ᠪᠠᠲᠤᠯᠠᠨ᠎ᠠ᠃ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠤᠮᠠᠷᠠᠲᠤ ᠶᠢᠨ ᠡᠮ ᠤᠨ | ᠲᠥᠪᠯᠡᠷᠡᠭᠦᠯᠦᠨ ᠲᠠᠷᠬᠠᠭᠠᠬᠤ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠩᠬᠢᠨᠢ ᠡᠮ ᠤᠨ | ᠮᠠᠲ᠋ᠧᠷᠢᠶᠠᠯ ᠢ ᠪᠣᠶᠢᠵᠢᠭᠤᠯᠤᠨ ᠰᠣᠩᠭᠤᠵᠤ ᠳᠡᠯᠭᠡᠷᠡᠭᠦᠯᠦᠨ᠂ ᠬᠢᠲᠠᠳ ᠡᠮ ᠤᠨ ᠮᠠᠲ᠋ᠧᠷᠢᠶᠠᠯ ᠢ ᠪᠠᠷᠢᠮᠵᠢᠶᠠᠵᠢᠭᠤᠯᠤᠨ | ᠲᠠᠷᠢᠬᠤ ᠰᠠᠭᠤᠷᠢᠨ ᠭᠠᠵᠠᠷ ᠢ 5 ᠲᠦᠮᠡᠨ ᠮᠦ ᠬᠥᠭᠵᠢᠭᠦᠯᠦᠨ᠎ᠡ᠃ ᠡᠪᠡᠰᠦᠨ ᠤ ᠠᠵᠤ ᠦᠢᠯᠡᠰ ᠢ | ᠪᠤᠵᠠᠭᠠᠶᠢᠷᠠᠭᠤᠯᠵᠤ᠂ ᠡᠪᠡᠰᠦᠨ ᠤ ᠶᠠᠷᠢᠶᠠᠨ ᠤ ᠲᠠᠪᠴᠠᠩ ᠢ ᠡᠷᠬᠢᠯᠡᠵᠦ᠂ ᠡᠪᠡᠰᠦᠨ ᠤ ᠬᠦᠷᠢᠶᠡᠯᠡᠩ ᠲᠣᠭᠤᠷᠢᠭ ᠢ | ᠪᠠᠶᠢᠭᠤᠯᠵᠤ᠂ ᠤᠰᠤ ᠡᠪᠡᠰᠦᠨ ᠤ ᠮᠥᠩᠭᠦᠨ ᠭᠦᠢᠯᠭᠡᠭᠡ ᠶᠢ ᠲᠤᠷᠰᠢᠵᠤ᠂ ᠡᠪᠡᠰᠦᠨ ᠤ ᠵᠢᠭᠤᠯᠴᠢᠯᠠᠯ ᠢ | ᠬᠥᠭᠵᠢᠭᠦᠯᠵᠦ᠂ ᠤᠳᠤ ᠦᠶ᠎ᠡ ᠶᠢᠨ ᠡᠪᠡᠰᠦᠨ ᠤ ᠠᠵᠤ ᠦᠢᠯᠡᠰ ᠲᠥᠪᠯᠡᠷᠡᠭᠰᠡᠨ ᠣᠷᠣᠨ ᠢ ᠪᠦᠬᠦ ᠲᠠᠯ᠎ᠠ ᠪᠠᠷ | ᠪᠠᠶᠢᠭᠤᠯᠤᠨ᠎ᠠ᠃ | ᠭᠤᠷᠪᠠ ᠳᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠥᠳᠡᠭᠡ ᠲᠣᠰᠬᠤᠨ ᠢ | ᠦᠵᠡᠰᠬᠦᠯᠡᠩᠲᠦ ᠰᠠᠶᠢᠬᠠᠨ ᠪᠣᠯᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂ 《 ᠵᠣᠷᠯᠣᠩ ᠤᠨ ᠥᠭᠡᠷᠡᠴᠢᠯᠡᠯᠲᠡ 》 ᠶᠢ | ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠨᠥᠯᠥᠭᠡᠯᠡᠬᠦ | ᠳᠤᠲᠠᠭᠤᠳᠠᠯ ᠢ ᠨᠥᠬᠦᠪᠥᠷᠢᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ | ᠴᠤᠭᠯᠠᠭᠤᠯᠬᠤ᠂ ᠰᠢᠯᠵᠢᠭᠦᠯᠦᠨ ᠲᠡᠭᠡᠭᠡᠪᠦᠷᠢᠯᠡᠬᠦ᠂ ᠰᠢᠶᠳᠪᠦᠷᠢᠯᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ | ᠲᠣᠭᠲᠠᠭᠤᠨ ᠢᠶᠠᠷ ᠠᠵᠢᠯᠯᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ | ᠲᠠᠷᠢᠶᠠᠯᠠᠩ ᠤᠨ ᠪᠦᠲᠦᠴᠡ ᠶᠢ ᠦᠷᠭᠦᠯᠵᠢᠯᠡᠨ ᠲᠤᠬᠢᠷᠠᠭᠤᠯᠤᠨ ᠰᠢᠯᠢᠳᠡᠭᠵᠢᠭᠦᠯᠵᠦ᠂ ᠲᠠᠷᠢᠶᠠᠯᠠᠩ ᠤᠨ ᠤᠯᠠᠨ | ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠡᠰᠢ ᠰᠦᠷᠡᠯ ᠢ ᠡᠬᠢ ᠪᠠᠶᠠᠯᠢᠭᠵᠢᠭᠤᠯᠤᠨ | ᠠᠰᠢᠭᠯᠠᠬᠤ᠂ ᠲᠠᠷᠢᠶᠠᠯᠠᠩ ᠤᠨ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ᠂ ᠮᠠᠯ | ᠵᠢᠭᠦᠷᠲᠡᠨ ᠢ ᠲᠡᠵᠢᠭᠡᠨ ᠦᠷᠡᠵᠢᠭᠦᠯᠬᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠲᠦᠷᠭᠡᠪᠴᠢᠯᠡᠨ | ᠠᠬᠢᠭᠤᠯᠤᠨ᠎ᠠ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠥᠷᠥ ᠶᠢᠨ ᠪᠣᠳᠣᠯᠭ᠎ᠠ ᠶᠢ | ᠲᠤᠶᠢᠯ ᠤᠨ ᠣᠨᠣᠪᠴᠢᠲᠠᠶ ᠬᠡᠷᠡᠭᠵᠢᠭᠦᠯᠵᠦ᠂ ᠲᠣᠰᠬᠤᠨ ᠤ ᠳᠦᠷᠰᠦ ᠪᠠᠶᠢᠳᠠᠯ ᠢ ᠲᠥᠷᠥᠯ ᠬᠤᠪᠢᠶᠠᠨ ᠵᠠᠰᠠᠬᠤ ᠶᠢ | ᠨᠠᠷᠢᠯᠢᠬᠵᠢᠭᠤᠯᠤᠨ᠂ ᠣᠷᠣᠰᠢᠨ ᠰᠠᠭᠤᠬᠤ ᠣᠷᠴᠢᠨ ᠲᠣᠭᠤᠷᠢᠨ ᠢ ᠠᠮᠢ ᠠᠬᠤᠶᠢᠵᠢᠭᠤᠯᠤᠨ ᠬᠠᠮᠢᠶᠠᠷᠬᠤ ᠵᠠᠭᠪᠤᠷ ᠢ | ᠬᠡᠷᠡᠭᠵᠢᠭᠦᠯᠵᠦ᠂ ᠴᠡᠪᠡᠷᠯᠡᠬᠦ᠂ ᠴᠣᠭᠴᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ | ᠲᠣᠭᠲᠠᠴᠠ ᠶᠢ ᠪᠠᠶᠢᠭᠤᠯᠤᠨ᠎ᠠ᠃ ᠣᠯᠠᠨ ᠲᠦᠮᠡᠨ ᠢᠶᠠᠷ ᠭᠤᠤᠯ ᠳᠦᠷᠢ ᠶᠢ ᠲᠣᠭᠯᠠᠭᠤᠯᠵᠤ᠂ ᠡᠵᠡᠨ ᠪᠣᠯᠬᠤ ᠶᠢ | ᠪᠠᠷᠢᠮᠲᠠᠯᠠᠵᠤ᠂ ᠡᠭᠦᠳᠡᠨ ᠡᠮᠦᠨᠡᠬᠢ 《 ᠳᠥᠷᠪᠡ ᠶᠢ ᠳᠠᠭᠠᠭᠠᠴᠢᠯᠠᠬᠤ 》 ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ | ᠂ ᠣᠳᠣᠨ ᠲᠠᠰ ᠤᠨ ᠪᠣᠯᠪᠠᠰᠤᠨ ᠡᠷᠦᠬᠡ᠂ ᠴᠡᠪᠡᠷ ᠡᠷᠦᠬᠡ᠂ ᠬᠠᠮᠤᠭ ᠤᠨ ᠭᠤᠶᠣ ᠬᠦᠷᠢᠶ᠎ᠡ ᠬᠠᠰᠢᠶ᠎ᠠ ᠶᠢ | ᠰᠢᠯᠭᠠᠷᠠᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠣᠯᠠᠨ ᠲᠦᠮᠡᠨ ᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠳᠤ ᠣᠷᠣᠯᠴᠠᠬᠤ ᠢᠳᠡᠪᠬᠢᠵᠢᠯ ᠢ ᠬᠥᠭᠵᠢᠭᠡᠵᠦ᠂ ᠲᠣᠰᠬᠤᠨ ᠤ ᠳᠦᠷᠰᠦ ᠪᠠᠶᠢᠳᠠᠯ ᠤᠨ ᠴᠣ ᠰᠢᠨ᠎ᠡ ᠪᠣᠯᠬᠤ | ᠶᠢ ᠠᠬᠢᠭᠤᠯᠤᠨ᠎ᠠ᠃ | ᠳᠥᠷᠪᠡ ᠳᠤ᠂ ᠪᠣᠯᠪᠠᠰᠤᠨ ᠨᠤᠲᠤᠭ ᠤᠨ ᠰᠤᠷᠲᠠᠯ ᠢ ᠪᠣᠶ ᠪᠣᠯᠭᠠᠵᠤ᠂ ᠠᠷᠠᠳ ᠤᠨ ᠰᠤᠷᠲᠠᠯ ᠢ | ᠭᠤᠶᠣᠵᠢᠭᠤᠯᠤᠶᠠ᠃ ᠲᠣᠰᠬᠤᠨ ᠤ ᠱᠠᠲᠤᠨ ᠤ ᠶᠠᠪᠤᠳᠠᠯ ᠢ ᠢᠯᠡ ᠪᠣᠯᠭᠠᠬᠤ ᠢᠨᠵᠧᠨᠧᠷᠢᠩ ᠢ ᠶᠠᠪᠤᠭᠤᠯᠵᠤ᠂ ᠨᠠᠮ | ᠤᠨ ᠶᠠᠪᠤᠳᠠᠯ᠂ ᠲᠣᠰᠬᠤᠨ ᠤ ᠶᠠᠪᠤᠳᠠᠯ᠂ ᠣᠨ ᠤ ᠶᠠᠪᠤᠳᠠᠯ 《 ᠭᠤᠷᠪᠠ ᠶᠢ ᠢᠯᠡ ᠪᠣᠯᠭᠠᠬᠤ 》 ᠳᠦᠷᠢᠮ ᠢ | ᠪᠦᠷᠢᠨᠰᠢᠭᠦᠯᠬᠦ ᠬᠡᠷᠡᠭᠲᠡᠶ᠃ ᠭᠠᠴᠠᠭᠠᠨ ᠤ ᠠᠷᠠᠳ ᠤᠨ ᠬᠡᠷᠡᠭ ᠡᠷᠬᠢᠯᠡᠭᠴᠢᠳ ᠤᠨ ᠬᠤᠷᠠᠯ᠂ ᠢᠷᠭᠡᠨ ᠤ ᠬᠡᠷᠡᠭ ᠢ | ᠭᠠᠴᠠᠭᠠᠨ ᠠᠴᠠ ᠰᠢᠢᠳᠪᠦᠷᠢᠯᠡᠬᠦ᠂ ᠭᠠᠴᠠᠭᠠᠨ ᠤ ᠶᠠᠪᠤᠳᠠᠯ ᠢ ᠠᠷᠠᠳ ᠠᠴᠠ ᠰᠢᠢᠳᠪᠦᠷᠢᠯᠡᠬᠦ ᠵᠡᠷᠭᠡ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠶᠢᠨ ᠵᠠᠭᠪᠤᠷ ᠢ ᠳᠡᠯᠭᠡᠷᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠳᠣᠣᠷᠠᠬᠢ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ ᠶᠢ | ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠎ᠡ | ᠃ 《 ᠠᠴᠢᠯᠠᠯ ᠡᠯᠪᠡᠷᠢᠯ ᠢ ᠡᠷᠬᠢᠮᠯᠡᠵᠦ᠂ ᠤᠯᠤᠰ ᠢᠶᠠᠨ ᠮᠠᠨᠳᠤᠭᠤᠯᠬᠤ 》 ᠰᠢᠯᠭᠠᠷᠠᠭᠤᠯᠤᠯᠲᠠ ᠶᠢ ᠥᠷᠨᠢᠭᠦᠯᠵᠦ᠂ | ᠶᠣᠰᠣ ᠰᠤᠷᠲᠠᠬᠤᠨ ᠤ 《 ᠤᠯᠠᠭᠠᠨ ᠬᠠᠷ᠎ᠠ ᠰᠠᠮᠪᠠᠷ᠎ᠠ 》 ᠶᠢᠨ ᠲᠦᠷᠢᠮ ᠢ ᠲᠡᠭᠦᠯᠳᠡᠷᠵᠢᠭᠦᠯᠦᠨ᠎ᠡ᠃ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ( ᠥᠷᠲᠡᠭᠡ᠂ ᠭᠠᠵᠠᠷ ) ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠬᠥᠳᠡᠭᠡ ᠲᠣᠰᠬᠤᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠵᠦ᠂ ᠰᠢᠯᠢᠳᠡᠭ ᠰᠠᠶᠢᠨ ᠵᠠᠩ ᠳᠠᠳᠬᠠᠯ | ᠢ ᠤᠯᠠᠮᠵᠢᠯᠠᠨ ᠵᠠᠯᠭᠠᠮᠵᠢᠯᠠᠵᠤ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠭᠡᠷ ᠪᠦᠯᠢ ᠵᠡᠷᠭᠡ ᠡᠭᠦᠳᠦᠨ | ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠂ ᠶᠡᠬᠡᠪᠡᠷ ᠡᠷᠬᠢᠯᠡᠵᠦ᠂ ᠬᠡᠲᠦᠷᠬᠡᠶ ᠪᠦᠷᠢᠯᠭᠡᠬᠦ᠂ ᠬᠦᠨᠳᠦ ᠪᠠᠷ | ᠣᠷᠣᠰᠢᠭᠤᠯᠵᠤ ᠠᠰᠠᠷᠠᠨ ᠲᠡᠵᠢᠭᠡᠬᠦ ᠵᠡᠷᠭᠡ ᠬᠠᠭᠤᠴᠢᠨ ᠶᠣᠰᠣ ᠪᠦᠳᠦᠭᠦᠯᠢᠭ ᠳᠠᠳᠬᠠᠯ ᠢ ᠡᠷᠡᠰ ᠬᠤᠷᠢᠭᠯᠠᠨ᠎ᠠ᠃ | ᠮᠠᠯᠵᠢᠬᠤ ᠲᠠᠷᠢᠶᠠᠯᠠᠬᠤ ᠣᠷᠣᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ | ᠠᠷᠭ᠎ᠠ ᠵᠠᠮ ᠢᠶᠠᠷ ᠴᠢᠳᠠᠪᠤᠷᠢᠲᠠᠨ ᠢ ᠲᠡᠳᠡᠨ ᠠᠪᠴᠢᠷᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠬᠠᠮᠠᠭᠠᠯᠠᠨ᠎ᠠ᠃ | ︵ᠭᠤᠷᠪᠠ︶ ᠠᠵᠤ ᠦᠶᠯᠡᠳᠪᠦᠷᠢ ᠶᠢᠨ ᠰᠦᠷᠦᠭᠵᠢᠯ ᠤᠨ ᠬᠥᠭᠵᠢᠯᠲᠡ ᠪᠠᠷ ᠭᠤᠤᠯ ᠪᠣᠯᠭᠠᠵᠤ᠂ ᠬᠡᠪᠴᠢᠶᠡᠵᠢᠯ | ᠤᠨ ᠨᠥᠯᠥᠭᠡᠯᠡᠯ ᠢ ᠥᠷᠭᠡᠳᠬᠡᠬᠦ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠃ | ᠠᠵᠤ ᠦᠢᠯᠡᠳᠪᠦᠷᠢ ᠪᠣᠯ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢᠨ《 ᠨᠢᠷᠤᠭᠤ | ᠲᠤᠯᠭᠠᠭᠤᠷᠢ 》ᠮᠥᠨ᠃ ᠪᠥᠬᠦ ᠬᠤᠰᠢᠭᠤ ᠪᠠᠷ ᠢᠶᠠᠨ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ | ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠥᠬᠡᠶ | ᠵᠠᠮᠨᠠᠵᠤ᠂ ᠠᠵᠤ ᠦᠶᠯᠡᠳᠪᠦᠷᠢ ᠶᠢᠨ ᠪᠣᠯᠪᠠᠰᠤᠨ ᠬᠢᠭᠡᠳ ᠠᠮᠢ ᠠᠬᠤᠶ ᠶᠢᠨ ᠪᠣᠯᠪᠠᠰᠤᠨ ᠤ ᠡᠶ᠎ᠡ ᠵᠣᠬᠢᠴᠠᠩᠭᠤᠶ | ᠠᠭᠤᠰᠤᠯᠴᠠᠯ ᠢ ᠠᠬᠢᠭᠤᠯᠬᠤ ᠬᠡᠷᠡᠭᠲᠡᠶ᠃ | ᠨᠢᠭᠡ ᠳᠤ᠂ ᠠᠵᠤ ᠦᠢᠯᠡᠰ ᠤᠨ ᠰᠦᠷᠦᠭᠵᠢᠯ ᠢ ᠪᠣᠶᠢᠵᠢᠭᠤᠯᠤᠨ ᠬᠥᠭᠵᠢᠭᠦᠯᠦᠨ᠎ᠡ᠃ ᠪᠣᠬᠢᠷᠲᠤᠯ ᠥᠬᠡᠶ ᠮᠠᠯ | ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠶᠯᠡᠰ ᠤᠨ | ᠰᠦᠷᠦᠭᠵᠢᠯ ᠢ ᠪᠤᠵᠠᠭᠠᠶᠢᠷᠠᠭᠤᠯᠵᠤ᠂ ᠰᠠᠭᠠᠯᠢ ᠶᠢᠨ ᠦᠨᠢᠶ᠎ᠡ᠂ ᠭᠠᠭ᠋ᠠᠶ᠂ ᠬᠢᠲᠠᠳ ᠡᠪᠡᠰᠦᠨ ᠡᠮ ᠭᠤᠷᠪᠠᠨ ᠵᠠᠭᠤᠨ | ᠳ᠋ᠦᠩᠰᠢᠭᠤᠷ ᠲᠥᠭᠦᠷᠢᠭ ᠤᠨ ᠠᠵᠤ ᠦᠶᠯᠡᠰ ᠢ ᠭᠤᠤᠯᠳᠠᠯᠭ᠎ᠠ ᠲᠠᠢ ᠠᠳᠬᠤᠵᠤ᠂ ᠳ᠋ᠧ ᠺᠠᠩ ᠭᠠᠭ᠋ᠠᠶ ᠠᠯᠠᠵᠤ | ᠨᠢᠲᠤᠯᠵᠤ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ | ᠢᠯᠢ ᠳᠡᠭᠡᠳᠦ ᠲᠠᠰ ᠤᠨ ᠴᠠᠭᠠᠨ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ ᠦᠶᠯᠡᠳᠪᠦᠷᠢ ᠶᠢᠨ ᠪᠠᠷᠢᠯᠭ᠎ᠠ | ᠳᠠᠭᠤᠰᠴᠤ ᠠᠰᠢᠭᠯᠠᠯᠲᠠ ᠳᠤ ᠣᠷᠣᠬᠤ ᠶᠢ ᠪᠡᠶᠡᠯᠡᠭᠦᠯᠵᠦ᠂ ᠬᠢᠲᠠᠳ ᠡᠮ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠤ ᠦᠶᠯᠡᠰ ᠤᠨ ᠬᠦᠷᠢᠶᠡᠯᠡᠩ ᠪᠣᠯᠤᠨ ᠪᠣᠬᠢᠷᠲᠤᠯ ᠥᠬᠡᠶ ᠮᠠᠯ ᠤᠨ ᠡᠮ ᠨᠠᠶᠢᠷᠠᠭᠤᠯᠬᠤ ᠲᠥᠷᠥᠯ | ᠵᠦᠶᠯ ᠤᠨ ᠵᠢᠩᠬᠢᠨᠢ ᠪᠠᠷ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠠᠵᠤ ᠦᠶᠯᠡᠰ ᠤᠨ ᠬᠥᠳᠡᠯᠭᠡᠬᠦ ᠡᠨᠧᠷᠭᠢ | ᠶᠢᠨ ᠰᠣᠯᠢᠭᠳᠠᠯ ᠪᠣᠯᠤᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ ᠤᠨ ᠭᠦᠨᠵᠡᠭᠡᠶ ᠠᠭᠤᠰᠤᠯᠴᠠᠯ ᠢ | ᠠᠬᠢᠭᠤᠯᠤᠨ᠎ᠠ᠃ ᠾᠧ ᠹᠧᠩ ᠲᠠᠷᠢᠶᠠᠯᠠᠩ᠂ ᠮᠧᠩ ᠵᠢᠶᠠ ᠠᠮᠤ ᠲᠣᠰᠣ᠂ ᠵᠢᠶᠠ ᠾᠧ ᠠᠮᠤ ᠪᠤᠳᠠᠭᠠᠨ ᠤ ᠦᠢᠯᠡᠰ | ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠠᠷᠢᠶᠠᠯᠠᠩ ᠲᠤᠰᠠᠯᠠᠬᠤ | ᠦᠢᠯᠡᠳᠪᠦᠷᠢᠯᠡᠯ ᠤᠨ ᠪᠦᠲᠦᠭᠡᠭᠳᠡᠬᠦᠨ ᠤ ᠣᠳᠣᠬᠢᠴᠢᠯᠠᠭᠰᠠᠨ ᠦᠢᠯᠡᠳᠪᠦᠷᠢᠯᠡᠵᠦ ᠡᠳ᠋ᠰᠢᠭᠦᠯᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠳᠡᠭᠡᠳᠦ ᠰᠢᠨ᠎ᠡ ᠮᠡᠷᠭᠡᠵᠢᠯ ᠪᠠ ᠤᠳᠤ ᠦᠶ᠎ᠡ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ | ᠪᠥᠭᠡᠮᠨᠡᠷᠡᠯ ᠢ ᠪᠣᠶᠢᠵᠢᠭᠤᠯᠵᠤ᠂ ᠳ᠋ᠦᠩ ᠬᠠᠨ ᠵᠢᠯᠣᠭᠤᠴᠢ ᠦᠭᠡᠢ ᠨᠢᠰᠬᠡᠯ ᠢ ᠪᠠᠶᠢᠭᠤᠯᠤᠨ ᠪᠦᠲᠦᠭᠡᠵᠦ ᠠᠰᠢᠭᠯᠠᠯᠲᠠ | ᠳᠤ ᠣᠷᠣᠭᠤᠯᠬᠤ ᠠᠵᠢᠯ ᠢ ᠲᠦᠯᠬᠢᠨ ᠠᠬᠢᠭᠤᠯᠵᠤ᠂ ᠤᠮᠠᠷᠠᠲᠤ ᠣᠷᠣᠨ ᠤ ᠵᠢᠯᠣᠭᠤᠴᠢ ᠦᠭᠡᠢ ᠨᠢᠰᠬᠡᠯ ᠤᠨ | ᠲᠤᠷᠰᠢᠯᠲᠠ ᠶᠢᠨ ᠰᠠᠭᠤᠷᠢᠨ ᠭᠠᠵᠠᠷ ᠢ ᠵᠢᠩᠬᠢᠨᠢ ᠪᠠᠷ ᠡᠬᠢᠯᠡᠵᠦ ᠬᠡᠷᠡᠭᠯᠡᠪᠡ᠃ ᠠᠶ ᠯᠠᠩ ᠰᠠᠯᠬᠢᠨ ᠬᠦᠴᠦᠨ ᠤ | ᠴᠠᠬᠢᠯᠭᠠᠨ᠂ ᠬᠤᠩ ᠳ᠋ᠠ ᠳᠠᠷᠤᠵᠤ ᠴᠢᠳᠬᠤᠬᠤ ᠵᠡᠷᠭᠡ ᠠᠵᠤ ᠠᠬᠤᠶᠢᠯᠠᠯ ᠤᠨ《 ᠵᠠᠬᠢᠶᠠᠯᠠᠭ᠎ᠠ ᠶᠢᠨ ᠠᠵᠤ ᠠᠬᠤᠶ | 》 ᠶᠢ ᠬᠥᠭᠵᠢᠭᠦᠯᠬᠦ ᠶᠢ ᠠᠬᠢᠭᠤᠯᠵᠤ᠂ ᠦᠶᠯᠡᠳᠪᠦᠷᠢᠯᠡᠯ ᠪᠣᠷᠣᠯᠠᠭᠤᠯᠭ᠎ᠠ ᠶᠢ ᠵᠡᠷᠭᠡ ᠪᠠᠷ ᠬᠥᠭᠵᠢᠭᠦᠯᠬᠦ ᠶᠢ | ᠪᠡᠶᠡᠯᠡᠭᠦᠯᠪᠡ᠃ ᠴᠡᠪᠡᠷ ᠡᠨᠧᠷᠭᠢ ᠶᠢᠨ ᠠᠵᠤ ᠦᠢᠯᠡᠰ ᠤᠨ ᠰᠦᠷᠦᠭᠵᠢᠯ ᠢ ᠠᠬᠢᠭᠤᠯᠵᠤ᠂ ᠵᠦᠩ ᠭᠤᠸᠠᠩ ᠾᠧ | ᠶᠢᠨ ᠵᠠᠭᠤᠨ ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠤ ᠰᠠᠭᠤᠷᠢᠨ ᠢ ᠴᠠᠬᠢᠯᠭᠠᠨ ᠲᠣᠣᠷ ᠲᠤ ᠨᠡᠶᠢᠯᠡᠭᠦᠯᠦᠨ | ᠴᠠᠬᠢᠯᠭᠠᠨ ᠭᠠᠷᠭᠠᠬᠤ᠂ ᠰᠣᠯᠣᠨ ᠤᠰᠤ ᠲᠠᠲᠠᠵᠤ ᠡᠨᠧᠷᠭᠢ ᠬᠠᠳᠠᠭᠠᠯᠠᠬᠤ᠂ ᠬᠤᠸᠠ ᠨᠧᠩ 20 ᠲᠦᠮᠡᠨ ᠺᠢᠯᠣᠸᠠᠲ | ᠤᠨ ᠰᠠᠯᠬᠢᠨ ᠴᠠᠬᠢᠯᠭᠠᠨ ᠤ ᠲᠥᠷᠥᠯ ᠵᠦᠢᠯ ᠢ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ ᠰᠠᠯᠬᠢᠨ ᠬᠦᠴᠦᠨ ᠤ | ᠴᠠᠬᠢᠯᠭᠠᠨ᠂ ᠭᠡᠷᠡᠯ ᠴᠡᠨᠡᠭ ᠵᠡᠷᠭᠡ ᠲᠣᠨᠤᠭ ᠲᠥᠬᠦᠭᠡᠷᠦᠮᠵᠢ ᠦᠢᠯᠡᠳᠬᠦ ᠠᠵᠤ ᠠᠬᠤᠶᠢᠯᠠᠯ ᠢ ᠢᠳᠡᠪᠬᠢᠲᠡᠢ ᠪᠠᠷ ᠤᠷᠢᠨ | ᠣᠷᠣᠭᠤᠯᠵᠤ᠂ ᠴᠡᠪᠡᠷ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶᠡᠰᠦ ᠶᠢ ᠡᠭᠦᠳᠦᠨ ᠪᠠᠶᠢᠭᠤᠯᠤᠨ᠎ᠠ᠃ | ᠬᠤᠶᠠᠷ ᠲᠤ᠂ ᠠᠵᠤ ᠠᠬᠤᠶᠢᠯᠠᠯ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠢ ᠠᠬᠢᠭᠤᠯᠤᠨ᠎ᠠ᠃ ᠰᠠᠭᠤᠷᠢ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠣᠶᠤᠨᠴᠢᠯᠠᠭᠰᠠᠨ | ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠨ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ | ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠪᠠᠨ ᠥᠷᠭᠡᠳᠬᠡᠨ ᠶᠠᠰᠤ ᠴᠢᠨᠠᠷ ᠢᠶᠠᠨ | ᠳᠡᠭᠡᠭᠰᠢᠯᠡᠭᠦᠯᠬᠦ᠂ ᠰᠢᠨ᠎ᠡ ᠶᠢ ᠡᠭᠦᠳᠦᠨ ᠬᠥᠭᠵᠢᠬᠦ ᠶᠢ ᠲᠡᠳᠬᠦᠨ ᠳᠠᠮᠵᠢᠨ᠎ᠠ᠃ ᠤᠯᠠᠮᠵᠢᠯᠠᠯᠲᠤ ᠠᠵᠤ ᠦᠢᠯᠡᠰ ᠢ | ᠥᠭᠡᠷᠡᠴᠢᠯᠡᠨ ᠳᠡᠰ ᠳᠡᠪᠰᠢᠭᠦᠯᠵᠦ᠂ ᠪᠧᠢ ᠹᠧᠩ ᠯᠢᠩ ᠭᠤᠯᠢᠷ᠂ ᠵᠢᠶᠠ ᠶᠤᠸᠠᠨ ᠮᠠᠯ ᠠᠵᠤ ᠠᠬᠤᠢ᠂ ᠬᠤᠷᠴᠢᠨ | ᠸᠠᠩ ᠠᠷᠢᠬᠢᠨ ᠦᠢᠯᠡᠰ ᠵᠡᠷᠭᠡ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ | ᠠᠬᠤᠢᠯᠠᠯ ᠤᠨ ᠪᠦᠲᠦᠴᠡ ᠪᠠᠨ ᠰᠢᠯᠢᠳᠡᠭᠵᠢᠭᠦᠯᠬᠦ ᠶᠢ ᠵᠣᠷᠢᠭᠵᠢᠭᠤᠯᠵᠤ᠂ ᠠᠢ ᠮᠠ ᠠᠭᠤᠷᠬᠠᠢ ᠶᠢᠨ ᠦᠢᠯᠡᠰ ᠵᠡᠷᠭᠡ | ᠭᠤᠣᠯᠯᠠᠭᠴᠢ ᠠᠵᠤ ᠠᠬᠤᠶᠢᠯᠠᠯ ᠤᠨ ᠮᠡᠷᠭᠡᠵᠢᠯ ᠤᠨ ᠰᠢᠨᠡᠴᠢᠯᠡᠯᠲᠡ ᠬᠢᠵᠦ ᠳᠡᠰ ᠳᠡᠪᠰᠢᠬᠦ ᠶᠢ ᠳᠠᠮᠵᠢᠵᠤ᠂ ᠮᠢᠩᠭᠠᠨ | ᠠᠮᠲᠠᠲᠤ ᠢᠳᠡᠭᠡᠨ᠂ ᠲᠠᠯ᠎ᠠ ᠨᠤᠲᠤᠭ ᠤᠨ ᠪᠠᠶᠠᠯᠢᠭ ᠦᠢᠯᠡᠰ ᠵᠡᠷᠭᠡ ᠦᠷ᠎ᠡ ᠠᠰᠢᠭ ᠳᠣᠣᠷ᠎ᠠ ᠠᠵᠤ ᠠᠬᠤᠢᠯᠠᠯ ᠤᠨ | 《 ᠰᠢᠩᠭᠡᠯᠢᠭ ᠢᠶᠠᠨ ᠰᠤᠯᠠᠯᠠᠵᠤ ᠰᠢᠪᠠᠭᠤ ᠪᠠᠨ ᠰᠣᠯᠢᠬᠤ 》 ᠶᠢ ᠪᠡᠶᠡᠯᠡᠭᠦᠯᠬᠦ ᠶᠢ ᠠᠬᠢᠭᠤᠯᠵᠤ᠂ ᠨᠡᠷᠡᠲᠦ | ᠲᠡᠮᠳᠡᠭᠲᠦ ᠢᠳᠡᠭᠡᠨ᠂ ᠵᠢᠶᠠ ᠾᠧ ᠲᠠᠷᠢᠮᠠᠯ ᠤᠨ ᠦᠢᠯᠡᠰ ᠵᠡᠷᠭᠡ ᠦᠢᠯᠡᠳᠪᠦᠷᠢᠯᠡᠯ ᠤᠨ ᠬᠠᠭᠠᠰ ᠵᠣᠭᠰᠣᠭᠰᠠᠨ ᠠᠵᠤ | ᠠᠬᠤᠢᠯᠠᠯ ᠤᠨ 《 ᠬᠤᠶᠠᠳᠠᠬᠢ ᠤᠳᠠᠭ᠎ᠠ ᠦᠢᠯᠡᠰ ᠪᠣᠰᠬᠠᠬᠤ 》 ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ | ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠵᠦ᠂ ᠠᠢ ᠹᠠᠩ ᠮᠦ᠂ ᠣᠢ ᠰᠢᠭᠤᠢ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠠᠵᠤ ᠠᠬᠤᠶᠢᠯᠠᠯ ᠤᠨ ᠡᠷᠲᠡᠬᠡᠨ ᠠᠰᠢᠭᠯᠠᠯᠲᠠ ᠳᠤ ᠣᠷᠣᠵᠤ | ᠦᠷ᠎ᠡ ᠠᠰᠢᠭ ᠣᠯᠬᠤ ᠶᠢ ᠠᠬᠢᠭᠤᠯᠵᠤ᠂ ᠠᠵᠤ ᠦᠶᠯᠡᠳᠪᠦᠷᠢ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ | ᠥᠷᠭᠡᠳᠬᠡᠨ᠎ᠡ᠃ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠬᠠᠮᠲᠤᠷᠠᠯᠴᠠᠭᠠᠨ ᠤ ᠵᠠᠭᠪᠤᠷ ᠢ | ᠰᠦᠪᠡᠭᠴᠢᠯᠡᠵᠦ᠂ ᠯᠠᠩ ᠴᠤᠤ ᠪᠦᠯᠦᠭᠯᠡᠯ ᠤᠨ ᠵᠠᠰᠠᠭ ᠤᠨ ᠶᠠᠪᠤᠳᠠᠯ ᠤᠨ ᠰᠦᠯᠵᠢᠶᠡᠨ ᠦᠶᠯᠡᠴᠢᠯᠡᠭᠡᠨ ᠤ ᠬᠡᠪᠴᠢᠶ᠎ᠡ | ᠪᠠᠨ ᠥᠷᠭᠡᠳᠬᠡᠬᠦ ᠶᠢ ᠳᠡᠮᠵᠢᠵᠦ᠂ ᠲᠣᠭᠠᠴᠢᠯᠠᠭᠰᠠᠨ ᠠᠵᠤ ᠦᠶᠯᠡᠰ ᠤᠨ ᠠᠵᠤ ᠠᠬᠤᠶ ᠶᠢ ᠲᠦᠷᠭᠡᠳᠬᠡᠨ | ᠪᠣᠶᠢᠵᠢᠭᠤᠯᠤᠨ᠎ᠠ᠃ ᠴᠢᠨᠠᠷ ᠰᠠᠶᠢᠲᠠᠶ ᠠᠵᠤ ᠦᠶᠯᠡᠰ ᠢ ᠲᠡᠳᠬᠦᠨ ᠪᠤᠵᠠᠭᠠᠶᠢᠷᠠᠭᠤᠯᠵᠤ᠂ ᠬᠡᠪᠴᠢᠶᠡᠵᠢᠯ ᠠᠴᠠ | ᠳᠡᠭᠡᠭᠰᠢᠬᠢ ᠠᠵᠤ ᠠᠬᠤᠶᠢᠯᠠᠯ ᠤᠨ ᠬᠥᠮᠥᠷᠭᠡ ᠳᠤ ᠲᠣᠭᠲᠠᠭᠤᠨ ᠪᠠᠶᠢᠯᠭᠠᠬᠤ᠂ ᠦᠶᠯᠡᠳᠪᠦᠷᠢᠯᠡᠯ ᠢ ᠲᠣᠭᠲᠠᠭᠤᠨ | ᠪᠠᠶᠢᠯᠭᠠᠬᠤ ᠶᠢ ᠴᠢᠩᠭ᠎ᠠ ᠠᠩᠬᠠᠷᠴᠤ᠂ ᠳᠤᠮᠳᠠ ᠵᠢᠵᠢᠭ ᠠᠵᠤ ᠠᠬᠤᠶᠢᠯᠠᠯ ᠤᠨ ᠬᠡᠪᠴᠢᠶ᠎ᠡ ᠪᠠᠨ ᠥᠷᠭᠡᠳᠬᠡᠬᠦ᠂ ᠦᠷ᠎ᠡ | ᠠᠰᠢᠭ ᠢᠶᠠᠨ ᠨᠡᠮᠡᠭᠳᠡᠭᠦᠯᠬᠦ ᠶᠢ ᠳᠡᠮᠵᠢᠵᠦ᠂ ᠤᠯᠠᠭᠠᠨ ᠲᠣᠮᠣ ᠬᠢᠮᠢ ᠶᠢᠨ ᠪᠣᠷᠲᠣᠭᠤᠷ᠂ ᠬᠠ ᠳ᠋ᠠ ᠵᠢᠶᠠᠩ ᠠᠷᠢᠬᠢᠨ | ᠦᠶᠯᠡᠰ ᠵᠡᠷᠭᠡ ᠠᠵᠤ ᠠᠬᠤᠶᠢᠯᠠᠯ ᠤᠨ ᠠᠮᠵᠢᠯᠲᠠ ᠲᠠᠢ ᠪᠠᠷ ᠬᠡᠪᠴᠢᠶᠡᠵᠢᠯ ᠢᠶᠠᠨ ᠳᠡᠭᠡᠭᠰᠢᠯᠡᠭᠦᠯᠬᠦ ᠶᠢ ᠲᠦᠷᠭᠡᠳᠬᠡᠨ | ᠠᠬᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠢ 2 ᠠᠴᠠ ᠳᠡᠭᠡᠭᠰᠢ | ᠰᠢᠨ᠎ᠡ ᠪᠠᠷ ᠨᠡᠮᠡᠭᠳᠡᠭᠦᠯᠦᠨ᠎ᠡ᠃ | ᠭᠤᠷᠪᠠ ᠳᠤ᠂ ᠬᠦᠷᠢᠶᠡᠯᠡᠩ ᠲᠣᠭᠤᠷᠢᠭ ᠤᠨ ᠠᠴᠢᠶᠠᠯᠠᠪᠤᠷᠢ ᠶᠢᠨ ᠲᠠᠪᠴᠠᠩ ᠢ ᠪᠠᠬᠢᠵᠢᠭᠦᠯᠦᠨ᠎ᠡ᠃ ᠠᠵᠤ | ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠷᠴᠢᠮᠵᠢᠭᠦᠯᠦᠨ ᠬᠥᠭᠵᠢᠭᠦᠯᠬᠦ ᠴᠢᠳᠠᠮᠵᠢ ᠶᠢ ᠴᠢᠩᠭᠠᠷᠠᠭᠤᠯᠵᠤ᠂ | ᠮᠦ ᠪᠦᠷᠢ ᠶᠢᠨ ᠳᠤᠮᠳᠠᠴᠢ ᠪᠠᠯᠠ ᠣᠷᠣᠭᠤᠯᠤᠯᠲᠠ ᠶᠢᠨ ᠬᠦᠴᠦᠯᠡᠴᠡ ᠪᠠᠷ ᠰᠢᠯᠢᠳᠡᠭ ᠢ ᠦᠨᠡᠯᠡᠬᠦ ᠶᠢ ᠪᠠᠷᠢᠮᠲᠠᠯᠠᠨ᠂ | 《 ᠬᠠᠳᠠᠭᠠᠯᠠᠯᠲᠠ ᠶᠢᠨ ᠬᠡᠮᠵᠢᠶ᠎ᠡ ᠶᠢ ᠰᠢᠩᠭᠡᠭᠡᠬᠦ》 ᠪᠠᠷ ᠲᠡᠷᠢᠭᠦᠨ ᠴᠢᠬᠤᠯᠠ ᠶᠠᠪᠤᠳᠠᠯ ᠪᠣᠯᠭᠠᠬᠤ ᠶᠢ ᠪᠠᠷᠢᠮᠲᠠᠯᠠᠨ᠂ | ᠪᠣᠬᠢᠷᠲᠤᠯ ᠥᠬᠡᠶ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ | 《ᠨᠦᠭᠦᠴᠡᠯ ᠪᠦᠷᠢᠯᠳᠦᠭᠦᠯᠦᠨ ᠪᠡᠯᠡ ᠣᠷᠤᠭᠤᠯᠤᠭᠴᠢ ᠤᠷᠢᠬᠤ》 ᠶᠢ ᠲᠦᠷᠭᠡᠳᠬᠡᠨ ᠠᠬᠢᠭᠤᠯᠵᠤ᠂ ᠤᠰᠤ᠂ | ᠴᠠᠬᠢᠯᠭᠠᠨ᠂ ᠵᠠᠮ᠂ ᠬᠡᠢ᠂ ᠢᠯᠴᠢ ᠵᠡᠷᠭᠡ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠂ | ᠵᠦᠪᠰᠢᠶᠡᠷᠡᠭᠰᠡᠨ ᠪᠣᠯᠪᠠᠴᠤ ᠬᠠᠩᠭᠠᠭᠠᠳᠤᠶ ᠭᠠᠵᠠᠷ ᠰᠢᠷᠣᠶ ᠶᠢᠨ ᠦᠷ᠎ᠡ ᠠᠰᠢᠭ ᠢ ᠪᠠᠳᠠᠷᠠᠭᠤᠯᠬᠤ ᠶᠢ ᠲᠦᠷᠭᠡᠳᠬᠡᠨ | ᠠᠬᠢᠭᠤᠯᠤᠨ᠎ᠠ᠃ ᠳ᠋ᠠᠱᠢᠵᠠᠢ ᠵᠡᠭᠡᠯᠢ᠂ ᠰᠢᠨ ᠸᠧᠶ ᠳᠥᠷᠪᠡᠳᠦᠭᠡᠷ ᠵᠡᠭᠡᠯᠢ ᠵᠡᠷᠭᠡ ᠵᠠᠮ ᠤᠨ ᠶᠡᠷᠦᠩᠬᠡᠶᠢᠯᠡᠭᠰᠡᠨ | ᠢᠨᠵᠧᠨᠧᠷᠢᠩ ᠢ ᠠᠬᠢᠭᠤᠯᠵᠤ᠂ ᠠᠵᠤ ᠦᠶᠯᠡᠳᠪᠦᠷᠢ ᠶᠢᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ | ᠬᠤᠶᠠᠳᠤᠭᠠᠷ ᠬᠤᠭᠤᠴᠠᠭ᠎ᠠ ᠪᠣᠯᠣᠨ ᠠᠵᠤ ᠦᠶᠯᠡᠳᠪᠦᠷᠢ ᠶᠢᠨ ᠰᠢᠭᠠᠷᠤ ᠶᠢᠨ ᠲᠠᠯᠠᠪᠠᠢ ᠶᠢᠨ ᠪᠠᠷᠢᠯᠭ᠎ᠠ ᠶᠢ ᠪᠦᠬᠦ | ᠲᠠᠯ᠎ᠠ ᠪᠠᠷ ᠳᠠᠭᠤᠰᠬᠠᠬᠤ ᠪᠠᠷ ᠴᠢᠷᠮᠠᠶᠢᠨ᠎ᠠ᠃ ᠰᠧᠨ ᠾᠦᠢ ᠬᠡᠪᠯᠡᠯ᠂ ᠰᠢᠨ ᠲᠧ ᠺᠠᠩ ᠡᠳ᠋ ᠪᠠᠷᠠᠭ᠎ᠠ ᠶᠢᠨ ᠭᠦᠢᠯᠭᠡᠭᠡ | ᠵᠡᠷᠭᠡ ᠠᠵᠤ ᠠᠬᠤᠶᠢᠯᠠᠯ ᠤᠨ ᠲᠦᠷᠭᠡᠨ ᠬᠥᠭᠵᠢᠯᠲᠡ ᠶᠢ ᠠᠬᠢᠭᠤᠯᠵᠤ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ | ᠬᠠᠮᠠᠭᠠᠯᠠᠬᠤ᠂ ᠳᠡᠭᠡᠲᠦ ᠲᠡᠰ ᠤᠨ ᠲᠣᠨᠤᠭ ᠲᠥᠬᠦᠭᠡᠷᠦᠮᠵᠢ ᠦᠢᠯᠡᠳᠬᠦ᠂ ᠪᠣᠬᠢᠷᠲᠤᠯ ᠦᠭᠡᠢ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠵᠡᠷᠭᠡ ᠠᠵᠤ ᠦᠢᠯᠡᠰ ᠢ ᠤᠷᠢᠨ ᠣᠷᠣᠭᠤᠯᠵᠤ᠂ | ᠰᠢᠨ᠎ᠡ ᠪᠠᠷ 4 ᠠᠵᠤ ᠠᠬᠤᠶᠢᠯᠠᠯ ᠨᠡᠮᠡᠭᠳᠡᠵᠦ᠂ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 9 . 7 ᠳ᠋ᠦᠩᠰᠢᠭᠤᠷ | ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ ᠠᠵᠢᠯ ᠢ ᠰᠠᠶᠢᠲᠤᠷ ᠠᠳᠬᠤᠵᠤ᠂ ᠵᠢᠷᠤᠮᠵᠢᠭᠰᠠᠨ ᠲᠦᠷᠢᠮ ᠤᠨ ᠦᠷ᠎ᠡ ᠪᠦᠲᠦᠭᠡᠯ | ᠢ ᠪᠣᠶ ᠪᠣᠯᠭᠠᠵᠤ᠂ ᠠᠵᠤ ᠠᠬᠤᠶᠢᠯᠠᠯ ᠳᠤ ᠨᠠᠩ ᠰᠠᠶᠢᠨ ᠦᠶᠯᠡᠴᠢᠯᠡᠬᠦ ᠬᠡᠷᠡᠭᠲᠡᠶ᠃ ᠵᠥᠩ ᠭᠤᠸᠠᠨ ᠼᠦᠨ ᠤ ᠳ᠋ᠦᠩ | ᠱᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠯᠦᠭᠡ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ | ᠪᠠᠨ ᠴᠢᠩᠭᠠᠳᠬᠠᠵᠤ᠂ ᠰᠢᠨ᠎ᠡ ᠡᠨᠧᠷᠭᠢ ᠶᠢ ᠥᠷᠭᠡᠨ ᠢᠶᠠᠷ ᠬᠡᠷᠡᠭᠯᠡᠬᠦ ᠪᠠ ᠠᠵᠤ ᠦᠶᠯᠡᠰ ᠢᠶᠠᠷ ᠰᠢᠨ᠎ᠡ ᠡᠵᠡᠩᠨᠡᠯᠲᠡ | ᠶᠢᠨ ᠬᠡᠯᠪᠡᠷᠢ ᠪᠠᠶᠢᠳᠠᠯ ᠢ ᠪᠣᠶᠢᠵᠢᠭᠤᠯᠬᠤ ᠶᠢ ᠰᠦᠪᠡᠭᠴᠢᠯᠡᠵᠦ᠂《 ᠣᠶᠤᠨᠴᠢ ᠬᠦᠷᠢᠶᠡᠯᠡᠩ ᠲᠣᠭᠤᠷᠢᠭ 》 ᠢ | ᠬᠦᠴᠦ ᠪᠠᠨ ᠬᠠᠮᠲᠤᠳᠬᠠᠨ ᠬᠠᠮᠲᠤᠪᠠᠷ ᠪᠠᠶᠢᠭᠤᠯᠤᠨ᠎ᠠ᠃ | ( ᠳᠥᠷᠪᠡ ) ᠰᠣᠶᠣᠯ ᠵᠢᠭᠤᠯᠴᠢᠯᠠᠯ ᠤᠨ ᠠᠭᠤᠰᠤᠯᠴᠠᠯ ᠬᠥᠭᠵᠢᠯᠲᠡ ᠪᠠᠷ ᠭᠠᠷᠳᠠᠴᠠ ᠪᠣᠯᠭᠠᠵᠤ᠂ | ᠭᠤᠷᠪᠠᠳᠤᠭᠠᠷ ᠠᠵᠤ ᠦᠶᠯᠡᠰ ᠢ ᠴᠡᠴᠡᠭᠯᠡᠭᠦᠯᠦᠨ ᠬᠥᠭᠵᠢᠭᠦᠯᠬᠦ ᠳᠡᠭᠡᠷ᠎ᠡ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ | ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠪᠣᠯ ᠬᠥᠭᠵᠢᠯᠲᠡ ᠶᠢᠨ ᠲᠣᠬᠢᠶᠠᠯ ᠢ ᠵᠠᠪᠳᠤᠨ ᠡᠵᠡᠯᠡᠬᠦ ᠭᠤᠣᠯ | ᠲᠠᠶᠢᠨ ᠤ ᠲᠠᠯᠠᠪᠤᠷ ᠮᠥᠨ᠃ ᠰᠣᠶᠣᠯ ᠵᠢᠭᠤᠯᠴᠢᠯᠠᠯ ᠤᠨ ᠳᠠᠯᠳᠠ ᠬᠦᠴᠦᠨ ᠢ ᠦᠷᠭᠦᠯᠵᠢᠯᠡᠨ ᠭᠦᠨ ᠠᠭᠤᠳᠠᠯᠵᠤ᠂ | ᠮᠥᠩᠭᠦᠨ ᠭᠦᠶᠯᠭᠡᠭᠡᠨ ᠤ ᠲᠤᠯᠭᠠᠭᠤᠷᠢᠯᠠᠬᠤ ᠦᠶᠯᠡᠳᠦᠯ ᠢ ᠴᠢᠩᠭᠠᠳᠬᠠᠨ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ | ᠭᠦᠶᠯᠭᠡᠭᠡ ᠶᠢ ᠲᠦᠷᠭᠡᠳᠬᠡᠨ ᠠᠬᠢᠭᠤᠯᠵᠤ᠂ ᠭᠤᠷᠪᠠᠳᠤᠭᠠᠷ ᠠᠵᠤ ᠦᠶᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ | ᠶᠢ ᠠᠬᠢᠭᠤᠯᠬᠤ ᠬᠡᠷᠡᠭᠲᠡᠶ᠃ | ᠨᠢᠭᠡ ᠳᠤ᠂ ᠵᠤᠭᠠᠴᠠᠯ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ 《 ᠳᠤᠮᠳᠠᠳᠤ ᠤᠯᠤᠰ ᠤᠨ | ᠰᠢᠨ᠎ᠡ ᠪᠠᠷ ᠮᠠᠨᠳᠤᠭᠰᠠᠨ ᠲᠠᠯ᠎ᠠ ᠨᠤᠲᠤᠭ ᠤᠨ ᠵᠢᠭᠤᠯᠴᠢᠯᠠᠯ ᠤᠨ ᠵᠣᠷᠢᠯᠲᠠ ᠶᠢᠨ ᠭᠠᠵᠠᠷ 》 ᠢ ᠡᠭᠦᠳᠦᠨ | ᠪᠠᠶᠢᠭᠤᠯᠬᠤ ᠪᠠᠷ ᠬᠠᠷᠠᠯᠲᠠ ᠪᠣᠯᠭᠠᠵᠤ᠂ 《 ᠥᠪᠡᠷᠲᠡᠭᠡᠨ ᠵᠠᠰᠠᠬᠤ ᠣᠷᠣᠨ ᠤ ᠪᠥᠬᠦ ᠣᠷᠣᠨ ᠪᠦᠰᠡ ᠶᠢᠨ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ 》 ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠨ᠂ 《 | ᠬᠠᠩᠭᠠᠶ ᠲᠠᠯ᠎ᠠ ᠨᠤᠲᠤᠭ᠂ ᠣᠶᠤᠨ ᠰᠠᠨᠠᠭᠠᠨ ᠤ ᠮᠠᠯᠵᠢᠯ ᠤᠨ ᠲᠠᠯᠠᠪᠠᠶ 》 ᠪᠠᠷ ᠨᠡᠷ᠎ᠡ ᠶᠢᠨ ᠬᠠᠭᠤᠳᠠᠰᠤ ᠪᠣᠯᠭᠠᠵᠤ᠂ | 《 ᠡᠮᠦᠨᠡᠲᠦ ᠬᠤᠰᠢᠭᠤᠨ ᠳᠤ ᠵᠤᠭᠠᠴᠠᠬᠤ 500 ᠭᠠᠵᠠᠷ ᠤᠨ ᠰᠣᠶᠣᠯ ᠵᠢᠭᠤᠯᠴᠢᠯᠠᠯ ᠤᠨ ᠬᠤᠩᠭᠢᠯ 》 ᠳᠤ | ᠢᠳᠡᠪᠬᠢᠲᠡᠶ ᠠᠭᠤᠰᠤᠯᠴᠠᠵᠤ᠂ ᠵᠢᠭᠤᠯᠴᠢᠯᠠᠯ ᠤᠨ ᠦᠶᠯᠡᠰ ᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠤᠯᠭᠠᠭᠤᠷᠢ | ᠠᠵᠤ ᠦᠶᠯᠡᠰ ᠪᠣᠯᠭᠠᠬᠤ ᠶᠢ ᠠᠬᠢᠭᠤᠯᠤᠨ᠎ᠠ᠃ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠦᠨ᠎ᠡ᠃ ᠲᠣᠬᠤᠮ ᠨᠤᠮᠤ ᠰᠤᠮᠤ ᠶᠢᠨ ᠣᠷᠳᠣᠨ ᠢ ᠪᠦᠲᠦᠭᠡᠨ ᠪᠠᠶᠢᠭᠤᠯᠵᠤ᠂ 《 ᠬᠢᠩᠭᠠᠨ ᠤ | ᠵᠤᠭᠠᠴᠠᠯ ᠤᠨ ᠶᠣᠰᠣᠯᠠᠯ 》 ᠤᠨ ᠲᠦᠷᠦᠯ ᠵᠦᠢᠯ ᠢ ᠦᠷᠭᠦᠯᠵᠢᠯᠡᠨ ᠪᠠᠶᠢᠭᠤᠯᠵᠤ᠂ ᠪᠦᠬᠦ ᠠᠶᠢᠮᠠᠭ ᠤᠨ ᠵᠤᠭᠠᠴᠠᠯ ᠤᠨ | ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠲᠠᠯ᠎ᠠ ᠨᠤᠲᠤᠭ ᠤᠨ ᠵᠤᠭᠠᠴᠠᠯ ᠤᠨ ᠲᠦᠷᠦᠯ ᠵᠦᠢᠯ ᠢ ᠭᠤᠣᠯᠯᠠᠨ | ᠠᠳᠬᠤᠵᠤ᠂ ᠤᠯᠠᠭᠠᠨᠮᠣᠳᠣ ᠲᠠᠯ᠎ᠠ ᠨᠤᠲᠤᠭ ᠤᠨ ᠪᠠᠶᠢᠭᠠᠯᠢ ᠶᠢᠨ ᠠᠮᠠᠷᠠᠯᠲᠠ ᠶᠢᠨ ᠣᠷᠣᠨ ᠢ ᠲᠦᠷᠭᠡᠳᠬᠡᠨ | ᠠᠬᠢᠭᠤᠯᠵᠤ᠂ ᠮᠠᠨᠵᠤ ᠦᠨᠳᠦᠰᠦᠲᠡᠨ ᠤ ᠵᠠᠩ ᠦᠢᠯᠡ ᠶᠢ ᠪᠡᠶᠡᠴᠢᠯᠡᠨ ᠣᠶᠢᠯᠠᠭᠠᠬᠤ ᠣᠷᠣᠨ ᠢ ᠪᠦᠬᠦ ᠲᠠᠯ᠎ᠠ ᠪᠠᠷ | ᠪᠡᠶᠡᠯᠡᠭᠦᠯᠵᠦ᠂ 《 ᠪᠣᠬᠢᠷᠲᠤᠯ ᠦᠭᠡᠢ 》 ᠶᠢ ᠵᠢᠭᠤᠯᠴᠢᠯᠠᠯ ᠤᠨ ᠠᠵᠤ ᠦᠢᠯᠡᠰ ᠤᠨ ᠪᠠᠶᠢᠭᠠᠯᠢ ᠶᠢᠨ ᠥᠩᠭᠡ᠂ | ᠬᠥᠭᠵᠢᠯᠲᠡ ᠶᠢᠨ ᠥᠩᠭᠡ᠂ ᠢᠷᠡᠭᠡᠳᠦᠢ ᠶᠢᠨ ᠥᠩᠭᠡ ᠪᠣᠯᠭᠠᠨ᠎ᠠ᠃ ᠬᠤᠲᠠ ᠪᠠᠷ ᠲᠥᠪ ᠪᠣᠯᠭᠠᠨ᠂ ᠡᠬᠢ ᠪᠠᠶᠠᠯᠢᠭ | ᠢᠶᠠᠷ ᠲᠦᠰᠢᠭ ᠪᠣᠯᠭᠠᠵᠤ᠂ ᠥᠷᠲᠡᠭᠡ ᠪᠠᠷ ᠵᠠᠩᠭᠢᠯᠠᠭ᠎ᠠ ᠪᠣᠯᠭᠠᠨ᠂ ᠴᠠᠷᠠᠰᠤᠨ ᠤᠰᠤᠨ ᠴᠥᠭᠦᠷᠥᠮ᠂ ᠠᠯᠲᠠᠨ ᠡᠮᠡᠭᠡᠯ | 3 A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠤᠨ᠎ᠠ᠃ ᠰᠤᠪᠤᠳ ᠤᠨ ᠬᠡᠯᠬᠢᠶ᠎ᠡ | ᠪᠣᠯᠭᠠᠬᠤ ᠶᠢ ᠪᠠᠷᠢᠮᠲᠠᠯᠠᠵᠤ᠂ 《 ᠴᠢᠨᠹᠸᠡᠩ》᠂ 《 ᠡᠮᠦᠨᠡᠲᠦ ᠬᠤᠰᠢᠭᠤ· ᠬᠠᠶᠢᠲᠢᠶᠠᠨ ᠲᠣᠭᠤᠷᠢᠭ》᠂ 《 | ᠠᠭᠠᠯᠢᠭ ᠠᠯᠢᠮ᠎ᠠ 》 ᠵᠡᠷᠭᠡ ᠣᠨᠴᠠᠯᠢᠭᠲᠤ ᠥᠷᠲᠡᠭᠡ ᠶᠢ ᠪᠠᠶᠢᠭᠤᠯᠵᠤ᠂ 《 ᠬᠤᠲᠠ ᠳᠣᠲᠣᠷᠠᠬᠢ ᠲᠠᠯ᠎ᠠ ᠨᠤᠲᠤᠭ | 》 ᠠᠴᠠ 《 ᠨᠡᠭᠦᠳᠡᠯᠯᠡᠨ ᠮᠠᠯᠵᠢᠬᠤ ᠲᠠᠯ᠎ᠠ ᠨᠤᠲᠤᠭ 》 ᠬᠦᠷᠲᠡᠯᠡᠬᠢ ᠲᠦᠷᠭᠡᠨ ᠵᠢᠭᠤᠯᠴᠢᠯᠠᠵᠤ᠂ ᠲᠦᠷᠭᠡᠨ | ᠣᠷᠣᠵᠤ ᠲᠦᠷᠭᠡᠨ ᠭᠠᠷᠬᠤ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ ᠃ | ᠰᠣᠳᠣᠨ ᠵᠢᠭᠤᠯᠴᠢᠯᠠᠯ ᠤᠨ ᠲᠥᠷᠥᠯ ᠵᠦᠢᠯ ᠢ ᠪᠤᠢ ᠪᠣᠯᠭᠠᠨ᠎ᠠ᠃ ᠬᠢᠩᠭᠠᠨ ᠠᠶᠢᠮᠠᠭ ᠤᠨ ᠨᠠᠭᠠᠳᠤᠮ ᠢ ᠲᠡᠰ | ᠳᠡᠪᠰᠢᠭᠦᠯᠵᠦ᠂ ᠢᠷᠠᠭᠤ ᠨᠠᠶᠢᠷᠠᠭ ᠤᠨ ᠨᠠᠭᠠᠳᠤᠮ᠂ ᠰᠦᠯᠵᠢᠶᠡᠨ ᠣᠳᠣ ᠶᠢᠨ ᠨᠠᠭᠠᠳᠤᠮ᠂ ᠳᠤᠮᠳᠠᠳᠤ ᠤᠯᠤᠰ ᠤᠨ | ᠲᠠᠯ᠎ᠠ ᠨᠤᠲᠤᠭ ᠤᠨ ᠰᠣᠶᠣᠯ ᠵᠤᠭᠠᠴᠠᠯ ᠤᠨ ᠶᠠᠷᠢᠶᠠᠨ ᠤ ᠲᠠᠪᠴᠠᠩ᠂ 《 ᠵᠠᠰᠠᠭᠲᠤ ᠡᠪᠦᠯ ᠤᠨ ᠤᠶᠠᠩᠭ᠎ᠠ 》 | ᠵᠡᠷᠭᠡ ᠰᠣᠶᠣᠯ ᠵᠤᠭᠠᠴᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠤᠭᠠᠴᠠᠯ ᠤᠨ ᠬᠥᠭᠵᠢᠯᠲᠡ | ᠶᠢᠨ ᠣᠷᠣᠨ ᠵᠠᠢ ᠶᠢ ᠥᠷᠭᠡᠳᠬᠡᠨ᠎ᠡ᠃ 《 ᠨᠠᠶᠢᠷ ᠨᠠᠭᠠᠳᠤᠮ ᠢᠶᠠᠷ ᠵᠢᠭᠤᠯᠴᠢᠯᠠᠯ ᠢ ᠠᠬᠢᠭᠤᠯᠬᠤ 》᠂ 《 | ᠵᠢᠭᠤᠯᠴᠢᠯᠠᠯ ᠢᠶᠠᠷ ᠪᠠᠷᠠᠭ᠎ᠠ ᠶᠢ ᠳᠠᠭᠠᠭᠤᠯᠬᠤ 》 ᠶᠢ ᠪᠠᠷᠢᠮᠲᠠᠯᠠᠵᠤ᠂ ᠮᠣᠷᠢᠨ ᠤᠷᠤᠯᠳᠤᠭᠠᠨ ᠤ ᠨᠠᠶᠢᠷ᠂ ᠲᠠᠷᠪᠤᠰ | ᠤᠨ ᠨᠠᠶᠢᠷ᠂ ᠠᠭᠠᠯᠢᠭ ᠠᠯᠢᠮ᠎ᠠ ᠤᠨ ᠨᠠᠶᠢᠷ ᠵᠡᠷᠭᠡ ᠠᠵᠢᠯᠯᠠᠭ᠎ᠠ ᠶᠢᠨ ᠨᠠᠷᠠᠲᠤ ᠲᠡᠮᠳᠡᠭ ᠢ ᠮᠠᠨᠳᠤᠭᠤᠯᠵᠤ᠂ ᠪᠥᠬᠦ | ᠦᠵᠡᠮᠵᠢ ᠪᠠᠷ ᠠᠶᠠᠨᠴᠢᠳ ᠢ ᠲᠠᠲᠠᠬᠤ᠂ ᠪᠥᠬᠦ ᠠᠵᠢᠯ ᠲᠥᠷᠥᠯ ᠢ ᠠᠭᠤᠰᠤᠯᠴᠠᠭᠤᠯᠬᠤ ᠶᠢ ᠪᠡᠶᠡᠯᠡᠭᠦᠯᠦᠨ᠎ᠡ᠃ | ᠠᠮᠠᠷᠠᠯᠲᠠ ᠶᠢᠨ ᠡᠳᠦᠷ ᠤᠨ ᠵᠢᠭᠤᠯᠴᠢᠯᠠᠯ᠂ ᠬᠥᠳᠡᠭᠡ ᠲᠣᠰᠬᠤᠨ ᠤ ᠵᠢᠭᠤᠯᠴᠢᠯᠠᠯ᠂ ᠡᠪᠦᠯ ᠤᠨ ᠤᠯᠠᠷᠢᠯ ᠤᠨ | ᠵᠢᠭᠤᠯᠴᠢᠯᠠᠯ᠂ ᠠᠵᠤ ᠦᠶᠯᠡᠳᠪᠦᠷᠢ ᠶᠢᠨ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠪᠥᠬᠦ ᠣᠷᠣᠨ ᠪᠦᠰᠡ ᠶᠢᠨ | ᠵᠢᠭᠤᠯᠴᠢᠯᠠᠯ ᠤᠨ ᠰᠢᠨ᠎ᠡ ᠵᠠᠭᠪᠤᠷ ᠢ ᠰᠦᠪᠡᠭᠴᠢᠯᠡᠨ᠎ᠡ᠃ ᠵᠢᠭᠤᠯᠴᠢᠯᠠᠯ ᠤᠨ ᠢᠵᠢ ᠪᠦᠷᠢᠳᠦᠭᠦᠯᠬᠦ ᠦᠶᠯᠡᠴᠢᠯᠡᠭᠡ ᠶᠢ | ᠲᠡᠭᠦᠯᠳᠡᠷᠵᠢᠭᠦᠯᠦᠨ᠎ᠡ᠃ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠤᠯᠠᠭᠠᠨ ᠭᠤᠣᠯ ᠠᠴᠠ ᠤᠯᠠᠭᠠᠨ᠋ᠣ᠋ᠳᠣ ᠬᠦᠷᠬᠦ 79 . 8 ᠺᠢᠯᠣᠮᠧᠲᠷ ᠵᠢᠭᠤᠯᠴᠢᠯᠠᠯ | ᠤᠨ ᠵᠠᠰᠠᠮᠠᠯ ᠵᠠᠮ ᠵᠡᠷᠭᠡ ᠶᠢ ᠬᠡᠷᠡᠭᠵᠢᠭᠦᠯᠵᠦ᠂ ᠵᠢᠭᠤᠯᠴᠢᠯᠠᠯ ᠤᠨ ᠲᠡᠮᠳᠡᠭ ᠢᠯᠡᠷᠬᠡᠶᠢᠯᠡᠯ ᠤᠨ ᠰᠢᠰᠲ᠋ᠧᠮ ᠢ | ᠲᠦᠷᠭᠡᠳᠬᠡᠨ ᠲᠡᠭᠦᠯᠳᠡᠷᠵᠢᠭᠦᠯᠵᠦ᠂ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠵᠢᠭᠤᠯᠴᠢᠯᠠᠯ ᠤᠨ ᠦᠢᠯᠡᠴᠢᠯᠡᠭᠡᠨ | ᠤ ᠲᠥᠪ ᠤᠨ ᠠᠰᠢᠭᠯᠠᠯᠲᠠ ᠳᠤ ᠣᠷᠣᠬᠤ ᠶᠢ ᠠᠬᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠠᠵᠤ ᠠᠬᠤᠶ᠂ | ᠰᠦᠯᠵᠢᠶᠡᠵᠢᠭᠰᠡᠨ ᠠᠵᠤ ᠠᠬᠤᠶ ᠶᠢ ᠬᠥᠭᠵᠢᠭᠦᠯᠵᠦ᠂ ᠰᠡᠯᠡᠭᠦᠴᠡᠯ ᠤᠨ ᠲᠠᠷᠢᠶᠠᠯᠠᠩ + ᠬᠥᠳᠡᠭᠡ ᠲᠣᠰᠬᠤᠨ ᠤ | ᠵᠢᠭᠤᠯᠴᠢᠯᠠᠯ + ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠵᠠᠭᠪᠤᠷ ᠢ ᠰᠦᠪᠡᠭᠴᠢᠯᠡᠨ᠎ᠡ᠃ | ᠵᠢᠭᠤᠯᠴᠢᠯᠠᠯ ᠤᠨ ᠪᠦᠲᠦᠭᠡᠯᠴᠢ᠂ ᠰᠣᠶᠣᠯ ᠤᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠡᠷᠴᠢᠮ ᠢᠶᠠᠨ | ᠴᠢᠩᠭᠠᠷᠠᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ | ᠵᠢᠷᠤᠮᠵᠢᠭᠤᠯᠤᠨ᠎ᠠ᠃ ᠵᠤᠭᠠᠴᠠᠯ ᠤᠨ ᠴᠢᠳᠠᠪᠤᠷᠢᠲᠠᠨ ᠢ ᠡᠯᠰᠡᠨ ᠬᠥᠮᠦᠵᠢᠭᠦᠯᠵᠦ᠂ ᠵᠤᠭᠠᠴᠠᠯ ᠤᠨ ᠦᠢᠯᠡᠴᠢᠯᠡᠭᠡᠨ ᠤ | ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠵᠤᠭᠠᠴᠠᠯ ᠤᠨ ᠦᠢᠯᠡᠰ ᠤᠨ ᠪᠠᠷᠢᠮᠵᠢᠶᠠᠵᠢᠭᠰᠠᠨ᠂ ᠵᠢᠷᠤᠮᠵᠢᠭᠰᠠᠨ | ᠂ ᠳᠡᠯᠡᠬᠡᠶᠢᠵᠢᠭᠰᠡᠨ ᠠᠯᠬᠤᠴᠠ ᠶᠢ ᠲᠦᠷᠭᠡᠳᠬᠡᠵᠦ᠂ ᠪᠦᠬᠦ ᠣᠷᠣᠨ ᠪᠦᠰᠡ ᠶᠢᠨ ᠵᠤᠭᠠᠴᠠᠯ ᠤᠨ ᠰᠢᠨ᠎ᠡ ᠳᠦᠷᠢ | ᠲᠥᠷᠬᠦ ᠶᠢ ᠪᠤᠢ ᠪᠣᠯᠭᠠᠨ᠎ᠠ ᠃ | ᠬᠤᠶᠠᠷ ᠲᠤ᠂ ᠬᠡᠷᠡᠭᠯᠡᠭᠡᠨ ᠤ ᠳᠠᠯᠳᠠ ᠬᠦᠴᠦᠨ ᠢ ᠭᠦᠨ ᠠᠭᠤᠳᠠᠯᠤᠨ᠎ᠠ᠃ ᠠᠷᠠᠯᠵᠢᠶ᠎ᠠ ᠬᠤᠳᠠᠯᠳᠤᠭᠠᠨ ᠤ | ᠠᠵᠤ ᠠᠬᠤᠶᠢᠯᠠᠯ ᠤᠨ ᠲᠡᠰ ᠳᠡᠪᠰᠢᠬᠦ ᠶᠢ ᠠᠬᠢᠭᠤᠯᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠵᠤ | ᠠᠬᠤᠶᠢᠯᠠᠯ ᠢ ᠰᠢᠨ᠎ᠡ ᠪᠠᠷ 3 ᠨᠡᠮᠡᠭᠳᠡᠭᠦᠯᠦᠨ᠎ᠡ᠃ 30 ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ | ᠥᠷᠲᠡᠭᠡ ᠴᠢᠭ ᠢ ᠲᠡᠰ ᠳᠡᠪᠰᠢᠭᠦᠯᠦᠨ ᠥᠭᠡᠷᠡᠴᠢᠯᠡᠵᠦ᠂ ᠬᠡᠷᠡᠭᠯᠡᠭᠡᠨ ᠤ ᠰᠠᠭᠤᠷᠢ ᠴᠢᠨᠠᠷᠲᠠᠢ ᠦᠢᠯᠡᠳᠦᠯ ᠢ | ᠦᠷᠭᠦᠯᠵᠢᠯᠡᠨ ᠴᠢᠩᠭᠠᠳᠬᠠᠨ᠎ᠠ᠃ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠬᠢᠲᠠᠳ ᠡᠮ ᠤᠨ | ᠮᠠᠲ᠋ᠧᠷᠢᠶᠠᠯ ᠤᠨ ᠭᠦᠢᠯᠭᠡᠭᠡᠨ ᠤ ᠶᠡᠭᠡ ᠬᠤᠷᠠᠯ ᠢ ᠰᠠᠶᠢᠲᠤᠷ ᠳᠠᠭᠠᠭᠠᠨ ᠡᠷᠬᠢᠯᠡᠵᠦ᠂ ᠥᠪᠥᠷ ᠮᠦᠩᠭᠤᠯ ᠤᠨ ᠵᠡᠭᠦᠨ | ᠬᠡᠰᠡᠭ ᠤᠨ ᠭᠠᠵᠠᠷ ᠣᠷᠣᠨ ᠤ ᠤᠮᠠᠷᠠᠲᠤ ᠶᠢᠨ ᠡᠮ ᠤᠨ ᠲᠥᠪᠯᠡᠷᠡᠭᠦᠯᠦᠨ ᠲᠠᠷᠬᠠᠭᠠᠬᠤ ᠭᠠᠵᠠᠷ ᠢ ᠪᠦᠬᠦ ᠬᠦᠴᠦᠨ | ᠢᠶᠠᠷ ᠡᠭᠦᠳᠦᠨ ᠪᠠᠶᠢᠭᠤᠯᠤᠨ᠎ᠠ᠃ 《 ᠢᠳᠡᠭᠡᠨᠰᠣᠶᠣᠯ ᠤᠨ ᠨᠠᠶᠢᠷ 》᠂ 《 ᠮᠠᠰᠢᠨ ᠲᠡᠷᠭᠡᠨ ᠤ ᠰᠣᠶᠣᠯ ᠤᠨ | ᠨᠠᠶᠢᠷ 》 ᠵᠡᠷᠭᠡ ᠠᠵᠢᠯᠯᠠᠭ᠎ᠠ ᠶᠢ ᠡᠷᠬᠢᠯᠡᠨ᠂ ᠭᠡᠷ ᠤᠨ ᠴᠠᠬᠢᠯᠭᠠᠨ ᠬᠡᠷᠡᠭᠰᠡᠯ᠂ ᠮᠠᠰᠢᠨ ᠲᠡᠷᠭᠡ᠂ ᠢᠳᠡᠭᠡᠨ | ᠤᠮᠳᠠᠭᠠᠨ ᠵᠡᠷᠭᠡ ᠤᠯᠠᠮᠵᠢᠯᠠᠯᠲᠤ ᠬᠡᠷᠡᠭᠯᠡᠭᠡ ᠶᠢ ᠢᠳᠡᠪᠬᠢᠲᠡᠢ ᠳᠡᠭᠡᠭᠰᠢᠯᠡᠭᠦᠯᠵᠦ᠂ ᠠᠮᠢᠵᠢᠷᠠᠯ ᠤᠨ ᠬᠦᠴᠦᠨ ᠢᠶᠠᠷ | ᠪᠢᠯᠬᠠᠮ᠎ᠠ ᠠᠵᠤ ᠠᠬᠤᠢ ᠶᠢᠨ ᠨᠡᠮᠡᠭᠳᠡᠯ ᠤᠨ ᠴᠡᠭ ᠢ ᠪᠣᠶᠢᠵᠢᠭᠤᠯᠤᠨ᠎ᠠ᠃ ᠴᠢᠶᠠᠨ · ᠬᠠᠶ ᠰᠢᠨ᠎ᠡ ᠶᠢ ᠡᠭᠦᠳᠦᠨ | ᠠᠳᠠᠯ ᠦᠶᠯᠡᠰ ᠴᠣᠭᠴᠠᠯᠠᠬᠤ ᠰᠠᠭᠤᠷᠢ ᠮᠦᠩᠭᠦᠨ ᠤ ᠨᠡᠶᠢᠭᠡᠮᠯᠢᠭ ᠲᠤ ᠲᠦᠰᠢᠭᠯᠡᠨ᠂ ᠺᠠᠷᠲ᠋ᠣᠨ ᠵᠢᠷᠤᠭ ᠲᠥᠯᠥᠪᠯᠡᠭᠡ᠂ | ᠺᠢᠨᠣ᠋ ᠲᠧᠯᠸᠢᠰ ᠦᠶᠯᠡᠳᠬᠦ᠂ ᠣᠶᠤᠨᠴᠢ ᠲᠠᠷᠢᠶᠠᠯᠠᠩ ᠵᠡᠷᠭᠡ ᠠᠵᠤ ᠦᠶᠯᠡᠰ ᠢ ᠢᠳᠡᠪᠬᠢᠲᠡᠶ ᠣᠷᠣᠭᠤᠯᠤᠨ | ᠠᠪᠴᠢᠷᠠᠨ᠎ᠠ᠃ 《 ᠰᠥᠨᠢ ᠶᠢᠨ ᠠᠵᠤ ᠠᠬᠤᠢ 》᠂ 《 ᠠᠮᠠᠷᠠᠯᠲᠠ ᠶᠢᠨ ᠡᠳᠦᠷ ᠤᠨ ᠠᠵᠤ ᠠᠬᠤᠢ 》 ᠶᠢ | ᠬᠥᠭᠵᠢᠭᠦᠯᠵᠦ᠂ ᠵᠡᠭᠦᠨ ᠬᠤᠶᠢᠲᠤ ᠠᠽᠢᠶ᠎ᠠ ᠶᠢᠨ ᠣᠯᠠᠨ ᠤᠯᠤᠰ ᠠᠴᠠ ᠠᠷᠠᠯᠵᠢᠶᠠᠨ ᠤ ᠬᠤᠲᠠ ᠶᠢᠨ ᠶᠠᠪᠠᠭᠠᠨ | ᠵᠡᠭᠡᠯᠢ ᠶᠢ ᠲᠥᠯᠥᠪᠵᠢᠭᠦᠯᠦᠨ ᠲᠡᠭᠦᠯᠳᠡᠷᠵᠢᠭᠦᠯᠵᠦ᠂ 3 ᠵᠤᠷᠪᠤᠰ ᠣᠨᠴᠠᠯᠢᠭᠲᠤ ᠬᠤᠳᠠᠯᠳᠤᠭᠠᠨ ᠤ ᠵᠡᠭᠡᠯᠢ ᠲᠣᠭᠤᠷᠢᠭ | ᠢ ᠪᠠᠶᠢᠭᠤᠯᠤᠨ᠎ᠠ᠃ ᠵᠠᠬ᠎ᠠ ᠳᠡᠯᠭᠡᠭᠦᠷ ᠤᠨ 《 ᠮᠥᠰᠥᠲᠦᠬᠦ ᠴᠡᠭ 》 ᠢ ᠣᠨᠢᠯᠠᠵᠤ᠂ ᠴᠠᠩᠴᠦ᠋ᠨ ᠤ 《 | ᠦᠵᠡᠮᠵᠢ ᠶᠢᠨ ᠲᠣᠰᠬᠤᠨ》ᠬᠤᠳᠠᠯᠳᠤᠭᠠᠨ ᠤ ᠵᠠᠭᠪᠤᠷ ᠢᠶᠠᠷ ᠲᠣᠯᠢ ᠪᠣᠯᠭᠠᠵᠤ᠂ ᠢᠳᠡᠭᠡᠨ ᠤᠮᠳᠠᠭᠠᠨ᠂ ᠰᠡᠯᠡᠭᠦᠴᠡᠯ | ᠂ ᠵᠤᠭ᠎ᠠ ᠴᠡᠩᠭᠡᠯ ᠢ ᠨᠢᠭᠡ ᠴᠣᠭᠴᠠᠵᠢᠭᠤᠯᠤᠭᠰᠠᠨ ᠰᠦᠯᠵᠢᠶᠡᠨ ᠤ ᠨᠡᠷᠡᠲᠦ ᠬᠤᠳᠠᠯᠳᠤᠭᠠᠨ ᠤ ᠲᠣᠭᠤᠷᠢᠭ ᠢ | ᠪᠠᠶᠢᠭᠤᠯᠤᠨ᠎ᠠ᠃ | ᠭᠤᠷᠪᠠ ᠳᠤ᠂ ᠮᠥᠩᠭᠦᠨ ᠭᠦᠶᠯᠭᠡᠭᠡᠨ ᠤ ᠦᠶᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠥᠮᠴᠢᠯᠡᠬᠦ ᠡᠷᠬᠡ ᠶᠢᠨ ᠠᠷᠠᠯᠵᠢᠶ᠎ᠠ ᠶᠢᠨ ᠲᠥᠪ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠥᠮᠴᠢᠯᠡᠬᠦ ᠡᠷᠬᠡ ᠶᠢᠨ ᠠᠷᠠᠯᠵᠢᠶ᠎ᠠ ᠶᠢᠨ ᠲᠠᠪᠴᠠᠩ ᠤᠨ ᠦᠶᠯᠡᠳᠦᠯ ᠢ ᠪᠠᠳᠠᠷᠠᠭᠤᠯᠤᠨ᠂ | ᠮᠠᠯᠵᠢᠬᠤ ᠲᠠᠷᠢᠶᠠᠯᠠᠬᠤ ᠣᠷᠣᠨ ᠤ ᠰᠤᠯᠠ ᠪᠠᠶᠢᠬᠤ ᠡᠳ᠋ ᠬᠥᠷᠥᠩᠭᠡ ᠶᠢ ᠠᠮᠢᠳᠤᠯᠢᠭ ᠪᠣᠯᠭᠠᠨ᠎ᠠ᠃ ᠤᠯᠤᠰ ᠤᠨ | ᠥᠮᠴᠢᠯᠡᠯ ᠤᠨ ᠪᠠᠩᠬᠢ ᠯᠤᠭ᠎ᠠ ᠶᠢᠨ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠮᠥᠩᠭᠦᠨ ᠭᠦᠢᠯᠭᠡᠭᠡᠨ ᠤ | ᠠᠮᠢᠳᠤᠯᠢᠭ ᠤᠰᠤ ᠶᠢ ᠤᠨᠢᠨ ᠳᠡᠭᠡᠷ᠎ᠡ ᠨᠢ ᠤᠰᠤᠯᠠᠬᠤ ᠶᠢ ᠬᠦᠳᠦᠯᠦᠨ ᠵᠢᠯᠣᠭᠤᠳᠴᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠨ ᠨᠡᠮᠡᠷᠢᠯᠡᠨ᠎ᠡ᠃ ᠮᠥᠩᠭᠦᠨ | ᠭᠦᠶᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠰᠢᠭᠤᠨ ᠤ ᠢᠲᠡᠭᠡᠮᠵᠢ ᠶᠢᠨ | ᠬᠤᠯᠪᠣᠭᠠᠲᠤ ᠬᠤᠷᠰᠢᠶ᠎ᠠ ᠶᠢᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠲᠦᠷᠢᠮ ᠤᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠪᠠᠩᠬᠢ ᠶᠢᠨ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ | ᠢ ᠴᠢᠩᠭᠠᠷᠠᠭᠤᠯᠵᠤ᠂《 ᠳᠠᠭᠠᠭᠠᠯᠲᠠ ᠳᠤ ᠲᠤᠰᠠᠯᠠᠬᠤ ᠵᠢᠭᠡᠯᠡᠯᠭᠡ 》 ᠶᠢᠨ ᠶᠠᠰᠤ ᠴᠢᠨᠠᠷ ᠢ ᠳᠡᠭᠡᠭᠰᠢᠯᠡᠭᠦᠯᠦᠨ | ᠬᠡᠮᠵᠢᠶ᠎ᠡ ᠶᠢ ᠨᠡᠮᠡᠭᠳᠡᠭᠦᠯᠵᠦ᠂ ᠯᠠᠪᠳᠠᠭᠤᠨ ᠢᠶᠠᠷ ᠬᠥᠭᠵᠢᠭᠦᠯᠬᠦ ᠶᠢ ᠪᠡᠶᠡᠯᠡᠭᠦᠯᠦᠨ᠎ᠡ᠃ ᠪᠥᠬᠦ ᠲᠠᠯ᠎ᠠ ᠶᠢ ᠨᠢᠭᠡᠳᠦᠯᠲᠡᠶ | ᠲᠥᠯᠥᠪᠵᠢᠭᠦᠯᠵᠦ᠂ ᠠᠯᠤᠰ ᠬᠡᠲᠦ ᠶᠢ ᠪᠣᠳᠣᠯᠬᠢᠯᠠᠨ ᠤᠯᠤᠰ ᠤᠨ ᠪᠠᠯᠠ ᠣᠷᠣᠭᠤᠯᠤᠯᠲᠠ ᠶᠢᠨ ᠪᠦᠯᠦᠭᠯᠡᠯ ᠢ | ᠪᠠᠶᠢᠭᠤᠯᠵᠤ᠂ ᠡᠳ᠋ ᠬᠥᠷᠥᠩᠭᠡ ᠶᠢᠨ ᠲᠣᠮᠣ ᠠᠰᠠᠷ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠬᠡᠲᠦ | ᠤᠷᠢᠳᠴᠢᠯᠠᠭᠰᠠᠨ᠂ ᠰᠣᠬᠤᠷ ᠪᠠᠯᠠᠶ ᠪᠠᠷ ᠥᠷᠢ ᠲᠠᠯᠪᠢᠬᠤ ᠲᠥᠷᠥᠯ ᠵᠦᠶᠯ ᠢ ᠡᠷᠡᠰ ᠵᠠᠷᠯᠢᠭᠳᠠᠨ ᠵᠣᠭᠰᠣᠭᠠᠵᠤ᠂ | ᠦᠯᠡᠳᠡᠭᠰᠡᠨ ᠥᠷᠢ ᠥᠭᠴᠡᠭᠡ ᠶᠢᠨ《 ᠬᠠᠰᠤᠬᠤ ᠠᠷᠭ᠎ᠠ 》 ᠶᠢ ᠰᠠᠶᠢᠲᠤᠷ ᠬᠢᠵᠦ᠂ ᠪᠥᠬᠦ ᠵᠢᠯ ᠳᠤ 5 | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠥᠷᠢ ᠥᠭᠴᠡᠭᠡ ᠶᠢ ᠠᠷᠢᠯᠭᠠᠬᠤ ᠶᠢ ᠪᠡᠶᠡᠯᠡᠭᠦᠯᠵᠦ᠂ ᠰᠢᠰᠲ᠋ᠧᠮ ᠤᠨ | ᠴᠢᠨᠠᠷᠲᠠᠶ᠂ ᠣᠷᠣᠨ ᠪᠦᠰᠡ ᠶᠢᠨ ᠴᠢᠨᠠᠷᠲᠠᠶ ᠮᠥᠩᠭᠦᠨ ᠭᠦᠶᠯᠭᠡᠭᠡᠨ ᠤ ᠲᠦᠭᠰᠢᠭᠦᠷᠢ ᠥᠯᠥ ᠡᠭᠦᠰᠬᠦ ᠬᠤᠷᠢᠭ᠎ᠠ | ᠱᠤᠭᠤᠮ ᠢ ᠪᠠᠲᠤ ᠰᠠᠬᠢᠨ᠎ᠠ᠃ | ( ᠲᠠᠪᠤ ) ᠣᠷᠣᠰᠢᠨ ᠰᠠᠭᠤᠬᠤ ᠳᠤ ᠲᠣᠬᠢᠷᠠᠮᠵᠢᠲᠠᠢ ᠭᠡᠷ ᠣᠷᠣᠨ ᠢ ᠪᠦᠲᠦᠭᠡᠨ ᠪᠠᠶᠢᠭᠤᠯᠬᠤ ᠪᠠᠷ ᠬᠠᠷᠠᠯᠲᠠ | ᠪᠣᠯᠭᠠᠵᠤ᠂ ᠬᠤᠲᠠ ᠬᠥᠳᠡᠭᠡ ᠶᠢᠨ ᠴᠢᠨᠠᠷ ᠳᠡᠰ ᠢ ᠳᠡᠭᠡᠭᠰᠢᠯᠡᠭᠦᠯᠬᠦ ᠳᠡᠭᠡᠷ᠎ᠡ ᠰᠢᠨ᠎ᠡ ᠳᠦᠷᠢ ᠲᠥᠷᠬᠦ ᠶᠢ ᠪᠤᠢ | ᠪᠣᠯᠭᠠᠨ᠎ᠠ᠃ | ᠪᠦᠬᠦ ᠤᠯᠤᠰ ᠠᠴᠠ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠰᠢᠨ᠎ᠡ ᠬᠡᠯᠪᠡᠷᠢ | ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠮᠢ ᠠᠬᠤᠢ ᠶᠢᠨ ᠰᠡᠷᠭᠦᠭᠡᠯᠲᠡ | ᠪᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠳᠤ ᠲᠥᠯᠥᠪᠯᠡᠨ ᠰᠠᠶᠢᠲᠤᠷ ᠠᠳᠬᠤᠵᠤ᠂ ᠣᠷᠣᠨ | ᠪᠦᠰᠡ ᠶᠢᠨ ᠴᠢᠨᠠᠷᠲᠠᠢ ᠵᠠᠮ ᠬᠠᠷᠢᠯᠴᠠᠭᠠᠨ ᠤ ᠬᠦᠢᠰᠦ ᠶᠢ ᠪᠦᠬᠦ ᠲᠠᠯ᠎ᠠ ᠪᠠᠷ ᠪᠠᠶᠢᠭᠤᠯᠵᠤ᠂ ᠬᠤᠲᠠ ᠪᠠᠷ ᠬᠥᠳᠡᠭᠡ | ᠶᠢ ᠳᠠᠶᠢᠴᠢᠯᠠᠬᠤ᠂ ᠬᠥᠳᠡᠭᠡ ᠲᠣᠰᠬᠤᠨ ᠢᠶᠠᠷ ᠬᠤᠲᠠ ᠶᠢ ᠠᠬᠢᠭᠤᠯᠬᠤ ᠶᠢ ᠪᠠᠷᠢᠮᠲᠠᠯᠠᠵᠤ᠂ ᠬᠤᠲᠠ ᠬᠥᠳᠡᠭᠡ ᠶᠢᠨ | ᠬᠠᠷᠢᠯᠴᠠᠨ ᠨᠥᠬᠦᠪᠥᠷᠢᠯᠡᠬᠦ᠂ ᠠᠭᠤᠰᠤᠯᠴᠠᠨ ᠬᠥᠭᠵᠢᠬᠦ ᠶᠢ ᠪᠡᠶᠡᠯᠡᠭᠦᠯᠦᠨ᠎ᠡ᠃ | ᠨᠢᠭᠡ ᠳᠤ᠂ ᠬᠤᠲᠠ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ | ᠲᠥᠯᠥᠪᠵᠢᠭᠦᠯᠵᠦ ᠬᠥᠲᠥᠯᠥᠨ ᠳᠠᠭᠠᠭᠤᠯᠬᠤ ᠶᠢ ᠴᠢᠬᠤᠯᠠᠴᠢᠯᠠᠵᠤ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠵᠦ᠂ | 《 ᠠᠮᠢ ᠠᠬᠤᠢ ᠶᠢᠨ ᠭᠤᠶᠤ ᠬᠤᠲᠠ᠂ ᠲᠠᠲᠠᠬᠤ ᠬᠦᠴᠦᠨ ᠲᠠᠢ ᠰᠢᠨ᠎ᠡ ᠬᠤᠲᠠ᠂ ᠶᠠᠰᠤ ᠴᠢᠨᠠᠷ ᠤᠨ ᠨᠡᠷᠡᠲᠦ | ᠬᠤᠲᠠ 》 ᠶᠢ ᠦᠷᠭᠦᠯᠵᠢᠯᠡᠨ ᠪᠠᠶᠢᠭᠤᠯᠤᠨ᠎ᠠ᠃ ᠶᠢᠨ ᠪᠢᠨ ᠰᠤᠪᠢᠯᠠᠯᠲᠠ ᠶᠢᠨ ᠲᠥᠪ ᠢ ᠪᠠᠶᠢᠭᠤᠯᠤᠨ ᠠᠰᠢᠭᠯᠠᠯᠲᠠ | ᠳᠤ ᠣᠷᠣᠭᠤᠯᠬᠤ ᠶᠢ ᠪᠡᠶᠡᠯᠡᠭᠦᠯᠵᠦ᠂ 1938 ᠡᠷᠦᠬᠡ ᠶᠢᠨ ᠳᠥᠭᠦᠮ ᠪᠦᠳᠦᠭᠦᠯᠢᠭ ᠣᠷᠣᠨ ᠰᠠᠭᠤᠴᠠ ᠶᠢ | ᠥᠭᠡᠷᠡᠴᠢᠯᠡᠬᠦ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ 《 ᠬᠤᠲᠠ ᠶᠢᠨ ᠡᠮᠦᠨᠡᠬᠢ ᠠᠮᠢ ᠠᠬᠤᠢ ᠶᠢᠨ | ᠡᠮᠴᠢᠯᠡᠭᠡ ᠰᠤᠪᠢᠯᠠᠯᠲᠠ ᠶᠢᠨ ᠬᠡᠰᠡᠭ 》 ᠢ ᠨᠠᠷᠢᠯᠢᠭ ᠰᠠᠶᠢᠬᠠᠨ ᠪᠤᠢ ᠪᠣᠯᠭᠠᠨ᠎ᠠ᠃ ᠰᠤᠷᠭᠠᠨ ᠬᠥᠮᠦᠵᠢᠯ ᠰᠢᠨᠵᠢᠯᠡᠬᠦ | ᠤᠬᠠᠭᠠᠨ ᠰᠣᠶᠣᠯ ᠵᠢᠭᠤᠯᠴᠢᠯᠠᠯ ᠤᠨ ᠬᠤᠲᠠ᠂ ᠪᠢ ᠬᠦᠢ ᠶᠤᠸᠠᠨ ᠵᠡᠷᠭᠡ ᠨᠡᠷᠡᠲᠦ ᠲᠡᠮᠳᠡᠭᠲᠦ ᠰᠠᠭᠤᠭᠠᠯᠢ ᠲᠣᠭᠤᠷᠢᠭ | ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ 《 ᠬᠤᠲᠠ ᠶᠢᠨ ᠬᠤᠶᠢᠨᠠᠬᠢ ᠰᠤᠷᠭᠠᠨ | ᠬᠥᠮᠦᠵᠢᠯ ᠤᠨ ᠬᠤᠳᠠᠯᠳᠤᠭᠠᠨ ᠤ ᠰᠠᠭᠤᠷᠢᠰᠢᠯ 》 ᠢ ᠨᠠᠷᠢᠯᠢᠭ ᠳᠡᠭᠡᠭᠰᠢᠯᠡᠭᠦᠯᠦᠨ᠎ᠡ᠃ ᠬᠤᠲᠠ ᠶᠢᠨ ᠳᠤᠮᠳᠠᠬᠢ | ᠲᠠᠯ᠎ᠠ ᠨᠤᠲᠤᠭ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠬᠦᠴᠦᠯᠡᠨ ᠲᠦᠷᠭᠡᠳᠬᠡᠵᠦ᠂ ᠴᠡᠭ | ᠢᠶᠠᠷ ᠨᠡᠶᠢᠳᠡᠮ ᠢ ᠳᠠᠶᠢᠴᠢᠯᠠᠨ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ 《 ᠬᠤᠲᠠ | ᠶᠢᠨ ᠳᠤᠮᠳᠠᠬᠢ ᠠᠷᠠᠯᠵᠢᠶ᠎ᠠ ᠬᠤᠳᠠᠯᠳᠤᠭ᠎ᠠ ᠰᠣᠶᠣᠯ ᠵᠢᠭᠤᠯᠴᠢᠯᠠᠯ ᠤᠨ ᠬᠡᠰᠡᠭ 》 ᠢ ᠨᠢᠮᠪᠠᠢ ᠪᠦᠲᠦᠭᠡᠨ | ᠪᠠᠶᠢᠭᠤᠯᠤᠨ᠎ᠠ᠃ ᠵᠢᠷᠦᠬᠡᠨ ᠵᠡᠭᠡᠯᠢ᠂ ᠳᠡᠭᠡᠳᠦ ᠰᠤᠷᠭᠠᠭᠤᠯᠢ ᠶᠢᠨ ᠵᠠᠮ ᠵᠡᠷᠭᠡ 9 ᠵᠤᠷᠪᠤᠰ ᠬᠤᠲᠠ ᠶᠢᠨ ᠶᠠᠪᠤᠳᠠᠯ ᠤᠨ | ᠵᠠᠮ ᠢ ᠬᠡᠷᠡᠭᠵᠢᠭᠦᠯᠵᠦ᠂ ᠭᠤᠤᠯ ᠵᠠᠮ ᠤᠨ ᠲᠣᠤᠷ ᠢ ᠨᠡᠪᠲᠡᠷᠡᠭᠦᠯᠦᠨ᠂ ᠮᠤᠬᠤᠷ ᠵᠠᠮ ᠢ ᠨᠡᠪᠲᠡᠷᠡᠭᠦᠯᠵᠦ᠂《 | ᠳᠣᠲᠣᠭᠰᠢ ᠰᠠᠭᠠᠳ ᠥᠬᠡᠶ ᠭᠠᠳᠠᠭᠰᠢ ᠬᠤᠯᠪᠣᠭᠠᠯᠠᠬᠤ 》 ᠵᠠᠮ ᠬᠠᠷᠢᠯᠴᠠᠭᠠᠨ ᠤ ᠪᠠᠶᠢᠷᠢᠰᠢᠯ ᠢ ᠪᠠᠶᠢᠭᠤᠯᠤᠨ᠎ᠠ᠃ | ᠬᠤᠲᠠ ᠶᠢᠨ ᠳᠤᠮᠳᠠᠬᠢ ᠲᠠᠯ᠎ᠠ ᠨᠤᠲᠤᠭ᠂ ᠯᠢᠦ ᠱᠦ ᠴᠤᠸᠠᠨ ᠭᠤᠤᠯ ᠵᠡᠷᠭᠡ ᠨᠣᠭᠤᠭᠠᠷᠠᠭᠤᠯᠤᠯᠲᠠ ᠶᠢᠨ 6 ᠲᠥᠷᠥᠯ | ᠵᠦᠶᠯ ᠢ ᠨᠠᠷᠢᠯᠢᠭ ᠱᠤᠭᠤᠵᠤ᠂ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠪᠠ ᠠᠮᠢ ᠠᠬᠤᠶ ᠶᠢ ᠵᠠᠰᠠᠬᠤ | ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠬᠤᠲᠠ ᠶᠢᠨ ᠲᠠᠲᠠᠬᠤ ᠬᠦᠴᠦᠨ ᠢ ᠳᠡᠭᠡᠭᠰᠢᠯᠡᠭᠦᠯᠦᠨ᠂ ᠬᠤᠲᠠ | ᠶᠢᠨ ᠤᠰᠤᠨ ᠤ ᠭᠠᠮᠰᠢᠭ ᠢ ᠠᠷᠢᠯᠭᠠᠨ᠎ᠠ᠃ ᠢᠯᠴᠢ ᠬᠠᠩᠭᠠᠬᠤ᠂ ᠤᠰᠤ ᠲᠠᠲᠠᠷᠠᠭᠤᠯᠬᠤ ᠵᠡᠷᠭᠡ ᠭᠠᠵᠠᠷ ᠳᠣᠣᠷᠠᠬᠢ | ᠬᠤᠭᠤᠯᠠᠢ ᠶᠢᠨ ᠲᠣᠣᠷ ᠢ 63 ᠺᠢᠯᠣᠮᠧᠲᠷ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠵᠤ᠂ 《 | ᠨᠢᠭᠤᠷ ᠲᠠᠯ᠎ᠠ 》 ᠶᠢ ᠲᠠᠲᠠᠬᠤ ᠮᠥᠷᠲᠡᠭᠡᠨ 《 ᠳᠣᠲᠣᠷ 》 ᠢ ᠴᠤ ᠬᠦᠴᠦᠷᠬᠡᠭᠵᠢᠭᠦᠯᠦᠨ᠎ᠡ᠃ | ᠬᠤᠶᠠᠷ ᠲᠤ᠂ ᠬᠤᠲᠠ ᠶᠢᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠷᠠᠨ ᠳᠠᠷᠬᠠᠨ | ᠤ ᠵᠣᠷᠢᠭ ᠰᠠᠨᠠᠭ᠎ᠠ ᠪᠠᠷ ᠬᠤᠲᠠ ᠶᠢᠨ ᠨᠠᠷᠢᠨ ᠵᠦᠶᠯᠡᠰ ᠢ ᠦᠷᠦᠵᠦ᠂ ᠤᠶᠤᠨᠲᠤ ᠬᠤᠲᠠ ᠶᠢᠨ ᠬᠠᠮᠢᠶᠠᠷᠤᠯᠲᠠ ᠶᠢᠨ | ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠶᠢᠨ ᠬᠠᠮᠢᠶᠠᠷᠤᠯᠲᠠ ᠶᠢ ᠨᠠᠩ ᠣᠨᠣᠪᠴᠢᠲᠠᠶ ᠪᠣᠯᠭᠠᠨ᠎ᠠ᠃ | ᠠᠷᠢᠭᠤᠨ ᠴᠡᠪᠡᠷ ᠬᠤᠭ ᠨᠣᠪᠰᠢ ᠶᠢᠨ ᠲᠠᠯᠠᠪᠠᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢ | ᠪᠡᠶᠡᠯᠡᠭᠦᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠠᠳᠠᠯ | ᠠᠬᠤᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠠᠷᠠᠳ ᠲᠤ ᠲᠠᠭᠠᠯᠠᠮᠵᠢᠲᠠᠢ ᠲᠦᠷᠦᠭᠳᠡᠯ ᠢ | ᠥᠭᠬᠦᠨ᠎ᠡ᠃ ᠬᠤᠲᠠ ᠶᠢᠨ 《 ᠬᠢᠯᠭᠠᠰᠤᠨ ᠰᠤᠳᠠᠯ 》 ᠢ ᠨᠡᠪᠲᠡᠷᠡᠭᠦᠯᠵᠦ᠂ ᠬᠤᠲᠠ ᠶᠢᠨ ᠵᠠᠮ ᠬᠠᠷᠢᠯᠴᠠᠭᠠᠨ ᠤ | ᠣᠷᠴᠢᠨ ᠨᠥᠬᠦᠴᠡᠯ ᠢ ᠰᠠᠶᠢᠵᠢᠷᠠᠭᠤᠯᠤᠨ᠂ ᠤᠶᠤᠨᠲᠤ ᠲᠡᠷᠭᠡᠨ ᠵᠣᠭᠰᠣᠭᠠᠯ 5 ᠶᠢ ᠰᠢᠨ᠎ᠡ ᠪᠠᠷ ᠪᠠᠶᠢᠭᠤᠯᠵᠤ᠂ | 3000 ᠲᠡᠷᠭᠡᠨ ᠵᠣᠭᠰᠣᠭᠠᠯ ᠤᠨ ᠭᠠᠵᠠᠷ ᠢ ᠰᠢᠨ᠎ᠡ ᠪᠠᠷ ᠪᠠᠶᠢᠭᠤᠯᠵᠤ᠂ ᠲᠡᠷᠭᠡ ᠵᠣᠭᠰᠣᠬᠤ ᠬᠦᠴᠢᠷ ᠠᠰᠠᠭᠤᠳᠠᠯ ᠢ | ᠨᠠᠮᠳᠠᠭᠤᠯᠤᠨ᠂ ᠠᠷᠠᠳ ᠣᠯᠠᠨ ᠤ ᠵᠣᠯ ᠵᠢᠷᠭᠠᠯ ᠤᠨ ᠲᠥᠯᠥᠭᠡ ᠬᠦᠴᠦ ᠨᠡᠮᠡᠨ᠎ᠡ᠃ ᠪᠦᠬᠦ ᠣᠷᠣᠨ ᠤ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠤᠬᠠᠶ ᠶᠢᠨ ᠭᠠᠵᠠᠷ ᠤᠨ ᠬᠤᠷᠠᠯ ᠢ ᠨᠠᠷᠢᠨ ᠨᠢᠮᠪᠠᠶ ᠪᠡᠯᠡᠳᠬᠡᠨ | ᠡᠷᠬᠢᠯᠡᠵᠦ᠂ 《 ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ 》 ᠢ ᠬᠡᠷᠡᠭᠵᠢᠭᠦᠯᠵᠦ᠂《 ᠵᠡᠭᠡᠯᠢ ᠭᠤᠳᠤᠮᠵᠢ | ᠶᠢᠨ ᠳᠠᠷᠤᠭ᠎ᠠ ᠶᠢᠨ ᠵᠠᠰᠠᠯᠲᠠ 》 ᠶᠢ ᠪᠡᠶᠡᠯᠡᠭᠦᠯᠦᠨ᠎ᠡ᠃ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ | ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠵᠢᠯᠣᠭᠤᠴᠢ ᠥᠬᠡᠶ ᠨᠢᠰᠬᠡᠯ ᠢ ᠬᠡᠷᠡᠭᠯᠡᠨ 《 ᠠᠭᠠᠷ ᠤᠨ ᠬᠠᠤᠯᠢ | ᠬᠡᠷᠡᠭᠵᠢᠭᠦᠯᠬᠦ 》 ᠶᠢ ᠰᠦᠪᠡᠭᠴᠢᠯᠡᠨ᠎ᠡ᠃《 ᠰᠤᠳᠠᠯ ᠪᠠᠷᠢᠵᠤ 》 ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢ | ᠥᠷᠨᠢᠭᠦᠯᠵᠦ᠂ 《 ᠣᠨᠣᠰᠢᠯᠠᠨ ᠡᠮᠨᠡᠬᠦ 》ᠲᠥᠰᠦᠯ ᠢ ᠳᠤᠷᠠᠳᠴᠤ᠂ 《 ᠪᠡᠶ᠎ᠡ ᠶᠢᠨ ᠪᠠᠶᠢᠴᠠᠭᠠᠯᠲᠠ 》 ᠶᠢᠨ | ᠦᠷ᠎ᠡ ᠪᠦᠲᠦᠭᠡᠯ ᠢ ᠤᠯᠠᠷᠢᠭᠤᠯᠬᠤ ᠶᠢ ᠰᠠᠶᠢᠲᠤᠷ ᠠᠳᠬᠤᠵᠤ᠂《 ᠬᠤᠲᠠ ᠶᠢᠨ ᠡᠪᠡᠳᠴᠢᠨ 》 ᠥᠬᠡᠶ ᠡᠷᠡᠭᠦᠯ | ᠡᠩᠬᠡ ᠬᠤᠲᠠ ᠶᠢ ᠴᠢᠷᠮᠠᠶᠢᠨ ᠪᠠᠶᠢᠭᠤᠯᠤᠨ᠎ᠠ᠃ | ᠭᠤᠷᠪᠠ ᠳᠤ᠂ ᠬᠥᠳᠡᠭᠡ ᠲᠣᠰᠬᠤᠨ ᠤ ᠴᠢᠳᠠᠮᠵᠢ ᠶᠢᠨ ᠬᠡᠪ ᠴᠢᠨᠠᠷ ᠢ ᠲᠡᠭᠦᠯᠳᠡᠷᠵᠢᠭᠦᠯᠦᠨ᠎ᠡ᠃《 ᠡᠷᠴᠢᠮᠯᠢᠭ | ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠬᠥᠭᠵᠢᠯᠲᠡ 》 ᠶᠢᠨ ᠲᠣᠭᠤᠷᠢᠨ ᠳᠤ᠂ ᠰᠠᠭᠤᠷᠢ ᠲᠥᠬᠦᠭᠡᠷᠦᠮᠵᠢ | ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠥᠯᠥᠪᠵᠢᠭᠦᠯᠵᠦ᠂ ᠰᠢᠶᠠᠨ ᠤ ᠵᠠᠮ 412᠂ ᠵᠠᠰᠠᠭ ᠵᠠᠬᠢᠷᠭᠠᠨ ᠤ | ᠲᠣᠰᠬᠤᠨ ᠤ ᠬᠤᠣᠰ ᠲᠡᠷᠭᠡᠨ ᠵᠠᠮ ᠵᠡᠷᠭᠡ 11 ᠵᠤᠷᠪᠤᠰ ᠰᠢᠨ᠎ᠡ ( ᠦᠷᠭᠦᠯᠵᠢᠯᠡᠯ ) ᠪᠦᠲᠦᠭᠡᠨ ᠪᠠᠶᠢᠭᠤᠯᠤᠯᠲᠠ | ᠶᠢᠨ ᠢᠨᠵᠧᠨᠧᠷᠢᠩ ᠢ ᠬᠡᠷᠡᠭᠵᠢᠭᠦᠯᠵᠦ᠂ ᠨᠡᠶᠢᠲᠡ 330 ᠺᠢᠯᠣᠮᠧᠲᠷ ᠢ ᠳᠠᠪᠠᠪᠠ᠃ ᠬᠥᠷᠥᠰᠥ ᠰᠢᠷᠣᠢ ᠶᠢ | ᠬᠠᠮᠠᠭᠠᠯᠠᠬᠤ ᠭᠤᠣᠯᠳᠠᠯᠭ᠎ᠠ ᠲᠠᠢ ᠢᠨᠵᠧᠨᠧᠷᠢᠩ ᠢ ᠳᠡᠰ ᠳᠡᠪᠰᠢᠭᠦᠯᠦᠨ ᠥᠷᠭᠡᠳᠬᠡᠨ ᠪᠠᠶᠢᠭᠤᠯᠬᠤ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠳᠤᠮᠳᠠ ᠪᠠᠭ᠎ᠠ ᠭᠤᠣᠯ ᠮᠥᠷᠡᠨ ᠤ ᠡᠷᠭᠢ ᠶᠢ ᠬᠠᠮᠠᠭᠠᠯᠠᠬᠤ ᠢᠨᠵᠧᠨᠧᠷᠢᠩ ᠢ 60 ᠺᠢᠯᠣᠮᠧᠲᠷ | ᠰᠢᠨ᠎ᠡ ᠪᠠᠷ ᠪᠠᠶᠢᠭᠤᠯᠤᠨ᠂ 2 ᠵᠤᠷᠪᠤᠰ ᠠᠭᠤᠯᠠᠨ ᠦᠶᠡᠷ ᠤᠨ ᠭᠤᠤ ᠶᠢ ᠵᠠᠰᠠᠵᠤ᠂ ᠮᠠᠯᠵᠢᠬᠤ ᠲᠠᠷᠢᠶᠠᠯᠠᠬᠤ ᠣᠷᠣᠨ | ᠤ ᠤᠤᠭᠤᠬᠤ ᠤᠰᠤᠨ ᠤ ᠠᠮᠤᠷ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ ᠢ 7 ᠰᠠᠭᠤᠷᠢ ᠬᠡᠷᠡᠭᠵᠢᠭᠦᠯᠦᠨ᠎ᠡ᠃ | ᠬᠤᠩ ᠴᠢ 66 ᠺᠢᠯᠣᠸᠠᠲ᠂ ᠬᠤᠣ ᠲᠢᠶᠠᠨ 66 ᠺᠢᠯᠣᠸᠠᠲ ᠤᠨ ᠴᠠᠬᠢᠯᠭᠠᠨ ᠬᠦᠷᠭᠡᠬᠦ ᠬᠤᠪᠢᠰᠬᠠᠬᠤ | ᠢᠨᠵᠧᠨᠧᠷᠢᠩ ᠪᠠ ᠪᠠᠶᠠᠨ ᠴᠢᠨᠡᠭᠡᠯᠢᠭ 66 ᠺᠢᠯᠣᠸᠠᠲ ᠤᠨ ᠭᠤᠣᠯ ᠬᠤᠪᠢᠰᠬᠠᠬᠤ ᠥᠷᠭᠡᠳᠬᠡᠨ ᠪᠠᠶᠢᠭᠤᠯᠬᠤ | ᠢᠨᠵᠧᠨᠧᠷᠢᠩ ᠢ ᠲᠦᠷᠭᠡᠳᠬᠡᠨ ᠠᠬᠢᠭᠤᠯᠵᠤ᠂ 10 ᠠᠴᠠ ᠳᠣᠷᠣᠭᠰᠢᠬᠢ ᠬᠥᠳᠡᠭᠡ ᠲᠣᠰᠬᠤᠨ ᠤ ᠴᠠᠬᠢᠯᠭᠠᠨ ᠲᠣᠣᠷ | ᠤᠨ ᠥᠭᠡᠷᠡᠴᠢᠯᠡᠯᠲᠡ ᠶᠢᠨ 323 . 8 ᠺᠢᠯᠣᠮᠧᠲᠷ ᠢ ᠪᠦᠬᠦ ᠲᠠᠯ᠎ᠠ ᠪᠠᠷ ᠪᠡᠶᠡᠯᠡᠭᠦᠯᠦᠨ᠂ 119 ᠬᠦᠴᠦᠳᠡᠯ | ᠬᠤᠪᠢᠰᠬᠠᠬᠤ ᠮᠠᠰᠢᠨ ᠢ ᠤᠭᠰᠠᠷᠠᠪᠠ᠃ 12 ᠠᠶᠢᠯ ᠲᠣᠰᠬᠤᠨ ᠤ 5 G ᠳᠣᠬᠢᠶᠠᠨ ᠤ ᠰᠠᠭᠤᠷᠢ ᠥᠷᠲᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠡᠬᠢᠯᠡᠭᠦᠯᠵᠦ᠂ ᠮᠡᠳᠡᠭᠡ ᠵᠠᠩᠭᠢ ᠶᠢᠨ ᠦᠶᠯᠡᠴᠢᠯᠡᠭᠡᠨ ᠤ | ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ 《 ᠲᠣᠭᠠᠴᠢᠯᠠᠭᠰᠠᠨ ᠬᠥᠳᠡᠭᠡ ᠲᠣᠰᠬᠤᠨ 》 ᠢ | ᠪᠥᠲᠥᠭᠡᠨ ᠪᠠᠶᠢᠭᠤᠯᠵᠤ᠂ 《 ᠰᠦᠯᠵᠢᠶᠡᠨ ᠤ ᠡᠮᠦᠨᠡᠲᠦ ᠬᠤᠰᠢᠭᠤ 》 ᠶᠢ ᠪᠠᠶᠢᠭᠤᠯᠤᠨ᠎ᠠ᠃ | ( ᠵᠢᠷᠭᠤᠭ᠎ᠠ ) 《 ᠬᠤᠶᠠᠷ ᠠᠭᠤᠯᠠ 》 ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠪᠠᠷ ᠭᠤᠣᠯᠳᠠᠯᠭ᠎ᠠ | ᠪᠣᠯᠭᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠳᠠᠪᠠᠭᠤᠯᠢᠭ ᠢ ᠪᠤᠢ ᠪᠣᠯᠭᠠᠬᠤ | ᠪᠠᠷ ᠬᠦᠴᠦᠯᠡᠨ ᠴᠢᠷᠮᠠᠶᠢᠨ᠎ᠠ ᠃ | ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠡᠷᠡᠰ ᠭᠤᠶᠢᠪᠢᠰᠢ ᠥᠬᠡᠶ | ᠠᠬᠢᠭᠤᠯᠵᠤ᠂ ᠨᠢᠭᠡ ᠲᠠᠯ᠎ᠠ ᠪᠠᠷ 《 ᠨᠡᠮᠡᠬᠦ ᠦᠶᠯᠡᠳᠦᠯ 》 ᠬᠢᠵᠦ᠂ ᠰᠢᠨ᠎ᠡ ᠠᠵᠤ ᠦᠶᠯᠡᠰ ᠢ ᠬᠥᠭᠵᠢᠭᠦᠯᠦᠨ᠂ | ᠨᠥᠭᠦᠭᠡ ᠲᠠᠯ᠎ᠠ ᠪᠠᠷ 《 ᠬᠠᠰᠤᠬᠤ ᠦᠶᠯᠡᠳᠦᠯ 》ᠬᠢᠵᠦ᠂ ᠬᠠᠭᠤᠴᠢᠨ ᠬᠥᠳᠡᠯᠭᠡᠬᠦ ᠡᠨᠧᠷᠭᠢ ᠶᠢ ᠠᠷᠢᠯᠭᠠᠨ᠂ 《 | ᠭᠠᠵᠠᠷ ᠰᠢᠷᠣᠶ ᠶᠢᠨ ᠡᠳ᠋ ᠤᠨ ᠵᠠᠰᠠᠭ 》 ᠠᠴᠠ 《 ᠠᠮᠢ ᠠᠬᠤᠶ ᠶᠢᠨ ᠠᠵᠤ ᠦᠶᠯᠡᠰ 》 ᠬᠦᠷᠲᠡᠯᠡᠬᠢ ᠪᠦᠷᠢᠨ | ᠲᠡᠭᠦᠯᠳᠡᠷ 《 ᠬᠤᠪᠢᠷᠠᠯᠲᠠ 》 ᠶᠢ ᠲᠦᠷᠭᠡᠳᠬᠡᠨ ᠪᠡᠶᠡᠯᠡᠭᠦᠯᠦᠨ᠎ᠡ᠃ | ᠨᠢᠭᠡ ᠳᠤ᠂《 ᠬᠤᠶᠠᠷ ᠠᠭᠤᠯᠠ 》 ᠶᠢᠨ ᠣᠨᠣᠯ ᠢ ᠭᠦᠨᠵᠡᠭᠡᠢ ᠥᠷᠭᠡᠳᠬᠡᠨ᠎ᠡ᠃ ᠬᠢᠩᠭᠠᠨ ᠠᠶᠢᠮᠠᠭ ᠢ ᠪᠥᠬᠦ | ᠤᠯᠤᠰ ᠤᠨ《 ᠬᠤᠶᠠᠷ ᠠᠭᠤᠯᠠ 》 ᠶᠢᠨ ᠣᠨᠣᠯ ᠤᠨ ᠦᠶᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ | ᠲᠤ ᠣᠷᠣᠭᠤᠯᠬᠤ ᠪᠠᠷ ᠲᠣᠬᠢᠶᠠᠯ ᠪᠣᠯᠭᠠᠵᠤ᠂ ᠠᠶᠤᠯ ᠲᠦᠭᠰᠢᠭᠦᠷᠢ ᠶᠢ ᠠᠵᠠ ᠲᠣᠬᠢᠶᠠᠯ ᠪᠣᠯᠭᠠᠨ᠂ ᠰᠠᠨᠠᠭᠠᠴᠢᠯᠠᠭ᠎ᠠ | ᠠᠴᠠ ᠪᠠᠨ ᠠᠵᠢᠯ ᠬᠢᠬᠦ ᠶᠢ ᠪᠠᠷᠢᠮᠲᠠᠯᠠᠵᠤ᠂ ᠮᠠᠨᠵᠤᠲ᠋ᠦᠨ ᠤ ᠮᠠᠨᠵᠤ ᠦᠨᠳᠦᠰᠦᠲᠡᠨ ᠤ ᠰᠢᠶᠠᠩ ᠤᠨ ᠨᠣᠮᠤᠨᠲᠠᠢ | ᠵᠢᠯᠠᠭ᠎ᠠ ᠶᠢᠨ 《 ᠬᠤᠶᠠᠷ ᠠᠭᠤᠯᠠ 》 ᠶᠢᠨ ᠣᠨᠣᠯ ᠤᠨ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ᠂ | ᠠᠯᠳᠠᠷ ᠡᠪᠡᠰᠦᠨ ᠤ ᠦᠶᠯᠡᠰ ᠤᠨ ᠬᠦᠷᠢᠶᠡᠯᠡᠩ ᠲᠣᠭᠤᠷᠢᠭ ᠤᠨ《 ᠬᠤᠶᠠᠷ ᠠᠭᠤᠯᠠ 》 ᠶᠢᠨ ᠣᠨᠣᠯ ᠤᠨ | ᠰᠣᠯᠢᠭᠳᠠᠯ ᠤᠨ ᠰᠠᠭᠤᠷᠢᠨ ᠭᠠᠵᠠᠷ᠂ ᠴᠡᠩᠭᠡᠭ ᠤᠰᠤᠨ ᠤ ᠡᠭᠦᠯᠳᠡᠷ ᠤᠨ ᠮᠠᠯ ᠢ ᠦᠷᠡᠵᠢᠭᠦᠯᠦᠨ ᠪᠣᠶᠢᠵᠢᠭᠤᠯᠬᠤ | ᠲᠥᠪ ᠤᠨ《 ᠬᠤᠶᠠᠷ ᠠᠭᠤᠯᠠ 》 ᠶᠢᠨ ᠣᠨᠣᠯ ᠤᠨ ᠦᠶᠯᠡᠳᠦᠯᠭᠡ ᠶᠢᠨ ᠰᠠᠭᠤᠷᠢᠨ ᠭᠠᠵᠠᠷ᠂ ᠬᠠᠶᠢᠯᠠᠰᠤᠲᠠᠶ | ᠭᠤᠤᠯ ᠤᠨ ᠵᠢᠭᠤᠯᠴᠢᠯᠠᠯ ᠤᠨ ᠣᠷᠣᠨ ᠤ《 ᠬᠤᠶᠠᠷ ᠠᠭᠤᠯᠠ 》 ᠶᠢᠨ ᠣᠨᠣᠯ ᠤᠨ ᠣᠶᠢᠯᠠᠭᠠᠯᠲᠠ ᠶᠢᠨ ᠰᠠᠭᠤᠷᠢᠨ | ᠭᠠᠵᠠᠷ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃ 《 ᠬᠤᠶᠠᠷ ᠡᠷᠬᠡ 》 ᠶᠢᠨ ᠪᠠᠷᠢᠴᠠᠭᠠᠳᠤ | ᠵᠢᠭᠡᠯᠡᠯᠭᠡ᠂ ᠣᠢ ᠰᠢᠭᠤᠢ ᠶᠢᠨ ᠵᠣᠯᠢᠵᠤ ᠠᠪᠬᠤ ᠲᠤᠷᠰᠢᠯᠲᠠ ᠶᠢ ᠰᠦᠪᠡᠭᠴᠢᠯᠡᠵᠦ᠂ ᠭᠤᠣᠯ ᠤᠨ ᠵᠠᠮ ᠠᠴᠠ ᠡᠯᠡᠰᠦ | ᠮᠠᠯᠲᠠᠭᠰᠠᠨ ᠠᠰᠢᠭ ᠣᠯᠵᠠᠪᠤᠷᠢ᠂ ᠲᠠᠷᠢᠶᠠᠨ ᠭᠠᠵᠠᠷ ᠢ ᠡᠵᠡᠯᠡᠬᠦ ᠨᠥᠬᠦᠪᠥᠷᠢ ᠶᠢᠨ ᠭᠦᠢᠴᠡᠳᠬᠡᠯ ᠲᠤᠭ᠎ᠠ᠂ | ᠤᠯᠠᠮᠵᠢᠯᠠᠯᠲᠤ ᠠᠶᠢᠯ ᠲᠣᠰᠬᠤᠨ ᠢᠶᠠᠷ ᠳᠠᠨᠵᠢᠯᠠᠵᠤ ᠪᠡᠯᠡ ᠲᠣᠬᠢᠷᠠᠭᠤᠯᠬᠤ ᠶᠢ ᠡᠬᠢᠯᠡᠭᠦᠯᠦᠨ᠎ᠡ᠃ ᠠᠮᠢ ᠠᠬᠤᠢ ᠶᠢᠨ | ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠲᠦᠷᠭᠡᠪᠴᠢᠯᠡᠨ ᠪᠠᠶᠢᠭᠤᠯᠵᠤ᠂ ᠡᠨᠧᠷᠭᠢ ᠬᠡᠷᠡᠭᠯᠡᠬᠦ ᠡᠷᠬᠡ᠂ ᠤᠰᠤ | ᠬᠡᠷᠡᠭᠯᠡᠬᠦ ᠡᠷᠬᠡ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ | ᠵᠡᠷᠭᠡ ᠣᠷᠴᠢᠨ ᠠᠬᠤᠢ ᠶᠢᠨ ᠡᠷᠬᠡ ᠠᠰᠢᠭ ᠤᠨ ᠠᠷᠠᠯᠵᠢᠶ᠎ᠠ ᠶᠢ ᠢᠳᠡᠪᠬᠢᠲᠡᠢ ᠥᠷᠨᠢᠭᠦᠯᠦᠨ᠎ᠡ᠃ ᠣᠶ ᠰᠢᠭᠤᠶ ᠶᠢᠨ | ᠡᠮ᠂ ᠣᠶ ᠰᠢᠭᠤᠶ ᠶᠢᠨ ᠵᠢᠭᠦᠷᠲᠡᠨ ᠢᠶᠠᠷ ᠭᠤᠣᠯ ᠪᠣᠯᠭᠠᠭᠰᠠᠨ ᠣᠶ ᠶᠢᠨ ᠬᠤᠷᠮᠣᠶ ᠶᠢᠨ ᠠᠵᠤ ᠠᠬᠤᠶ ᠶᠢᠨ ᠵᠠᠭᠪᠤᠷ | ᠢ ᠶᠡᠬᠡᠪᠡᠷ ᠬᠥᠭᠵᠢᠭᠦᠯᠬᠦ ᠬᠡᠷᠡᠭᠲᠡᠶ᠃ ᠬᠠᠶᠠᠭᠳᠠᠮᠠᠯ ᠠᠭᠤᠷᠬᠠᠶ᠂ ᠤᠰᠤᠨ ᠤ ᠭᠠᠳᠠᠷᠭᠤ ᠶᠢ ᠰᠢᠯᠵᠢᠭᠦᠯᠬᠦ ᠠᠵᠢᠯ ᠢ | ᠰᠠᠶᠢᠲᠤᠷ ᠬᠢᠵᠦ᠂ ᠭᠡᠷᠡᠯ ᠢᠶᠠᠷ ᠴᠠᠬᠢᠯᠭᠠᠨ ᠭᠠᠷᠭᠠᠬᠤ ᠴᠡᠪᠡᠷ ᠡᠨᠧᠷᠭᠢ ᠶᠢ ᠶᠡᠬᠡᠪᠡᠷ ᠬᠥᠭᠵᠢᠭᠦᠯᠵᠦ᠂ 《 ᠲᠠᠷᠢᠶᠠᠯᠠᠩ | ᠂ ᠣᠢ ᠰᠢᠭᠤᠢ᠂ ᠵᠢᠭᠠᠰᠤ᠂ ᠭᠡᠷ ᠪᠠᠶᠢᠰᠢᠩ 》 ᠤᠨ ᠭᠡᠷᠡᠯ ᠢᠶᠠᠷ ᠴᠠᠬᠢᠯᠭᠠᠨ ᠭᠠᠷᠭᠠᠬᠤ ᠬᠥᠭᠵᠢᠯᠲᠡ ᠶᠢᠨ ᠵᠠᠮ ᠢᠶᠠᠷ | ᠰᠠᠶᠢᠲᠤᠷ ᠵᠠᠮᠨᠠᠨ᠎ᠠ᠃ | ᠬᠤᠶᠠᠷ ᠲᠤ᠂ ᠡᠨᠧᠷᠭᠢ ᠶᠢᠨ ᠬᠤᠷᠣᠭᠳᠠᠯ ᠤᠨ《 ᠬᠤᠶᠠᠷ ᠢ ᠬᠢᠵᠠᠭᠠᠷᠯᠠᠬᠤ 》ᠴᠢᠳᠠᠪᠤᠷᠢ ᠶᠢ | ᠳᠡᠭᠡᠭᠰᠢᠯᠡᠭᠦᠯᠦᠨ᠎ᠡ᠃《 ᠨᠡᠮᠡᠭᠳᠡᠯ ᠢ ᠬᠢᠵᠠᠭᠠᠷᠯᠠᠬᠤ 》ᠬᠢᠭᠡᠳ《 ᠦᠯᠡᠳᠡᠭᠳᠡᠯ ᠢ ᠪᠠᠭᠠᠰᠬᠠᠬᠤ 》 ᠶᠢ ᠵᠡᠷᠭᠡ ᠳᠤᠨᠢ | ᠴᠢᠬᠤᠯᠠᠴᠢᠯᠠᠬᠤ᠂《 ᠦᠷ᠎ᠡ ᠪᠦᠲᠦᠮᠵᠢ ᠶᠢ ᠳᠡᠭᠡᠭᠰᠢᠯᠡᠭᠦᠯᠬᠦ 》ᠬᠢᠭᠡᠳ《 ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ | 》 ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠨ᠂ ᠡᠨᠧᠷᠭᠢ ᠶᠢᠨ ᠬᠤᠷᠣᠭᠳᠠᠭᠤᠯᠭ᠎ᠠ ᠶᠢᠨ 《 ᠬᠤᠶᠠᠷ ᠢ | ᠬᠢᠵᠠᠭᠠᠷᠯᠠᠬᠤ 》ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠦᠢᠯᠡᠰ ᠤᠨ ᠪᠦᠲᠦᠴᠡ ᠶᠢ | ᠰᠢᠯᠢᠳᠡᠭᠵᠢᠭᠦᠯᠬᠦ᠂ ᠡᠨᠧᠷᠭᠢ ᠶᠢᠨ ᠪᠦᠲᠦᠴᠡ ᠶᠢ ᠳᠡᠰ ᠳᠡᠪᠰᠢᠭᠦᠯᠬᠦ ᠶᠢ ᠭᠡᠳᠡᠷᠭᠦ ᠰᠢᠬᠠᠮᠳᠠᠭᠤᠯᠤᠨ᠎ᠠ᠃ ᠡᠨᠧᠷᠭᠢ ᠶᠢᠨ | ᠬᠤᠷᠣᠭᠳᠠᠭᠤᠯᠤᠯ ᠶᠡᠬᠡᠲᠡᠢ᠂ ᠪᠣᠬᠢᠷᠲᠤᠭᠤᠯᠤᠯ ᠶᠡᠬᠡᠲᠡᠢ ᠵᠦᠢᠯᠡᠰ ᠢ ᠬᠢᠨᠠᠨ ᠵᠥᠪᠰᠢᠶᠡᠷᠡᠬᠦ ᠠᠵᠢᠯ ᠢ ᠦᠷᠭᠦᠯᠵᠢᠯᠡᠨ | ᠴᠢᠩᠭᠠᠳᠬᠠᠵᠤ᠂ 《 ᠲᠠᠷᠠᠬᠠᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ᠂ ᠪᠣᠬᠢᠷᠲᠤᠯ ᠶᠡᠬᠡᠲᠡᠢ 》ᠠᠵᠤ ᠠᠬᠤᠶᠢᠯᠠᠯ | ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂《 ᠢᠯᠡᠭᠦᠳᠡᠭᠰᠡᠨ》 ᠠᠵᠢᠯ ᠲᠦᠷᠦᠯ᠂ | ᠬᠤᠴᠣᠷᠤᠩᠭᠤᠢ ᠦᠢᠯᠡᠳᠪᠦᠷᠢᠯᠡᠬᠦ ᠴᠢᠳᠠᠪᠤᠷᠢ ᠶᠢᠨ ᠡᠮᠬᠢ ᠵᠢᠷᠤᠮ ᠲᠠᠢ ᠪᠠᠷ ᠤᠬᠤᠷᠢᠨ ᠭᠠᠷᠬᠤ ᠶᠢ ᠬᠦᠳᠦᠯᠦᠨ | ᠵᠢᠯᠣᠭᠤᠳᠴᠤ᠂ ᠠᠵᠤ ᠦᠢᠯᠡᠰ ᠤᠨ ᠪᠦᠲᠦᠴᠡ ᠶᠢ ᠲᠠᠰᠤᠷᠠᠯᠳᠠ ᠦᠭᠡᠢ ᠰᠢᠯᠢᠳᠡᠭᠵᠢᠭᠦᠯᠦᠨ᠎ᠡ᠃ ᠪᠣᠬᠢᠷᠲᠤᠯ ᠢ | ᠰᠡᠷᠭᠡᠶᠢᠯᠡᠨ ᠵᠠᠰᠠᠬᠤ ᠪᠠᠷ ᠭᠠᠷᠳᠠᠴᠠ ᠪᠣᠯᠭᠠᠵᠤ᠂ ᠵᠠᠳᠠᠭᠠᠶ ᠡᠰᠢ ᠰᠦᠷᠡᠯ ᠰᠢᠲᠠᠭᠠᠬᠤ ᠶᠢ ᠪᠥᠬᠦ ᠲᠠᠯ᠎ᠠ ᠪᠠᠷ | ᠴᠠᠭᠠᠵᠠᠯᠠᠨ᠎ᠠ᠃ 《 ᠭᠤᠣᠯ ( ᠨᠠᠭᠤᠷ ) ᠤᠨ ᠳᠠᠷᠤᠭ᠎ᠠ ᠶᠢᠨ ᠳᠦᠷᠢᠮ 》 ᠢ ᠴᠢᠩᠭᠠᠷᠠᠭᠤᠯᠵᠤ᠂ ᠴᠠᠷᠠᠰᠤᠨ | ᠤᠰᠤᠨ ᠴᠥᠭᠦᠷᠥᠮ ᠤᠨ ᠤᠷᠤᠰᠤᠨ ᠣᠷᠣᠬᠤ ᠣᠷᠣᠨ ᠤ ᠤᠰᠤᠨ ᠤ ᠴᠢᠨᠠᠷ ᠢ ᠴᠡᠪᠡᠷᠰᠢᠭᠦᠯᠬᠦ ᠢᠨᠵᠧᠨᠧᠷᠢᠩ ᠢ | ᠲᠦᠷᠭᠡᠳᠬᠡᠨ ᠠᠬᠢᠭᠤᠯᠵᠤ᠂ ᠤᠰᠤᠨ ᠴᠣᠭᠴᠠ ᠶᠢ V ᠲᠥᠷᠥᠯ ᠤᠨ ᠤᠰᠤᠨ ᠤ ᠴᠢᠨᠠᠷ ᠠᠴᠠ ᠳᠡᠭᠡᠭᠰᠢ ᠪᠠᠶᠢᠯᠭᠠᠬᠤ | ᠶᠢ ᠦᠨᠡᠨᠬᠦ ᠪᠠᠲᠤᠯᠠᠨ᠎ᠠ᠃ ᠤᠰᠤᠨ ᠤ ᠡᠬᠢ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢ ᠴᠢᠩᠭᠠᠳᠬᠠᠵᠤ᠂ ᠠᠵᠤ | ᠦᠶᠯᠡᠳᠪᠦᠷᠢ ᠶᠢᠨ ᠪᠣᠬᠢᠷᠲᠤᠯ ᠤᠨ ᠡᠬᠢ ᠰᠤᠷᠪᠤᠯᠵᠢ ᠶᠢ ᠪᠥᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠵᠦ | ᠭᠠᠳᠠᠭᠰᠢᠯᠠᠭᠤᠯᠬᠤ ᠶᠢ ᠠᠬᠢᠭᠤᠯᠤᠨ᠎ᠠ᠃ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠢ ᠲᠤᠰᠬᠠᠶᠢᠯᠠᠨ | ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠠᠵᠤ ᠦᠶᠯᠡᠳᠪᠦᠷᠢ ᠶᠢᠨ ᠪᠣᠬᠢᠷ ᠤᠰᠤ ᠰᠢᠶᠳᠪᠦᠷᠢᠯᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠬᠠᠶᠠᠭᠳᠠᠮᠠᠯ ᠨᠢᠴᠦᠭᠦᠨ ᠠᠭᠤᠷᠬᠠᠶ ᠶᠢ ᠰᠡᠷᠭᠦᠭᠡᠬᠦ ᠡᠷᠴᠢᠮ ᠢ ᠴᠢᠩᠭᠠᠷᠠᠭᠤᠯᠵᠤ᠂ | ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠵᠡᠷᠭᠡ ᠶᠢ | ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠭᠤᠷᠪᠠ ᠳᠤ᠂《 ᠬᠤᠤᠰ ᠨᠡᠭᠦᠷᠡᠰᠦᠲᠥ᠋ᠷᠥᠭᠴᠢ 》 ᠶᠢᠨ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠨ᠎ᠠ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠬᠢᠷᠲᠤᠯ ᠥᠬᠡᠶ ᠬᠡᠯᠪᠡᠷᠢ ᠶᠢ | ᠬᠤᠪᠢᠷᠠᠭᠤᠯᠬᠤ ᠪᠠᠷ ᠤᠳᠤᠷᠢᠳᠤᠮᠵᠢ ᠪᠣᠯᠭᠠᠵᠤ᠂ ᠡᠨᠧᠷᠭᠢ ᠶᠢᠨ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠪᠠᠷ ᠵᠠᠩᠭᠢᠯᠠᠭ᠎ᠠ ᠪᠣᠯᠭᠠᠵᠤ᠂ 《 ᠨᠡᠭᠦᠷᠡᠰᠦᠲᠥ᠋ᠷᠥᠭᠴᠢ ᠣᠷᠭᠢᠯ ᠳᠤ ᠬᠥᠷᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ 》 ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠨ᠎ᠠ᠃ ᠥᠪᠥᠷ | ᠮᠣᠩᠭᠤᠯ ᠤᠨ ᠵᠡᠭᠦᠨ ᠬᠡᠰᠡᠭ ᠤᠨ 《 ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠭᠠᠵᠠᠷ 》᠂《 ᠠᠮᠢ ᠠᠬᠤᠶ ᠶᠢᠨ ᠨᠡᠭᠦᠷᠡᠰᠦᠲᠥ᠋ᠷᠥᠭᠴᠢ ᠬᠤᠷᠠᠭᠤᠯᠵᠤ ᠭᠠᠷᠭᠠᠬᠤ ᠭᠠᠵᠠᠷ 》 ᠢ ᠪᠣᠶ ᠪᠣᠯᠭᠠᠬᠤ | ᠪᠠᠷ ᠠᠵᠠ ᠲᠣᠬᠢᠶᠠᠯ ᠪᠣᠯᠭᠠᠵᠤ᠂ 《 ᠠᠮᠢ ᠠᠬᠤᠶ + 》 ᠣᠨᠣᠯᠵᠢᠬᠤᠨ ᠢ ᠠᠵᠤ ᠦᠶᠯᠡᠰ ᠤᠨ ᠬᠥᠭᠵᠢᠯᠲᠡ ᠶᠢᠨ | ᠪᠥᠬᠦ ᠶᠠᠪᠤᠴᠠ ᠳᠤ ᠠᠭᠤᠰᠤᠯᠴᠠᠭᠤᠯᠤᠨ᠂ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠪᠠᠷᠢᠮᠵᠢᠶ᠎ᠠ᠂ | ᠪᠣᠬᠢᠷᠲᠤᠯ ᠭᠠᠳᠠᠭᠰᠢᠯᠠᠭᠤᠯᠬᠤ ᠪᠠᠷᠢᠮᠵᠢᠶ᠎ᠠ ᠪᠠ ᠬᠤᠴᠣᠷᠤᠩᠭᠤᠶ ᠦᠶᠯᠡᠳᠪᠦᠷᠢᠯᠡᠬᠦ ᠴᠢᠳᠠᠪᠤᠷᠢ ᠶᠢ ᠰᠢᠭᠰᠢᠭᠳᠡᠭᠦᠯᠬᠦ | ᠲᠥᠯᠥᠪᠯᠡᠭᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠶᠢᠨ ᠬᠠᠶᠠᠭᠳᠠᠮᠠᠯ | ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠪᠣᠳᠠᠰ | ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠪᠠᠭᠠᠰᠬᠠᠬᠤ ᠰᠢᠨ᠎ᠡ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠦᠨ᠎ᠡ᠃ | ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠢ ᠠᠬᠤᠢ ᠶᠢᠨ ᠦᠷ᠎ᠡ ᠠᠰᠢᠭ ᠢ | ᠣᠨᠳᠣᠣᠰᠢᠭᠤᠯᠬᠤ ᠠᠷᠭ᠎ᠠ ᠵᠠᠮ ᠢ ᠥᠷᠭᠡᠳᠬᠡᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ | ᠠᠭᠤᠯᠠ ᠪᠣᠯᠭᠠᠨ ᠬᠤᠪᠢᠷᠠᠭᠤᠯᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃《 ᠣᠶ ( ᠡᠪᠡᠰᠦ ) ᠶᠢᠨ ᠳᠠᠷᠤᠭ᠎ᠠ ᠶᠢᠨ | ᠲᠦᠷᠢᠮ 》 ᠢ ᠭᠦᠨᠵᠡᠭᠡᠶ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ | ᠰᠡᠷᠭᠦᠭᠡᠬᠦ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ 3 ᠲᠦᠮᠡᠨ ᠮᠥ ᠣᠶᠢᠵᠢᠭᠤᠯᠵᠤ ᠨᠣᠭᠤᠭᠠᠷᠠᠭᠤᠯᠬᠤ᠂ 13 | ᠲᠦᠮᠡᠨ ᠮᠥ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠶᠢ | ᠪᠠᠲᠤᠯᠠᠨ᠎ᠠ᠃ | ( ᠳᠣᠯᠤᠭ᠎ᠠ ) ᠣᠯᠠᠨ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠪᠠᠷ ᠦᠨᠳᠦᠰᠦ ᠪᠣᠯᠭᠠᠵᠤ᠂ ᠠᠷᠠᠳ ᠲᠤ | ᠠᠰᠢᠭ ᠬᠦᠷᠲᠡᠭᠡᠬᠦ ᠳᠡᠭᠡᠷ᠎ᠡ ᠰᠢᠨ᠎ᠡ ᠠᠬᠢᠯᠲᠠ ᠲᠠᠢ ᠪᠣᠯᠭᠠᠨ᠎ᠠ᠃ | ᠵᠠᠰᠠᠭ ᠶᠠᠪᠤᠭᠤᠯᠬᠤ ᠶᠣᠰᠣᠨ ᠠᠨᠤ ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠮᠤᠶ᠃ ᠪᠢᠳᠡ ᠳᠠᠭᠠᠷᠠᠭᠰᠠᠨ | ᠬᠥᠮᠦᠨ ᠳᠤ ᠳᠠᠬᠤ ᠬᠦᠷᠭᠡᠬᠦ ᠶᠢ ᠪᠠᠷᠢᠮᠲᠠᠯᠠᠵᠤ᠂ ᠪᠣᠷᠣᠭᠠᠨ ᠤ ᠳᠠᠷᠠᠭ᠎ᠠ ᠰᠢᠬᠦᠷ ᠬᠦᠷᠭᠡᠬᠦ ᠦᠭᠡᠢ ᠪᠠᠶᠢᠵᠤ᠂ ᠠᠷᠠᠳ | ᠤᠨ ᠠᠮᠢᠳᠤᠷᠠᠯ ᠤᠨ ᠪᠣᠳᠠᠲᠤ ᠶᠠᠪᠤᠳᠠᠯ᠂ ᠪᠠᠭ᠎ᠠ ᠶᠠᠪᠤᠳᠠᠯ᠂ ᠬᠦᠴᠢᠷ ᠶᠠᠪᠤᠳᠠᠯ ᠢ ᠰᠠᠶᠢᠲᠤᠷ ᠬᠢᠵᠦ᠂ ᠠᠷᠠᠳ ᠤᠯᠠᠨ | ᠢ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠳᠤᠮᠳᠠ ᠨᠡᠩ ᠤᠯᠠᠨ ᠬᠠᠨᠤᠮᠵᠢᠲᠠᠢ | ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠢ ᠪᠣᠯᠭᠠᠬᠤ ᠬᠡᠷᠡᠭᠲᠡᠢ᠃ | ᠨᠢᠭᠡ ᠳᠤ᠂ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂《 ᠡᠶ᠎ᠡ ᠵᠣᠬᠢᠴᠠᠯ ᠤᠨ ᠢᠯᠡᠳᠬᠡᠭᠴᠢ ᠲᠤᠭ᠎ᠠ | 》 ᠶᠢ ᠨᠡᠮᠡᠭᠳᠡᠭᠦᠯᠦᠨ᠎ᠡ᠃ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ | ᠠᠯᠳᠠᠭᠰᠠᠳ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠵᠡᠷᠭᠡ ᠭᠤᠣᠯᠳᠠᠯᠭ᠎ᠠ ᠲᠠᠢ ᠨᠡᠶᠢᠲᠡ ᠴᠣᠭᠴᠠ ᠳᠤ ᠠᠵᠢᠯ | ᠣᠯᠭᠤᠬᠤ ᠶᠢ ᠰᠠᠶᠢᠲᠤᠷ ᠠᠳᠬᠤᠵᠤ᠂ ᠬᠤᠲᠠ ᠪᠠᠯᠭᠠᠰᠤ ᠶᠢᠨ ᠰᠢᠨ᠎ᠡ ᠪᠠᠷ ᠠᠵᠢᠯ ᠣᠯᠤᠭᠰᠠᠳ ᠢ 1500 ᠬᠥᠮᠦᠨ | ᠳᠤ ᠬᠦᠷᠭᠡᠬᠦ ᠪᠠᠷ ᠴᠢᠷᠮᠠᠶᠢᠵᠤ᠂ ᠬᠤᠲᠠ ᠪᠠᠯᠭᠠᠰᠤ ᠶᠢᠨ ᠳᠠᠩᠰᠠᠯᠠᠭᠤᠯᠬᠤ ᠠᠵᠢᠯ ᠠᠯᠳᠠᠯᠲᠠ ᠶᠢᠨ ᠨᠣᠷᠮ᠎ᠠ ᠶᠢ 4 . | 5 % ᠶᠢᠨ ᠳᠣᠲᠣᠷ᠎ᠠ ᠬᠢᠵᠠᠭᠠᠷᠯᠠᠨ᠎ᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠤᠷᠮ᠎ᠠ ᠶᠢ | ᠳᠡᠭᠡᠭᠰᠢᠯᠡᠭᠦᠯᠵᠦ᠂ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠵᠤ᠂ ᠤᠯᠠᠨ ᠲᠡᠰ ᠳᠠᠪᠬᠤᠷᠭ᠎ᠠ ᠶᠢᠨ ᠡᠮ ᠡᠮᠨᠡᠯᠭᠡ | ᠶᠢᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠶᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠧᠲ ᠢᠶᠠᠷ | ᠰᠢᠶᠳᠪᠦᠷᠢ ᠭᠠᠷᠭᠠᠬᠤ ᠲᠦᠷᠢᠮ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠳ ᠣᠯᠠᠨ ᠤ ᠵᠠᠮ | ᠬᠠᠷᠢᠯᠴᠠᠭ᠎ᠠ᠂ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠵᠡᠷᠭᠡ ᠲᠠᠯ᠎ᠠ ᠶᠢᠨ ᠬᠦᠴᠢᠷ ᠠᠰᠠᠭᠤᠳᠠᠯ ᠢ | ᠭᠤᠤᠯᠳᠠᠯᠭ᠎ᠠ ᠲᠠᠢ ᠰᠢᠶᠳᠪᠦᠷᠢᠯᠡᠨ᠎ᠡ᠃ ᠬᠤᠷᠴᠢᠨ ᠪᠠ ᠵᠠᠰᠠᠭᠲᠤ ᠨᠡᠶᠢᠭᠡᠮ ᠲᠣᠭᠤᠷᠢᠭ ᠤᠨ ᠨᠠᠰᠤᠵᠢᠯ ᠤᠨ | ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠷᠬᠦᠴᠡ ᠶᠢᠨ | ᠨᠣᠷᠮ᠎ᠠ ᠶᠢᠨ 90 % ᠠᠴᠠ ᠳᠡᠭᠡᠭᠰᠢ ᠳᠤ ᠬᠦᠷᠭᠡᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠴᠡᠭ ᠢ 18 ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠨᠢᠭᠡ ᠬᠡᠷ ᠪᠦᠯᠢ ᠶᠢᠨ ᠰᠤᠳᠤᠯᠤᠨ | ᠰᠤᠷᠤᠯᠴᠠᠬᠤ ᠰᠠᠭᠤᠷᠢᠨ ᠭᠠᠵᠠᠷ ᠢ ᠪᠠᠶᠢᠭᠤᠯᠪᠠ᠃ ᠪᠥᠬᠦ ᠤᠯᠤᠰ ᠤᠨ ᠵᠢᠱᠢᠶ᠎ᠡ ᠦᠵᠡᠭᠦᠯᠬᠦ ᠬᠡᠯᠪᠡᠷᠢ ᠶᠢᠨ ᠴᠡᠷᠢᠭ | ᠤᠨ ᠠᠯᠪᠠᠨ ᠠᠴᠠ ᠪᠠᠭᠤᠭᠰᠠᠳ ᠤᠨ ᠦᠶᠯᠡᠴᠢᠯᠡᠭᠡᠨ ᠤ ᠲᠥᠪ ( ᠥᠷᠲᠡᠭᠡ ) ᠢ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠬᠤᠶᠠᠷ ᠢ ᠬᠦᠷᠢᠶᠡᠯᠡᠵᠦ | ᠬᠠᠮᠲᠤ ᠪᠠᠷ ᠪᠠᠶᠢᠭᠤᠯᠬᠤ ᠠᠵᠢᠯ ᠢ ᠰᠠᠶᠢᠲᠤᠷ ᠬᠢᠨ᠎ᠠ᠃ | ᠬᠤᠶᠠᠷ ᠲᠤ᠂ ᠴᠢᠨᠠᠷ ᠰᠠᠶᠢᠲᠠᠢ ᠰᠤᠷᠭᠠᠨ ᠬᠥᠮᠦᠵᠢᠯ ᠢ ᠪᠠᠷᠢᠮᠲᠠᠯᠠᠵᠤ᠂ 《 ᠵᠣᠯ ᠵᠢᠷᠭᠠᠯ ᠤᠨ ᠵᠢᠭᠠᠯᠲᠠ | ᠲᠤᠭ᠎ᠠ 》 ᠶᠢ ᠨᠡᠮᠡᠭᠳᠡᠭᠦᠯᠦᠨ᠎ᠡ᠃ ᠰᠤᠷᠭᠠᠨ ᠬᠥᠮᠦᠵᠢᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠣᠷᠣᠨ ᠵᠠᠢ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ | ᠰᠢᠯᠢᠳᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠯᠢᠳᠡᠭ ᠲᠡᠩᠴᠡᠭᠦᠷᠢᠲᠡᠢ ᠬᠥᠭᠵᠢᠯᠲᠡ ᠶᠢ | ᠠᠬᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠶᠡᠬᠡᠪᠡᠷ ᠬᠥᠭᠵᠢᠭᠦᠯᠵᠦ᠂ ᠣᠨᠴᠣᠭᠤᠶ | ᠰᠤᠷᠭᠠᠨ ᠬᠥᠮᠦᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠭᠠᠨ ᠬᠥᠮᠦᠵᠢᠯ ᠢ ᠣᠯᠠᠨ ᠶᠠᠩᠵᠤᠴᠢᠯᠠᠨ ᠬᠥᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠢ ᠰᠣᠳᠣᠨᠵᠢᠭᠤᠯᠤᠨ ᠬᠥᠭᠵᠢᠭᠦᠯᠦᠨ᠎ᠡ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠤᠷᠭᠠᠨ ᠬᠥᠮᠦᠵᠢᠯ ᠤᠨ | 《 ᠬᠤᠶᠠᠷ ᠢ ᠪᠠᠭᠠᠰᠬᠠᠬᠤ 》 ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠰᠤᠷᠭᠠᠨ | ᠬᠥᠮᠦᠵᠢᠯ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠬᠤᠰᠢᠭᠤᠨ ᠤ ᠨᠢᠭᠡᠳᠦᠭᠡᠷ ᠪᠠᠭ᠎ᠠ | ᠰᠤᠷᠭᠠᠭᠤᠯᠢ᠂ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠦᠷᠭᠦᠯᠵᠢᠯᠡᠨ ᠪᠠᠶᠢᠭᠤᠯᠬᠤ ᠲᠥᠷᠥᠯ ᠵᠦᠶᠯ | ᠢ ᠪᠥᠬᠦ ᠲᠠᠯ᠎ᠠ ᠪᠠᠷ ᠪᠡᠶᠡᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠩᠭᠠᠨ ᠬᠠᠢ | ᠳ᠋ᠢᠶᠠᠨ ᠰᠤᠷᠭᠠᠭᠤᠯᠢ ᠶᠢᠨ ᠤᠷᠤᠭᠰᠢᠲᠠᠶ ᠰᠣᠷᠣᠭᠴᠢ ᠡᠯᠰᠡᠬᠦ ᠶᠢ ᠪᠡᠶᠡᠯᠡᠭᠦᠯᠵᠦ᠂ ᠪᠡᠭᠡᠵᠢᠩ ᠥᠪᠥᠷ ᠮᠣᠩᠭᠤᠯ ᠤᠨ | ᠬᠠᠮᠵᠢᠯᠴᠠᠬᠤ ᠰᠤᠷᠭᠠᠨ ᠬᠥᠮᠦᠵᠢᠯ ᠤᠨ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃ ᠬᠤᠰᠢᠭᠤᠨ ᠤ ᠪᠠᠭᠰᠢ ᠶᠢᠨ | ᠬᠥᠭᠵᠢᠯᠲᠡ ᠶᠢᠨ ᠲᠥᠪ ᠤᠨ ᠦᠢᠯᠡᠳᠦᠯ ᠢ ᠪᠠᠳᠠᠷᠠᠭᠤᠯᠵᠤ᠂ ᠬᠠᠢ ᠳ᠋ᠢᠶᠠᠨ ᠲᠣᠭᠤᠷᠢᠭ᠂ ᠪᠡᠭᠡᠵᠢᠩ ᠤᠨ ᠣᠢ | ᠰᠢᠭᠤᠢ ᠶᠢᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠵᠡᠷᠭᠡ ᠡᠬᠢ | ᠪᠠᠶᠠᠯᠢᠭ ᠲᠤ ᠲᠦᠰᠢᠭᠯᠡᠨ᠂ 5000 ᠬᠥᠮᠦᠨ ( ᠤᠳᠠᠭ᠎ᠠ ) ᠤ ᠰᠢᠯᠢᠳᠡᠭ ᠪᠠᠭᠰᠢ ᠶᠢ ᠪᠣᠯᠪᠠᠰᠤᠷᠠᠭᠤᠯᠬᠤ ᠠᠵᠢᠯ ᠢ | ᠥᠷᠨᠢᠭᠦᠯᠦᠨ᠎ᠡ᠃ | ᠭᠤᠷᠪᠠ ᠳᠤ᠂ ᠡᠷᠡᠭᠦᠯ ᠬᠠᠮᠠᠭᠠᠯᠠᠯ ᠤᠨ ᠦᠢᠯᠡᠰ ᠢ ᠬᠥᠭᠵᠢᠭᠦᠯᠵᠦ᠂ 《 ᠡᠷᠡᠭᠦᠯ ᠮᠡᠨᠳᠦ ᠶᠢᠨ ᠵᠢᠭᠠᠯᠲᠠ | ᠲᠤᠭ᠎ᠠ 》 ᠶᠢ ᠨᠡᠮᠡᠭᠳᠡᠭᠦᠯᠦᠨ᠎ᠡ᠃ ᠠᠷᠠᠳ ᠲᠦᠮᠡᠨ ᠤ ᠡᠷᠡᠭᠦᠯ ᠮᠡᠨᠳᠦ ᠶᠢ ᠬᠠᠯᠠᠮᠵᠢᠯᠠᠵᠤ᠂ ᠤᠯᠤᠰ ᠢᠶᠠᠨ | ᠬᠠᠶᠢᠷᠠᠯᠠᠬᠤ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ 《 ᠡᠷᠡᠭᠦᠯ ᠡᠩᠬᠡ ᠶᠢᠨ ᠡᠮᠦᠨᠡᠲᠦ ᠬᠤᠰᠢᠭᠤ 》 ᠶᠢᠨ | ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠤᠶ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠪᠣᠬᠢᠷ ᠤᠰᠤ ᠰᠢᠢᠳᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠠᠯᠠᠬᠠᠢ ᠪᠠ | ᠪᠠᠳᠠᠷᠠᠩᠭᠤᠢ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠤᠨ | ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠬᠡᠷᠡᠭᠵᠢᠭᠦᠯᠦᠨ᠎ᠡ᠃ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂《 ᠪᠠᠭ᠎ᠠ ᠡᠪᠡᠳᠴᠢᠨ ᠢ ᠦᠨᠳᠦᠰᠦᠨ ᠱᠠᠲᠤᠨ ᠳᠤ᠂ ᠬᠦᠨᠳᠦ | ᠡᠪᠡᠳᠴᠢᠨ ᠢ ᠡᠮᠨᠡᠯᠭᠡ ᠶᠢᠨ ᠬᠤᠷᠢᠶ᠎ᠠ ᠳᠤ᠂ ᠡᠷᠡᠭᠦᠯᠵᠢᠯ ᠢ ᠦᠨᠳᠦᠰᠦᠨ ᠱᠠᠲᠤᠨ ᠳᠤ ᠪᠤᠴᠠᠭᠠᠬᠤ 》 ᠱᠠᠲᠤ | ᠬᠤᠪᠢᠶᠠᠨ ᠣᠨᠣᠰᠢᠯᠠᠨ ᠡᠮᠨᠡᠬᠦ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠦᠷᠢᠶᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠡᠮ ᠡᠮᠨᠡᠯᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠨ ᠨᠥᠬᠦᠪᠥᠷᠢᠯᠡᠨ᠎ᠡ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠡᠩᠨᠡᠭᠡᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ | 《 ᠨᠠᠰᠤᠲᠠᠨ ᠨᠢᠯᠬᠠᠰ 》 ᠢᠶᠠᠷ ᠭᠤᠣᠯᠳᠠᠯᠭ᠎ᠠ ᠪᠣᠯᠭᠠᠨ᠂ ᠬᠥᠮᠦᠨ ᠠᠮᠠ ᠶᠢᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠨᠠᠰᠤᠲᠠᠨ ᠢ ᠠᠰᠠᠷᠠᠨ ᠬᠥᠮᠦᠵᠢᠭᠦᠯᠬᠦ ᠪᠦᠲᠦᠮᠵᠢᠲᠡᠢ ᠬᠠᠩᠭᠠᠯᠭ᠎ᠠ ᠶᠢ ᠥᠷᠭᠡᠳᠬᠡᠨ᠎ᠡ᠃ | ᠲᠦᠷᠪᠡ ᠳᠤ ᠂ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡ ᠶᠢ ᠴᠡᠴᠡᠭᠯᠡᠭᠦᠯᠦᠨ ᠬᠥᠭᠵᠢᠭᠦᠯᠵᠦ᠂ 《 | ᠪᠣᠯᠪᠠᠰᠤᠨ ᠤ ᠢᠯᠡᠳᠬᠡᠭᠴᠢ ᠲᠤᠭ᠎ᠠ 》 ᠶᠢ ᠨᠡᠮᠡᠭᠳᠡᠭᠦᠯᠦᠨ᠎ᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠬᠤᠰᠢᠭᠤᠨ ᠤ ᠨᠣᠮ ᠤᠨ ᠰᠠᠩ ᠤᠨ ᠭᠠᠳᠠᠭᠠᠳᠤ ᠨᠡᠭᠡᠭᠡᠯᠲᠡ ᠶᠢ | ᠪᠡᠶᠡᠯᠡᠭᠦᠯᠦᠨ᠎ᠡ᠃ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠨᠠᠶᠢᠷᠠᠭᠤᠯᠵᠤ᠂ ᠲᠤᠰᠬᠠᠢ ᠲᠠᠯᠠᠪᠤᠷ | ᠤᠷᠠᠨ ᠰᠠᠶᠢᠬᠠᠨ ᠤ ᠲᠣᠭᠯᠠᠯᠲᠠ ᠶᠢ 3 ᠲᠠᠯᠠᠪᠤᠷ ( ᠤᠳᠠᠭ᠎ᠠ )᠂ ᠲᠤᠮᠤ ᠬᠡᠯᠪᠡᠷᠢ ᠶᠢᠨ ᠤᠯᠠᠨ ᠲᠦᠮᠡᠨ ᠤ ᠰᠣᠶᠣᠯ | ᠤᠨ ᠠᠵᠢᠯᠯᠠᠭ᠎ᠠ ᠶᠢ 10 ᠲᠠᠯᠠᠪᠤᠷ ( ᠤᠳᠠᠭ᠎ᠠ ) ᠡᠷᠬᠢᠯᠡᠵᠤ᠂ ᠰᠣᠶᠣᠯ ᠤᠨ ᠡᠯᠧᠮᠧᠨ᠋ᠲ ᠢ ᠠᠮᠢᠯᠠᠭᠤᠯᠵᠤ᠂ ᠰᠣᠶᠣᠯ | ᠤᠨ ᠠᠵᠢᠯ ᠢ ᠭᠦᠢᠴᠡᠳ ᠬᠢᠵᠦ᠂ ᠰᠣᠶᠣᠯ ᠤᠨ ᠬᠦᠴᠦᠨ ᠢ ᠰᠠᠶᠢᠲᠤᠷ ᠬᠡᠷᠡᠭᠯᠡᠨ᠎ᠡ᠃ ᠪᠣᠳᠠᠰ ᠤᠨ ᠪᠤᠰᠤ ᠰᠣᠶᠣᠯ | ᠤᠨ ᠥᠪ ᠤᠨ ᠡᠬᠢ ᠪᠠᠶᠠᠯᠢᠭ ᠢ ᠭᠦᠶᠴᠡᠳ ᠠᠭᠤᠳᠠᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠠᠷᠠᠳ ᠤᠨ | ᠵᠠᠩ ᠦᠶᠯᠡ ᠶᠢᠨ ᠣᠷᠳᠣᠨ᠂ ᠰᠣᠶᠣᠯ ᠤᠨ ᠪᠦᠲᠦᠭᠡᠯᠴᠢ ᠦᠶᠯᠡᠳᠬᠡᠯ ᠤᠨ ᠭᠠᠵᠠᠷ ᠢ ᠨᠠᠷᠢᠨ ᠨᠢᠮᠪᠠᠶ ᠪᠠᠶᠢᠭᠤᠯᠤᠨ᠎ᠠ᠃ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ 《 ᠲᠡᠦᠬᠡ 》 ᠪᠠᠷ | ᠬᠥᠮᠦᠨ ᠢ ᠬᠥᠮᠦᠵᠢᠭᠦᠯᠵᠦ᠂ 《 ᠰᠣᠶᠣᠯ 》 ᠢᠶᠠᠷ ᠬᠥᠮᠦᠨ ᠢ ᠬᠥᠮᠦᠵᠢᠭᠦᠯᠵᠦ᠂ ᠲᠡᠦᠬᠡ ᠶᠢᠨ ᠳᠤᠷᠠᠰᠬᠠᠯᠲᠤ | ᠵᠦᠢᠯᠡᠰ ᠢ ᠰᠢᠨ᠎ᠡ ᠴᠠᠭ ᠦᠶ᠎ᠡ ᠳᠤ ᠠᠮᠢᠵᠢᠷᠠᠯ ᠤᠨ ᠬᠦᠴᠦᠨ ᠲᠠᠢ ᠪᠣᠯᠭᠠᠨ᠎ᠠ᠃ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠬᠥᠳᠡᠯᠭᠡᠭᠡᠨ ᠢ ᠥᠷᠨᠢᠭᠦᠯᠵᠦ᠂ ᠤᠷᠤᠯᠳᠤᠭᠠᠨ ᠤ ᠪᠡᠶ᠎ᠡ ᠶᠢᠨ ᠲᠠᠮᠢᠷ ᠢ ᠢᠳᠡᠪᠬᠢᠲᠡᠢ | ᠬᠥᠭᠵᠢᠭᠦᠯᠵᠦ᠂ ᠲᠠᠯ᠎ᠠ ᠨᠤᠲᠤᠭ ᠤᠨ ᠮᠠᠷᠠᠰᠤᠨ ᠤᠷᠤᠯᠳᠤᠭᠠᠨ᠂ ᠰᠠᠭᠰᠤᠨ ᠪᠥᠮᠪᠦᠭᠡ ᠶᠢᠨ ᠤᠷᠢᠯᠭ᠎ᠠ ᠶᠢᠨ | ᠤᠷᠤᠯᠳᠤᠭᠠᠨ ᠵᠡᠷᠭᠡ ᠤᠯᠤᠰ ᠠᠯᠤᠰᠯᠠᠭᠰᠠᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠡᠷᠬᠢᠯᠡᠵᠦ᠂ ᠪᠦᠬᠦ ᠠᠷᠠᠳ | ᠤᠨ ᠪᠡᠶ᠎ᠡ ᠴᠢᠭᠢᠷᠠᠭᠵᠢᠭᠤᠯᠬᠤ ᠪᠠᠷ ᠪᠦᠬᠦ ᠠᠷᠠᠳ ᠤᠨ ᠡᠷᠡᠭᠦᠯ ᠴᠢᠭᠢᠷᠠᠭ ᠢ ᠠᠬᠢᠭᠤᠯᠤᠨ᠎ᠠ ᠃ | ᠲᠠᠪᠤ ᠳᠤ᠂ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠵᠦ᠂ 《 ᠠᠮᠤᠷ | ᠲᠦᠪᠰᠢᠨ ᠤ ᠵᠢᠭᠠᠯᠲᠠ ᠲᠤᠭ᠎ᠠ 》 ᠶᠢ ᠨᠡᠮᠡᠭᠳᠡᠭᠦᠯᠦᠨ᠎ᠡ᠃ 《 ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ | ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ 》 ᠶᠡᠷᠦᠩᠬᠡᠶ ᠰᠡᠷᠭᠡᠶᠢᠯᠡᠨ ᠡᠵᠡᠮᠳᠡᠬᠦ | ᠠᠷᠭ᠎ᠠ ᠪᠣᠳᠣᠯᠭ᠎ᠠ ᠶᠢ ᠡᠷᠡᠰ ᠨᠠᠶᠢᠳᠠᠪᠤᠷᠢᠵᠢᠭᠤᠯᠵᠤ᠂ 《 ᠴᠠᠭ ᠲᠤᠬᠠᠶ ᠳᠤᠨᠢ ᠢᠯᠡᠷᠡᠭᠦᠯᠬᠦ᠂ ᠲᠦᠷᠭᠡᠨ | ᠰᠢᠶᠳᠪᠦᠷᠢᠯᠡᠬᠦ᠂ ᠣᠨᠣᠪᠴᠢᠲᠠᠶ ᠬᠠᠮᠢᠶᠠᠷᠤᠨ ᠡᠵᠡᠮᠳᠡᠬᠦ᠂ ᠪᠦᠲᠦᠮᠵᠢᠲᠡᠶ ᠠᠪᠤᠷᠠᠨ ᠵᠠᠰᠠᠬᠤ 》 ᠪᠠᠶᠢᠩᠭᠤᠵᠢᠭᠰᠠᠨ | ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠨᠰᠢᠭᠦᠯᠬᠦ ᠬᠡᠷᠡᠭᠲᠡᠶ᠃《 ᠬᠥᠮᠦᠨ᠂ ᠪᠣᠳᠠᠰ᠂ ᠣᠷᠴᠢᠨ ᠠᠬᠤᠢ 》 | ᠶᠢ ᠬᠠᠮᠲᠤ ᠪᠠᠷ ᠰᠡᠷᠭᠡᠶᠢᠯᠡᠬᠦ ᠶᠢ ᠨᠠᠶᠢᠳᠠᠪᠤᠷᠢᠵᠢᠭᠤᠯᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ | ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠲᠤ | ᠴᠣᠭᠴᠠᠯᠠᠨ᠎ᠠ᠃ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠬᠦ ᠪᠠ ᠬᠡᠰᠡᠭ ᠲᠠᠯ᠎ᠠ ᠶᠢᠨ ᠪᠠᠴᠢᠮ ᠪᠠᠶᠢᠳᠠᠯ ᠢ | ᠠᠷᠭᠠᠴᠠᠭᠠᠨ ᠰᠢᠶᠳᠪᠦᠷᠢᠯᠡᠬᠦ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠣᠯᠠᠨ ᠴᠡᠭ ᠲᠤ ᠬᠦᠷᠴᠦ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠠᠵᠢᠯᠲᠠᠨ ᠢ ᠬᠠᠮᠢᠶᠠᠷᠤᠨ | ᠡᠵᠡᠮᠳᠡᠬᠦ᠂ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠪᠠ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡᠨ ᠤ ᠬᠢᠵᠢᠭ | ᠪᠠᠶᠢᠴᠠᠭᠠᠬᠤ ᠵᠡᠷᠭᠡ ᠠᠵᠢᠯ ᠢ ᠴᠢᠩᠳᠠᠯᠠᠨ᠎ᠠ᠃ ᠠᠵᠢᠯᠲᠠᠨ᠂ ᠡᠳ᠋ ᠪᠣᠳᠠᠰ᠂ ᠮᠡᠷᠭᠡᠵᠢᠯ ᠤᠨ ᠨᠥᠭᠡᠴᠡ ᠶᠢ | ᠴᠢᠩᠭᠠᠳᠬᠠᠵᠤ᠂ ᠬᠢᠵᠢᠭ ᠤᠨ ᠪᠠᠶᠢᠳᠠᠯ ᠢ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃《 ᠪᠠᠶᠢᠴᠠᠭᠠᠪᠠᠰᠤ | ᠵᠣᠬᠢᠬᠤ ᠶᠢ ᠨᠢ ᠪᠦᠬᠦᠨ ᠢ ᠪᠠᠶᠢᠴᠠᠭᠠᠬᠤ 》᠂ 《 ᠵᠣᠯᠭᠠᠭᠤᠯᠪᠠᠯ ᠵᠣᠬᠢᠬᠤ ᠶᠢ ᠨᠢ ᠪᠦᠬᠦᠨ ᠢ ᠵᠣᠯᠭᠠᠭᠤᠯᠬᠤ 》 | ᠶᠢ ᠪᠠᠷᠢᠮᠲᠠᠯᠠᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠪᠠ ᠸᠠᠺᠼᠢᠨ ᠤ ᠲᠠᠷᠢᠯᠭ᠎ᠠ ᠶᠢ ᠰᠠᠶᠢᠲᠤᠷ ᠬᠢᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ᠎ᠡ᠃ | ᠵᠢᠷᠭᠤᠭ᠎ᠠ ᠳᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠵᠤ᠂ 《 ᠬᠠᠨᠤᠮᠵᠢᠲᠠᠢ ᠵᠢᠭᠠᠯᠲᠠ ᠲᠤᠭ᠎ᠠ 》 ᠶᠢ | ᠨᠡᠮᠡᠭᠳᠡᠭᠦᠯᠦᠨ᠎ᠡ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ | ᠰᠤᠷᠭᠠᠨ ᠬᠥᠮᠦᠵᠢᠯ ᠤᠨ ᠴᠡᠭᠴᠡᠯᠡᠯᠲᠡ ᠶᠢᠨ《 ᠰᠡᠭᠦᠯᠴᠢ ᠶᠢᠨ ᠬᠠᠭᠠᠰ ᠵᠣᠬᠢᠶᠠᠯ 》 ᠢ ᠦᠷᠭᠦᠯᠵᠢᠯᠡᠨ ᠪᠢᠴᠢᠨ᠎ᠡ᠃ | 《 ᠨᠠᠶᠮᠠᠳᠤᠭᠠᠷ ᠲᠠᠪᠤᠨ ᠵᠢᠯ 》 ᠤᠨ ᠬᠠᠤᠯᠢ ᠲᠦᠭᠡᠮᠡᠯᠵᠢᠭᠦᠯᠬᠦ ᠬᠥᠮᠦᠵᠢᠯ ᠢ ᠯᠠᠪᠳᠠᠭᠤᠨ ᠠᠬᠢᠭᠤᠯᠵᠤ᠂ 《 | ᠬᠠᠤᠯᠢ ᠪᠠᠷ ᠵᠠᠰᠠᠬᠤ ᠡᠮᠦᠨ᠎ᠡ ᠬᠤᠰᠢᠭᠤ 》 ᠶᠢᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠦᠷᠢᠨᠰᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠡᠶ ᠴᠣᠬᠢᠯᠲᠠ | ᠥᠭᠴᠦ᠂ 《 ᠠᠮᠤᠷ ᠠᠮᠤᠭᠤᠯᠠᠩ ᠡᠮᠦᠨᠡᠲᠦ ᠬᠤᠰᠢᠭᠤ 》 ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠣᠯᠠᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ᠃ ᠢᠳᠡᠭᠡᠨ ᠪᠠ ᠡᠮ ᠤᠨ ᠵᠦᠢᠯ | ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠵᠥᠷᠢᠴᠡᠯ ᠢ ᠨᠠᠮᠳᠠᠭᠤᠯᠵᠤ᠂ ᠡᠬᠢ | ᠡᠭᠦᠰᠦᠯ ᠠᠴᠠ ᠨᠢ ᠵᠠᠰᠠᠬᠤ ᠶᠢ ᠭᠦᠨᠵᠡᠭᠡᠶᠢᠷᠡᠭᠦᠯᠦᠨ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ | ᠰᠢᠢᠳᠪᠦᠷᠢᠯᠡᠵᠦ ᠳᠠᠭᠤᠰᠬᠠᠨ᠎ᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠴᠢᠩᠭᠠᠳᠬᠠᠨ ᠪᠣᠳᠠᠲᠠᠶᠢᠵᠢᠭᠤᠯᠵᠤ᠂ ᠬᠦᠨᠳᠦ ᠣᠨᠴᠠ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ | ᠡᠷᠡᠰ ᠬᠤᠷᠢᠭᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ | ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠎ᠠ᠃ | ( ᠨᠠᠶᠮᠠ ) ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠪᠠᠷ ᠵᠣᠷᠢᠯᠲᠠ ᠪᠣᠯᠭᠠᠵᠤ᠂ | ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠳᠡᠭᠡᠷ᠎ᠡ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠪᠠᠷ | ᠬᠦᠴᠦᠯᠡᠨ᠎ᠡ᠃ | ᠥᠨᠳᠥᠷ ᠲᠦᠪᠰᠢᠨ ᠪᠦᠬᠦᠢ ᠨᠡᠬᠡᠬᠡᠯᠳᠡ ᠪᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠶᠢ | ᠪᠠᠷᠢᠮᠲᠠᠯᠠᠵᠤ᠂ ᠥᠭᠡᠷᠡᠴᠢᠯᠡᠯᠲᠡ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠡᠬᠡᠬᠡᠯᠳᠡ ᠪᠠᠷ ᠣᠷᠣᠨ ᠵᠠᠢ ᠶᠢ | ᠥᠷᠭᠡᠳᠬᠡᠵᠦ᠂ ᠣᠷᠴᠢᠨ ᠲᠣᠭᠤᠷᠢᠨ ᠢᠶᠠᠷ ᠳᠠᠪᠠᠭᠤᠯᠢᠭ ᠢᠶᠠᠨ ᠨᠡᠮᠡᠭᠳᠡᠭᠦᠯᠵᠦ᠂ ᠥᠭᠡᠷᠡᠴᠢᠯᠡᠯᠲᠡ ᠨᠡᠬᠡᠬᠡᠯᠳᠡ ᠶᠢ | ᠢᠮᠠᠭᠲᠠ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠲᠦᠷᠭᠡᠨ | ᠬᠤᠷᠠᠮᠳᠤᠭᠤᠯᠬᠤ ᠬᠡᠷᠡᠭᠲᠡᠢ᠃ | ᠨᠢᠭᠡ ᠳᠤ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠲᠦᠷᠭᠡᠳᠬᠡᠨ᠎ᠡ᠃《 ᠲᠠᠯᠪᠢᠬᠤ᠂ | ᠬᠠᠮᠢᠶᠠᠷᠬᠤ᠂ ᠦᠢᠯᠡᠴᠢᠯᠡᠬᠦ 》 ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ | ᠨᠠᠶᠢᠳᠠᠪᠤᠷᠢᠵᠢᠭᠤᠯᠵᠤ᠂ ᠠᠵᠤ ᠠᠬᠤᠢ᠂ ᠠᠮᠢ ᠠᠬᠤᠢ᠂ ᠰᠣᠶᠣᠯ ᠤᠨ ᠬᠦᠷᠢᠶᠡᠨ ᠤ ᠥᠭᠡᠷᠡᠴᠢᠯᠡᠯᠲᠡ ᠶᠢᠨ ᠡᠭᠦᠷᠭᠡ | ᠶᠢ ᠴᠢᠨᠠᠷ ᠰᠠᠶᠢᠲᠠᠢ ᠪᠡᠶᠡᠯᠡᠭᠦᠯᠦᠨ᠎ᠡ᠃ ᠡᠷᠬᠡ ᠶᠢᠨ ᠲᠣᠳᠣᠷᠬᠠᠢ ᠬᠠᠭᠤᠳᠠᠰᠤ᠂ ᠬᠠᠷᠢᠭᠤᠴᠠᠯᠭ᠎ᠠ ᠶᠢᠨ ᠲᠣᠳᠣᠷᠬᠠᠢ | ᠬᠠᠭᠤᠳᠠᠰᠤ ᠪᠠ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠵᠠᠰᠠᠭ | ᠤᠨ ᠶᠠᠪᠤᠳᠠᠯ ᠤᠨ ᠦᠶᠯᠡᠴᠢᠯᠡᠭᠡᠨ ᠤ 《 ᠨᠢᠭᠡ ᠰᠦᠯᠵᠢᠶ᠎ᠡ ᠨᠢᠭᠡ ᠡᠭᠦᠳᠡ ᠨᠢᠭᠡ ᠴᠣᠩᠬᠤᠪᠴᠢ 》 ᠶᠢᠨ | ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ 《 ᠳᠤᠲᠠᠭᠳᠠᠯ ᠢ ᠠᠭᠤᠴᠢᠯᠠᠨ ᠭᠥᠯᠢᠶᠡᠨ ᠠᠪᠴᠤ ᠰᠢᠶᠳᠪᠦᠷᠢᠯᠡᠬᠦ | + ᠠᠮᠠᠯᠠᠯᠲᠠ ᠶᠢᠨ ᠲᠦᠷᠢᠮ 》 ᠤᠨ ᠭᠦᠶᠴᠡᠳᠬᠡᠬᠦ ᠵᠠᠭᠪᠤᠷ ᠢ ᠬᠡᠷᠡᠭᠵᠢᠭᠦᠯᠦᠨ᠎ᠡ᠃ ᠬᠢᠨᠠᠨ ᠵᠥᠪᠰᠢᠶᠡᠷᠡᠬᠦ | ᠭᠤᠭᠴᠤᠭ᠎ᠠ ᠶᠢ ᠤᠯᠠᠮ ᠨᠢᠭᠡ ᠠᠯᠬᠤᠮ ᠴᠣᠮᠬᠠᠳᠬᠠᠨ᠂ ᠭᠦᠶᠴᠡᠳᠬᠡᠬᠦ ᠴᠠᠭ ᠤᠨ ᠬᠢᠵᠠᠭᠠᠷ ᠢ ᠪᠣᠭᠤᠨᠢᠰᠬᠠᠵᠤ᠂ 《 | ᠨᠢᠭᠡ ᠯᠡ ᠤᠳᠠᠭ᠎ᠠ ᠳᠤ ᠭᠦᠶᠴᠡᠳᠬᠡᠬᠦ 》᠂《 ᠲᠠᠨ ᠳᠤ ᠬᠠᠪᠰᠤᠷᠤᠨ ᠭᠦᠶᠴᠡᠳᠬᠡᠬᠦ 》 ᠵᠡᠷᠭᠡ ᠠᠵᠢᠯ ᠢ | ᠦᠷᠭᠦᠯᠵᠢᠯᠡᠨ ᠠᠬᠢᠭᠤᠯᠤᠨ᠎ᠠ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠯᠠᠪᠳᠠᠭᠤᠨ | ᠢᠶᠠᠷ ᠲᠦᠯᠬᠢᠨ ᠠᠬᠢᠭᠤᠯᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠢᠯᠭᠠᠷᠠᠭᠤᠯᠤᠨ ᠪᠠᠶᠢᠴᠠᠭᠠᠬᠤ | ᠬᠠᠮᠢᠶᠠᠷᠤᠯᠲᠠ ᠶᠢ ᠴᠢᠩᠭᠠᠳᠬᠠᠨ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠡᠵᠡᠩᠨᠡᠯᠲᠡ ᠶᠢᠨ ᠦᠷ᠎ᠡ | ᠠᠰᠢᠭ ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠠᠮᠲᠤ ᠶᠢᠨ | ᠠᠵᠤ ᠠᠬᠤᠢ ᠶᠢ ᠢᠳᠡᠪᠬᠢᠲᠡᠢ ᠪᠠᠷ ᠬᠥᠭᠵᠢᠭᠦᠯᠦᠨ᠎ᠡ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ | ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠡᠯᠡᠳᠬᠡᠮᠵᠢ ᠶᠢ ᠬᠠᠮᠢᠶᠠᠷᠴᠤ ᠬᠠᠮᠠᠭᠠᠯᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ᠬᠤᠶᠠᠷ ᠲᠤ᠂ ᠬᠠᠮᠵᠢᠯᠴᠠᠨ ᠨᠡᠭᠡᠭᠡᠯᠲᠡ ᠬᠢᠬᠦ ᠶᠢ ᠪᠦᠬᠦ ᠬᠦᠴᠦᠨ ᠢᠶᠠᠷ ᠥᠷᠭᠡᠳᠬᠡᠨ᠎ᠡ᠃《 ᠡᠮᠦᠨᠡᠲᠦ | ᠬᠤᠰᠢᠭᠤ ᠠᠴᠠ ᠪᠠᠨ ᠭᠠᠷᠴᠤ᠂ ᠡᠮᠦᠨᠡᠲᠦ ᠬᠤᠰᠢᠭᠤ ᠪᠠᠨ ᠲᠥᠯᠥᠪᠯᠡᠬᠦ 》 ᠶᠢ ᠢᠮᠠᠭᠲᠠ ᠪᠠᠷᠢᠮᠲᠠᠯᠠᠵᠤ᠂ 《 | ᠨᠢᠭᠡ ᠪᠦᠰᠡ ᠨᠢᠭᠡ ᠵᠠᠮ 》᠂ ᠵᠡᠭᠦᠨ ᠬᠤᠶᠢᠲᠤ ᠶᠢᠨ ᠠᠵᠤ ᠠᠬᠤᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ | ᠂ ᠣᠨᠴᠠᠭᠠᠶᠢᠯᠠᠨ ᠴᠠᠩᠴᠦ᠋ᠨ ᠤ ᠠᠵᠤ ᠠᠬᠤᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ | ᠠᠴᠠ ᠪᠠᠨ ᠠᠭᠤᠰᠤᠯᠴᠠᠵᠤ᠂ ᠪᠡᠭᠡᠵᠢᠩ ᠲᠢᠶᠠᠨᠵᠢᠨ ᠾᠧᠪᠧᠢ᠂ ᠪᠦᠸᠧᠬᠠᠢ ᠲᠠᠩᠭᠢᠰ ᠳᠠᠭᠠᠤ᠂ ᠬᠥᠬᠡᠮᠥ᠋ᠷᠡᠨ ᠤ | ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ | 《 ᠬᠤᠰᠢᠭᠤᠨ ᠤ ᠴᠢᠩ ᠦᠨᠡᠨᠴᠢ 》ᠦᠶᠯᠡᠴᠢᠯᠡᠭᠡ ᠪᠠᠷ ᠭᠠᠷᠳᠠᠴᠠ ᠪᠣᠯᠭᠠᠵᠤ᠂ ᠰᠧᠴᠤᠸᠠᠨ ᠳ᠋ᠧᠺᠠᠩ᠂ | ᠭᠤᠸᠠᠩᠰᠢ ᠶᠢᠨ ᠤᠣ ᠳ᠋ᠦ᠋᠂ ᠱᠠᠨᠳᠦ᠋ᠩ ᠤᠨ ᠱᠦᠶ ᠹᠠ ᠵᠡᠷᠭᠡ ᠠᠵᠤ ᠠᠬᠤᠶᠢᠯᠠᠯ ᠲᠠᠢ ᠦᠷᠭᠦᠯᠵᠢᠯᠡᠨ ᠨᠡᠪᠲᠡᠷᠡᠯᠴᠡᠨ | ᠵᠣᠯᠭᠠᠭᠤᠯᠵᠤ᠂ ᠭᠠᠵᠠᠷ ᠬᠡᠷᠡᠭᠯᠡᠬᠦ᠂ ᠠᠵᠢᠯᠴᠢᠨ ᠬᠡᠷᠡᠭᠯᠡᠬᠦ᠂ ᠪᠠᠷᠠᠭᠠᠨ ᠤ ᠭᠦᠶᠯᠭᠡᠭᠡ ᠵᠡᠷᠭᠡ ᠦᠶᠯᠡᠴᠢᠯᠡᠭᠡᠨ ᠤ | ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ ᠵᠢᠩ ᠴᠢᠤᠸᠠᠨ ᠡᠮ ᠤᠨ ᠦᠢᠯᠡᠰ ᠤᠨ ᠭᠠᠳᠠᠭᠠᠳᠤ | ᠯᠤᠭ᠎ᠠ ᠶᠢᠨ ᠲᠤᠬᠠᠶᠢᠯᠠᠭᠰᠠᠨ ᠠᠵᠢᠯ ᠢᠶᠠᠨ ᠥᠷᠭᠡᠳᠬᠡᠬᠦ ᠶᠢ ᠳᠠᠮᠵᠢᠵᠤ᠂ ᠠᠵᠤ ᠠᠬᠤᠶᠢᠯᠠᠯ ᠤᠨ 《 ᠭᠠᠷᠴᠤ | ᠶᠠᠪᠤᠬᠤ 》᠂ 《 ᠣᠷᠣᠭᠤᠯᠤᠨ ᠠᠪᠴᠢᠷᠠᠬᠤ 》 ᠠᠯᠬᠤᠴᠠ ᠶᠢ ᠲᠦᠷᠭᠡᠳᠬᠡᠨ᠎ᠡ᠃ ᠳᠤᠮᠳᠠᠳᠤ ᠮᠣᠩᠭᠤᠯ ᠤᠷᠤᠰ | ᠤᠨ ᠠᠵᠤ ᠠᠬᠤᠢ ᠶᠢᠨ ᠬᠤᠩᠬᠢᠯ ᠳᠤ ᠢᠳᠡᠪᠬᠢᠲᠡᠢ ᠠᠭᠤᠰᠤᠯᠴᠠᠵᠤ᠂ ᠳᠤᠮᠳᠠᠳᠤ ᠮᠣᠩᠭᠤᠯ ᠤᠨ ᠰᠦᠯᠵᠢᠶᠡᠨ | ᠳᠡᠭᠡᠷᠡᠬᠢ ᠲᠠᠸᠠᠷ ᠤᠨ ᠳᠡᠯᠭᠡᠨ ᠦᠵᠡᠭᠦᠯᠵᠦ ᠵᠥᠪᠳᠡᠯᠴᠡᠬᠦ ᠬᠤᠷᠠᠯ ᠢ ᠡᠷᠬᠢᠯᠡᠨ᠂ ᠳ᠋ᠢᠩ ᠴᠧᠩ ᠰᠤᠪᠤᠳ ᠡᠷᠳᠡᠨᠢ | ᠶᠢᠨ ᠭᠠᠶᠢᠯᠢ ᠪᠠᠲᠤᠯᠠᠬᠤ ᠬᠥᠮᠥᠷᠭᠡ᠂ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ | ᠠᠷᠠᠯᠵᠢᠶ᠎ᠠ ᠡᠳ᠋ᠰᠢᠭᠦᠯᠬᠦ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠭᠠᠳᠠᠭᠠᠳᠤ ᠠᠷᠠᠯᠵᠢᠶᠠᠨ ᠤ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠠᠮ ᠢ ᠥᠷᠭᠡᠳᠬᠡᠨ᠂ ᠴᠢᠬᠤᠯᠠ ᠡᠯᠧᠮᠧᠨ᠋ᠲ ᠤᠨ | ᠲᠥᠪᠯᠡᠷᠡᠭᠰᠡᠨ 《 ᠰᠣᠷᠢᠨᠵᠢᠨ ᠣᠷᠣᠨ 》᠂ ᠠᠵᠤ ᠠᠬᠤᠶᠢᠯᠠᠯ ᠤᠨ ᠬᠥᠭᠵᠢᠯᠲᠡ ᠶᠢᠨ 《 ᠰᠢᠮᠡᠳᠦ ᠬᠥᠷᠥᠰᠥ | 》᠂ ᠪᠡᠯᠡ ᠣᠷᠣᠭᠤᠯᠵᠤ ᠦᠢᠯᠡᠰ ᠡᠷᠬᠢᠯᠡᠬᠦ 《 ᠡᠷᠳᠡᠨᠢ ᠶᠢᠨ ᠣᠷᠣᠨ 》 ᠢ ᠬᠦᠴᠦᠯᠡᠨ ᠪᠠᠶᠢᠭᠤᠯᠤᠨ᠎ᠠ᠃ | ᠭᠤᠷᠪᠠ ᠳᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ 《 | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ ᠶᠠᠰᠤ ᠴᠢᠨᠠᠷ ᠢ ᠳᠡᠭᠡᠭᠰᠢᠯᠡᠭᠦᠯᠬᠦ ᠣᠨ 》 | ᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ 《 ᠵᠥᠪ ᠴᠢᠭᠯᠡᠯ ᠢᠶᠠᠷ ᠬᠢᠨᠠᠨ ᠬᠠᠮᠢᠶᠠᠷᠬᠤ 》ᠪᠠ 《 ᠬᠤᠷᠢᠭ᠎ᠠ | ᠴᠠᠭᠠᠵᠠ ᠲᠠᠢ ᠵᠦᠶᠯᠡᠰ ᠤᠨ ᠨᠠᠷᠢᠨ ᠬᠠᠭᠤᠳᠠᠰᠤ 》 ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠨᠢᠭᠡ ᠰᠦᠯᠵᠢᠶ᠎ᠡ ᠪᠠᠷ | ᠨᠢᠭᠡᠳᠦᠯᠲᠡᠶ ᠬᠠᠮᠢᠶᠠᠷᠬᠤ᠂ ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ᠂ ᠵᠠᠷᠭᠤ ᠶᠢ ᠭᠥᠯᠢᠶᠡᠨ ᠠᠪᠤᠪᠠᠯ ᠳᠠᠷᠤᠶ | ᠭᠦᠶᠴᠡᠳᠬᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃《 ᠳᠥᠷᠪᠡ ᠶᠢ ᠭᠦᠶᠴᠡᠳᠬᠡᠬᠦ 》ᠥᠭᠡᠷᠡᠴᠢᠯᠡᠯᠲᠡ | ᠶᠢᠨ ᠦᠷ᠎ᠡ ᠪᠦᠲᠦᠮᠵᠢ ᠶᠢ ᠭᠦᠨᠵᠡᠭᠡᠶᠢᠷᠡᠭᠦᠯᠵᠦ᠂《 ᠨᠢᠭᠡ ᠥᠷᠲᠡᠭᠡ ᠮᠠᠶ᠋ᠢᠭ 》 ᠤᠨ ᠦᠶᠯᠡᠴᠢᠯᠡᠭᠡᠨ ᠤ ᠴᠢᠳᠠᠮᠵᠢ | ᠶᠢ ᠪᠠᠳᠠᠷᠠᠭᠤᠯᠤᠨ᠂《 ᠨᠢᠭᠡ ᠴᠣᠭᠴᠠᠵᠢᠭᠤᠯᠬᠤ 》 ᠲᠠᠪᠴᠠᠩ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂《 | ᠪᠥᠬᠦ ᠴᠤᠪᠤᠷᠠᠯ 》 ᠢ ᠰᠦᠯᠵᠢᠶ᠎ᠡ ᠪᠠᠷ ᠬᠢᠨᠠᠨ ᠵᠥᠪᠰᠢᠶᠡᠷᠡᠬᠦ ᠶᠢ ᠠᠬᠢᠭᠤᠯᠤᠨ᠂ ᠰᠦᠯᠵᠢᠶ᠎ᠡ ᠪᠠᠷ ᠭᠦᠶᠴᠡᠳᠬᠡᠬᠦ | ᠨᠣᠷᠮ᠎ᠠ ᠶᠢ 90 % ᠠᠴᠠ ᠳᠡᠭᠡᠭᠰᠢ ᠳᠤ ᠬᠦᠷᠦᠭᠦᠯᠦᠨ᠎ᠡ᠃ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ | ᠬᠠᠮᠲᠤᠷᠠᠭᠰᠠᠨ ᠬᠤᠷᠠᠯ ᠤᠨ ᠲᠦᠷᠢᠮ ᠢ ᠪᠦᠷᠢᠨᠰᠢᠬᠦᠯᠵᠦ᠂ 《 ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ | ᠪᠣᠳᠣᠯᠭ᠎ᠠ ᠲᠣᠭᠲᠠᠭᠠᠬᠤ 》 ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠤᠳᠤᠷᠢᠳᠤᠯᠭ᠎ᠠ | ᠳᠠᠭᠠᠭᠠᠴᠢᠯᠠᠨ ᠬᠤᠯᠪᠣᠭᠠᠯᠠᠬᠤ᠂ ᠲᠤᠰᠬᠠᠶ ᠠᠩᠭᠢ ᠪᠠᠷ ᠠᠬᠢᠭᠤᠯᠬᠤ᠂ ᠬᠤᠭᠤᠴᠠᠭ᠎ᠠ ᠬᠢᠵᠠᠭᠠᠷᠯᠠᠨ ᠭᠦᠶᠴᠡᠳᠬᠡᠵᠦ | ᠳᠠᠭᠤᠰᠬᠠᠬᠤ ᠵᠡᠷᠭᠡ ᠦᠶᠯᠡᠴᠢᠯᠡᠭᠡ ᠶᠢ ᠪᠠᠶᠢᠩᠭᠤ ᠬᠠᠩᠭᠠᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠡᠯ᠎ᠡ | ᠵᠦᠶᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠲᠥᠷᠥ ᠶᠢᠨ ᠪᠣᠳᠣᠯᠭ᠎ᠠ ᠪᠠᠷ ᠬᠠᠮᠤᠭ ᠤᠨ | ᠰᠢᠯᠢᠳᠡᠭ᠂ ᠥᠪᠡᠷ ᠤᠨ ᠥᠷᠲᠡᠭ ᠢᠶᠠᠷ ᠬᠠᠮᠤᠭ ᠤᠨ ᠳᠣᠤᠷ᠎ᠠ᠂ ᠦᠶᠯᠡᠴᠢᠯᠡᠭᠡ ᠪᠠᠷ ᠬᠠᠮᠤᠭ ᠤᠨ ᠰᠠᠶᠢᠨ᠂ ᠠᠵᠢᠯ | ᠬᠡᠷᠡᠭ ᠭᠦᠶᠴᠡᠳᠬᠡᠬᠦ ᠪᠠᠷ ᠬᠠᠮᠤᠭ ᠤᠨ ᠲᠦᠷᠭᠡᠨ 《 ᠳᠥᠷᠪᠡᠨ ᠬᠠᠮᠤᠭ ᠤᠨ ᠰᠠᠶᠢᠨ 》 ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠵᠤ᠂ ᠬᠢᠨᠠᠨ ᠵᠥᠪᠰᠢᠶᠡᠷᠡᠬᠦ ᠳᠤᠮᠳᠠᠴᠢ ᠴᠠᠭ ᠢ 70 % ᠪᠠᠷ | ᠪᠠᠭᠠᠰᠬᠠᠵᠤ᠂ 《 ᠡᠮᠦᠨᠡᠲᠦ ᠬᠤᠰᠢᠭᠤᠨ ᠤ ᠬᠤᠷᠳᠤᠴᠠ 》 ᠪᠠᠷ 《 ᠡᠮᠦᠨᠡᠲᠦ ᠬᠤᠰᠢᠭᠤᠨ ᠤ ᠳᠤᠯᠠᠭᠠᠨ ᠤ | ᠬᠡᠮᠵᠢᠶ᠎ᠡ 》 ᠶᠢ ᠪᠠᠳᠠᠷᠠᠭᠤᠯᠤᠨ᠎ᠠ᠃ | ( ᠶᠢᠰᠦ ) ᠲᠥᠪ ᠬᠤᠷᠢᠶ᠎ᠠ ᠶᠢᠨ ᠠᠯᠪᠠᠨ ᠲᠢᠩᠬᠢᠮ ᠤᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ | ᠲᠠᠯ᠎ᠠ ᠪᠠᠷ ᠰᠢᠨ᠎ᠡ ᠲᠣᠭᠲᠠᠴᠠ ᠶᠢ ᠬᠦᠴᠦᠯᠡᠨ ᠪᠠᠶᠢᠭᠤᠯᠤᠨ᠎ᠠ᠃ | ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠪᠣᠯ 《 ᠬᠤᠶᠠᠷ ᠢ ᠬᠠᠮᠠᠭᠠᠯᠠᠬᠤ 》 ᠶᠢ | ᠦᠶᠯᠡᠳᠦᠯᠭᠡᠵᠢᠭᠦᠯᠬᠦ ᠴᠢᠬᠤᠯᠠ ᠰᠢᠯᠭᠠᠯᠲᠠ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ᠂ | ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ | ᠠᠷᠭ᠎ᠠ ᠬᠡᠮᠵᠢᠶ᠎ᠡ ᠮᠥᠨ ᠃ | ᠨᠢᠭᠡ ᠳᠤ᠂ ᠵᠣᠭᠰᠣᠴᠠ ᠪᠠᠨ ᠳᠡᠭᠡᠭᠰᠢᠯᠡᠭᠦᠯᠵᠦ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠬᠡᠷᠡᠭᠲᠡᠶ᠃ | ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠶ ᠠᠳᠬᠤᠵᠤ᠂ ᠬᠠᠷᠢᠭᠤᠴᠠᠯᠭ᠎ᠠ ᠶᠢ ᠴᠢᠩᠭᠠᠳᠬᠠᠨ | ᠪᠣᠳᠠᠲᠠᠶᠢᠵᠢᠭᠤᠯᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ ᠦᠨᠡᠨ ᠬᠦ ᠪᠣᠳᠠᠲᠠᠶ ᠬᠡᠷᠡᠭᠯᠡᠬᠦ | ᠰᠤᠷᠲᠠᠯ᠂ ᠴᠢᠩᠭ᠎ᠠ ᠶᠣᠰᠣ ᠲᠦᠷᠢᠮ᠂ ᠴᠢᠩᠭ᠎ᠠ ᠰᠠᠬᠢᠯᠭ᠎ᠠ ᠪᠠᠲᠤ ᠪᠠᠷ ᠲᠥᠪ ᠤᠨ ᠠᠯᠪᠠᠨ ᠬᠡᠷ ᠤᠨ ᠱᠠᠯᠠᠪᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠣᠳᠠᠲᠤ ᠠᠮᠵᠢᠯᠲᠠ | ᠪᠦᠲᠦᠮᠵᠢ ᠶᠢ ᠪᠠᠲᠤᠯᠠᠨ᠎ᠠ᠃ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠬᠤ᠂ ᠰᠠᠨᠠᠭᠠᠴᠢᠯᠠᠭ᠎ᠠ ᠠᠴᠠ ᠪᠠᠨ | ᠬᠠᠷᠢᠭᠤᠴᠠᠯᠭ᠎ᠠ ᠡᠭᠦᠷᠭᠡᠯᠡᠬᠦ᠂ ᠰᠠᠨᠠᠭᠠᠴᠢᠯᠠᠭ᠎ᠠ ᠠᠴᠠ ᠪᠠᠨ ᠴᠡᠭᠴᠡᠯᠡᠨ ᠰᠠᠶᠢᠵᠢᠷᠠᠭᠤᠯᠬᠤ᠂ ᠰᠠᠨᠠᠭᠠᠴᠢᠯᠠᠭ᠎ᠠ ᠠᠴᠠ ᠪᠠᠨ | ᠵᠣᠬᠢᠴᠠᠭᠤᠯᠬᠤ᠂ ᠰᠠᠨᠠᠭᠠᠴᠢᠯᠠᠭ᠎ᠠ ᠠᠴᠠ ᠪᠠᠨ ᠬᠠᠷᠢᠭᠤ ᠲᠤᠰᠬᠠᠬᠤ ᠶᠢ ᠢᠮᠠᠭᠲᠠ ᠪᠠᠷᠢᠮᠲᠠᠯᠠᠵᠤ᠂ ᠰᠤᠯᠠᠷᠠᠭᠤᠯᠬᠤ | ᠦᠭᠡᠢ᠂ ᠲᠦᠯᠬᠢᠯᠴᠡᠬᠦ ᠦᠭᠡᠢ᠂ ᠠᠯᠪᠠ ᠬᠠᠰᠢᠬᠤ ᠦᠭᠡᠢ᠂ ᠭᠤᠷᠢᠳᠠᠬᠤ ᠦᠭᠡᠢ᠂ ᠳᠠᠬᠢᠨ ᠰᠡᠷᠭᠦᠬᠦ ᠦᠭᠡᠢ ᠪᠠᠶᠢᠬᠤ | ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠪᠠᠷᠢᠮᠵᠢᠶᠠᠯᠠᠨ ᠬᠠᠷᠭᠤᠭᠤᠯᠵᠤ ᠨᠠᠷᠢᠨ ᠬᠢᠨᠠᠮᠠᠭᠠᠶ ᠭᠦᠶᠴᠡᠳᠬᠡᠬᠦ᠂ ᠲᠦᠷᠢᠮ | ᠲᠣᠭᠲᠠᠭᠠᠯ ᠲᠣᠭᠲᠠᠭᠠᠨ ᠵᠢᠷᠤᠮᠵᠢᠭᠤᠯᠤᠨ ᠭᠦᠶᠴᠡᠳᠬᠡᠬᠦ᠂ ᠴᠠᠭ ᠤᠨ ᠬᠢᠵᠠᠭᠠᠷ ᠢ ᠬᠢᠵᠠᠭᠠᠷᠯᠠᠨ ᠴᠠᠭ ᠢᠮᠠᠭᠲᠠ | ᠲᠣᠬᠢᠷᠠᠭᠤᠯᠤᠨ ᠭᠦᠶᠴᠡᠳᠬᠡᠬᠦ᠂ ᠵᠠᠷᠴᠢᠮ ᠢ ᠪᠠᠷᠢᠮᠲᠠᠯᠠᠵᠤ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠠᠷᠭ᠎ᠠ ᠶᠢ | ᠦᠨᠳᠦᠰᠦᠯᠡᠨ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠬᠠᠷᠢᠭᠤᠴᠠᠯᠭ᠎ᠠ ᠶᠢ ᠲᠣᠳᠣᠷᠬᠠᠶᠢᠯᠠᠨ᠂ | ᠡᠭᠦᠷᠭᠡ ᠶᠢ ᠬᠤᠪᠢᠶᠠᠷᠢᠯᠠᠵᠤ᠂ ᠳᠠᠷᠤᠯᠲᠠ ᠶᠢ ᠳᠠᠮᠵᠢᠭᠤᠯᠤᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ | ᠲᠡᠷᠡ ᠬᠡᠪ ᠢᠶᠠᠷ ᠨᠢ ᠰᠠᠶᠢᠲᠤᠷ ᠠᠳᠬᠤᠨ᠎ᠠ᠃ | ᠬᠤᠶᠠᠷ ᠲᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠬᠡᠷᠡᠭᠲᠡᠶ᠃ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ | ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ | ᠠᠮᠢ ᠠᠬᠤᠢ ᠣᠷᠴᠢᠨ ᠲᠣᠭᠤᠷᠢᠨ ᠤ ᠳᠤᠲᠠᠭᠤᠳᠠᠯ ᠢ ᠨᠥᠬᠦᠪᠥᠷᠢᠯᠡᠵᠦ᠂ ᠡᠭᠡ ᠤᠯᠤᠰ ᠤᠨ ᠤᠮᠠᠷᠠᠲᠤ ᠶᠢᠨ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ 《 1 + 4 + 2 ᠤᠨ | ᠴᠡᠭᠴᠡᠯᠡᠨ ᠰᠠᠶᠢᠵᠢᠷᠠᠭᠤᠯᠬᠤ ᠲᠥᠰᠦᠯ 》ᠶᠣᠰᠣᠭᠠᠷ᠂《 ᠴᠡᠭᠴᠡᠯᠡᠨ ᠰᠠᠶᠢᠵᠢᠷᠠᠭᠤᠯᠬᠤ 》 ᠶᠢ ᠪᠥᠬᠦ ᠶᠠᠪᠤᠴᠠ | ᠳᠤ ᠲᠤᠭᠤᠰᠢᠯᠠᠭᠤᠯᠵᠤ᠂《 ᠪᠣᠳᠠᠲᠠᠶᠢᠵᠢᠭᠤᠯᠬᠤ 》 ᠪᠠᠷ ᠭᠤᠤᠯᠳᠠᠯᠭ᠎ᠠ ᠪᠣᠯᠭᠠᠵᠤ᠂ ᠪᠠᠭᠠᠲᠤᠷᠯᠢᠭ ᠰᠥᠰᠦ | ᠵᠣᠷᠢᠭ᠂ ᠶᠠᠰᠤ ᠶᠢ ᠨᠢ ᠬᠤᠰᠤᠵᠤ ᠬᠤᠤᠷ ᠢ ᠨᠢ ᠠᠷᠢᠯᠭᠠᠬᠤ ᠡᠷᠡᠰ ᠵᠣᠷᠢᠭ ᠢᠶᠠᠷ᠂ ᠴᠡᠭᠴᠡᠯᠡᠨ ᠰᠠᠶᠢᠵᠢᠷᠠᠭᠤᠯᠬᠤ | ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠬᠡᠮ ᠰᠣᠭᠤᠭ ᠢ | ᠣᠷᠬᠢᠭᠳᠠᠭᠤᠯᠬᠤ ᠥᠬᠡᠶ᠂ ᠥᠨᠴᠥᠭ ᠪᠤᠯᠤᠩ ᠦᠯᠡᠳᠡᠭᠡᠬᠦ ᠥᠬᠡᠶ᠂ 《 ᠠᠵᠢᠯ ᠤᠨ ᠬᠤᠭᠤᠴᠠᠭ᠎ᠠ 》 ᠶᠢ | ᠬᠤᠶᠢᠰᠢᠯᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠨ | ᠪᠠᠶᠢᠴᠠᠭᠠᠵᠤ ᠰᠠᠬᠢᠯᠭ᠎ᠠ ᠪᠠᠲᠤ ᠬᠡᠷᠡᠭᠵᠢᠭᠦᠯᠬᠦ ᠲᠠᠢ ᠵᠡᠷᠭᠡ ᠪᠠᠷ ᠶᠠᠪᠤᠭᠳᠠᠭᠤᠯᠬᠤ ᠶᠢ ᠪᠠᠷᠢᠮᠲᠠᠯᠠᠵᠤ᠂ ᠪᠠᠷᠢᠨ | ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠲᠦᠷᠭᠡᠨ ᠪᠥᠭᠡᠳ ᠴᠢᠩᠭ᠎ᠠ ᠪᠣᠳᠠᠲᠠᠶ ᠬᠢᠵᠦ᠂ ᠴᠡᠭᠴᠡᠯᠡᠨ | ᠰᠠᠶᠢᠵᠢᠷᠠᠭᠤᠯᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠭᠤᠷᠪᠠ ᠳᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ | ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠥᠩᠭᠡᠨ ᠲᠠᠯ᠎ᠠ ᠪᠠ ᠦᠨᠳᠦᠰᠦ | ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠵᠣᠬᠢᠶᠠᠨ | ᠪᠠᠶᠢᠭᠤᠯᠤᠯᠲᠠ ᠶᠢ ᠰᠤᠯᠠᠷᠠᠭᠤᠯᠬᠤ ᠥᠬᠡᠶ᠂ ᠲᠣᠭᠲᠠᠴᠠ ᠶᠢ ᠬᠤᠪᠢᠷᠠᠭᠤᠯᠬᠤ ᠥᠬᠡᠶ᠂ ᠡᠷᠴᠢᠮ ᠢ ᠰᠤᠯᠠᠷᠠᠭᠤᠯᠬᠤ | ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ | ᠬᠡᠪᠴᠢᠶᠡᠵᠢᠭᠦᠯᠦᠨ ᠬᠠᠮᠢᠶᠠᠷᠤᠨ ᠡᠵᠡᠮᠳᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ᠂ ᠲᠤᠬᠠᠶ ᠶᠢᠨ | ᠭᠠᠵᠠᠷ ᠲᠤᠨᠢ ᠱᠠᠯᠠᠪᠳᠠᠭᠤᠯᠤᠨ ᠵᠢᠯᠣᠭᠤᠳᠬᠤ᠂ ᠪᠣᠯᠵᠣᠨ ᠶᠠᠷᠢᠯᠴᠠᠬᠤ ᠶᠢ ᠱᠠᠯᠠᠪᠳᠠᠭᠤᠯᠤᠨ ᠭᠦᠶᠴᠡᠳᠬᠡᠬᠦ᠂ | ᠰᠢᠯᠭᠠᠨ ᠠᠪᠴᠤ ᠳ᠋ᠤᠭᠠᠷ ᠬᠠᠰᠤᠬᠤ ᠵᠡᠷᠭᠡ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠬᠠᠷᠢᠭᠤᠴᠠᠯᠭ᠎ᠠ ᠡᠭᠦᠷᠭᠡᠯᠡᠬᠦ | ᠶᠢ ᠴᠢᠩᠭᠠᠳᠬᠠᠵᠤ᠂ ᠭᠤᠤᠯ ᠤᠳᠤᠷᠢᠳᠤᠯᠭ᠎ᠠ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠬᠦ᠂ ᠬᠤᠪᠢᠳᠠᠨ ᠬᠠᠮᠢᠶᠠᠷᠬᠤ | ᠤᠳᠤᠷᠢᠳᠤᠯᠭ᠎ᠠ ᠵᠣᠬᠢᠴᠠᠭᠤᠯᠬᠤ ᠶᠢ ᠠᠳᠬᠤᠬᠤ᠂ ᠬᠠᠷᠢᠭᠤᠴᠠᠬᠤ ᠰᠠᠯᠠᠭ᠎ᠠ ᠮᠥᠴᠢᠷ ᠪᠣᠳᠠᠲᠠᠶ ᠶᠢ ᠠᠳᠬᠤᠬᠤ ᠠᠵᠢᠯ | ᠤᠨ ᠪᠠᠶᠢᠷᠢᠰᠢᠯ ᠢ ᠤᠯᠠᠮ ᠨᠢᠭᠡ ᠠᠯᠬᠤᠮ ᠪᠦᠷᠢᠯᠳᠦᠭᠦᠯᠵᠦ᠂ ᠳᠡᠭᠡᠳᠦ ᠳᠣᠤᠷᠠᠳᠤ ᠱᠠᠲᠤ ᠬᠠᠮᠲᠤᠷᠠᠨ ᠬᠥᠳᠡᠯᠦᠯᠴᠡᠬᠦ᠂ | ᠵᠡᠭᠦᠨ ᠪᠠᠷᠠᠭᠤᠨ ᠵᠣᠬᠢᠴᠠᠭᠤᠯᠬᠤ᠂ ᠡᠮᠦᠨ᠎ᠡ ᠬᠤᠶᠢᠨᠠᠬᠢ ᠶᠢ ᠵᠣᠯᠭᠠᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ | ᠪᠦᠷᠢᠯᠳᠦᠭᠦᠯᠦᠨ᠎ᠡ᠃ ᠮᠠᠨᠵᠤ ᠦᠨᠳᠦᠰᠦᠲᠡᠨ ᠤ ᠠᠶᠢᠯ ᠲᠣᠰᠬᠤᠨ ᠤ ᠬᠠᠤᠯᠢ ᠪᠤᠰᠤ ᠪᠠᠷ ᠨᠤᠲᠤᠭ ᠪᠡᠯᠴᠢᠭᠡᠷ ᠢᠶᠠᠨ | ᠬᠠᠭᠠᠯᠪᠤᠷᠢᠯᠠᠭᠰᠠᠨ ᠬᠡᠷᠡᠭ ᠠᠴᠠ ᠭᠦᠨᠵᠡᠭᠡᠶ ᠰᠤᠷᠭᠠᠮᠵᠢ ᠠᠪᠴᠤ᠂ ᠬᠠᠮᠠᠭᠠᠯᠠᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠲᠤᠰᠬᠠᠶ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠠᠮᠢ ᠠᠬᠤᠶ ᠶᠢᠨ | ᠰᠢᠰᠲ᠋ᠧᠮ ᠢ ᠵᠠᠰᠠᠨ ᠰᠡᠷᠭᠦᠭᠡᠬᠦ ᠶᠢ ᠲᠦᠷᠭᠡᠳᠬᠡᠨ ᠬᠡᠷᠡᠭᠵᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ | ᠬᠠᠮᠠᠭᠠᠯᠠᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠦᠵᠡᠰᠬᠦᠯᠡᠩᠲᠦ ᠰᠠᠶᠢᠬᠠᠨ ᠥᠩ ᠦᠵᠡᠮᠵᠢ ᠶᠢ ᠡᠭᠦᠷᠢᠳᠡ ᠪᠠᠶᠢᠭᠤᠯᠵᠤ᠂ ᠬᠥᠬᠡᠮᠳᠦᠭ ᠨᠣᠭᠤᠭᠠᠨ | ᠠᠭᠤᠯᠠ ᠤᠰᠤ ᠲᠠᠢ ᠪᠣᠯᠭᠠᠬᠤ ᠬᠡᠷᠡᠭᠲᠡᠶ᠃ | ᠳᠥᠷᠪᠡ ᠳᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠵᠠᠰᠠᠭ ᠤᠨ ᠣᠷᠳᠣᠨ ᠢ ᠪᠦᠬᠦ ᠲᠠᠯ᠎ᠠ ᠪᠠᠷ | ᠪᠠᠶᠢᠭᠤᠯᠤᠨ᠎ᠠ᠃ ᠠᠷᠠᠳ ᠲᠦᠮᠡᠨ ᠤ ᠬᠦᠰᠡᠯ ᠡᠷᠡᠮᠡᠯᠵᠡᠯ ᠪᠣᠯ ᠵᠠᠰᠠᠭ ᠲᠦᠷᠦ ᠶᠢᠨ ᠴᠢᠭᠯᠡᠯ ᠮᠥᠨ᠃ ᠪᠢᠳᠡ | ᠢᠮᠠᠭᠲᠠ ᠬᠢᠨᠠᠭᠤᠷ ᠪᠣᠯᠭᠤᠮᠵᠢᠲᠠᠢ ᠪᠠᠶᠢᠬᠤ ᠤᠬᠠᠮᠰᠠᠷ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠠᠶᠤᠯ | ᠲᠦᠭᠰᠢᠭᠦᠷᠢ ᠶᠢ ᠠᠵᠠ ᠲᠣᠬᠢᠶᠠᠯ ᠪᠣᠯᠭᠠᠬᠤ ᠢᠲᠡᠭᠡᠯ ᠵᠣᠷᠢᠭ᠂ ᠵᠣᠷᠢᠭᠲᠠᠢ ᠰᠡᠳᠬᠢᠵᠦ ᠵᠣᠷᠢᠭᠲᠠᠢ ᠬᠢᠬᠦ ᠰᠥᠰᠥ | ᠵᠣᠷᠢᠭ᠂ ᠰᠢᠨ᠎ᠡ ᠶᠢ ᠡᠭᠦᠳᠴᠦ ᠪᠠᠲᠤᠲᠠᠢ ᠬᠢᠬᠦ ᠡᠭᠦᠷᠭᠡᠯᠡᠯ ᠢᠶᠠᠨ ᠤᠯᠠᠮ ᠨᠢᠭᠡ ᠠᠯᠬᠤᠮ ᠪᠠᠲᠤᠳᠬᠠᠵᠤ᠂ 《 | ᠠᠵᠢᠯᠴᠢ᠂ ᠴᠢᠩᠭ᠎ᠠ᠂ ᠲᠦᠷᠭᠡᠨ᠂ ᠪᠣᠳᠠᠲᠠᠢ᠂ ᠨᠠᠷᠢᠯᠢᠭ᠂ ᠠᠷᠢᠭᠤᠨ ᠴᠢᠬᠡᠴᠢ 》 ᠠᠵᠢᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠪᠦᠬᠦ ᠬᠦᠴᠦᠨ ᠢᠶᠠᠷ | ᠢᠶᠠᠨ ᠪᠠᠶᠢᠭᠤᠯᠬᠤ ᠬᠡᠷᠡᠭᠲᠡᠢ᠃ | ᠨᠢᠭᠡ ᠳᠤ᠂ ᠨᠠᠮ ᠤᠨ ᠤᠳᠤᠷᠢᠳᠤᠯᠭ᠎ᠠ ᠳᠣᠣᠷ᠎ᠠ ᠦᠨᠡᠨᠴᠢ ᠰᠢᠳᠤᠷᠭᠤ ᠪᠠᠷ ᠵᠠᠰᠠᠭ ᠶᠠᠪᠤᠭᠤᠯᠬᠤ ᠶᠢ | ᠪᠠᠷᠢᠮᠲᠠᠯᠠᠬᠤ ᠬᠡᠷᠡᠭᠲᠡᠢ᠃ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ | ᠠᠬᠢᠭᠤᠯᠤᠨ᠎ᠠ᠃ ᠰᠢᠨ᠎ᠡ ᠬᠥᠭᠵᠢᠯᠲᠡ ᠶᠢᠨ ᠱᠠᠲᠤᠨ ᠳᠤ ᠣᠷᠣᠬᠤ ᠳᠤ ᠲᠤᠯᠭᠠᠷᠠᠵᠤ ᠪᠠᠶᠢᠭ᠎ᠠ ᠠᠵᠠ ᠲᠣᠬᠢᠶᠠᠯ | ᠪᠣᠯᠤᠨ ᠥᠷᠢᠰᠥᠯᠳᠦᠭᠡᠨ ᠢ ᠭᠦᠨᠵᠡᠭᠡᠢ ᠲᠠᠨᠢᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ | ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠪᠦᠬᠦ ᠬᠦᠴᠦ | ᠪᠠᠷ ᠢᠶᠠᠨ ᠠᠭᠤᠰᠤᠯᠴᠠᠬᠤ ᠬᠡᠷᠡᠭᠲᠡᠢ ᠃ ᠠᠷᠠᠳ ᠲᠦᠮᠡᠨ ᠢ ᠰᠡᠳᠬᠢᠯ ᠳᠡᠭᠡᠨ ᠪᠤᠳᠤᠵᠤ᠂ 《 ᠦᠨᠳᠦᠰᠦᠨ | ᠵᠣᠷᠢᠯᠲᠠ 》 ᠶᠢ ᠰᠡᠳᠬᠢᠯ ᠳᠡᠭᠡᠨ ᠪᠤᠳᠤᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ᠵᠠᠰᠠᠭ ᠤᠨ ᠣᠷᠳᠣᠨ | ᠤ ᠠᠵᠢᠯᠲᠠᠨ ᠤ ᠦᠵᠡᠯ ᠰᠠᠨᠠᠭᠠᠨ ᠤ ᠳᠠᠪᠲᠠᠯᠲᠠ᠂ ᠤᠯᠤᠰ ᠲᠥᠷᠥ ᠶᠢᠨ ᠳᠠᠪᠲᠠᠯᠲᠠ᠂ ᠦᠶᠯᠡᠳᠦᠯᠭᠡ ᠶᠢᠨ | ᠳᠠᠪᠲᠠᠯᠲᠠ᠂ ᠲᠤᠰᠬᠠᠶ ᠮᠡᠷᠭᠡᠵᠢᠯ ᠤᠨ ᠪᠣᠯᠪᠠᠰᠤᠷᠠᠯ ᠢ ᠲᠠᠰᠤᠷᠠᠯᠲᠠ ᠥᠬᠡᠶ ᠴᠢᠩᠭᠠᠳᠬᠠᠵᠤ᠂ 《 ᠤᠯᠤᠰ ᠲᠥᠷᠥ | ᠶᠢᠨ ᠭᠤᠷᠪᠠᠨ ᠴᠢᠳᠠᠪᠤᠷᠢ 》᠂ 《 ᠲᠤᠯᠤᠭᠠᠨ ᠵᠦᠶᠯ ᠤᠨ ᠴᠢᠳᠠᠪᠤᠷᠢ 》᠂ 《 ᠨᠠᠶᠮᠠᠨ ᠵᠦᠶᠯ ᠤᠨ ᠴᠢᠳᠠᠪᠤᠷᠢ | 》 ᠶᠢ ᠳᠡᠭᠡᠭᠰᠢᠯᠡᠭᠦᠯᠦᠨ᠂ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ | ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠦᠨᠡᠨ ᠪᠣᠳᠠᠲᠠᠶ ᠠᠵᠢᠯ ᠤᠨ | ᠠᠮᠵᠢᠯᠲᠠ ᠪᠠᠷ ᠢᠶᠠᠨ 《 ᠬᠤᠶᠠᠷ ᠢ ᠬᠠᠮᠠᠭᠠᠯᠠᠬᠤ 》 ᠶᠢ ᠦᠶᠯᠡᠳᠦᠯᠭᠡᠵᠢᠭᠦᠯᠦᠨ᠎ᠡ᠃ | ᠬᠤᠶᠠᠷ ᠲᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠤᠮᠳᠠ ᠠᠷᠢᠭᠤᠨ ᠴᠢᠬᠡᠴᠢ | ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠰᠠᠬᠢᠯᠭ᠎ᠠ ᠪᠠᠲᠤ ᠶᠣᠰᠣ ᠲᠦᠷᠢᠮ ᠢ ᠴᠠᠭ ᠢᠮᠠᠭᠲᠠ ᠲᠡᠷᠢᠭᠦᠨ ᠳᠤ | ᠲᠠᠯᠪᠢᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ | ᠶᠢ ᠴᠢᠩᠭ᠎ᠠ ᠨᠠᠶᠢᠳᠠᠪᠤᠷᠢᠵᠢᠭᠤᠯᠵᠤ᠂ ᠠᠯᠪᠠᠨ ᠤ ᠵᠣᠭᠤᠰ ᠢ ᠪᠦᠷᠢᠯᠭᠡᠨ ᠰᠦᠢᠳᠬᠡᠬᠦ᠂ ᠢᠳᠡᠭᠡᠨ ᠤᠮᠳᠠᠭᠠᠨ ᠢ | ᠪᠦᠷᠢᠯᠭᠡᠨ ᠰᠦᠢᠳᠬᠡᠬᠦ ᠦᠵᠡᠭᠳᠡᠯ ᠢ ᠡᠷᠡᠰ ᠴᠠᠭᠠᠵᠠᠯᠠᠵᠤ᠂ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ᠂ | ᠪᠦᠷᠢᠯᠭᠡᠨ ᠰᠦᠢᠳᠬᠡᠬᠦ ᠶᠢ ᠡᠰᠡᠷᠭᠦᠴᠡᠬᠦ ᠶᠢ ᠬᠡᠪ ᠵᠠᠩᠰᠢᠯ ᠪᠣᠯᠭᠠᠬᠤ ᠬᠡᠷᠡᠭᠲᠡᠢ᠃ ᠲᠦᠷᠢᠮ ᠢᠶᠠᠷ ᠡᠷᠬᠡ ᠶᠢ | ᠬᠠᠮᠢᠶᠠᠷᠬᠤ ᠬᠡᠷᠡᠭ ᠶᠠᠪᠤᠳᠠᠯ ᠢ ᠬᠠᠮᠢᠶᠠᠷᠬᠤ ᠬᠥᠮᠦᠨ ᠢ ᠬᠠᠮᠢᠶᠠᠷᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ | ᠴᠢᠨᠠᠷᠲᠠᠢ ᠪᠡᠯᠡ ᠣᠷᠣᠭᠤᠯᠤᠯᠲᠠ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠵᠡᠷᠭᠡ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠪᠠ ᠬᠢᠨᠠᠨ ᠪᠤᠳᠤᠬᠤ ᠬᠢᠨᠠᠯᠲᠠ ᠶᠢ | ᠴᠢᠩᠭᠠᠳᠬᠠᠨ᠎ᠠ᠃ ᠡᠳ᠋ ᠤᠨ ᠵᠠᠰᠠᠭ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠲᠥᠰᠦᠪ ᠤᠨ ᠬᠢᠵᠠᠭᠠᠷᠯᠠᠯ ᠢ ᠴᠢᠩᠭᠠᠳᠬᠠᠵᠤ᠂ ᠲᠥᠰᠦᠪ ᠦᠭᠡᠢ ᠪᠤᠶᠤ ᠲᠥᠰᠦᠪ ᠠᠴᠠ ᠳᠠᠪᠠᠭᠰᠠᠨ ᠵᠠᠷᠤᠯᠭ᠎ᠠ ᠶᠢ | ᠡᠷᠡᠰ ᠬᠤᠷᠢᠭᠯᠠᠨ᠎ᠠ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠠᠵᠢᠯᠴᠢ ᠠᠷᠪᠢᠴᠢ ᠪᠠᠷ | ᠠᠯᠢᠪᠠ ᠶᠠᠪᠤᠳᠠᠯ ᠢ ᠰᠢᠢᠳᠪᠦᠷᠢᠯᠡᠬᠦ ᠶᠢ ᠪᠠᠷᠢᠮᠲᠠᠯᠠᠨ᠂ ᠡᠩ ᠤᠨ ᠴᠢᠨᠠᠷᠲᠠᠢ ᠵᠠᠷᠤᠯᠭ᠎ᠠ ᠶᠢ ᠶᠡᠭᠡ ᠪᠠᠷ ᠪᠠᠭᠠᠰᠬᠠᠵᠤ᠂ | ᠬᠢᠵᠠᠭᠠᠷ ᠲᠠᠢ ᠡᠳ᠋ ᠤᠨ ᠬᠦᠴᠦᠨ ᠢᠶᠠᠨ ᠠᠷᠠᠳ ᠤᠨ ᠠᠮᠢᠳᠤᠷᠠᠯ ᠢ ᠪᠠᠲᠤᠯᠠᠬᠤ᠂ ᠳᠤᠲᠠᠭᠤᠳᠠᠯ ᠢ ᠨᠥᠬᠦᠪᠥᠷᠢᠯᠡᠬᠦ᠂ | ᠰᠡᠯᠭᠦᠬᠦ ᠬᠦᠴᠦᠨ ᠢ ᠨᠡᠮᠡᠭᠳᠡᠭᠦᠯᠬᠦ ᠳᠡᠭᠡᠷ᠎ᠡ ᠬᠡᠷᠡᠭᠯᠡᠵᠦ᠂ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠨ ᠠᠷᠢᠭᠤᠨ | ᠴᠢᠬᠡᠴᠢ ᠪᠠᠶᠢᠬᠤ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠨ᠎ᠠ᠃ | ᠭᠤᠷᠪᠠ ᠳᠤ᠂ ᠬᠠᠤᠯᠢ ᠪᠠᠷ ᠵᠠᠰᠠᠬᠤ ᠵᠠᠮ ᠢᠶᠠᠷ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ | ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠂ ᠶᠣᠰᠣ ᠳᠦᠷᠢᠮ ᠤᠨ ᠦᠵᠡᠯ ᠤᠬᠠᠮᠰᠠᠷ ᠢ | ᠴᠢᠩᠭᠠᠷᠠᠭᠤᠯᠵᠤ᠂ ᠬᠠᠤᠯᠢ ᠪᠠᠷ ᠵᠠᠰᠠᠬᠤ ᠣᠨᠣᠯᠵᠢᠬᠤᠨ ᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ | ᠲᠤᠤᠱᠯᠠᠭᠤᠯᠤᠨ᠂ ᠵᠠᠰᠠᠭ ᠤᠨ ᠣᠷᠳᠣᠨ ᠤ ᠬᠠᠮᠲᠤ ᠪᠠᠷ ᠬᠠᠤᠯᠢ ᠰᠤᠷᠬᠤ ᠳᠦᠷᠢᠮ ᠪᠣᠯᠤᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ 《 ᠭᠤᠷᠪᠠᠨ ᠵᠦᠢᠯ ᠤᠨ ᠳᠦᠷᠢᠮ 》 ᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠠᠰᠠᠭ ᠤᠨ | ᠣᠷᠳᠣᠨ ᠤ ᠰᠢᠰᠲ᠋ᠧᠮ ᠤᠨ ᠠᠵᠢᠯᠲᠠᠳ ᠤᠨ ᠬᠠᠤᠯᠢ ᠶᠣᠰᠣᠭᠠᠷ ᠲᠥᠷᠥ ᠪᠠᠷᠢᠬᠤ᠂ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠲᠦᠯᠬᠢᠨ ᠠᠬᠢᠭᠤᠯᠤᠨ᠎ᠠ᠃ ᠬᠠᠤᠯᠢ ᠴᠠᠭᠠᠵᠠ ᠶᠢᠨ ᠵᠥᠪᠯᠡᠭᠴᠢ ᠶᠢᠨ ᠦᠶᠯᠡᠳᠦᠯ ᠢ ᠭᠦᠶᠴᠡᠳ | ᠪᠠᠳᠠᠷᠠᠭᠤᠯᠵᠤ᠂ 《 ᠭᠤᠷᠪᠠᠨ ᠴᠢᠬᠤᠯᠠ ᠨᠢᠭᠡ ᠶᠡᠭᠡ 》 ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠨᠡᠶᠢᠲᠡ | ᠣᠯᠠᠨ ᠢᠶᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠨᠤᠲᠠᠯᠠᠬᠤ᠂ ᠲᠦᠭᠰᠢᠭᠦᠷᠢ ᠶᠢ ᠦᠨᠡᠯᠡᠨ ᠵᠢᠱᠢᠬᠦ ᠵᠡᠷᠭᠡ | ᠲᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ | ᠬᠢᠨᠠᠯᠲᠠ ᠲᠠᠯᠪᠢᠬᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ | ᠠᠴᠠ ᠪᠠᠨ ᠬᠦᠯᠢᠶᠡᠵᠦ᠂ ᠨᠡᠶᠢᠭᠡᠮ ᠤᠨ ᠬᠢᠨᠠᠯᠲᠠ ᠲᠠᠯᠪᠢᠬᠤ᠂ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠢᠨᠠᠮᠠᠭᠠᠶ ᠰᠣᠨᠣᠰᠴᠤ᠂ ᠵᠠᠰᠠᠭ | ᠤᠨ ᠶᠠᠪᠤᠳᠠᠯ ᠢ ᠢᠯᠡ ᠪᠣᠯᠭᠠᠬᠤ ᠡᠷᠴᠢᠮ ᠢ ᠴᠢᠩᠭᠠᠷᠠᠭᠤᠯᠤᠨ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃ | ᠳᠥᠷᠪᠡ ᠳᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠳᠤᠮᠳᠠ ᠥᠨᠳᠥᠷ | ᠪᠦᠲᠦᠮᠵᠢᠲᠡᠶ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠬᠦ ᠶᠢ ᠵᠠᠰᠠᠭ ᠤᠨ | ᠣᠷᠳᠣᠨ ᠤ ᠠᠵᠢᠯ ᠤᠨ《 ᠠᠮᠢᠨ ᠰᠤᠳᠠᠰᠤ 》ᠪᠣᠯᠭᠠᠵᠤ᠂《 ᠪᠠᠷᠢᠯᠭ᠎ᠠ ᠶᠢᠨ ᠠᠩᠬᠢ ᠶᠢᠨ ᠳᠠᠷᠤᠭ᠎ᠠ 》 ᠪᠤᠯᠵᠤ | ᠂ 《 ᠵᠢᠷᠤᠭ ᠲᠥᠯᠥᠪᠯᠡᠭᠡ 》 ᠶᠢ ᠢᠯᠡᠭᠦᠬᠡᠨ ᠨᠢᠭᠡᠳᠦᠭᠡᠷ ᠹᠷᠣᠨᠲ ᠲᠤ ᠣᠷᠣᠭᠤᠯᠵᠤ᠂ ᠠᠵᠢᠯ ᠢᠶᠠᠨ ᠤᠯᠠᠨ | ᠲᠦᠮᠡᠨ ᠤ ᠰᠡᠳᠬᠢᠯ ᠳᠤ ᠬᠠᠳᠠᠩᠰᠢᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠠᠷ ᠢᠶᠠᠨ ᠠᠷᠠᠳ ᠤᠨ | ᠢᠲᠡᠭᠡᠯ ᠢ ᠤᠯᠬᠤ ᠬᠡᠷᠡᠭᠲᠡᠢ᠃ ᠵᠥᠪ ᠴᠢᠭᠯᠡᠯ ᠢᠶᠠᠷ ᠵᠣᠷᠢᠭᠵᠢᠭᠤᠯᠬᠤ ᠪᠠ ᠠᠯᠳᠠᠭ᠎ᠠ ᠪᠤᠷᠤᠭᠤ ᠶᠢ ᠠᠭᠤᠴᠢᠯᠠᠨ | ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠺᠠᠳ᠋ᠷᠴᠤᠳ ᠤᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠠᠵᠢᠯ ᠬᠢᠵᠦ ᠦᠢᠯᠡᠰ ᠪᠤᠰᠬᠠᠬᠤ ᠳᠣᠲᠣᠭᠠᠳᠤ | ᠬᠥᠳᠡᠯᠭᠡᠬᠦ ᠬᠦᠴᠦᠨ ᠢ ᠬᠥᠭᠵᠢᠭᠡᠵᠦ᠂ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠬᠤ ᠤᠶᠤᠨ ᠰᠠᠨᠠᠭᠠᠨ | ᠤ ᠳᠦᠷᠰᠦ ᠪᠠᠶᠢᠳᠠᠯ ᠢᠶᠠᠷ ᠪᠣᠳᠠᠲᠠᠢ ᠠᠵᠢᠯᠯᠠᠵᠤ᠂ ᠡᠮᠦᠨ᠎ᠡ ᠡᠩᠨᠡᠭᠡᠨ ᠳᠤ ᠶᠠᠪᠤᠬᠤ ᠬᠡᠷᠡᠭᠲᠡᠢ᠃ ᠨᠠᠮ ᠤᠨ ᠲᠡᠦᠬᠡ | ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠬᠡᠵᠦ᠂ | ᠪᠠᠶᠢᠩᠭᠤᠵᠢᠭᠰᠠᠨ᠂ ᠣᠷᠳᠣ ᠬᠤᠭᠤᠴᠠᠭᠠᠨ ᠤ ᠪᠦᠲᠦᠮᠵᠢᠲᠡᠶ ᠲᠦᠷᠢᠮ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ ᠬᠤᠷᠠᠯ ᠢ ᠦᠷᠭᠦᠯᠵᠢᠯᠡᠨ ᠴᠣᠮᠬᠠᠳᠬᠠᠵᠤ᠂ ᠱᠠᠯᠠᠪᠳᠠᠭᠤᠯᠤᠨ ᠪᠠᠶᠢᠴᠠᠭᠠᠵᠤ ᠰᠢᠯᠭᠠᠨ ᠦᠨᠡᠯᠡᠬᠦ | ᠶᠢ ᠤᠯᠠᠮ ᠴᠢᠨᠠᠭᠰᠢᠳᠠ ᠴᠢᠩᠭᠠᠳᠬᠠᠨ ᠵᠢᠷᠤᠮᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ | ᠴᠡᠭᠡᠷᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠪᠣᠳᠠᠲᠠᠢ ᠠᠵᠢᠯᠯᠠᠵᠤ | ᠬᠠᠷᠢᠭᠤᠴᠠᠯᠭ᠎ᠠ ᠡᠭᠦᠷᠭᠡᠯᠡᠬᠦ ᠶᠢ ᠵᠠᠰᠠᠭ ᠤᠨ ᠣᠷᠳᠣᠨ ᠤ ᠢᠯᠡ ᠲᠣᠳᠣ ᠰᠠᠭᠤᠷᠢ ᠪᠣᠯᠭᠠᠬᠤ ᠬᠡᠷᠡᠭᠲᠡᠢ᠃ | ᠲᠥᠯᠥᠭᠡᠯᠡᠭᠴᠢᠳ ᠡ︕ ᠲᠦᠮᠡᠨ ᠭᠠᠵᠠᠷ ᠤᠨ ᠠᠶᠠᠨ ᠵᠠᠮ ᠳᠤ ᠡᠷᠴᠢ ᠬᠦᠴᠦᠨ ᠢᠶᠠᠨ ᠬᠥᠪᠴᠢᠯᠡᠵᠦ᠂ | ᠬᠦᠨᠳᠦ ᠡᠭᠦᠷᠭᠡ ᠶᠢ ᠳᠠᠬᠢᠨᠲᠠ ᠡᠭᠦᠷᠭᠡᠯᠡᠭᠦᠯᠬᠦ ᠪᠠᠷ ᠴᠢᠷᠮᠠᠶᠢᠰᠤᠭᠠᠶ᠃ ᠪᠢᠳᠡ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ | ᠲᠤᠭ ᠢ ᠥᠨᠳᠥᠷ ᠮᠠᠨᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ | ᠲᠠᠢ ᠪᠦᠯᠬᠦᠮᠳᠡᠨ᠂ ᠡᠷᠡᠰ ᠪᠠᠲᠤ ᠢᠲᠡᠭᠡᠯ ᠵᠣᠷᠢᠭ ᠢᠶᠠᠷ᠂ ᠠᠷᠠᠳ ᠲᠦᠮᠡᠨ ᠤ ᠲᠥᠯᠥᠭᠡ ᠲᠡᠮᠡᠴᠡᠬᠦ ᠠᠤᠭ᠎ᠠ ᠵᠣᠷᠢᠭ᠂ | ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ︕ | |