ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨᠨᠠᠢᠮᠠᠳᠤᠭᠠᠷ ᠬᠤᠭᠤᠴᠠᠭᠠᠨᠤ ᠠᠷᠠᠳ ᠤᠨ | ᠲᠦᠯᠦᠭᠡᠯᠡᠭᠴᠢᠳᠦᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠤ ᠪᠢᠴᠢᠭ | ᠮᠠᠲ᠋ᠧᠷᠢᠶᠠᠯ ︵ᠲᠠᠪᠤ︶ | | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠠᠷᠠᠳᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ | | — 2022 ᠣᠨ ᠤ 1 ᠰᠠᠷ᠎ᠠ ᠶᠢᠨ 8 ᠤ ᠡᠳᠦᠷ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠠᠷᠪᠠᠨᠨᠠᠢᠮᠠᠳᠤᠭᠠᠷ ᠬᠤᠭᠤᠴᠠᠭᠠᠨᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | | | ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠠᠷᠠᠳ ᠤᠨ | ᠲᠦᠯᠦᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠴᠧᠨ ᠿᠠᠠ | | | ᠲᠥᠯᠥᠭᠡᠯᠡᠭᠴᠢᠳ ᠡ᠄ | ᠪᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠶᠡᠭᠡ | ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠬᠤᠷᠠᠯ ᠳᠤ ᠰᠤᠯᠠ ᠣᠷᠣᠯᠴᠠᠭᠰᠠᠨ ᠨᠥᠬᠦᠳ | ᠰᠠᠨᠠᠯ ᠢᠶᠠᠨ ᠳᠤᠷᠠᠳᠬᠤ ᠪᠣᠯᠪᠠᠤ᠃ | | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨᠶᠡᠭᠡ ᠬᠤᠷᠠᠯ ᠤᠨ ᠠᠵᠢᠯ ᠤᠨ | ᠡᠷᠭᠢᠴᠡᠭᠦᠯᠦᠯ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠲᠤᠰᠢᠶᠠᠯ ᠤᠨ ᠬᠤᠭᠤᠴᠠᠭ᠎ᠠ ᠪᠣᠯ ᠮᠠᠨ ᠤ ᠬᠤᠰᠢᠭᠤᠨ ᠤ ︽ ᠠᠷᠪᠠᠨ ᠭᠤᠷᠪᠠᠳᠤᠭᠠᠷ ᠲᠠᠪᠤᠨ ᠵᠢᠯ ᠤᠨ | ᠲᠦᠯᠦᠪᠵᠢᠭᠦᠯᠭᠡ︾ ᠶᠢᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠡᠭᠡᠯᠢᠭ | ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠦ ᠢᠯᠠᠯᠲᠠ ᠶᠢ ᠣᠯᠤᠭᠰᠠᠨ ᠴᠢᠬᠤᠯᠠ ᠬᠤᠭᠤᠴᠠᠭ᠎ᠠ ᠮᠥᠨ᠂ | ᠪᠠᠰᠠ ᠴᠤ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠯᠠᠪᠳᠠᠭᠤᠨ ᠪᠠᠲᠤᠲᠠᠶ ᠠᠭᠢᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢᠯᠡᠳᠲᠡ ᠲᠠᠪᠰᠢᠯᠲᠠ ᠲᠠᠢ ᠪᠣᠯᠬᠤ ᠶᠢᠨ ᠴᠢᠬᠤᠯᠠ ᠱᠠᠲᠤ ᠦᠶ᠎ᠡ | ᠮᠥᠨ᠃ 2018 ᠣᠨ ᠠᠴᠠ ᠨᠠᠰᠢ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠪᠦᠬᠦ ᠲᠥᠯᠥᠭᠡᠯᠡᠭᠴᠢᠳ ᠤᠨ ᠬᠠᠮᠲᠤ ᠶᠢᠨ ᠴᠢᠷᠮᠠᠶᠢᠯᠭ᠎ᠠ ᠪᠠᠷ᠂ ᠬᠤᠰᠢᠭᠤᠨ ᠤ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ | ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ | ᠶᠡᠷᠦᠩᠬᠡᠶ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ | ᠲᠡᠭᠦᠯᠳᠡᠷᠵᠢᠭᠦᠯᠬᠦ ᠲᠤᠬᠠᠶ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨᠲ᠋ᠤᠤᠱᠯᠠᠭᠤᠯᠵᠤ᠂ ᠨᠠᠮ ᠤᠨ ᠤᠳᠤᠷᠢᠳᠤᠯᠭ᠎ᠠ᠂ | ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ | ᠨᠢᠭᠡᠳᠦᠭᠦᠯᠬᠦ ᠶᠢ ᠪᠠᠷᠢᠮᠲᠠᠯᠠᠵᠤ᠂ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠤᠭ ᠰᠠᠨᠠᠭ᠎ᠠ ᠪᠠᠨ | ᠪᠠᠷᠢᠮᠲᠠᠯᠠᠵᠤ᠂ ᠬᠥᠭᠵᠢᠯᠲᠡ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠦᠨᠳᠦᠰᠦᠨ ᠬᠠᠤᠯᠢ | ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠪᠠᠨ ᠲᠡᠭᠦᠰ ᠠᠮᠵᠢᠯᠲᠠ ᠲᠠᠢ | ᠪᠡᠶᠡᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠦᠢᠯᠡᠳᠦᠯᠭᠡ ᠶᠢᠨ ᠳᠤᠮᠳᠠ ᠰᠢᠨ᠎ᠡ | ᠳᠡᠭᠡᠭᠰᠢᠯᠡᠯᠲᠡ ᠲᠠᠢ ᠪᠤᠯᠵᠤ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠰᠢᠨ᠎ᠡ ᠬᠠᠭᠤᠳᠠᠰᠤ ᠶᠢ ᠪᠢᠴᠢᠭᠯᠡᠵᠡᠢ | ᠃ | ᠨᠢᠭᠡ᠂ ᠰᠢᠨ᠎ᠡ ᠴᠠᠭ ᠦᠶ᠎ᠡ ᠳᠤ ᠰᠠᠭᠤᠷᠢᠯᠠᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠤᠭ | ᠰᠠᠨᠠᠭ᠎ᠠ ᠪᠠᠨ ᠦᠯᠦ ᠬᠤᠪᠢᠷᠠᠭᠤᠯᠬᠤ ᠤᠯᠤᠰ ᠲᠦᠷᠦ ᠶᠢᠨ ᠤᠭ ᠴᠢᠨᠠᠷ ᠢᠶᠠᠨ ᠢᠮᠠᠭᠲᠠ ᠪᠠᠷᠢᠮᠳᠠᠯᠠᠨ᠎ᠠ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ | ᠤᠳᠤᠷᠢᠳᠤᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠥᠬᠦ ᠶᠠᠪᠤᠴᠠ ᠳᠤ ᠢᠮᠠᠭᠲᠠ | ᠤᠬᠠᠮᠰᠠᠷ ᠠᠴᠠ ᠪᠠᠨ ᠲᠤᠭᠤᠰᠢᠯᠠᠭᠤᠯᠵᠤ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠦᠵᠡᠯ | ᠰᠠᠨᠠᠭᠠᠨ ᠤ ᠲᠠᠯ᠎ᠠ ᠪᠠᠷ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠶᠢ ᠴᠢᠩᠭ᠎ᠠ ᠠᠳᠬᠤᠵᠤ᠂ | ᠠᠵᠢᠯ ᠤᠨ ᠲᠠᠯ᠎ᠠ ᠪᠠᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠳᠠᠭᠠᠵᠤ᠂ | ᠠᠵᠢᠯᠯᠠᠭᠠᠨ ᠤ ᠲᠠᠯ᠎ᠠ ᠪᠠᠷ ᠬᠤᠰᠢᠭᠤᠨ ᠤ ᠨᠠᠮ ᠤᠨ ᠬᠤᠷᠢᠶ᠎ᠠ ᠶᠢᠨ ᠠᠯᠬᠤᠮ ᠢ ᠴᠢᠩᠭ᠎ᠠ ᠳᠠᠭᠠᠵᠤ᠂ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠠᠵᠢᠯ ᠤᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠥᠬᠦ ᠲᠠᠯ᠎ᠠ ᠳᠤ ᠠᠵᠢᠯᠯᠠᠬᠤ᠂ ᠶᠡᠭᠡ ᠲᠠᠯ᠎ᠠ ᠳᠤ | ᠦᠢᠯᠡᠴᠢᠯᠡᠬᠦ ᠶᠢ ᠳᠠᠭᠠᠪᠠ᠃ | ᠤᠯᠤᠰ ᠲᠦᠷᠦ ᠶᠢᠨ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠭ ᠰᠠᠨᠠᠭ᠎ᠠ ᠪᠠᠨ ᠡᠭᠦᠷᠢᠳᠡ ᠬᠠᠳᠠᠭᠠᠯᠠᠨ᠎ᠠ᠃ | ᠪᠠᠶᠢᠩᠭᠤ ᠶᠢᠨ ᠬᠤᠷᠢᠶ᠎ᠠ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ | ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡ ᠶᠢᠨ ᠲᠤᠷᠰᠢᠯᠭ᠎ᠠ ᠠᠴᠠ | ᠡᠷᠡᠯᠬᠡᠭᠯᠡᠨ ᠤᠷᠤᠭᠰᠢᠯᠠᠬᠤ ᠤᠶᠤᠨ ᠤᠬᠠᠭᠠᠨ ᠪᠠ ᠬᠦᠴᠦᠨ ᠴᠢᠳᠠᠯ ᠢ ᠰᠢᠩᠭᠡᠭᠡᠨ ᠠᠪᠴᠤ᠂ ᠠᠭᠤᠤ ᠶᠡᠭᠡ ᠨᠠᠮ | ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠷᠠᠳ ᠲᠦᠮᠡᠨ ᠤ ᠲᠥᠯᠥᠭᠡ ᠵᠢᠳᠬᠦᠬᠦ ᠡᠭᠦᠷᠭᠡ | ᠬᠠᠷᠢᠭᠤᠴᠠᠯᠭ᠎ᠠ ᠪᠠᠨ ᠪᠠᠲᠤ ᠰᠠᠬᠢᠵᠤ᠂ ᠤᠯᠤᠰ ᠲᠦᠷᠦ ᠶᠢᠨ ᠢᠲᠡᠭᠡᠯ ᠪᠢᠰᠢᠷᠡᠯ ᠢᠶᠠᠨ ᠪᠠᠲᠤᠳᠬᠠᠨ᠂ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠨ᠂ ᠤᠯᠤᠰ | ᠲᠦᠷᠦ ᠶᠢᠨ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ | ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠬᠦᠴᠦᠨ ᠢᠶᠠᠨ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠢ᠃ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠵᠤ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠢ ᠯᠠᠪᠳᠠᠭᠤᠨ | ᠪᠠᠲᠤᠲᠠᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠮᠠᠭᠲᠠ ᠪᠠᠲᠤ | ᠪᠠᠬᠢ ᠪᠤᠢ ᠪᠣᠯᠭᠠᠬᠤ ᠬᠡᠷᠡᠭᠲᠡᠢ᠃ ᠵᠢᠭᠠᠪᠤᠷᠢ ᠠᠪᠬᠤ ᠪᠠ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ | ᠲᠣᠭᠲᠠᠮᠠᠯ ᠬᠤᠭᠤᠴᠠᠭ᠎ᠠ ᠲᠠᠢ ᠪᠠᠷ ᠬᠤᠰᠢᠭᠤᠨ ᠤ ᠨᠠᠮ ᠤᠨ ᠬᠤᠷᠢᠶ᠎ᠠ ᠳᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠵᠢᠨᠠᠵᠢᠯ ᠢᠶᠠᠨ ᠮᠡᠳᠡᠭᠦᠯᠦᠨ᠎ᠡ᠃ ᠬᠤᠰᠢᠭᠤᠨ ᠤ ᠨᠠᠮ ᠤᠨ ᠬᠤᠷᠢᠶ᠎ᠠ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠵᠢᠯ ᠪᠦᠷᠢ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠢ ᠲᠤᠰᠬᠠᠶ ᠰᠡᠳᠦᠪ ᠢᠶᠠᠷ ᠰᠤᠳᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠭᠤᠤᠯ | ᠤᠳᠤᠷᠢᠳᠤᠯᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠣᠳᠠᠲᠠᠶ ᠠᠵᠢᠯ ᠳᠤ ᠣᠯᠠᠨ ᠤᠳᠠᠭ᠎ᠠ | ᠴᠣᠬᠤᠯᠠᠪᠤᠷᠢ ᠥᠭᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠲᠤᠰᠢᠶᠠᠯ ᠢᠶᠠᠨ | ᠭᠦᠢᠴᠡᠳᠭᠡᠬᠦ ᠳᠤ ᠪᠠᠲᠤ ᠴᠢᠩᠭ᠎ᠠ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ ᠢᠲᠡᠭᠡᠯ ᠵᠣᠷᠢᠭ ᠢᠶᠠᠨ | ᠪᠠᠲᠤᠳᠬᠠᠪᠠ᠃ | ᠪᠠᠲᠤ ᠴᠢᠩᠭ᠎ᠠ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ ᠢᠲᠡᠭᠡᠯ ᠵᠣᠷᠢᠭ ᠢᠶᠠᠨ ᠪᠠᠲᠤᠳᠬᠠᠪᠠ᠃ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠠᠮᠴᠢᠯᠠᠨ ᠴᠢᠭᠯᠡᠯ ᠲᠣᠭᠲᠠᠭᠠᠬᠤ ᠶᠢ ᠪᠠᠷᠢᠮᠲᠠᠯᠠᠵᠤ᠂ ᠣᠨᠣᠯ ᠤᠨ ᠰᠤᠷᠤᠯᠴᠠᠯᠭ᠎ᠠ ᠶᠢ ᠨᠠᠮ ᠤᠨ | ᠤᠳᠤᠷᠢᠳᠬᠤ ᠳᠤᠭᠤᠶᠢᠯᠠᠩ ᠤᠨ ᠬᠤᠷᠠᠯ᠂ ᠡᠷᠬᠢᠯᠡᠭᠴᠢᠳ ᠤᠨ ᠬᠤᠷᠠᠯ᠂ ᠪᠠᠶᠢᠩᠭᠤ ᠶᠢᠨ ᠬᠤᠷᠢᠶᠠᠨ ᠤ ᠬᠤᠷᠠᠯ ᠤᠨ | ᠵᠥᠪᠯᠡᠬᠦ ᠵᠦᠢᠯ ᠳᠤ ᠣᠷᠣᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ ᠶᠢᠰᠦᠳᠦᠭᠡᠷ | ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ | ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ | ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠵᠡᠷᠭᠡ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠵᠤ᠂ ︽ᠬᠤᠶᠠᠷ ᠢ ᠰᠤᠷᠤᠯᠴᠠᠵᠦ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠥᠮᠦᠵᠢᠯ᠂ ︽ᠤᠬ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ | ᠬᠥᠮᠦᠵᠢᠯ ᠢ ᠥᠷᠨᠢᠭᠦᠯᠬᠦ ᠶᠢ ᠥᠨᠳᠥᠷ ᠪᠠᠷᠢᠮᠵᠢᠶ᠎ᠠ ᠪᠠᠷ ᠴᠢᠩᠭ᠎ᠠ ᠱᠠᠭᠠᠷᠳᠠᠵᠤ ᠪᠠᠶᠢᠨ᠎ᠠ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ | ᠪᠦᠷᠢᠯᠳᠦᠬᠦᠨ᠂ ᠪᠣᠰᠤᠳ ᠪᠦᠷᠢᠯᠳᠦᠬᠦᠨ ᠪᠠ ᠪᠦᠬᠦ ᠲᠥᠯᠥᠭᠡᠯᠡᠭᠴᠢᠳ ᠰᠤᠷᠤᠯᠴᠠᠬᠤ᠂ ᠰᠡᠳᠬᠢᠬᠦ᠂ | ᠦᠢᠯᠡᠳᠦᠯᠭᠡᠵᠢᠭᠦᠯᠬᠦ᠂ ᠤᠬᠠᠭᠠᠷᠠᠬᠤ ᠳᠤᠮᠳᠠ ︽ᠲᠦᠷᠪᠡᠨ ᠤᠬᠠᠮᠰᠠᠷ︾ ᠢ ᠤᠯᠠᠮ ᠨᠢᠭᠡ ᠠᠯᠬᠤᠮ ᠪᠠᠲᠤ ᠪᠣᠯᠭᠠᠵᠤ | ᠂ ︽ᠲᠦᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ | ᠪᠠᠶᠢᠩᠭᠤ ᠶᠢᠨ ᠬᠤᠷᠢᠶᠠᠨ ᠤ ᠡᠯ᠎ᠡ ᠵᠦᠢᠯ ᠤᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ | ᠦᠨᠳᠦᠰᠦᠨ ᠠᠴᠠ ᠨᠢ ᠪᠠᠲᠤᠯᠠᠪᠠ᠃ | ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯᠯᠠᠬᠤ ᠭᠤᠣᠯ ᠠᠵᠢᠯ ᠳᠤ ᠪᠠᠨ ᠠᠭᠤᠰᠤᠯᠴᠠᠪᠠ᠃ ᠬᠦᠨᠳᠦ | ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠠᠢ ᠤᠶᠠᠯᠳᠤᠭᠤᠯᠤᠨ᠂ ᠡᠳ᠋ ᠤᠨ ᠵᠠᠰᠠᠭ ᠤᠨ ᠲᠥᠰᠦᠪ ᠪᠠ | ᠲᠥᠰᠦᠪ ᠤᠨ ᠭᠦᠢᠴᠡᠳᠬᠡᠯ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠪᠠ ᠵᠠᠰᠠᠭ ᠤᠨ | ᠣᠷᠳᠣᠨ ᠤ ᠥᠷᠢ ᠥᠭᠴᠡᠭᠡ ᠶᠢ ᠬᠢᠨᠠᠨ ᠪᠠᠶᠢᠴᠠᠭᠠᠵᠤ ᠲᠡᠭᠦᠨ ᠳᠤ ᠬᠢᠨᠠᠯᠲᠠ ᠲᠠᠯᠪᠢᠬᠤ ᠪᠠᠨ ᠴᠢᠩᠭᠠᠳᠬᠠᠪᠠ᠃ | ᠨᠠᠷᠢᠯᠢᠭ ᠣᠨᠤᠪᠴᠢᠲᠠᠢ ᠪᠠᠷ ᠶᠠᠳᠠᠭᠤ ᠶᠢ ᠲᠡᠳᠬᠦᠬᠦ ᠶᠢᠨ ᠲᠣᠭᠤᠷᠢᠨ ᠳᠤ᠂ ᠪᠥᠬᠦ ᠬᠤᠰᠢᠭᠤᠨ ᠤ ᠡᠯ᠎ᠡ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠳᠠᠶᠢᠴᠢᠯᠠᠨ ᠶᠠᠳᠠᠭᠤ ᠠᠴᠠ | ᠠᠩᠭᠢᠵᠢᠷᠠᠭᠤᠯᠬᠤ ᠶᠢᠨ ᠡᠮᠦᠨ᠎ᠡ ᠹᠡᠷᠣᠨᠲ ᠲᠤ ᠭᠠᠪᠰᠢᠭᠠᠶᠢᠯᠠᠨ ᠠᠵᠢᠯᠯᠠᠵᠤ᠂ ᠪᠣᠬᠢᠷᠲᠤᠯ ᠢ ᠰᠡᠷᠭᠡᠶᠢᠯᠡᠨ | ᠵᠠᠰᠠᠬᠤ ᠲᠠᠢ ᠤᠶᠠᠯᠳᠤᠭᠤᠯᠤᠨ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ ︽ᠭᠤᠷᠪᠠᠨ | ᠶᠡᠭᠡ ᠪᠡᠷᠬᠡ ᠰᠡᠳᠦᠪ ᠢ ᠰᠢᠢᠳᠪᠦᠷᠢᠯᠡᠬᠦ ᠲᠠᠶᠢᠨ︾ ᠤ ᠳᠤᠮᠳᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠷᠢ ᠲᠣᠭᠲᠠᠭᠠᠯᠲᠠ ᠶᠢ ᠣᠨᠣᠪᠴᠢᠲᠠᠶ ᠣᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ | ᠴᠢᠳᠠᠪᠤᠷᠢ ᠶᠢ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠢᠯᠡ ᠠᠵᠢᠯᠯᠠᠭ᠎ᠠ ᠶᠢ | ᠭᠦᠢᠴᠡᠳ ᠢᠯᠡᠷᠡᠭᠦᠯᠪᠡ᠃ 2020 ᠣᠨ ᠤ ᠡᠬᠢᠨ ᠳᠤ᠂ ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ | ᠭᠡᠨᠡᠳᠲᠡ ᠡᠭᠦᠰᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠪᠥᠬᠦ | ᠬᠤᠰᠢᠭᠤᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠤ | ᠰᠠᠨᠠᠭᠠᠴᠢᠯᠠᠭ᠎ᠠ ᠭᠠᠷᠭᠠᠭᠰᠠᠨ ᠳᠤ᠂ ᠥᠷᠭᠡᠨ ᠣᠯᠠᠨ ᠲᠥᠯᠥᠭᠡᠯᠡᠭᠴᠢᠳ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ | ᠵᠣᠭᠤᠰ ᠮᠥᠩᠭᠦ ᠡᠳ᠋ ᠪᠣᠳᠠᠰ ᠬᠠᠨᠳᠢᠪᠯᠠᠵᠤ᠂ ᠡᠮᠦᠨ᠎ᠡ ᠹᠷᠣᠨᠲ ᠢ ᠪᠠᠲᠤ ᠰᠠᠬᠢᠵᠤ᠂ ᠬᠢᠵᠢᠭ ᠤᠨ ᠪᠠᠶᠢᠳᠠᠯ ᠢ | ᠡᠰᠡᠷᠭᠦᠴᠡᠨ ᠲᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ ᠤᠨ ᠶᠡᠭᠡ ᠬᠠᠶᠢᠷ᠎ᠠ ᠰᠡᠳᠬᠢᠯᠭᠡ ᠪᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠦᠭᠰᠡᠨ ᠪᠠᠶᠢᠨ᠎ᠠ᠃ | ᠪᠥᠬᠦ ᠬᠤᠰᠢᠭᠤᠨ ᠤ ᠭᠤᠤᠯ ᠠᠵᠢᠯ ᠤᠨ ᠲᠣᠭᠤᠷᠢᠨ ᠳᠤ᠂ ᠪᠥᠬᠦ ᠬᠤᠰᠢᠭᠤᠨ ᠤ ᠡᠵᠡᠩᠨᠡᠯᠲᠡ ᠶᠢᠨ ᠣᠷᠴᠢᠨ | ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠴᠢᠷᠮᠠᠶᠢᠨ ᠠᠬᠢᠭᠤᠯᠵᠤ᠂ ᠪᠠᠶᠢᠩᠭᠤ ᠶᠢᠨ ᠬᠤᠷᠢᠶᠠᠨ ᠤ | ᠤᠳᠤᠷᠢᠳᠬᠤ ᠪᠠᠭ ᠤᠨ ᠭᠡᠰᠢᠭᠦᠳ ᠴᠢᠬᠤᠯᠠ ᠶᠡᠭᠡ ᠲᠦᠰᠦᠯ᠂ ᠭᠤᠤᠯᠳᠠᠯᠭ᠎ᠠ ᠲᠠᠢ ᠠᠵᠤ ᠠᠬᠤᠶᠢᠯᠠᠯ᠂ ᠰᠤᠮᠤ | ᠰᠢᠶᠠᠩ ᠪᠠᠯᠭᠠᠰᠤ ᠶᠢᠨ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ᠬᠤᠰᠢᠭᠤᠨ ᠤ ᠨᠠᠮ ᠤᠨ ᠬᠤᠷᠢᠶ᠎ᠠ ᠶᠢᠨ ᠲᠤᠰᠢᠶᠠᠭᠰᠠᠨ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠪᠠ ᠴᠢᠬᠤᠯᠠ | ᠡᠭᠦᠷᠭᠡ ᠶᠢ ᠠᠮᠵᠢᠯᠲᠠ ᠲᠠᠢ ᠪᠡᠶᠡᠯᠡᠭᠦᠯᠪᠡ᠃ | ᠬᠤᠶᠠᠷ᠂ ᠰᠢᠨ᠎ᠡ ᠦᠵᠡᠯ ᠰᠠᠨᠠᠭ᠎ᠠ ᠶᠢ ᠲᠤᠤᠱᠯᠠᠭᠤᠯᠵᠤ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ | ᠭᠦᠢᠴᠡᠳᠬᠡᠬᠦ ᠶᠢ ᠴᠢᠩᠭᠠᠳᠬᠠᠵᠤ᠂ ᠦᠨᠳᠦᠰᠦᠨ ᠬᠠᠤᠯᠢ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠬᠤ | ᠡᠭᠦᠷᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠪᠡ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨᠪᠠᠶᠢᠩᠭᠤ ᠶᠢᠨ ᠬᠤᠷᠢᠶ᠎ᠠ ᠢᠮᠠᠭᠲᠠ ︽ᠬᠠᠤᠯᠢ | ᠶᠣᠰᠣᠭᠠᠷ ᠬᠤᠰᠢᠭᠤ ᠪᠠᠨ ᠵᠠᠰᠠᠬᠤ︾ ᠬᠠᠷᠠᠯᠲᠠ ᠶᠢ ᠴᠢᠩᠭ᠎ᠠ ᠠᠳᠬᠤᠵᠤ᠂ ᠰᠢ ᠶᠢᠨ ᠫᠢᠩ ᠦᠨᠬᠠᠤᠯᠢ ᠪᠠᠷ ᠵᠠᠰᠠᠬᠤ | ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ ᠳᠤ | ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ | ᠪᠠᠷᠢᠬᠤ᠂ ᠪᠦᠭᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠢᠳᠡᠪᠬᠢᠲᠡᠶ ᠠᠬᠢᠭᠤᠯᠵᠤ᠂ ᠦᠨᠳᠦᠰᠦᠨ ᠬᠠᠤᠯᠢ | ᠬᠠᠤᠯᠢ ᠴᠠᠭᠠᠵᠠ ᠶᠢ ᠮᠠᠨ ᠤ ᠬᠤᠰᠢᠭᠤᠨ ᠳᠤ ᠵᠥᠪ ᠪᠥᠭᠡᠳ ᠪᠦᠲᠦᠮᠵᠢᠲᠡᠶ ᠬᠡᠷᠡᠭᠵᠢᠭᠦᠯᠬᠦ ᠶᠢ ᠪᠠᠲᠤᠯᠠᠵᠤ᠂ | ᠬᠠᠷᠢᠭᠤᠴᠠᠯᠭ᠎ᠠ ᠡᠭᠦᠷᠭᠡᠯᠡᠯ ᠢᠶᠠᠷ ᠬᠠᠤᠯᠢ ᠪᠠᠷ ᠵᠠᠰᠠᠬᠤ ᠡᠷᠬᠡ ᠰᠦᠷ ᠢ ᠬᠠᠮᠠᠭᠠᠯᠠᠪᠠ᠃ | ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠪᠦᠲᠦᠮᠵᠢᠲᠡᠶ ᠬᠡᠷᠡᠭᠵᠢᠭᠦᠯᠪᠡ᠃ ᠦᠨᠳᠦᠰᠦᠨ ᠬᠠᠤᠯᠢ ᠶᠢ | ᠰᠤᠷᠤᠯᠴᠠᠨ ᠲᠤᠭᠤᠰᠢᠯᠠᠭᠤᠯᠬᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠬᠡᠷᠡᠭᠵᠢᠭᠦᠯᠦᠯᠲᠡ ᠶᠢ | ᠪᠠᠲᠤᠯᠠᠬᠤ ᠶᠢ ᠴᠢᠬᠤᠯᠠ ᠲᠤᠰᠢᠶᠠᠯ ᠬᠠᠷᠢᠭᠤᠴᠠᠯᠭ᠎ᠠ ᠪᠠᠨ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠪᠠ | ᠬᠠᠤᠯᠢ ᠴᠠᠭᠠᠵᠠ ᠶᠢᠨ ᠨᠡᠷ᠎ᠡ ᠬᠦᠨᠳᠦ ᠶᠢ ᠬᠠᠮᠠᠭᠠᠯᠠᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠣᠷᠢᠭ | ᠰᠠᠨᠠᠭ᠎ᠠ ᠶᠢ ᠪᠠᠳᠠᠷᠠᠭᠤᠯᠤᠨ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ᠃ ᠤᠯᠤᠰ ᠤᠨ | ᠦᠨᠳᠦᠰᠦᠨ ᠬᠠᠤᠯᠢ ᠶᠢᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠢᠷᠭᠡᠨ ᠤ ᠬᠠᠤᠯᠢ ᠶᠢᠨ | ᠪᠢᠴᠢᠭ ᠢ ᠰᠤᠷᠤᠯᠴᠠᠵᠤ ᠤᠬᠠᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠨ᠎ᠠ᠃ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠬᠤ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠨᠡᠶᠢᠭᠡᠮ ᠵᠢᠷᠤᠮ ᠤᠨ | ᠬᠠᠤᠯᠢ ᠲᠦᠷᠢᠮ ᠤᠨ ᠨᠢᠭᠡᠳᠦᠯᠲᠡᠶ ᠪᠠᠶᠢᠬᠤ ᠶᠢ ᠬᠠᠮᠠᠭᠠᠯᠠᠨ᠎ᠠ᠃ ᠰᠢ ᠶᠢᠨ ᠫᠢᠩ ᠶᠡᠷᠦᠩᠬᠡᠶ ᠱᠦᠵᠢ ᠶᠢᠨ | ᠦᠨᠳᠦᠰᠦᠲᠡᠨ ᠤ ᠠᠵᠢᠯ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ | ᠲᠦᠭᠡᠮᠡᠯᠵᠢᠭᠦᠯᠬᠦ ᠲᠤᠬᠠᠶ ᠴᠢᠬᠤᠯᠠ ᠥᠭᠦᠯᠡᠯᠲᠡ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠨᠠᠯᠲᠠ | ᠲᠠᠯᠪᠢᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠬᠠᠤᠯᠢ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠥᠷᠢᠮ ᠤᠨ ᠲᠣᠭᠤᠷᠢᠨ ᠳᠤ ᠬᠠᠤᠯᠢ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠪᠠᠶᠢᠴᠠᠭᠠᠯᠲᠠ ᠬᠢᠬᠦ ᠶᠢ ᠥᠷᠨᠢᠭᠦᠯᠵᠦ᠂ ᠨᠠᠮ ᠤᠨ ᠦᠨᠳᠦᠰᠦᠲᠡᠨ ᠤ ᠲᠥᠷᠥ | ᠶᠢᠨ ᠪᠤᠳᠤᠯᠭ᠎ᠠ ᠪᠣᠯᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢᠨ ᠡᠯ᠎ᠡ ᠵᠦᠢᠯ ᠤᠨ | ᠲᠣᠭᠲᠠᠭᠠᠯ ᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠵᠤ ᠲᠥᠯᠬᠢᠨ ᠠᠬᠢᠭᠤᠯᠬᠤ ᠬᠡᠷᠡᠭᠲᠡᠶ᠃ ᠬᠠᠤᠯᠢ ᠪᠠᠷ | ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ᠂ ᠬᠠᠤᠯᠢ ᠪᠠᠷ ᠲᠣᠭᠲᠠᠭᠠᠭᠰᠠᠨ ᠬᠡᠪᠴᠢᠶᠡᠨ ᠳᠤ | ᠬᠢᠵᠠᠭᠠᠷᠯᠠᠬᠤ ᠶᠢ ᠪᠠᠷᠢᠮᠲᠠᠯᠠᠵᠤ᠂ ᠬᠠᠤᠯᠢ ᠪᠠᠷ ᠲᠣᠭᠲᠠᠭᠠᠭᠰᠠᠨ ᠵᠢᠷᠤᠮ ᠢ ᠵᠢᠷᠤᠮᠯᠠᠵᠤ᠂ ᠲᠥᠰᠦᠪ ᠤᠨ ᠬᠠᠤᠯᠢ᠂ | ᠤᠯᠤᠰ ᠤᠨ ᠲᠤᠭ ᠤᠨ ᠬᠠᠤᠯᠢ᠂ ᠨᠤᠲᠤᠭ ᠪᠡᠯᠴᠢᠭᠡᠷ ᠤᠨ ᠬᠠᠤᠯᠢ ᠵᠢᠴᠢ ᠬᠤᠯᠪᠣᠭᠳᠠᠯ ᠪᠦᠬᠦᠢ ᠳᠦᠷᠢᠮ ᠵᠡᠷᠭᠡ 6 | ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠤᠷᠢᠨ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ᠂ | ︽ᠬᠠᠤᠯᠢ ᠴᠠᠭᠠᠵᠠ ᠶᠢᠨ ᠲᠣᠭᠤᠷᠢᠨ ᠪᠠᠶᠢᠴᠠᠭᠠᠯᠲᠠ︾ ᠶᠢᠨ ᠬᠢᠨᠠᠯᠲᠠ ᠲᠠᠯᠪᠢᠬᠤ ᠬᠤᠷᠴᠠ ᠰᠡᠯᠡᠮ᠎ᠡ ᠶᠢᠨ | ᠦᠢᠯᠡᠳᠦᠯ ᠢ ᠦᠨᠡᠨ ᠬᠦ ᠪᠠᠳᠠᠷᠠᠭᠤᠯᠪᠠ᠃ | ᠴᠢᠬᠤᠯᠠ ᠶᠡᠭᠡ ᠤᠴᠢᠷ ᠶᠠᠪᠤᠳᠠᠯ ᠢ ᠬᠢᠴᠢᠶᠡᠨ ᠲᠣᠭᠲᠠᠭᠠᠵᠤ ᠴᠢᠷᠮᠠᠶᠢᠨ ᠭᠦᠢᠴᠡᠳᠭᠡᠵᠡᠢ᠃ ᠶᠡᠭᠡ ᠶᠠᠪᠤᠳᠠᠯ ᠢ | ᠲᠥᠯᠥᠪᠯᠡᠬᠦ᠂ ᠶᠡᠭᠡ ᠶᠠᠪᠤᠳᠠᠯ ᠢ ᠵᠥᠪᠯᠡᠬᠦ᠂ ᠶᠡᠭᠡ ᠶᠠᠪᠤᠳᠠᠯ ᠢ ᠠᠳᠬᠤᠬᠤ ᠶᠢ ᠪᠠᠷᠢᠮᠲᠠᠯᠠᠵᠤ᠂ ᠪᠦᠬᠦ ᠲᠠᠯ᠎ᠠ ᠶᠢᠨ | ᠴᠢᠨᠠᠷᠲᠠᠶ᠂ ᠦᠨᠳᠦᠰᠦᠨ ᠴᠢᠨᠠᠷᠲᠠᠶ᠂ ᠠᠯᠤᠰ ᠭᠡᠳᠤ ᠶᠢᠨ ᠴᠢᠨᠠᠷ ᠲᠠᠢ ᠬᠤᠯᠪᠣᠭᠳᠠᠬᠤ ᠴᠢᠬᠤᠯᠠ ᠶᠡᠭᠡ ᠬᠡᠷᠡᠭ | ᠶᠠᠪᠤᠳᠠᠯ ᠢ ᠬᠠᠤᠯᠢ ᠶᠣᠰᠣᠭᠠᠷ ᠬᠢᠨᠠᠨ ᠶᠠᠷᠢᠯᠴᠠᠵᠤ᠂ ᠴᠠᠭ ᠲᠤᠨᠢ ᠲᠣᠬᠢᠷᠠᠭᠤᠯᠤᠨ ᠰᠢᠢᠳᠪᠦᠷᠢ ᠲᠣᠭᠲᠠᠭᠠᠯ ᠭᠠᠷᠭᠠᠨ᠎ᠠ | ᠃ ᠡᠳ᠋ ᠤᠨ ᠵᠠᠰᠠᠭ ᠤᠨ ᠪᠠᠯᠠ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠬᠠᠤᠯᠢ ᠶᠣᠰᠣᠨ ᠤ᠂ ᠠᠮᠤᠷ ᠲᠦᠪᠰᠢᠨ | ᠂ ᠥᠨᠳᠥᠷ ᠪᠦᠲᠦᠮᠵᠢᠲᠡᠶ ᠪᠠᠶᠢᠬᠤ ᠶᠢ ᠠᠬᠢᠭᠤᠯᠬᠤ ᠶᠢᠨ ᠲᠥᠯᠥᠭᠡ᠂ ᠤᠷᠢᠳ ᠬᠤᠵᠢᠳ 6 ᠤᠳᠠᠭ᠎ᠠ ᠬᠤᠰᠢᠭᠤᠨ | ᠱᠠᠲᠤᠨ ᠤ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠶᠢ ᠵᠥᠪᠰᠢᠶᠡᠷᠡᠪᠡ᠃ ᠬᠤᠲᠠ ᠪᠠᠯᠭᠠᠰᠤᠨ ᠤ | ᠶᠡᠷᠦᠩᠬᠡᠶ ᠲᠥᠯᠥᠪᠵᠢᠭᠦᠯᠭᠡ ᠶᠢᠨ ᠲᠣᠬᠢᠷᠠᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠴᠢᠬᠤᠯᠠ ᠶᠡᠭᠡ | ᠤᠴᠢᠷ ᠶᠠᠪᠤᠳᠠᠯ ᠤᠨ ᠲᠣᠭᠤᠷᠢᠨ ᠳᠤ 36 ᠰᠢᠢᠳᠪᠦᠷᠢ ᠭᠠᠷᠭᠠᠭᠰᠠᠨ ᠪᠥᠭᠡᠳ ᠭᠤᠷᠪᠠᠳᠤᠭᠠᠷ ᠲᠠᠯ᠎ᠠ ᠶᠢᠨ ᠲᠤᠰᠬᠠᠶ | ᠪᠠᠶᠢᠭᠤᠯᠤᠮᠵᠢ ᠶᠢ ᠤᠷᠢᠵᠤ ᠦᠨᠡᠯᠡᠬᠦ ᠪᠠᠷ ᠳᠡᠮᠵᠢᠨ᠂ ᠰᠢᠢᠳᠪᠦᠷᠢᠳᠦ ᠪᠣᠳᠣᠯᠭ᠎ᠠ ᠶᠢᠨ ᠠᠷᠠᠳᠴᠢᠯᠠᠯᠲᠠ᠂ ᠰᠢᠨᠵᠢᠯᠡᠬᠦ | ᠤᠬᠠᠭᠠᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ | ᠡᠯ᠎ᠡ ᠲᠥᠷᠥᠯ ᠤᠨ ᠠᠵᠢᠯ ᠦᠢᠯᠡᠰ ᠤᠨ ᠵᠣᠬᠢᠴᠠᠩᠭᠤᠶ ᠬᠥᠭᠵᠢᠯᠲᠡ ᠶᠢ ᠬᠦᠴᠦᠲᠡᠶ ᠠᠬᠢᠭᠤᠯᠪᠠ᠃ | ᠰᠣᠩᠭᠤᠭᠤᠯᠢ ᠳᠤ ᠲᠣᠮᠢᠯᠠᠬᠤ ᠪᠠ ᠪᠠᠭᠤᠯᠭᠠᠬᠤ ᠶᠢ ᠬᠠᠤᠯᠢ ᠶᠣᠰᠣᠭᠠᠷ ᠶᠠᠪᠤᠭᠳᠤᠭᠤᠯᠵᠠᠢ᠃ ᠨᠠᠮ ᠠᠴᠠ ᠺᠠᠳ᠋ᠷ ᠢ | ᠬᠠᠮᠢᠶᠠᠷᠬᠤ ᠪᠠ ᠬᠠᠤᠯᠢ ᠶᠣᠰᠣᠭᠠᠷ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠶᠢ ᠨᠢᠭᠡᠳᠦᠯᠲᠡᠢ | ᠪᠠᠶᠢᠯᠭᠠᠬᠤ ᠶᠢ ᠪᠠᠷᠢᠮᠲᠠᠯᠠᠵᠤ᠂ ᠬᠠᠤᠯᠢ ᠴᠠᠭᠠᠵᠠ ᠶᠢᠨ ᠰᠢᠯᠭᠠᠯᠲᠠ᠂ ᠲᠤᠰᠢᠶᠠᠯ ᠬᠠᠩᠭᠠᠨ ᠶᠠᠷᠢᠶ᠎ᠠ ᠲᠠᠯᠪᠢᠬᠤ᠂ | ᠲᠤᠰᠢᠶᠠᠯ ᠳᠤ ᠲᠣᠮᠢᠯᠠᠬᠤ ᠪᠢᠴᠢᠭ ᠣᠯᠭᠤᠬᠤ᠂ ᠦᠨᠳᠦᠰᠦᠨ ᠬᠠᠤᠯᠢ ᠳᠤ ᠲᠠᠩᠭᠠᠷᠢᠭᠯᠠᠬᠤ ᠵᠡᠷᠭᠡ ᠲᠦᠷᠢᠮ ᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠵᠢᠷᠤᠮᠵᠢᠭᠰᠠᠨ ᠬᠠᠤᠯᠢ ᠪᠠᠷ ᠲᠣᠭᠲᠠᠭᠠᠭᠰᠠᠨ ᠵᠢᠷᠤᠮ ᠪᠠ ᠲᠥᠪ ᠬᠢᠴᠢᠶᠡᠩᠭᠦᠢ | ᠠᠮᠠᠯᠠᠯᠲᠠ ᠶᠢᠨ ᠲᠣᠭᠲᠠᠴᠠ ᠪᠠᠷ ᠲᠦᠷᠦ ᠶᠢᠨ ᠠᠵᠢᠯᠳᠠᠨ ᠤ ᠦᠨᠳᠦᠰᠦᠨ ᠬᠠᠤᠯᠢ ᠶᠢᠨ ᠤᠬᠠᠮᠰᠠᠷ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠤᠬᠠᠮᠰᠠᠷ ᠪᠠ ᠠᠯᠪᠠᠨ ᠵᠠᠷᠤᠴᠠ ᠶᠢᠨ ᠤᠬᠠᠮᠰᠠᠷ ᠢ ᠪᠦᠲᠦᠮᠵᠢᠲᠡᠢ | ᠴᠢᠩᠭᠠᠳᠬᠠᠪᠠ᠃ ᠲᠣᠰ ᠬᠤᠭᠤᠴᠠᠭᠠᠨ ᠠᠴᠠ ᠨᠠᠰᠢ᠂ ᠲᠥᠷᠥ ᠶᠢᠨ ᠪᠠᠶᠢᠭᠤᠯᠤᠯᠭ᠎ᠠ ᠶᠢᠨ ᠠᠵᠢᠯᠲᠠᠨ ᠢ ᠨᠡᠶᠢᠲᠡ | 249 ᠬᠥᠮᠦᠨ ᠤᠳᠠᠭ᠎ᠠ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠵᠤ᠂ ᠬᠤᠰᠢᠭᠤᠨ ᠤ ᠠᠷᠠᠳ ᠤᠨ | ᠰᠢᠭᠦᠬᠦ ᠬᠤᠷᠢᠶᠠᠨ ᠤ ᠠᠷᠠᠳ ᠤᠨ ᠬᠠᠪᠰᠤᠷᠤᠨ ᠰᠢᠭᠦᠭᠴᠢ ᠶᠢ 116 ᠬᠥᠮᠦᠨ ᠲᠣᠮᠢᠯᠠᠵᠤ᠂ ᠲᠤᠰᠢᠶᠠᠯ ᠠᠴᠠ ᠪᠠᠨ | ᠪᠠᠭᠤᠬᠤ ᠶᠢ ᠬᠠᠤᠯᠢ ᠶᠣᠰᠣᠭᠠᠷ 16 ᠬᠥᠮᠦᠨ ᠤᠳᠠᠭ᠎ᠠ ᠭᠥᠯᠢᠶᠡᠨ ᠠᠪᠴᠤ᠂ ᠲᠥᠷᠥ ᠶᠢᠨ ᠪᠠᠶᠢᠭᠤᠯᠤᠯᠭ᠎ᠠ ᠶᠢᠨ | ᠬᠡᠪ ᠤᠨ ᠠᠵᠢᠯᠯᠠᠭ᠎ᠠ ᠶᠢ ᠪᠠᠲᠤᠯᠠᠭᠰᠠᠨ ᠪᠠᠶᠢᠨ᠎ᠠ᠃ ᠵᠠᠰᠠᠭ ᠤᠨ ᠣᠷᠳᠣᠨ ᠤ ᠰᠢᠨ᠎ᠡ ᠪᠠᠷ ᠵᠣᠬᠢᠶᠠᠨ ᠪᠠᠶᠢᠭᠤᠯᠬᠤ | ᠠᠵᠢᠯ ᠤᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ | ᠪᠠ ᠭᠡᠰᠢᠭᠦᠨ ᠢ ᠬᠠᠤᠯᠢ ᠶᠣᠰᠣᠭᠠᠷ ᠲᠣᠮᠢᠯᠠᠬᠤ ᠪᠤᠶᠤ ᠪᠠᠭᠤᠯᠭᠠᠵᠤ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠪᠠ ᠬᠢᠨᠠᠨ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢᠨ ᠤᠷᠤᠭᠰᠢᠲᠠᠶ ᠶᠠᠪᠤᠭᠳᠠᠬᠤ ᠶᠢ | ᠦᠨᠡᠨ ᠬᠦ ᠪᠠᠲᠤᠯᠠᠨ᠎ᠠ᠃ 2021 ᠣᠨ ᠪᠣᠯ ᠮᠠᠨ ᠤ ᠬᠤᠰᠢᠭᠤᠨ ᠤ ᠬᠤᠰᠢᠭᠤ ᠰᠢᠶᠠᠩ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠵᠢᠯ ᠪᠣᠯᠤᠨ᠎ᠠ᠂ | ᠪᠠᠶᠢᠩᠭᠤ ᠶᠢᠨ ᠬᠤᠷᠢᠶ᠎ᠠ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠲᠦᠰᠢᠭᠯᠡᠵᠦ᠂ ᠡᠷᠦᠭᠡ ᠳᠠᠭᠠᠭᠠᠴᠢᠯᠠᠬᠤ | ᠵᠢᠯᠣᠭᠤᠳᠣᠯᠭ᠎ᠠ ᠪᠠ ᠰᠢᠪᠠᠳᠠᠨ ᠪᠠᠶᠢᠴᠠᠭᠠᠯᠲᠠ ᠶᠢ ᠴᠢᠩᠭᠠᠳᠬᠠᠨ᠂ ᠨᠠᠷᠢᠨ ᠨᠢᠮᠪᠠᠶ ᠳᠣᠭᠢᠷᠠᠭᠤᠯᠤᠨ ᠪᠠᠶᠢᠷᠢᠯᠠᠭᠤᠯᠵᠤ᠂ | ᠪᠥᠬᠦ ᠬᠤᠰᠢᠭᠤᠨ ᠤ 503 ᠰᠣᠩᠭᠤᠭᠤᠯᠢ ᠶᠢᠨ ᠲᠣᠭᠤᠷᠢᠭ ᠤᠨ 21 ᠲᠦᠮᠡ ᠭᠠᠷᠤᠶ ᠰᠣᠩᠭᠤᠭᠤᠯᠢ ᠶᠢᠨ | ᠠᠷᠠᠳ ᠤᠨ ᠳᠣᠲᠣᠷ᠎ᠠ ᠠᠴᠠ ᠰᠢᠨ᠎ᠡ ᠨᠢᠭᠡ ᠬᠤᠭᠤᠴᠠᠭᠠᠨ ᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ 211 ᠲᠥᠯᠥᠭᠡᠯᠡᠭᠴᠢ᠂ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ 832 ᠲᠥᠯᠥᠭᠡᠯᠡᠭᠴᠢ ᠶᠢ ᠬᠠᠤᠯᠢ ᠶᠣᠰᠣᠭᠠᠷ ᠰᠣᠩᠭᠤᠨ ᠭᠠᠷᠭᠠᠵᠠᠶ᠃ ᠰᠤᠮᠤ ᠰᠢᠶᠠᠩ ᠪᠠᠯᠭᠠᠰᠤ ᠶᠢᠨ | ᠰᠢᠨ᠎ᠡ ᠨᠢᠭᠡ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠬᠤ ᠶᠢ ᠪᠥᠬᠦ | ᠲᠠᠯ᠎ᠠ ᠪᠠᠷ ᠵᠢᠯᠣᠭᠤᠳᠴᠤ᠂ ᠡᠯ᠎ᠡ ᠭᠠᠵᠠᠷ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ | ᠣᠷᠳᠣᠨ ᠤ ᠬᠤᠭᠤᠴᠠᠭ᠎ᠠ ᠰᠣᠯᠢᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ᠬᠠᠤᠯᠢ ᠲᠣᠭᠲᠠᠭᠠᠯᠲᠠ ᠶᠢᠨ ᠬᠠᠷᠢᠯᠴᠠᠬᠤ ᠴᠡᠭ ᠢ ᠥᠨᠳᠥᠷ ᠪᠦᠲᠦᠮᠵᠢᠲᠡᠶ ᠪᠠᠷ ᠠᠵᠢᠯᠯᠠᠭᠤᠯᠵᠠᠢ᠃ ᠰᠢᠶᠠᠨ ᠤ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠬᠠᠤᠯᠢ ᠲᠣᠭᠲᠠᠭᠠᠬᠤ ᠡᠷᠬᠡ ᠦᠭᠡᠢ ᠭᠡᠵᠦ ᠬᠠᠤᠯᠢ | ᠴᠠᠭᠠᠵᠠ ᠳᠤ ᠲᠣᠭᠲᠠᠭᠠᠭᠰᠠᠨ ᠪᠣᠯᠪᠠᠴᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠴᠥᠮ | ᠬᠠᠤᠯᠢ ᠲᠣᠭᠲᠠᠭᠠᠬᠤ ᠬᠠᠷᠢᠭᠤᠴᠠᠯᠭ᠎ᠠ ᠲᠠᠢ ᠭᠡᠵᠦ ᠪᠢᠳᠡ ᠦᠵᠡᠵᠦ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠥᠬᠦ ᠣᠷᠣᠨ ᠤ ᠠᠷᠠᠳᠴᠢᠯᠠᠯ ᠢᠶᠠᠷ ᠬᠠᠤᠯᠢ | ᠲᠣᠭᠲᠠᠭᠠᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠦᠢᠯᠡᠯᠳᠦᠯᠭᠡᠵᠢᠭᠦᠯᠬᠦ ᠶᠢᠨ ᠳᠠᠭᠠᠤ ᠬᠠᠶᠢᠨ | ᠰᠦᠪᠡᠭᠴᠢᠯᠡᠬᠦ ᠶᠢ ᠪᠠᠷᠢᠮᠲᠠᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ | ᠵᠥᠪᠯᠡᠯ ᠢᠶᠠᠷ ᠭᠤᠤᠯᠯᠠᠭᠤᠯᠤᠭᠰᠠᠨ᠂ ᠥᠪᠡᠷᠲᠡᠭᠡᠨ ᠵᠠᠰᠠᠬᠤ ᠣᠷᠣᠨ ᠤ ᠤᠯᠠᠭᠠᠨᠮᠤᠳᠤ ᠶᠢᠨ ᠦᠨᠳᠦᠰᠦᠨ ᠱᠠᠲᠤᠨ ᠤ | ᠬᠠᠤᠯᠢ ᠲᠣᠭᠲᠠᠭᠠᠬᠤ ᠬᠠᠷᠢᠯᠴᠠᠬᠤ ᠴᠡᠭ ᠢᠶᠠᠷ ᠲᠦᠰᠢᠭ ᠪᠣᠯᠭᠠᠭᠰᠠᠨ᠂ ᠡᠯ᠎ᠡ ᠲᠠᠯ᠎ᠠ ᠶᠢᠨ ᠬᠢᠨ ᠥᠷᠭᠡᠨ ᠢᠶᠠᠷ | ᠣᠷᠣᠯᠴᠠᠭᠰᠠᠨ ᠠᠵᠢᠯ ᠤᠨ ᠪᠠᠶᠢᠷᠢᠰᠢᠯ ᠢ ᠬᠦᠴᠦᠯᠡᠨ ᠪᠣᠶ ᠪᠣᠯᠭᠠᠪᠠ᠃ ︽123︾ ᠠᠵᠢᠯ ᠤᠨ ᠲᠣᠭᠲᠠᠴᠠ ᠶᠢ | ᠰᠦᠪᠡᠭᠴᠢᠯᠡᠨ ᠬᠡᠷᠡᠭᠵᠢᠭᠦᠯᠵᠦ᠂ ᠬᠠᠤᠯᠢ ᠲᠣᠭᠲᠠᠭᠠᠬᠤ ᠠᠵᠢᠯ ᠳᠤ ᠣᠷᠣᠯᠴᠠᠬᠤ ᠬᠡᠯᠬᠢᠶ᠎ᠡ ᠶᠢ ᠤᠷᠲᠤᠳᠬᠠᠵᠤ᠂ | ᠬᠠᠤᠯᠢ ᠲᠣᠭᠲᠠᠭᠠᠬᠤ ᠰᠠᠨᠠᠭᠤᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠪᠡ᠃ ᠤᠷᠢᠳ ᠬᠤᠵᠢᠳ 31 ᠬᠠᠤᠯᠢ | ᠲᠣᠭᠲᠠᠭᠠᠯ ᠤᠨ ᠲᠥᠰᠦᠯ ᠤᠨ ᠲᠣᠭᠤᠷᠢᠨ ᠳᠤ ᠰᠠᠨᠠᠯ ᠬᠤᠷᠢᠶᠠᠵᠤ᠂ ᠣᠷᠣᠯᠴᠠᠭᠰᠠᠨ ᠺᠠᠳ᠋ᠷ ᠤᠯᠠᠨ ᠲᠦᠮᠡᠨ 1 | ᠲᠦᠮᠡ ᠭᠠᠷᠤᠢ ᠬᠥᠮᠦᠨ ᠤᠳᠠᠭ᠎ᠠ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠨᠡᠶᠢᠳᠡ 51 ᠬᠠᠤᠯᠢ ᠲᠣᠭᠲᠠᠭᠠᠯ ᠤᠨ | ᠲᠥᠰᠦᠯ ᠳᠤ ᠵᠠᠰᠠᠪᠤᠷᠢ ᠣᠷᠣᠭᠤᠯᠬᠤ ᠰᠠᠨᠠᠭᠤᠯᠭ᠎ᠠ ᠶᠢ ᠳᠡᠪᠰᠢᠭᠦᠯᠪᠡ᠂ ᠡᠭᠦᠨ ᠳᠤ 19 ᠵᠦᠢᠯ ᠢ ᠨᠢ ᠬᠦᠯᠢᠶᠡᠨ | ᠠᠪᠴᠤ᠂ 8 ᠵᠦᠢᠯ ᠤᠨ ᠬᠠᠤᠯᠢ ᠲᠣᠭᠲᠠᠭᠠᠬᠤ ᠰᠠᠨᠠᠭᠤᠯᠭ᠎ᠠ ᠳᠤᠷᠠᠳᠴᠤ᠂ 2 ᠵᠦᠢᠯ ᠢ ᠨᠢ ᠬᠦᠯᠢᠶᠡᠨ ᠠᠪᠴᠠᠢ᠃ | ᠬᠠᠤᠯᠢ ᠲᠣᠭᠲᠠᠭᠠᠬᠤ ᠰᠠᠨᠠᠭᠤᠯᠭ᠎ᠠ ᠶᠢᠨ ᠰᠡᠳᠦᠪ ᠤᠨ ᠰᠤᠳᠤᠯᠭᠠᠨ ᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ | ᠤᠯᠠᠨ ᠵᠦᠢᠯ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠮᠵᠢ ᠶᠢ ᠪᠦᠷᠢᠯᠳᠦᠭᠦᠯᠵᠡᠢ᠃ ︽︿ᠬᠥᠳᠡᠭᠡ | ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ﹀ ᠶᠢᠨ ᠣᠷᠣᠨ ᠨᠤᠲᠤᠭ ᠤᠨ ᠴᠢᠨᠠᠷᠲᠠᠶ | ᠬᠠᠤᠯᠢ ᠲᠣᠭᠲᠠᠭᠠᠯ ᠢ ᠨᠡᠶᠢᠲᠡᠯᠡᠬᠦ ᠲᠤᠬᠠᠶ ᠪᠣᠳᠣᠯᠬᠢᠯᠠᠯ︾ ᠨᠢ 2018 ᠣᠨ ᠤ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠣᠷᠣᠨ ᠨᠤᠲᠤᠭ ᠤᠨ ᠬᠠᠤᠯᠢ | ᠲᠣᠭᠲᠠᠭᠠᠬᠤ ᠰᠤᠳᠤᠯᠤᠨ ᠶᠠᠷᠢᠯᠴᠠᠬᠤ ᠬᠤᠷᠠᠯ ᠤᠨ ᠰᠢᠯᠢᠳᠡᠭ ᠥᠭᠦᠯᠡᠯ ᠤᠨ ᠪᠥᠬᠦ ᠣᠷᠣᠨ ᠤ ᠲᠦᠷᠦᠭᠦᠤ | ᠪᠦᠯᠦᠭ ᠤᠨ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ᠂ ᠪᠥᠬᠦ ᠠᠶᠢᠮᠠᠭ ᠤᠨ ᠬᠠᠤᠯᠢ | ᠲᠣᠭᠲᠠᠭᠠᠬᠤ ᠬᠤᠶᠠᠷ ᠬᠠᠷᠢᠯᠴᠠᠬᠤ ᠴᠡᠭ ᠤᠨ ᠨᠢᠭᠡ ᠪᠣᠯᠤᠭᠰᠠᠨ ᠤ ᠬᠤᠪᠢ ᠳᠤ᠂ 2020 ᠣᠨ ᠳᠤ | ᠤᠯᠠᠭᠠᠨᠮᠤᠳᠤ ᠶᠢᠨ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠨᠢ ᠬᠢᠩᠭᠠᠨ ᠠᠶᠢᠮᠠᠭ ᠤᠨ | ᠠᠩᠬᠠᠳᠤᠭᠠᠷ ᠬᠤᠭᠤᠴᠠᠭᠠᠨ ᠤ ︽ᠠᠷᠪᠠᠨ ᠶᠡᠭᠡ ᠬᠠᠤᠯᠢ ᠪᠠᠷ ᠵᠠᠰᠠᠬᠤ ᠬᠡᠷᠡᠭ︾ ᠢᠶᠠᠷ ᠦᠨᠡᠯᠡᠭᠳᠡᠵᠦ᠂ ᠣᠲᠣ ᠶᠠᠭ | ᠤᠯᠤᠰ ᠤᠨ ᠲᠠᠰ ᠤᠨ ᠬᠠᠤᠯᠢ ᠲᠣᠭᠲᠠᠭᠠᠬᠤ ᠬᠠᠷᠢᠯᠴᠠᠬᠤ ᠴᠡᠭ ᠢᠶᠠᠷ ᠭᠤᠶᠤᠴᠢᠯᠠᠵᠤ ᠪᠠᠶᠢᠨ᠎ᠠ᠃ | ᠭᠤᠷᠪᠠ᠂ ᠰᠢᠨ᠎ᠡ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠯᠲᠠ ᠲᠠᠯᠪᠢᠬᠤ ᠡᠭᠦᠷᠭᠡ | ᠴᠢᠳᠠᠪᠤᠷᠢ ᠪᠠᠨ ᠪᠠᠳᠠᠷᠠᠭᠤᠯᠵᠤ᠂ ᠬᠥᠭᠵᠢᠯᠲᠡ ᠳᠤ ᠦᠢᠯᠡᠴᠢᠯᠡᠬᠦ ᠤᠶᠤᠨ ᠤᠬᠠᠭᠠᠨ ᠬᠦᠴᠦᠨ ᠴᠢᠳᠠᠯ ᠢᠶᠠᠨ ᠪᠦᠬᠦ | ᠬᠦᠴᠦᠨ ᠢᠶᠠᠷ ᠢᠶᠠᠨ ᠵᠣᠷᠢᠭᠤᠯᠪᠠ | ᠲᠤᠰ ᠬᠤᠭᠤᠴᠠᠭᠠᠨ ᠠᠴᠠ ᠨᠠᠰᠢ᠂ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠢ ᠨᠡᠶᠢᠳᠡ 29 ᠤᠳᠠᠭ᠎ᠠ᠂ | ᠡᠷᠬᠢᠯᠡᠭᠴᠢᠳ ᠤᠨ ᠬᠤᠷᠠᠯᠳᠤᠭᠠᠨ ᠢ 51 ᠤᠳᠠᠭ᠎ᠠ ᠬᠤᠷᠠᠯᠳᠤᠭᠤᠯᠪᠠ᠃ 51 ᠵᠦᠢᠯ ᠤᠨ ᠲᠤᠰᠬᠠᠶ ᠠᠵᠢᠯ ᠤᠨ | ᠮᠡᠳᠡᠭᠦᠯᠦᠯᠲᠡ ᠶᠢ ᠰᠣᠨᠣᠰᠤᠨ ᠬᠢᠨᠠᠨ ᠶᠠᠷᠢᠯᠴᠠᠵᠤ᠂ 6 ᠤᠳᠠᠭ᠎ᠠ ᠶᠢᠨ ᠪᠠᠶᠢᠴᠠᠭᠠᠨ ᠦᠵᠡᠬᠦ ᠠᠵᠢᠯᠯᠠᠭ᠎ᠠ ᠶᠢ | ᠥᠷᠨᠢᠭᠦᠯᠵᠦ᠂ 14 ᠤᠳᠠᠭ᠎ᠠ ᠶᠢᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠦᠨ᠂ 2 | ᠤᠳᠠᠭ᠎ᠠ ᠮᠥᠷᠳᠡᠨ ᠰᠢᠪᠠᠳᠠᠨ ᠪᠠᠶᠢᠴᠠᠭᠠᠵᠤ᠂ ᠠᠵᠢᠯ ᠤᠨ ᠦᠨᠡᠯᠡᠯᠲᠡ ᠪᠠ ᠲᠤᠰᠬᠠᠶ ᠰᠡᠳᠦᠪᠲᠦ ᠯᠠᠪᠯᠠᠨ ᠠᠰᠠᠭᠤᠬᠤ | ᠠᠵᠢᠯ ᠢ 1 ᠤᠳᠠᠭ᠎ᠠ ᠬᠢᠪᠡ᠃ ᠳᠡᠭᠡᠳᠦ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠢ | ᠬᠠᠮᠵᠢᠯᠴᠠᠨ ᠬᠠᠤᠯᠢ ᠲᠣᠭᠲᠠᠭᠠᠯᠲᠠ ᠶᠢᠨ ᠪᠠᠶᠢᠴᠠᠭᠠᠨ ᠰᠤᠳᠤᠯᠤᠯᠲᠠ᠂ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ᠂ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢ 40 ᠭᠠᠷᠤᠶ ᠤᠳᠠᠭ᠎ᠠ ᠥᠷᠨᠢᠭᠦᠯᠵᠦ᠂ | ᠪᠣᠳᠠᠲᠠᠶ ᠠᠵᠢᠯᠯᠠᠬᠤ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠥᠭᠵᠢᠯᠲᠡ ᠶᠢ ᠠᠬᠢᠭᠤᠯᠬᠤ | ᠡᠭᠦᠷᠭᠡᠯᠡᠯ ᠢ ᠲᠠᠶᠢᠯᠪᠤᠷᠢᠯᠠᠪᠠ᠃ | ᠠᠵᠤ ᠠᠬᠤᠢ ᠶᠢᠨ ᠠᠵᠢᠯᠯᠠᠭᠠᠨ ᠶᠠᠪᠤᠭᠳᠠᠬᠤ ᠶᠢᠨ ᠭᠤᠣᠯᠳᠠᠯᠭ᠎ᠠ ᠶᠢ ᠲᠦᠪᠯᠡᠷᠡᠭᠦᠯᠵᠡᠢ᠃ | ᠠᠵᠤ ᠠᠬᠤᠶ ᠶᠢᠨ ᠠᠵᠢᠯᠯᠠᠭᠠᠨ ᠤ ᠠᠵᠤ ᠦᠢᠯᠡᠰ ᠤᠨ ᠬᠥᠭᠵᠢᠯᠲᠡ᠂ ᠴᠢᠬᠤᠯᠠ ᠶᠡᠭᠡ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠵᠡᠷᠭᠡ ᠶᠢᠨ ᠲᠣᠭᠤᠷᠢᠨ ᠳᠤ ᠬᠠᠮᠲᠤ ᠶᠢᠨ ᠪᠠᠶᠢᠴᠠᠭᠠᠯᠲᠠ ᠬᠢᠵᠦ᠂ ᠮᠠᠨ ᠤ ᠬᠤᠰᠢᠭᠤᠨ ᠤ | ᠭᠤᠤᠯᠳᠠᠯᠭ᠎ᠠ ᠲᠠᠢ ᠠᠵᠢᠯ ᠤᠨ ᠥᠷᠨᠢᠯᠲᠡ ᠶᠢ ᠠᠬᠢᠭᠤᠯᠤᠨ᠎ᠠ᠃ ᠵᠢᠯ ᠪᠦᠷᠢ ᠲᠥᠯᠥᠪᠯᠡᠭᠡ ᠶᠢ ᠬᠡᠷᠡᠭᠵᠢᠭᠦᠯᠦᠭᠰᠡᠨ | ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ ᠪᠦᠭᠦ ᠬᠤᠰᠢᠭᠤᠨ ᠤ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠳᠤ 20 ᠭᠠᠷᠤᠶ ᠰᠠᠨᠠᠭᠤᠯᠭ᠎ᠠ ᠳᠤᠷᠠᠳᠴᠤ ᠪᠠᠶᠢᠨ᠎ᠠ᠃ ᠲᠥᠰᠦᠪ ᠤᠨ ᠰᠦᠯᠵᠢᠶ᠎ᠡ ᠪᠠᠷ | ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠵᠤ᠂ ᠰᠦᠯᠵᠢᠶ᠎ᠡ ᠪᠠᠷ ᠬᠤᠰᠢᠭᠤᠨ ᠤ ᠲᠣᠰ ᠱᠠᠲᠤᠨ ᠤ ᠲᠥᠰᠦᠪ ᠤᠨ | ᠵᠠᠷᠤᠯᠭ᠎ᠠ ᠶᠢᠨ ᠪᠠᠶᠢᠳᠠᠯ ᠢ ᠴᠠᠭ ᠲᠤᠬᠠᠶ ᠳᠤᠨᠢ ᠪᠠᠶᠢᠴᠠᠭᠠᠨ ᠦᠵᠡᠵᠦ᠂ ᠲᠣᠰ ᠬᠤᠭᠤᠴᠠᠭᠠᠨ ᠠᠴᠠ ᠨᠠᠰᠢ ᠨᠡᠶᠢᠲᠡ | 36 ᠲᠥᠰᠦᠪ ᠤᠨ ᠨᠢᠭᠡᠴᠢ ᠲᠠᠢ ᠶᠠᠷᠢᠯᠴᠠᠨ ᠠᠰᠠᠭᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠰᠢᠪᠠᠳᠠᠪᠠ᠃ ᠲᠥᠰᠦᠪ ᠢ ᠨᠠᠶᠢᠷᠠᠭᠤᠯᠤᠨ ᠵᠣᠬᠢᠶᠠᠬᠤ᠂ ᠭᠦᠢᠴᠡᠳᠬᠡᠬᠦ᠂ ᠲᠥᠰᠦᠪ ᠤᠨ | ᠭᠦᠢᠴᠡᠳᠬᠡᠯ ᠪᠠ ᠬᠢᠨᠠᠨ ᠪᠣᠳᠣᠯᠲᠠ ᠵᠡᠷᠭᠡ ᠳᠥᠷᠪᠡᠨ ᠭᠤᠣᠯᠳᠠᠯᠭ᠎ᠠ ᠲᠠᠢ ᠬᠢᠨᠠᠯᠲᠠ ᠲᠠᠯᠪᠢᠬᠤ ᠭᠤᠭᠴᠤᠭ᠎ᠠ ᠲᠠᠢ | ᠨᠢᠭᠲᠠ ᠤᠶᠠᠯᠳᠤᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠢ ᠬᠢᠨᠠᠨ ᠪᠠᠶᠢᠴᠠᠭᠠᠵᠤ | ᠬᠢᠨᠠᠯᠲᠠ ᠲᠠᠯᠪᠢᠬᠤ ᠶᠢᠨ ᠭᠤᠤᠯᠳᠠᠯᠭ᠎ᠠ ᠶᠢ ᠵᠠᠷᠤᠯᠭ᠎ᠠ ᠶᠢᠨ ᠲᠥᠰᠦᠪ ᠪᠠ ᠲᠥᠷᠥ ᠶᠢᠨ ᠪᠣᠳᠣᠯᠭ᠎ᠠ ᠳᠠᠰᠢ | ᠥᠷᠭᠡᠳᠬᠡᠵᠦ᠂ ᠣᠨ ᠤ ᠲᠥᠰᠦᠪ ᠪᠠ ᠲᠥᠰᠦᠪ ᠤᠨ ᠭᠦᠢᠴᠡᠳᠭᠡᠯ ᠢ ᠬᠠᠤᠯᠢ ᠶᠣᠰᠣᠭᠠᠷ ᠬᠢᠨᠠᠨ ᠪᠠᠶᠢᠴᠠᠭᠠᠵᠤ | ᠵᠥᠪᠰᠢᠶᠡᠷᠡᠨ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠠᠮᠢᠶᠠᠷᠤᠯᠲᠠ ᠶᠢᠨ ᠪᠠᠶᠢᠳᠠᠯ᠂ ᠬᠢᠨᠠᠨ ᠪᠤᠳᠤᠵᠤ | ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠶᠢ | ᠴᠢᠩᠭᠠᠳᠬᠠᠵᠤ᠂ ᠪᠥᠬᠦ ᠬᠤᠰᠢᠭᠤᠨ ᠤ ᠲᠥᠰᠦᠪ ᠥᠬᠡᠶ ᠵᠠᠷᠤᠯᠭ᠎ᠠ ᠶᠢᠨ ᠪᠠᠯᠠ ᠮᠥᠩᠭᠦ ᠶᠢ ᠢᠳᠡᠭ ᠢᠳᠡᠭ ᠢᠶᠠᠷ | ᠪᠠᠭᠠᠰᠬᠠᠵᠤ᠂ ᠲᠥᠰᠦᠪ ᠤᠨ ᠬᠡᠷᠡᠭᠵᠢᠭᠦᠯᠦᠯᠲᠡ ᠶᠢ ᠵᠢᠷᠤᠮᠵᠢᠭᠤᠯᠬᠤ ᠬᠢᠷᠢ ᠲᠦᠪᠰᠢᠨ ᠢ ᠵᠢᠯ ᠳᠠᠷᠠᠭᠠᠯᠠᠨ | ᠳᠡᠭᠡᠭᠰᠢᠯᠡᠭᠦᠯᠪᠡ᠃ ᠵᠠᠰᠠᠭ ᠤᠨ ᠣᠷᠳᠣᠨ ᠤ ᠥᠷᠢ ᠥᠭᠴᠡᠭᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠤᠰᠬᠠᠶ ᠠᠵᠢᠯ ᠤᠨ ᠮᠡᠳᠡᠭᠦᠯᠦᠯᠲᠡ ᠶᠢ ᠰᠣᠨᠣᠰᠬᠤ ᠪᠠ ᠬᠢᠨᠠᠨ | ᠵᠥᠪᠯᠡᠵᠦ᠂ ᠬᠢᠨᠠᠨ ᠵᠥᠪᠯᠡᠭᠰᠡᠨ ᠰᠠᠨᠠᠯ ᠳᠤᠷᠠᠳᠴᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ | ᠲᠦᠭᠰᠢᠭᠦᠷᠢ ᠶᠢ ᠰᠡᠷᠭᠡᠶᠢᠯᠡᠬᠦ ᠶᠢ ᠴᠢᠷᠮᠠᠶᠢᠨ ᠶᠠᠪᠤᠭᠳᠠᠭᠤᠯᠤᠨ᠎ᠠ᠃ ︽ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠠᠴᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠮᠡᠳᠡᠭᠦᠯᠬᠦ ᠲᠦᠷᠢᠮ︾ ᠢ | ᠨᠡᠶᠢᠲᠡᠯᠡᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠬᠢᠨᠠᠯᠲᠠ ᠲᠠᠯᠪᠢᠬᠤ ᠠᠵᠢᠯ ᠤᠨ | ᠭᠤᠤᠯᠳᠠᠯᠭ᠎ᠠ ᠳᠤ ᠣᠷᠣᠭᠤᠯᠤᠨ᠂ 2019 ᠣᠨ ᠠᠴᠠ ᠡᠬᠢᠯᠡᠨ ᠵᠢᠯ ᠪᠦᠷᠢ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠲᠤᠰᠬᠠᠶ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠪᠥᠬᠦ ᠬᠤᠰᠢᠭᠤᠨ ᠤ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠠᠮᠤᠷ ᠲᠦᠪᠰᠢᠨ᠂ ᠵᠢᠷᠤᠮᠵᠢᠯ ᠲᠠᠢ᠂ ᠦᠷᠳᠡᠭ ᠢ ᠪᠠᠳᠤᠯᠠᠵᠤ᠂ | ᠦᠷᠳᠡᠭ ᠢ ᠨᠡᠮᠡᠭᠳᠡᠭᠦᠯᠬᠦ ᠶᠢ ᠪᠠᠲᠤᠯᠠᠪᠠ ᠃ | ᠨᠡᠶᠢᠭᠡᠮ ᠤᠨ ᠵᠠᠰᠠᠯᠲᠠ ᠶᠢᠨ ᠬᠦᠴᠢᠷᠳᠡᠯ ᠢ ᠪᠣᠳᠤᠯᠬᠢᠯᠠᠵᠠᠢ᠃ ᠬᠠᠤᠯᠢ ᠴᠠᠭᠠᠵᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠦᠷᠭᠦᠯᠵᠢᠯᠡᠨ ᠠᠩᠬᠠᠷᠴᠤ᠂ ᠥᠭᠡᠷᠡᠴᠢᠯᠡᠯᠲᠡ ᠶᠢᠨ ᠪᠠᠶᠢᠳᠠᠯ ᠢ ︽ᠡᠷᠭᠢᠵᠦ ᠦᠵᠡᠬᠦ︾ ᠠᠵᠢᠯ ᠢ | ᠥᠷᠨᠢᠭᠦᠯᠵᠦ᠂ ᠥᠭᠡᠷᠡᠴᠢᠯᠡᠯᠲᠡ ᠶᠢᠨ ᠲᠠᠰᠤᠷᠠᠯᠳᠠ ᠦᠭᠡᠢ ᠭᠦᠨᠵᠡᠭᠡᠶᠢᠷᠡᠨ ᠬᠥᠭᠵᠢᠬᠦ ᠶᠢ ᠲᠦᠯᠬᠢᠨ ᠠᠬᠢᠭᠤᠯᠪᠠ᠃ | ᠲᠥᠪ ᠭᠤᠣᠯᠴᠢ ᠪᠠᠷ ᠬᠠᠤᠯᠢ ᠪᠠᠷᠢᠬᠤ ᠲᠤᠬᠠᠶ ᠠᠷᠠᠳ ᠤᠯᠠᠨ ᠤ ᠬᠦᠰᠡᠯ ᠡᠷᠡᠮᠡᠯᠵᠡᠯ ᠳᠤ ᠬᠠᠷᠢᠭᠤ ᠥᠭᠴᠦ᠂ ︽ | ᠬᠠᠤᠯᠢ ᠪᠠᠷᠢᠬᠤ ᠪᠠᠶᠢᠭᠤᠯᠭ᠎ᠠ ᠳᠤ ᠣᠴᠢᠵᠤ᠂ ᠢᠯᠡ ᠪᠠᠷ ᠬᠠᠤᠯᠢ ᠪᠠᠷᠢᠬᠤ ᠶᠢ ᠠᠬᠢᠭᠤᠯᠬᠤ︾ ᠨᠢᠭᠡ ᠰᠢᠷᠢᠰ | ᠠᠵᠢᠯᠯᠠᠭ᠎ᠠ ᠶᠢ ᠥᠷᠨᠢᠭᠦᠯᠵᠦ᠂ ᠨᠡᠶᠢᠳᠡ 300 ᠭᠠᠷᠤᠶ ᠬᠤᠰᠢᠭᠤ ᠰᠢᠶᠠᠩ ᠬᠤᠶᠠᠷ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠢᠭᠦᠬᠦ ᠲᠢᠩᠬᠢᠮ ᠤᠨ ᠲᠢᠩᠬᠢᠮ ᠤᠨ ᠰᠢᠭᠦᠯᠲᠡ ᠶᠢ ᠰᠤᠯᠠ | ᠰᠣᠨᠣᠰᠬᠤ᠂ ᠬᠠᠤᠯᠢ ᠪᠠᠷᠢᠬᠤ ᠡᠶᠡᠳᠡᠭᠦᠯᠭᠡ ᠳᠤ ᠣᠷᠣᠯᠴᠠᠬᠤ᠂ ᠬᠡᠷᠡᠭ ᠰᠢᠢᠳᠪᠦᠷᠢᠯᠡᠬᠦ ᠲᠤᠬᠠᠶ ᠶᠢᠨ ᠲᠠᠯᠠᠪᠤᠷ ᠲᠤ | ᠣᠴᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠤᠯᠢ ᠪᠠᠷᠢᠬᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ | ᠠᠵᠢᠯ ᠤᠨ ᠬᠢᠨᠠᠯᠲᠠ ᠪᠠ ᠬᠠᠤᠯᠢ ᠴᠠᠭᠠᠵᠠ ᠶᠢᠨ ᠬᠢᠨᠠᠯᠲᠠ ᠶᠢ ᠬᠡᠷᠡᠭᠵᠢᠭᠦᠯᠪᠡ᠃ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠲᠤᠰᠬᠠᠶ ᠠᠵᠢᠯ ᠤᠨ ᠮᠡᠳᠡᠭᠦᠯᠦᠯᠲᠡ ᠶᠢ ᠰᠣᠨᠣᠰᠤᠨ | ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠦᠨ᠂ ᠬᠠᠤᠯᠢ ᠶᠣᠰᠣᠭᠠᠷ | ᠵᠠᠰᠠᠭ ᠶᠠᠪᠤᠭᠤᠯᠬᠤ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠬᠦ ᠶᠢ ᠠᠬᠢᠭᠤᠯᠪᠠ᠃ ᠲᠥᠯᠥᠭᠡᠯᠡᠭᠴᠢᠳ ᠪᠠ | ᠤᠯᠠᠨ ᠲᠦᠮᠡᠨ ᠤ ᠵᠠᠰᠠᠭ ᠵᠠᠬᠢᠷᠭᠠᠨ ᠤ ᠪᠠᠶᠢᠭᠤᠯᠭ᠎ᠠ᠂ ᠬᠠᠤᠯᠢ ᠴᠠᠭᠠᠵᠠ ᠶᠢᠨ ᠪᠠᠶᠢᠭᠤᠯᠭ᠎ᠠ ᠵᠢᠴᠢ ᠲᠡᠭᠦᠨ ᠤ | ᠠᠵᠢᠯᠳᠠᠨ ᠤ ᠲᠤᠬᠠᠶ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠨᠠᠷᠢᠨ ᠬᠢᠨᠠᠮᠠᠭᠠᠶ ᠬᠦᠯᠢᠶᠡᠨ ᠠᠪᠴᠤ᠂ ᠲᠤᠰ | ᠬᠤᠭᠤᠴᠠᠭᠠᠨ ᠠᠴᠠ ᠨᠠᠰᠢ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ ᠨᠡᠶᠢᠳᠡ 137 ᠬᠤᠪᠢ 374 ᠬᠥᠮᠦᠨ | ᠤᠳᠠᠭ᠎ᠠ ᠬᠦᠯᠢᠶᠡᠨ ᠠᠪᠴᠤ᠂ ᠪᠦᠬᠦᠨ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠠᠷᠭ᠎ᠠ ᠪᠠᠷ ᠲᠤᠰᠢᠶᠠᠨ ᠰᠢᠢᠳᠪᠦᠷᠢᠯᠡᠭᠦᠯᠵᠦ᠂ | ᠰᠢᠯᠵᠢᠭᠦᠯᠦᠨᠰᠢᠢᠳᠪᠦᠷᠢᠯᠡᠭᠦᠯᠵᠦ᠂ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠮᠥᠷᠳᠡᠨ᠂ | ᠰᠢᠪᠠᠳᠠᠨ ᠰᠢᠢᠳᠪᠦᠷᠢᠯᠡᠬᠦ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ | ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠦᠴᠦᠲᠡᠶ ᠠᠬᠢᠭᠤᠯᠪᠠ᠃ | ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ ᠢ ᠴᠢᠩᠭ᠎ᠠ ᠠᠩᠬᠠᠷᠴᠠᠢ᠃ ᠪᠠᠶᠢᠩᠭᠤ ᠶᠢᠨ | ᠬᠤᠷᠢᠶ᠎ᠠ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ | ᠪᠣᠯᠭᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠬᠢᠨᠠᠯᠲᠠ ᠲᠠᠯᠪᠢᠬᠤ ᠭᠤᠣᠯᠳᠠᠯᠭ᠎ᠠ ᠪᠣᠯᠭᠠᠵᠤ᠂ | ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠦᠨᠡᠨ ᠬᠦ ᠬᠠᠮᠠᠭᠠᠯᠠᠪᠠ᠃ | ᠰᠤᠷᠤᠯᠴᠠᠬᠤ ᠠᠴᠠ ᠰᠤᠷᠭᠠᠨ ᠬᠥᠮᠦᠵᠢᠯ ᠲᠠᠢ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ᠂ ᠬᠢᠨᠠᠨ | ᠵᠥᠪᠯᠡᠵᠦ᠂ ᠵᠠᠰᠠᠭ ᠤᠨ ᠣᠷᠳᠣᠨ ᠠᠴᠠ ᠰᠤᠷᠭᠠᠨ ᠬᠥᠮᠦᠵᠢᠯ ᠤᠨ ᠳᠤᠲᠠᠭᠳᠠᠯ ᠢ ᠦᠨᠡᠨᠬᠦ ᠨᠥᠬᠦᠪᠥᠷᠢᠯᠡᠵᠦ᠂ | ᠰᠤᠷᠭᠠᠨ ᠬᠥᠮᠦᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠥᠬᠦ ᠬᠤᠰᠢᠭᠤᠨ ᠤ ᠰᠤᠷᠭᠠᠨ | ᠬᠥᠮᠦᠵᠢᠯ ᠤᠨ ᠦᠢᠯᠡᠰ ᠤᠨ ᠤᠷᠢᠳᠠᠪᠠᠷ ᠬᠥᠭᠵᠢᠬᠦ ᠶᠢ ᠲᠦᠯᠬᠢᠨ ᠠᠬᠢᠭᠤᠯᠪᠠ᠃ ᠡᠪᠡᠳᠴᠢᠯᠡᠪᠡᠯ ᠡᠮᠨᠡᠯᠭᠡ ᠲᠠᠢ᠂ | ᠪᠥᠬᠦ ᠬᠤᠰᠢᠭᠤᠨ ᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠪᠠ ᠦᠨᠳᠦᠰᠦᠨ ᠱᠠᠲᠤᠨ ᠤ ᠡᠮ ᠡᠮᠨᠡᠯᠭᠡ | ᠡᠷᠡᠭᠦᠯ ᠬᠠᠮᠠᠭᠠᠯᠠᠯ ᠤᠨ ᠡᠩᠨᠡᠭᠡ ᠶᠢᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ | ᠰᠤᠳᠤᠯᠤᠯᠲᠠ ᠶᠢ ᠥᠷᠨᠢᠭᠦᠯᠵᠦ᠂ ᠵᠠᠰᠠᠭ ᠤᠨ ᠣᠷᠳᠣᠨ ᠵᠢᠴᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠢᠨ | ᠣᠯᠠᠨ ᠨᠡᠶᠢᠲᠡ ᠶᠢᠨ ᠡᠷᠡᠭᠦᠯ ᠮᠡᠨᠳᠦ ᠪᠠᠷ ᠭᠤᠤᠯ ᠪᠣᠯᠭᠠᠵᠤ᠂ ᠲᠤᠷᠰᠢᠯᠭ᠎ᠠ ᠪᠠᠨ ᠲᠠᠰᠤᠷᠠᠯᠲᠠ ᠥᠬᠡᠶ ᠳ᠋ᠦᠩᠨᠡᠨ᠂ | ᠪᠣᠳᠠᠲᠤ ᠦᠷ᠎ᠡ ᠪᠦᠲᠦᠮᠵᠢ ᠪᠠᠨ ᠨᠡᠮᠡᠭᠳᠡᠭᠦᠯᠵᠦ᠂ ᠣᠯᠠᠨ ᠲᠦᠮᠡᠨ ᠳᠤ ᠨᠠᠩ ᠰᠢᠯᠢᠳᠡᠭ ᠨᠡᠩ ᠣᠯᠠᠨ ᠨᠡᠶᠢᠲᠡ ᠶᠢᠨ | ᠡᠮ ᠡᠮᠨᠡᠯᠭᠡ ᠶᠢᠨ ᠦᠢᠯᠡᠴᠢᠯᠡᠭᠡ ᠬᠠᠩᠭᠠᠬᠤ ᠶᠢ ᠰᠠᠨᠠᠭᠤᠯᠪᠠ᠃ ᠪᠠᠭᠤᠷᠠᠶ ᠶᠢ ᠲᠡᠳᠬᠦᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠰᠦᠯᠵᠢᠶ᠎ᠡ ᠪᠠᠷ ᠳᠠᠮᠵᠢᠨ ᠦᠨᠡᠯᠡᠬᠦ ᠡᠲᠡᠭᠡᠳ ᠢ ᠴᠤᠭᠯᠠᠭᠤᠯᠬᠤ᠂ ᠦᠨᠳᠦᠰᠦᠨ ᠱᠠᠲᠤᠨ ᠳᠤ | ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ᠂ ᠠᠵᠢᠯ ᠤᠨ ᠦᠨᠡᠯᠡᠯᠲᠡ ᠬᠢᠬᠦ ᠪᠠ ᠲᠤᠰᠬᠠᠢ ᠰᠡᠳᠦᠪ ᠢᠶᠠᠷ ᠯᠠᠪᠯᠠᠨ | ᠠᠰᠠᠭᠤᠬᠤ ᠶᠢ ᠵᠡᠷᠭᠡ ᠪᠠᠷ ᠬᠡᠷᠡᠭᠯᠡᠬᠦ ᠵᠡᠷᠭᠡ ᠠᠷᠭ᠎ᠠ ᠬᠡᠯᠪᠡᠷᠢ ᠪᠠᠷ ᠠᠷᠠᠳ ᠤᠨ ᠶᠠᠪᠤᠳᠠᠯ ᠤᠨ ᠠᠵᠢᠯ ᠢ ᠦᠨᠡᠯᠡᠵᠦ᠂ | ᠪᠠᠭᠤᠷᠠᠶᠢᠴᠤᠤᠯ ᠤᠨ ᠦᠨᠳᠦᠰᠦᠨ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠵᠤ᠂ ᠬᠥᠭᠵᠢᠯᠲᠡ ᠶᠢ ᠨᠡᠩ | ᠳᠤᠯᠠᠭᠠᠨ᠂ ᠵᠣᠯ ᠵᠢᠷᠭᠠᠯ ᠢ ᠨᠡᠩ ᠦᠨᠡᠨ ᠪᠣᠳᠠᠲᠠᠢ ᠲᠦᠷᠦᠭᠳᠡᠯ ᠲᠠᠢ ᠪᠤᠯᠭᠠᠪᠠ᠃ ᠶᠠᠳᠠᠭᠤ ᠠᠴᠠ ᠠᠩᠭᠢᠵᠢᠷᠠᠭᠤᠯᠬᠤ | ᠪᠡᠷᠬᠡ ᠰᠡᠳᠦᠪ ᠢ ᠰᠢᠢᠳᠪᠦᠷᠢᠯᠡᠬᠦ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠵᠦ | ᠂ ᠲᠤᠰᠬᠠᠶ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠶᠠᠷᠢᠯᠴᠠᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ | ᠰᠡᠳᠦᠪ ᠢ ᠰᠢᠢᠳᠪᠦᠷᠢᠯᠡᠬᠦ ᠬᠠᠷᠠᠯᠲᠠ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠳᠤ ᠬᠦᠴᠦᠨ ᠨᠡᠮᠡᠷᠢᠯᠡᠪᠡ᠃ | ᠢᠳᠡᠭᠡᠨ ᠤ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠭᠡᠨ ᠤ ᠠᠮᠤᠷ ᠲᠦᠪᠰᠢᠨ ᠤ | ᠬᠠᠤᠯᠢ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ ᠵᠠᠰᠠᠭ ᠤᠨ ᠣᠷᠳᠣᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠢ ᠰᠢᠪᠠᠳᠠᠨ ︽ᠴᠢᠩᠭ᠎ᠠ︾ ᠶᠢ ᠲᠡᠷᠢᠭᠦᠨ ᠳᠤ ᠲᠠᠯᠪᠢᠵᠤ᠂ ᠢᠳᠡᠭᠡᠨ ᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠷᠠᠳ ᠤᠯᠠᠨ ᠤ ᠢᠳᠡᠵᠦ ᠤᠤᠭᠤᠬᠤ ᠳᠠᠭᠠᠨ ᠰᠠᠨᠠᠭ᠎ᠠ | ᠠᠮᠤᠷ ᠪᠠᠶᠢᠬᠤ ᠶᠢ ᠦᠨᠡᠨ ᠬᠦ ᠪᠠᠲᠤᠯᠠᠨ᠎ᠠ᠃ ᠰᠣᠶᠣᠯ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠤᠨ ᠠᠵᠢᠯ ᠤᠨ | ᠮᠡᠳᠡᠭᠦᠯᠦᠯᠲᠡ ᠶᠢ ᠰᠣᠨᠣᠰᠤᠨ ᠬᠢᠨᠠᠨ ᠶᠠᠷᠢᠯᠴᠠᠵᠤ᠂ ᠠᠷᠠᠳ ᠤᠯᠠᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ | ᠳᠤᠮᠳᠠ ᠨᠡᠩ ᠤᠯᠠᠨ ᠬᠦᠷᠲᠡᠮᠵᠢ ᠶᠢᠨ ᠲᠦᠷᠦᠭᠳᠡᠯ ᠲᠠᠢ ᠪᠣᠯᠭᠠᠨ᠎ᠠ᠃ ᠴᠢᠮᠡᠭᠡ ᠬᠤᠯᠪᠣᠭ᠎ᠠ ᠶᠢᠨ ᠪᠠᠲᠤᠯᠠᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠴᠢᠮᠡᠭᠡ ᠬᠤᠯᠪᠣᠭ᠎ᠠ ᠶᠢᠨ ᠰᠦᠯᠵᠢᠶ᠎ᠡ ᠶᠢᠨ | ᠪᠠᠶᠢᠭᠤᠯᠤᠯᠲᠠ ᠶᠢᠨ ᠪᠠᠶᠢᠳᠠᠯ ᠤᠨ ᠪᠠᠶᠢᠴᠠᠭᠠᠯᠲᠠ ᠶᠢ ᠥᠷᠨᠢᠭᠦᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠢ | ᠰᠢᠮᠳᠠᠭᠤᠯᠵᠤ ᠪᠠᠶᠢᠭᠠᠳ ᠲᠥᠯᠥᠭᠡᠯᠡᠭᠴᠢᠳ ᠤᠨ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠶ ᠪᠥᠭᠡᠳ | ᠰᠠᠨᠠᠭᠠᠴᠢᠯᠠᠭ᠎ᠠ ᠠᠴᠠ ᠪᠠᠨ ᠬᠠᠷᠢᠭᠤ ᠥᠭᠴᠦ᠂ ᠮᠠᠯᠵᠢᠬᠤ ᠲᠠᠷᠢᠶᠠᠯᠠᠬᠤ ᠣᠷᠣᠨ ᠤ ᠴᠢᠮᠡᠭᠡ ᠬᠤᠯᠪᠣᠭ᠎ᠠ ᠶᠢᠨ | ᠰᠦᠯᠵᠢᠶ᠎ᠡ ᠶᠢ ᠲᠡᠭᠦᠯᠳᠡᠷᠵᠢᠭᠦᠯᠦᠨ᠂ ᠣᠯᠠᠨ ᠲᠦᠮᠡᠨ ᠤ ᠠᠮᠢᠳᠤᠷᠠᠯ ᠢ ᠠᠮᠤ ᠪᠤᠳᠠᠭᠠᠨ ᠤ ᠠᠮᠤᠷ ᠲᠦᠪᠰᠢᠨ ᠳᠤ | ᠠᠩᠬᠠᠷᠤᠯ ᠢᠶᠠᠨ ᠲᠥᠪᠯᠡᠷᠡᠭᠦᠯᠵᠦ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ | ᠬᠡᠷᠡᠭᠵᠢᠭᠦᠯᠦᠭᠰᠡᠨ ᠠᠴᠠ ᠨᠠᠭᠠᠰᠢᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ | ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠤᠨ ᠬᠢᠨᠠᠨ ᠶᠠᠷᠢᠯᠴᠠᠵᠤ᠂ ᠬᠤᠯᠪᠣᠭᠳᠠᠯ ᠪᠦᠬᠦᠢ ᠠᠵᠢᠯ ᠤᠨ | ᠪᠠᠶᠢᠴᠠᠭᠠᠨ ᠰᠤᠳᠤᠯᠤᠯᠲᠠ ᠶᠢ ᠥᠷᠨᠢᠭᠦᠯᠪᠡ᠃ ᠲᠣᠰ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ | ᠲᠤᠰᠬᠠᠶ ᠮᠡᠳᠡᠭᠦᠯᠦᠯᠲᠡ︾ ᠶᠢᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠬᠦᠷᠭᠡᠵᠦ᠂ | ᠮᠠᠨ ᠤ ᠬᠤᠰᠢᠭᠤ ᠴᠢᠨᠠᠭᠰᠢᠯᠠᠪᠠᠯ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠬᠢᠭᠡᠳ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠬᠦ ᠳᠤ ᠴᠢᠬᠤᠯᠠ ᠯᠠᠪᠯᠠᠯᠲᠠ | ᠬᠠᠩᠭᠠᠭᠰᠠᠨ ᠪᠠᠶᠢᠨ᠎ᠠ᠃ | ᠲᠦᠷᠪᠡ᠂ ᠰᠢᠨ᠎ᠡ ᠤᠢᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠨᠡᠮᠡᠭᠳᠡᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠢᠯᠠ ᠲᠣᠳᠣ ᠰᠠᠭᠤᠷᠢ ᠦᠩᠭᠡ ᠶᠢ ᠢᠯᠡᠷᠡᠭᠦᠯᠪᠡ | 2019 ᠣᠨ ᠳᠤ ᠲᠤᠷᠰᠢᠯᠲᠠ ᠬᠢᠵᠦ ᠪᠠᠶᠢᠭᠰᠠᠨ ᠠᠴᠠ ᠪᠠᠨ 2021 ᠣᠨ ᠪᠣᠯᠲᠠᠯ᠎ᠠ ᠬᠤᠰᠢᠭᠤ ᠰᠢᠶᠠᠩ ᠳᠤ | ᠪᠦᠬᠦ ᠲᠠᠯ᠎ᠠ ᠪᠠᠷ ᠬᠡᠷᠡᠭᠵᠢᠭᠦᠯᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠲᠦᠷᠢᠮ ᠤᠨ ᠠᠵᠢᠯ ᠢ | ᠭᠦᠨᠵᠡᠭᠡᠢ ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠢ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠰᠠᠨᠠᠭᠤᠯᠭ᠎ᠠ᠂ ᠬᠢᠨᠠᠨ ᠵᠥᠪᠯᠡᠬᠦ᠂ ᠪᠠᠲᠤᠯᠠᠬᠤ᠂ ᠬᠢᠨᠠᠯᠲᠠ | ᠲᠠᠯᠪᠢᠬᠤ᠂ ᠦᠷ᠎ᠡ ᠪᠦᠲᠦᠮᠵᠢ ᠶᠢ ᠠᠰᠠᠭᠤᠬᠤ ᠪᠦᠬᠦ ᠶᠠᠪᠤᠴᠠ ᠳᠤ ᠣᠷᠣᠯᠴᠠᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ᠂ ᠥᠷᠭᠡᠨ ᠤᠯᠠᠨ | ᠲᠥᠯᠥᠭᠡᠯᠡᠭᠴᠢᠳ ᠤᠨ ᠠᠮᠵᠢᠯᠲᠠ ᠶᠢᠨ ᠲᠦᠷᠦᠭᠳᠡᠯ ᠢ ᠦᠨᠡᠨᠬᠦ ᠨᠡᠮᠡᠭᠳᠡᠭᠦᠯᠵᠦ᠂ ᠠᠷᠠᠳ ᠤᠯᠠᠨ ᠤ ᠬᠠᠨᠤᠮᠵᠢ ᠶᠢᠨ | ᠬᠡᠮᠵᠢᠶ᠎ᠡ ᠶᠢ ᠳᠡᠭᠡᠭᠰᠢᠯᠡᠭᠦᠯᠵᠡᠢ᠃ | ᠠᠷᠠᠳ ᠲᠦᠮᠡᠨ ᠤ ᠬᠡᠷᠡᠭᠴᠡᠭᠡ ᠶᠢ ᠪᠦᠬᠦ ᠲᠠᠯ᠎ᠠ ᠪᠠᠷ ᠠᠰᠠᠭᠤᠨ ᠯᠠᠪᠯᠠᠵᠠᠢ᠃ ᠲᠦᠰᠦᠯ ᠴᠤᠭᠯᠠᠭᠤᠯᠬᠤ ᠠᠵᠢᠯ ᠢ | ᠥᠷᠭᠡᠨ ᠢᠶᠠᠷ ᠥᠷᠨᠢᠭᠦᠯᠵᠦ᠂ ᠰᠦᠯᠵᠢᠶ᠎ᠡ᠂ ᠸᠢᠴᠠᠲ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠵᠤ᠂ ᠡᠯ᠎ᠡ | ᠲᠠᠯ᠎ᠠ ᠶᠢᠨ ᠬᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠴᠤᠭᠯᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠦᠰᠦᠯ ᠢ ᠠᠷᠠᠳ ᠤᠨ ᠰᠠᠨᠠᠭᠠᠨ ᠳᠤ ᠨᠡᠩ ᠢᠯᠡᠭᠦᠦ ᠨᠡᠶᠢᠴᠡᠭᠦᠯᠦᠨ᠎ᠡ᠃ ᠲᠦᠰᠦᠯ ᠢ ᠠᠩᠬ᠎ᠠ | ᠲᠣᠭᠲᠠᠭᠠᠬᠤ ᠭᠤᠭᠴᠤᠭ᠎ᠠ ᠳᠤ᠂ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ᠂ ᠨᠡᠶᠢᠲᠡ ᠶᠢᠨ ᠠᠰᠠᠷᠠᠮᠵᠢ ᠶᠢ | ᠬᠠᠮᠲᠤᠪᠠᠷ ᠡᠳ᠋ᠯᠡᠬᠦ᠂ ᠴᠢᠳᠠᠯ ᠤᠨ ᠢᠶᠠᠨ ᠬᠢᠷᠢ ᠪᠠᠷ ᠬᠡᠷᠡᠭᠵᠢᠭᠦᠯᠬᠦ ᠶᠢ ᠪᠠᠷᠢᠮᠲᠠᠯᠠᠵᠤ᠂ ᠲᠦᠷᠦᠯ ᠵᠦᠢᠯ ᠢ ᠠᠩᠬ᠎ᠠ | ᠲᠣᠭᠲᠠᠭᠠᠬᠤ᠂ ᠨᠤᠲᠠᠯᠠᠬᠤ᠂ ᠬᠢᠨᠠᠨ ᠵᠥᠪᠯᠡᠬᠦ ᠵᠡᠷᠭᠡ ᠭᠤᠭᠴᠤᠭ᠎ᠠ ᠶᠢ ᠪᠣᠳᠠᠲᠠᠢ ᠠᠳᠬᠤᠵᠤ᠂ ᠤᠯᠠᠨ ᠲᠦᠮᠡᠨ ᠤ | ᠮᠡᠳᠡᠷᠡᠮᠵᠢ ᠶᠢᠨ ᠬᠡᠮᠵᠢᠶ᠎ᠡ᠂ ᠬᠠᠨᠤᠮᠵᠢ ᠶᠢᠨ ᠬᠡᠮᠵᠢᠶ᠎ᠡ ᠂ ᠣᠷᠣᠯᠴᠠᠬᠤ ᠬᠠᠯᠠᠭᠤᠨ ᠰᠡᠳᠬᠢᠯᠭᠡ ᠢᠯᠡᠳᠲᠡ | ᠳᠡᠭᠡᠭᠰᠢᠯᠡᠪᠡ᠃ | ᠠᠷᠠᠳ ᠲᠦᠮᠡᠨ ᠤ ᠠᠷᠭ᠎ᠠ ᠪᠤᠳᠤᠯᠭ᠎ᠠ ᠶᠢ ᠭᠦᠨᠵᠡᠭᠡᠶ ᠠᠰᠠᠭᠤᠨ ᠯᠠᠪᠯᠠᠵᠠᠢ᠃ ᠵᠠᠰᠠᠭ ᠤᠨ ᠣᠷᠳᠣᠨ ᠤ | ᠠᠮᠠᠯᠠᠯᠲᠠ ᠪᠠᠨ ᠨᠡᠩ ᠰᠠᠶᠢᠨ ᠪᠡᠶᠡᠯᠡᠭᠦᠯᠬᠦ ᠶᠢ ᠠᠬᠢᠭᠤᠯᠬᠤ ᠶᠢᠨ ᠲᠦᠯᠦᠭᠡ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠯ ᠪᠦᠷᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠦᠰᠦᠯ ᠤᠨ ᠠᠷᠠᠳ ᠤᠨ ᠲᠥᠯᠥᠭᠡᠯᠡᠭᠴᠢᠳ ᠤᠨ ᠲᠦᠰᠦᠯ ᠳᠤ ᠬᠢᠨᠠᠯᠲᠠ ᠲᠠᠯᠪᠢᠬᠤ ᠳᠤᠭᠤᠶᠢᠯᠠᠩ ᠢ ᠪᠠᠶᠢᠭᠤᠯᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠳᠡᠳ᠋ | ᠡᠷᠬᠢᠯᠡᠭᠴᠢ ᠪᠠᠷ ᠳᠠᠭᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠥᠪᠯᠡᠯ ᠤᠨ ᠠᠯᠪᠠᠨ | ᠭᠡᠷ ᠪᠣᠯᠤᠨ ᠡᠯ᠎ᠡ ᠠᠵᠢᠯ ᠲᠦᠷᠦᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ | ᠣᠷᠣᠯᠴᠠᠭᠤᠯᠵᠤ᠂ ᠪᠠᠶᠢᠴᠠᠭᠠᠨ ᠦᠵᠡᠬᠦ᠂ ᠰᠤᠷᠪᠤᠯᠵᠢᠯᠠᠬᠤ᠂ ᠶᠠᠷᠢᠯᠴᠠᠬᠤ ᠵᠢᠴᠢ ᠬᠠᠷᠢᠭᠤ ᠮᠡᠳᠡᠭᠦᠯᠦᠯᠲᠡ ᠰᠣᠨᠣᠰᠬᠤ | ᠵᠡᠷᠭᠡ ᠬᠡᠯᠪᠡᠷᠢ ᠪᠠᠷ ᠲᠦᠷᠦᠯ ᠵᠦᠢᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ᠂ ᠤᠯᠠᠨ ᠲᠦᠮᠡᠨ ᠤ | ᠰᠡᠳᠬᠢᠯ ᠤᠨ ᠦᠭᠡ ᠶᠢ ᠰᠣᠨᠣᠰᠴᠤ᠂ ᠰᠠᠨᠠᠯ ᠰᠠᠨᠠᠭᠤᠯᠭ᠎ᠠ ᠬᠤᠷᠢᠶᠠᠵᠤ᠂ ᠬᠠᠷᠢᠭᠤᠴᠠᠯᠭᠠᠲᠤ ᠰᠠᠯᠠᠭ᠎ᠠ ᠮᠥᠴᠢᠷ ᠲᠤ | ᠴᠠᠭ ᠲᠤᠬᠠᠢ ᠳᠤᠨᠢ ᠬᠠᠷᠢᠭᠤ ᠲᠤᠰᠬᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠪᠠ᠃ | ᠴᠢᠩᠭ᠎ᠠ ᠬᠦᠴᠦᠲᠡᠶ ᠠᠵᠢᠯ ᠤᠨ ᠬᠢᠨᠠᠯᠲᠠ ᠲᠠᠯᠪᠢᠬᠤ ᠪᠠᠷ ᠳᠡᠮᠵᠢᠨ᠂ ᠬᠤᠰᠢᠭᠤ ᠰᠢᠶᠠᠩ ᠬᠤᠶᠠᠷ ᠱᠠᠲᠤᠨ ᠤ | ᠵᠠᠰᠠᠭ ᠤᠨ ᠣᠷᠳᠣᠨ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ | ᠦᠨᠡᠨᠬᠦ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠰᠦᠯ ᠤᠨ ᠪᠥᠲᠥᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃ 2021 ᠣᠨ ᠪᠣᠯᠲᠠᠯ᠎ᠠ᠂ ᠬᠤᠰᠢᠭᠤ | ᠰᠢᠶᠠᠩ ᠬᠤᠶᠠᠷ ᠱᠠᠲᠤᠨ ᠳᠤ ᠨᠡᠶᠢᠲᠡ 69 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠦᠰᠦᠯ ᠢ ᠬᠡᠷᠡᠭᠵᠢᠭᠦᠯᠵᠦ᠂ ᠤᠯᠠᠭᠠᠨᠮᠣᠳᠣ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂ ᠳᠥᠷᠪᠡᠳᠦᠭᠡᠷ | ᠬᠡᠤᠬᠡᠳ ᠤᠨ ᠴᠡᠴᠡᠷᠯᠢᠭ ᠢ ᠪᠠᠶᠢᠭᠤᠯᠤᠨ᠂ ᠠᠰᠢᠭᠯᠠᠯᠲᠠ ᠳᠤ ᠣᠷᠣᠭᠤᠯᠵᠤ᠂ ᠣᠶ ᠰᠢᠭᠤᠶ ᠵᠢᠮᠢᠰ ᠤᠨ ᠠᠵᠤ | ᠦᠢᠯᠡᠰ ᠤᠨ ᠬᠥᠭᠵᠢᠯᠲᠡ ᠶᠢᠨ ᠢᠵᠢ ᠪᠥᠷᠢᠳᠦᠭᠦᠯᠬᠦ ᠲᠦᠰᠦᠯ ᠢᠶᠠᠷ ᠠᠷᠠᠳ ᠢ ᠪᠠᠶᠠᠵᠢᠭᠤᠯᠤᠨ ᠣᠷᠣᠯᠭ᠎ᠠ ᠶᠢ | ᠨᠡᠮᠡᠭᠳᠡᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠢ ᠨᠡᠭᠦᠯᠭᠡᠨ ᠥᠭᠡᠷᠡᠴᠢᠯᠡᠬᠦ᠂ ᠮᠠᠯᠵᠢᠬᠤ | ᠲᠠᠷᠢᠶᠠᠯᠠᠬᠤ ᠣᠷᠣᠨ ᠤ ᠴᠠᠬᠢᠯᠭᠠᠨ ᠤ ᠲᠣᠤᠷ ᠢ ᠳᠡᠭᠡᠭᠰᠢᠯᠡᠭᠦᠯᠬᠦ ᠢᠨᠵᠧᠨᠧᠷᠢᠩ ᠵᠡᠷᠭᠡ ᠨᠢᠭᠡ ᠪᠦᠯᠦᠭ ᠠᠷᠠᠳ ᠲᠤ | ᠠᠰᠢᠭ ᠬᠦᠷᠲᠡᠭᠡᠬᠦ ᠪᠣᠳᠠᠲᠤ ᠶᠠᠪᠤᠳᠠᠯ ᠭᠠᠵᠠᠷ ᠲᠤ ᠪᠠᠭᠤᠵᠤ ᠦᠷ᠎ᠡ ᠪᠦᠲᠦᠮᠵᠢ ᠣᠯᠵᠤ᠂ ᠠᠷᠠᠳ ᠣᠯᠠᠨ ᠤ | ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠦᠨᠡᠨ ᠬᠦ ᠨᠡᠮᠡᠭᠳᠡᠭᠦᠯᠪᠡ᠃ | ᠠᠷᠠᠳ ᠲᠦᠮᠡᠨ ᠳᠤ ᠦᠵᠡᠭᠦᠯᠦᠭᠰᠡᠨ ᠦᠷ᠎ᠡ ᠪᠦᠲᠦᠮᠵᠢ ᠶᠢ ᠴᠢᠩᠭ᠎ᠠ ᠠᠰᠠᠭᠤᠵᠠᠢ᠃ ᠡᠯ᠎ᠡ ᠵᠦᠢᠯ ᠤᠨ | ᠪᠠᠷᠢᠯᠭ᠎ᠠ ᠶᠢᠨ ᠠᠵᠢᠯ ᠳᠠᠭᠤᠰᠤᠭᠰᠠᠨ ᠤ ᠲᠠᠷᠠᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠦᠨᠡᠯᠡᠨ ᠵᠢᠱᠢᠬᠦ ᠳᠤᠭᠤᠶᠢᠯᠠᠩ ᠪᠠᠶᠢᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ | ᠤᠯᠠᠨ ᠲᠦᠮᠡᠨ ᠤ ᠲᠦᠰᠦᠯ ᠤᠨ ᠲᠤᠬᠠᠶ ᠦᠨᠡᠯᠡᠯᠲᠡ ᠶᠢ ᠰᠣᠨᠣᠰᠴᠤ᠂ ᠵᠦᠢᠯᠡᠰ ᠤᠨ ᠦᠨᠡᠯᠡᠨ ᠵᠢᠱᠢᠭᠰᠡᠨ | ᠮᠡᠳᠡᠭᠦᠯᠦᠯᠲᠡ ᠶᠢ ᠪᠤᠢ ᠪᠣᠯᠭᠠᠪᠠ᠃ ᠳᠠᠷᠠᠭ᠎ᠠ ᠵᠢᠯ ᠳᠤᠨᠢ ᠬᠤᠷᠠᠯᠳᠤᠭᠤᠯᠤᠭᠰᠠᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠳᠡᠭᠡᠷ᠎ᠡ᠂ ᠪᠦᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ | ᠪᠠᠶᠢᠭᠤᠯᠤᠨ ᠡᠯ᠎ᠡ ᠲᠦᠷᠦᠯ ᠵᠦᠢᠯ ᠳᠤ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠵᠦ᠂ ᠡᠯ᠎ᠡ ᠬᠠᠷᠢᠭᠤᠴᠠᠯᠭᠠᠲᠤ | ᠨᠢᠭᠡᠴᠢ ᠶᠢ ᠭᠡᠳᠡᠷᠬᠦ ᠰᠢᠬᠠᠮᠳᠠᠭᠤᠯᠵᠤ ᠪᠠᠶᠢᠭᠠᠳ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ | ᠪᠣᠳᠠᠲᠠᠢ ᠬᠢᠯᠭᠡᠪᠡ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠬᠤ ᠲᠦᠷᠢᠮ ᠤᠨ ᠠᠵᠢᠯ ᠤᠨ | ᠵᠥᠪᠯᠡᠬᠦ ᠰᠡᠳᠦᠪ ᠨᠢ ᠤᠯᠠᠨ ᠲᠦᠮᠡᠨ ᠠᠴᠠ ᠢᠷᠡᠵᠤ᠂ ᠭᠤᠣᠯ ᠰᠡᠳᠦᠪ ᠨᠢ ᠠᠷᠠᠳ ᠤᠨ ᠠᠮᠢᠳᠤᠷᠠᠯ ᠢ ᠲᠤᠪᠤᠶᠢᠯᠭᠠᠵᠤ | ᠂ ᠰᠢᠢᠳᠪᠦᠷᠢᠲᠦ ᠪᠤᠳᠤᠯᠭ᠎ᠠ ᠨᠢ ᠠᠷᠠᠳᠴᠢᠯᠠᠯ ᠢ ᠢᠯᠡᠷᠡᠭᠦᠯᠵᠦ᠂ ᠦᠷ᠎ᠡ ᠳ᠋ᠦᠩ ᠳᠤ ᠠᠷᠠᠳ ᠤᠨ ᠰᠡᠳᠬᠢᠯ ᠢ ᠣᠯᠵᠤ᠂ | ᠠᠷᠠᠳ ᠤᠨ ᠰᠠᠨᠠᠭ᠎ᠠ ᠶᠢ ᠭᠦᠢᠴᠡᠳ ᠰᠢᠩᠭᠡᠭᠡᠵᠦ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠵᠤ᠂ | ᠠᠷᠠᠳ ᠤᠨ ᠵᠣᠪᠠᠨᠢᠯ ᠢ ᠲᠠᠶᠢᠯᠵᠤ᠂ ᠰᠠᠶᠢᠨ ᠰᠠᠶᠢᠬᠠᠨ ᠤᠯᠤᠰ ᠲᠦᠷᠦ᠂ ᠠᠵᠤ ᠠᠬᠤᠢ ᠪᠠ ᠨᠡᠶᠢᠭᠡᠮ ᠤᠨ ᠦᠷ᠎ᠡ | ᠠᠰᠢᠭ ᠣᠯᠤᠭᠰᠠᠨ ᠢ ᠭᠤᠷᠪᠠᠨ ᠵᠢᠯ ᠤᠨ ᠰᠦᠪᠡᠭᠴᠢᠯᠡᠯᠳᠡ ᠪᠠ ᠦᠢᠯᠡᠳᠦᠯᠭᠡ ᠬᠦᠴᠦᠲᠡᠢ ᠭᠡᠷᠡᠴᠢᠯᠡᠪᠡ᠃ | ᠲᠠᠪᠤ᠂ ᠰᠢᠨ᠎ᠡ ᠲᠣᠭᠲᠠᠴᠠ ᠶᠢ ᠲᠡᠭᠦᠯᠳᠡᠷᠵᠢᠭᠦᠯᠵᠦ᠂ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠲᠤᠪᠤᠶᠢᠯᠭᠠᠨ᠂ | ᠢᠯᠡ ᠲᠣᠳᠣ ᠣᠨᠴᠠᠯᠢᠭ ᠲᠠᠢ ᠲᠥᠯᠥᠭᠡᠯᠡᠭᠴᠢᠳ ᠤᠨ ᠦᠢᠯᠡᠳᠦᠯᠭᠡ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠡᠢ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠲᠥᠯᠥᠭᠡᠯᠡᠭᠴᠢ ᠶᠢᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠢᠮᠠᠭᠲᠠ ᠪᠠᠷᠢᠮᠲᠠᠯᠠᠵᠤ᠂ ᠲᠦᠷᠢᠮ ᠤᠨ | ᠲᠣᠭᠲᠠᠴᠠ ᠶᠢ ᠲᠡᠭᠦᠯᠳᠡᠷᠵᠢᠭᠦᠯᠦᠨ᠂ ᠲᠠᠪᠴᠠᠩ ᠤᠨ ᠠᠴᠢᠶᠠᠯᠠᠪᠤᠷᠢ ᠶᠢ ᠡᠭᠦᠳᠦᠨ ᠪᠠᠶᠢᠭᠤᠯᠵᠤ᠂ ᠦᠢᠯᠡᠴᠢᠯᠡᠭᠡᠨ ᠤ | ᠪᠠᠲᠤᠯᠠᠭ᠎ᠠ ᠶᠢ ᠴᠢᠩᠭᠠᠳᠬᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠥᠯᠥᠭᠡᠯᠡᠭᠴᠢ ᠶᠢᠨ ᠠᠵᠢᠯ ᠢ | ᠤᠯᠠᠮ ᠢᠯᠡᠭᠦᠤ ᠣᠯᠠᠨ ᠲᠦᠮᠡᠨ ᠲᠠᠢ ᠣᠶᠢᠷᠠᠲᠤᠭᠤᠯᠵᠤ᠂ ᠲᠥᠯᠥᠭᠡᠯᠡᠭᠴᠢ ᠶᠢᠨ ᠠᠵᠢᠯᠯᠠᠭ᠎ᠠ ᠶᠢ ᠤᠯᠠᠮ | ᠪᠠᠶᠠᠯᠢᠭᠵᠢᠭᠤᠯᠵᠤ᠂ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠠᠷᠠᠳ ᠤᠨ | ᠰᠡᠳᠭᠢᠯ ᠳᠤ ᠨᠡᠩ ᠨᠡᠶᠢᠴᠡᠭᠦᠯᠪᠡ᠃ | ᠦᠯᠢᠭᠡᠷ ᠳᠠᠭᠤᠷᠢᠶᠠᠯ ᠪᠣᠯᠵᠤ᠂ ᠰᠤᠷᠤᠯᠴᠠᠬᠤ ᠪᠠ ᠵᠢᠭᠠᠨ ᠰᠤᠷᠭᠠᠬᠤ ᠠᠵᠢᠯᠯᠠᠭ᠎ᠠ ᠢᠯᠡᠳᠲᠡ ᠦᠷ᠎ᠡ ᠪᠦᠲᠦᠮᠵᠢ | ᠣᠯᠵᠠᠶ᠃ ᠠᠷᠠᠳ ᠲᠦᠮᠡᠨ ᠨᠠᠮᠠᠶᠢ ᠲᠥᠯᠥᠭᠡᠯᠡᠭᠴᠢ ᠪᠠᠷ ᠰᠣᠩᠭᠤᠵᠤ᠂ ᠠᠷᠠᠳ ᠲᠦᠮᠡᠨ ᠤ ᠲᠥᠯᠥᠭᠡ ᠰᠠᠶᠢᠨ | ᠲᠥᠯᠥᠭᠡᠯᠡᠭᠴᠢ ᠪᠤᠯᠬᠤ ᠬᠡᠷᠡᠭᠲᠡᠶ᠃ ᠬᠡᠳᠦᠨ ᠵᠢᠯ ᠤᠨ ᠲᠤᠷᠰᠢ᠂ ᠥᠷᠭᠡᠨ ᠤᠯᠠᠨ ᠲᠥᠯᠥᠭᠡᠯᠡᠭᠴᠢᠳ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠳᠤ ᠳᠡᠭᠡᠳᠦ ᠬᠡᠮᠵᠢᠶᠡᠨ ᠤ ᠢᠲᠡᠭᠡᠯ ᠪᠠ ᠠᠷᠠᠳ ᠤᠯᠠᠨ ᠳᠤ | ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ | ᠬᠤᠯᠪᠣᠭᠳᠠᠭᠰᠠᠨ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠬᠤ ᠪᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠬᠦᠴᠦᠯᠡᠬᠦ ᠴᠡᠭ ᠪᠣᠯᠭᠠᠭᠰᠠᠨ ᠪᠠᠶᠢᠨ᠎ᠠ᠃ ᠠᠵᠤ ᠠᠬᠤᠢ ᠶᠢᠨ | ᠬᠥᠭᠵᠢᠯᠲᠡ ᠠᠴᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠬᠦᠷᠲᠡᠯ᠎ᠡ᠂ ᠪᠦᠬᠦ ᠲᠠᠯ᠎ᠠ ᠶᠢᠨ ᠬᠦᠴᠢᠷᠳᠡᠯ ᠠᠴᠠ | ᠬᠡᠰᠡᠭ ᠲᠠᠯ᠎ᠠ ᠶᠢᠨ ᠳᠤᠲᠠᠭᠳᠠᠯ ᠬᠦᠷᠲᠡᠯ᠎ᠡ᠂ ᠤᠯᠠᠨ ᠲᠦᠮᠡᠨ ᠤ ᠲᠤᠯᠭᠠᠮ᠎ᠠ ᠰᠢᠢᠳᠪᠦᠷᠢᠯᠡᠬᠦ ᠴᠢᠬᠤᠯᠠᠲᠠᠢ ᠠᠰᠠᠭᠤᠳᠠᠯ | ᠯᠠ ᠶᠤᠮ ᠪᠣᠯ ᠲᠥᠯᠥᠭᠡᠯᠡᠭᠴᠢᠳ ᠴᠥᠮ ᠭᠦᠨᠵᠡᠭᠡᠢ ᠠᠩᠬᠠᠷᠴᠤ᠂ ᠢᠳᠡᠪᠬᠢᠲᠡᠢ ᠪᠠᠷ ᠠᠵᠢᠯᠯᠠᠪᠠ᠃ 3 ᠵᠢᠯ | ᠳᠠᠷᠠᠭᠠᠯᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠣᠰᠯᠠᠨ ᠬᠠᠪᠰᠤᠷᠤᠯᠴᠠᠵᠤ᠂ | ᠬᠠᠪᠰᠤᠷᠤᠨ ᠲᠡᠳᠬᠦᠬᠦ ᠶᠢ ᠥᠷᠨᠢᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ | ᠬᠦᠴᠦᠨ ᠨᠡᠮᠡᠷᠢᠯᠡᠵᠦ᠂ 2 ᠲᠥᠯᠥᠭᠡᠯᠡᠭᠴᠢ ᠪᠥᠬᠦ ᠣᠷᠣᠨ ᠤ ︽ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠦᠮᠡᠨ ᠲᠥᠯᠥᠭᠡᠯᠡᠭᠴᠢ ᠨᠠᠷᠢᠯᠢᠭ ᠣᠨᠤᠪᠴᠢᠲᠠᠢ ᠪᠠᠷ ᠶᠠᠳᠠᠭᠤ ᠶᠢ ᠲᠡᠳᠬᠦᠬᠦ ᠳᠤ ᠬᠦᠴᠦᠨ ᠨᠡᠮᠡᠷᠢᠯᠡᠭᠰᠡᠨ | ︾ ᠲᠡᠷᠢᠭᠦᠨ ᠤ ᠬᠤᠪᠢ ᠬᠥᠮᠦᠨ ᠤ ᠢᠷᠠᠭᠤ ᠠᠯᠳᠠᠷ ᠢ ᠭᠥᠷᠳᠡᠪᠡ᠃ ᠣᠷᠣᠨ ᠤ ᠬᠤᠰᠢᠭᠤ ᠰᠢᠶᠠᠩ ᠭᠤᠷᠪᠠᠨ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ︽ᠪᠢ ᠪᠣᠯ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠢ ᠴᠢᠮᠠᠳᠤ ᠬᠠᠪᠰᠤᠷᠤᠨ᠎ᠠ︾ ᠭᠡᠬᠦ ᠦᠢᠯᠡᠳᠦᠯᠭᠡ ᠶᠢᠨ | ᠠᠵᠢᠯᠯᠠᠭ᠎ᠠ ᠳᠤ ᠣᠷᠣᠯᠴᠠᠵᠤ᠂ ᠦᠢᠯᠡᠳᠦᠯᠭᠡ ᠶᠢᠨ ᠠᠵᠢᠯᠯᠠᠭ᠎ᠠ ᠶᠢ 60 ᠭᠠᠷᠤᠶ ᠤᠳᠠᠭ᠎ᠠ ᠲᠥᠪᠯᠡᠷᠡᠭᠦᠯᠦᠨ | ᠥᠷᠨᠢᠭᠦᠯᠵᠦ᠂ ᠠᠷᠠᠳ ᠣᠯᠠᠨ ᠤ ᠰᠡᠳᠬᠢᠯ ᠵᠣᠪᠠᠭ᠋ᠤ ᠤᠴᠢᠷ ᠶᠠᠪᠤᠳᠠᠯ ᠢ ᠰᠢᠢᠳᠪᠦᠷᠢᠯᠡᠬᠦ ᠶᠠᠪᠤᠴᠠ ᠳᠤ᠂ ᠰᠢᠨ᠎ᠡ | ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡᠯᠡᠯ ᠢ | ᠲᠠᠶᠢᠯᠪᠤᠷᠢᠯᠠᠨ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠴᠤᠭ ᠵᠢᠪᠬᠤᠭ᠎ᠠ ᠶᠢ ᠢᠯᠡᠷᠡᠭᠦᠯᠪᠡ᠃ | ᠦᠢᠯᠡᠴᠢᠯᠡᠭᠡ ᠶᠢ ᠰᠢᠯᠢᠳᠡᠭᠵᠢᠭᠦᠯᠵᠦ᠂ ᠲᠥᠯᠥᠭᠡᠯᠡᠭᠴᠢ ᠶᠢᠨ ᠡᠵᠡᠨ ᠬᠥᠮᠦᠨ ᠤ ᠤᠬᠠᠮᠰᠠᠷ ᠲᠠᠰᠤᠷᠠᠯᠲᠠ ᠦᠭᠡᠢ | ᠴᠢᠩᠭᠠᠷᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠪᠠᠶᠢᠩᠭᠤ ᠶᠢᠨ | ᠬᠤᠷᠢᠶᠠᠨ ᠤ ᠬᠤᠷᠠᠯᠳᠤᠭᠠᠨ ᠳᠤ ᠰᠤᠯᠠ ᠣᠷᠣᠯᠴᠠᠬᠤ ᠲᠦᠷᠢᠮ ᠢ ᠲᠡᠭᠦᠯᠳᠡᠷᠵᠢᠭᠦᠯᠵᠦ᠂ ᠲᠥᠯᠥᠭᠡᠯᠡᠭᠴᠢᠳ ᠢ ᠨᠠᠷᠢᠨ | ᠬᠢᠨᠠᠮᠠᠭᠠᠶ ᠵᠣᠬᠢᠶᠠᠨ ᠪᠠᠶᠢᠭᠤᠯᠤᠨ ᠡᠯ᠎ᠡ ᠵᠦᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯᠯᠠᠭ᠎ᠠ ᠳᠤ | ᠣᠷᠣᠯᠴᠠᠭᠤᠯᠵᠤ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠤᠯᠪᠠᠰᠤᠷᠠᠯ ᠢ | ᠴᠢᠩᠭᠠᠳᠬᠠᠪᠠ᠂ ᠲᠤᠰ ᠬᠤᠭᠤᠴᠠᠭᠠᠨ ᠳᠤ ᠲᠥᠯᠥᠭᠡᠯᠡᠭᠴᠢᠳ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠳᠤ | ᠨᠡᠶᠢᠳᠡ 74 ᠬᠥᠮᠦᠨ ᠤᠳᠠᠭ᠎ᠠ ᠰᠤᠯᠠ ᠣᠷᠣᠯᠴᠠᠵᠤ᠂ ᠪᠠᠶᠢᠴᠠᠭᠠᠨ ᠦᠵᠡᠬᠦ ᠪᠠᠶᠢᠴᠠᠭᠠᠨ ᠰᠤᠳᠤᠯᠬᠤ ᠬᠠᠤᠯᠢ | ᠬᠡᠷᠡᠭᠵᠢᠭᠦᠯᠬᠦ ᠪᠠᠶᠢᠴᠠᠭᠠᠯᠲᠠ ᠬᠢᠬᠦ ᠵᠡᠷᠭᠡ ᠠᠵᠢᠯᠯᠠᠭ᠎ᠠ ᠳᠤ ᠨᠡᠶᠢᠳᠡ 1500 ᠭᠠᠷᠤᠶ ᠬᠥᠮᠦᠨ ᠤᠳᠠᠭ᠎ᠠ ᠣᠷᠣᠯᠴᠠᠵᠤ | ᠂ ᠡᠯ᠎ᠡ ᠲᠦᠷᠦᠯ ᠤᠨ ᠪᠤᠯᠪᠠᠰᠤᠷᠠᠯ ᠳᠤ 1300 ᠭᠠᠷᠤᠶ ᠬᠥᠮᠦᠨ ᠤᠳᠠᠭ᠎ᠠ ᠣᠷᠣᠯᠴᠠᠪᠠ᠃ ᠲᠦᠷᠦ ᠶᠢᠨ | ᠪᠠᠶᠢᠭᠤᠯᠭ᠎ᠠ ᠪᠣᠯᠤᠨ ᠲᠥᠯᠥᠭᠡᠯᠡᠭᠴᠢᠳ ᠤᠨ ᠬᠠᠷᠢᠯᠴᠠᠭ᠎ᠠ ᠶᠢ ᠨᠢᠭᠲᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠡᠰᠡᠭ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ︽ᠨᠢᠭᠡ ᠵᠠᠰᠠᠭ ᠤᠨ ᠣᠷᠳᠣᠨ ᠨᠢᠭᠡ ᠵᠦᠪᠯᠡᠯ | ᠬᠤᠶᠠᠷ ᠬᠤᠷᠢᠶ᠎ᠠ︾ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠷᠠᠯᠳᠤᠭᠤᠯᠤᠭᠰᠠᠨ | ᠶᠠᠷᠢᠯᠴᠠᠬᠤ ᠬᠤᠷᠠᠯ᠂ ᠭᠡᠷᠡᠴᠢᠯᠡᠭᠡ ᠰᠣᠨᠣᠰᠬᠤ ᠬᠤᠷᠠᠯ᠂ ᠲᠢᠩᠬᠢᠮ ᠤᠨ ᠰᠢᠭᠦᠯᠲᠡ ᠶᠢᠨ ᠬᠤᠷᠠᠯ ᠵᠡᠷᠭᠡ ᠳᠤ | ᠣᠷᠣᠯᠴᠠᠭᠤᠯᠵᠤ᠂ ᠲᠥᠯᠥᠭᠡᠯᠡᠭᠴᠢᠳ ᠤᠨ ᠪᠠᠶᠢᠳᠠᠯ ᠢ ᠣᠶᠢᠯᠠᠭᠠᠵᠤ ᠵᠠᠰᠠᠭ ᠤᠨ ᠶᠠᠪᠤᠳᠠᠯ ᠢ ᠣᠶᠢᠯᠠᠭᠠᠬᠤ ᠶᠢ ᠦᠨᠡᠨ | ᠬᠦ ᠪᠠᠲᠤᠯᠠᠵᠤ᠂ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠤᠯᠠᠨ ᠲᠠᠯ᠎ᠠ ᠶᠢᠨ ᠬᠢᠨ ᠰᠣᠨᠣᠰᠴᠤ ᠰᠢᠩᠭᠡᠭᠡᠨ | ᠠᠪᠬᠤ ᠶᠢ ᠦᠨᠡᠨ ᠬᠦ ᠪᠠᠲᠤᠯᠠᠪᠠ᠃ 42 ᠬᠤᠪᠢ ᠬᠥᠮᠦᠨ ᠤ ᠶᠡᠭᠡ ᠬᠤᠷᠠᠯ ᠤᠨ ᠲᠥᠯᠥᠭᠡᠯᠡᠭᠴᠢ ᠶᠢᠨ ᠬᠡᠷ ︵ | ᠠᠵᠢᠯᠯᠠᠬᠤ ᠲᠠᠰᠤᠭ︶ ᠤᠨ ᠠᠵᠢᠯᠯᠠᠭ᠎ᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠣᠯᠠᠨ | ᠡᠳᠦᠷ ᠨᠢᠭᠡᠳᠬᠡᠬᠦ︾ ᠠᠵᠢᠯᠯᠠᠭ᠎ᠠ᠂ ︽ᠭᠤᠤᠯ ᠰᠡᠳᠦᠪᠲᠦ ᠭᠥᠯᠢᠶᠡᠨ ᠠᠪᠬᠤ︾ ᠰᠣᠩᠭᠤᠭᠤᠯᠢ ᠶᠢᠨ ᠠᠷᠠᠳ᠂ ︽ | ᠲᠣᠭᠲᠠᠮᠠᠯ + ᠨᠡᠭᠦᠳᠡᠯ︾ ᠰᠣᠩᠭᠤᠭᠤᠯᠢ ᠶᠢᠨ ᠠᠷᠠᠳ ᠲᠠᠢ ᠬᠠᠷᠢᠯᠴᠠᠬᠤ ᠵᠡᠷᠭᠡ ᠠᠵᠢᠯᠯᠠᠭᠠᠨ ᠤ ᠵᠠᠭᠪᠤᠷ ᠢ | ᠰᠦᠪᠡᠭᠴᠢᠯᠡᠨ ᠪᠣᠶ ᠪᠣᠯᠭᠠᠵᠤ᠂ ᠪᠠᠯᠭᠠᠰᠤᠲᠠᠶ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠬᠡᠷ ᠤᠨ ᠲᠤᠷᠰᠢᠯᠭ᠎ᠠ ᠠᠷᠭ᠎ᠠ ᠬᠢᠳᠡᠯ ᠢ ︽ᠠᠷᠠᠳ ᠤᠨ ᠲᠥᠯᠥᠭᠡᠯᠡᠭᠴᠢ ᠶᠢᠨ ᠰᠣᠨᠢᠨ︾ ᠳᠤ | ᠨᠡᠶᠢᠲᠡᠯᠡᠪᠡ᠃ ︽ᠬᠤᠣᠰ ᠬᠠᠷᠢᠯᠴᠠᠭ᠎ᠠ︾ ᠶᠢᠨ ᠠᠵᠢᠯ ᠤᠨ ᠲᠦᠷᠢᠮ ᠢ ᠲᠡᠭᠦᠯᠳᠡᠷᠵᠢᠭᠦᠯᠵᠦ᠂ ᠲᠥᠯᠥᠭᠡᠯᠡᠭᠴᠢ ᠶᠢᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠲᠠᠩᠰᠠ ᠡᠪᠬᠡᠮᠡᠯ ᠢ ᠪᠠᠶᠢᠭᠤᠯᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠣᠩᠭᠤᠭᠤᠯᠢ ᠶᠢᠨ ᠲᠣᠭᠤᠷᠢᠭ ᠲᠠᠭᠠᠨ ᠪᠤᠴᠠᠵᠤ | ᠲᠤᠰᠢᠶᠠᠯ ᠤᠨ ᠮᠡᠳᠡᠭᠦᠯᠦᠯᠲᠡ ᠬᠢᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠩᠭᠤ ᠶᠢᠨ | ᠬᠤᠷᠢᠶᠠᠨ ᠤ ᠪᠦᠷᠢᠯᠳᠦᠬᠦᠨ ᠪᠠ ᠲᠥᠯᠥᠭᠡᠯᠡᠭᠴᠢ᠂ ᠲᠥᠯᠥᠭᠡᠯᠡᠭᠴᠢ ᠪᠠ ᠤᠯᠠᠨ ᠲᠦᠮᠡᠨ ᠤ ᠬᠠᠷᠢᠯᠴᠠᠭ᠎ᠠ ᠶᠢ | ᠨᠢᠭᠲᠠᠷᠠᠭᠤᠯᠵᠤ᠂ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠢᠳᠡᠪᠬᠢᠵᠢᠯ ᠢ ᠤᠯᠠᠮ ᠨᠢᠭᠡ ᠠᠯᠬᠤᠮ ᠴᠢᠩᠭᠠᠳᠬᠠᠪᠠ᠃ | ᠠᠯᠪᠠᠳᠠᠯᠭ᠎ᠠ ᠪᠠᠷ ᠰᠢᠪᠠᠳᠠᠨ ᠰᠢᠢᠳᠪᠦᠷᠢᠯᠡᠭᠦᠯᠵᠦ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠶᠠᠰᠤ | ᠴᠢᠨᠠᠷ ᠪᠠ ᠦᠷ᠎ᠡ ᠪᠦᠲᠦᠮᠵᠢ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ ︽ᠲᠥᠯᠥᠭᠡᠯᠡᠭᠴᠢᠳ ᠤᠨ ᠰᠠᠨᠠᠭᠤᠯᠭ᠎ᠠ ᠶᠢ | ᠰᠢᠢᠳᠪᠦᠷᠢᠯᠡᠬᠦ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ᠢ ᠲᠣᠭᠲᠠᠭᠠᠵᠤ᠂ | ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠳᠤ ᠬᠦᠴᠦᠲᠡᠶ ᠵᠢᠯᠤᠭᠤᠳᠤᠯᠭ᠎ᠠ | ᠬᠠᠩᠭᠠᠪᠠ᠃ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠪᠠᠳᠠᠨ ᠰᠢᠢᠳᠪᠦᠷᠢᠯᠡᠭᠦᠯᠬᠦ ᠲᠣᠭᠲᠠᠴᠠ ᠶᠢ ᠰᠠᠶᠢᠵᠢᠷᠠᠭᠤᠯᠵᠤ | ᠂ ᠪᠠᠶᠢᠩᠭᠤ ᠶᠢᠨ ᠬᠤᠷᠢᠶᠠᠨ ᠤ ᠤᠳᠤᠷᠢᠳᠤᠯᠭ᠎ᠠ ᠲᠦᠷᠦᠭᠦᠯᠡᠨ ᠰᠢᠪᠠᠳᠠᠨ ᠰᠢᠢᠳᠪᠦᠷᠢᠯᠡᠬᠦ᠂ ᠪᠦᠬᠦ ᠲᠠᠯ᠎ᠠ ᠪᠠᠷ | ᠪᠠᠶᠢᠴᠠᠭᠠᠬᠤ᠂ ᠮᠥᠷᠳᠡᠨ ᠰᠢᠪᠠᠳᠠᠨ ᠰᠢᠢᠳᠪᠦᠷᠢᠯᠡᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠳᠠᠭᠠᠭᠠᠨ | ᠰᠢᠢᠳᠪᠦᠷᠢᠯᠡᠬᠦ ᠨᠢᠭᠡᠴᠢ ᠪᠣᠯᠤᠨ ᠲᠥᠯᠥᠭᠡᠯᠡᠭᠴᠢᠳ ᠤᠨ ︽ᠬᠤᠶᠠᠷ ᠠᠭᠤᠯᠵᠠᠯᠲᠠ︾᠂ ︽ᠭᠤᠷᠪᠠ ᠶᠢ ᠢᠯᠡ | ᠪᠣᠯᠭᠠᠬᠤ︾᠂ ᠰᠠᠨᠠᠭᠤᠯᠭ᠎ᠠ ᠶᠢ ᠮᠥᠷᠳᠡᠨ ᠨᠤᠲᠠᠯᠠᠵᠤ ᠬᠠᠷᠢᠭᠤᠯᠲᠠ ᠥᠭᠬᠦ᠂ ᠲᠤᠰᠬᠠᠶ ᠰᠡᠳᠦᠪ ᠢᠶᠠᠷ ᠰᠢᠪᠠᠳᠠᠨ | ᠰᠢᠢᠳᠪᠦᠷᠢᠯᠡᠭᠦᠯᠬᠦ ᠳᠤ ᠬᠠᠨᠤᠮᠵᠢ ᠦᠭᠡᠢ ᠰᠠᠨᠠᠭᠤᠯᠭ᠎ᠠ ᠵᠡᠷᠭᠡ ᠴᠢᠬᠤᠯᠠ ᠵᠠᠩᠭᠢᠯᠠᠭ᠎ᠠ ᠶᠢ ᠪᠣᠳᠠᠲᠠᠶ ᠠᠳᠬᠤᠵᠤ᠂ | ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠶᠠᠰᠤ ᠴᠢᠨᠠᠷ ᠢ ᠲᠡᠭᠡᠭᠰᠢᠯᠡᠭᠦᠯᠦᠨ᠎ᠡ᠃ ᠬᠤᠰᠢᠭᠤᠨ ᠤ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠨᠡᠶᠢᠲᠡ 555 ᠬᠤᠪᠢ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠳᠤᠷᠠᠳᠴᠤ᠂ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠵᠢᠴᠢ ᠳᠠᠭᠠᠭᠠᠨ ᠭᠦᠢᠴᠡᠳᠬᠡᠬᠦ ᠰᠠᠯᠠᠭ᠎ᠠ ᠮᠥᠴᠢᠷ ᠲᠥᠯᠥᠭᠡᠯᠡᠭᠴᠢᠳ ᠤᠨ ᠰᠠᠨᠠᠭᠤᠯᠭ᠎ᠠ ᠶᠢ | ᠳᠡᠭᠡᠳᠦ ᠳᠦᠷᠢᠮ ᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠦᠴᠢᠷ ᠪᠡᠷᠬᠡᠰᠢᠶᠡᠯ ᠢ ᠢᠯᠠᠨ | ᠳᠠᠪᠠᠵᠤ᠂ ᠨᠠᠷᠢᠨ ᠬᠢᠨᠠᠮᠠᠭᠠᠶ ᠰᠢᠢᠳᠪᠦᠷᠢᠯᠡᠵᠦ᠂ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠧᠩ | ᠭᠤᠸᠠᠨ ᠪᠠᠯᠭᠠᠰᠤᠨ ᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ | ᠲᠤᠬᠠᠶ ᠰᠠᠨᠠᠭᠤᠯᠭ᠎ᠠ︾᠂ ︽ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠮᠴᠢᠯᠡᠭᠡᠨ ᠤ | ᠲᠥᠬᠦᠭᠡᠷᠦᠮᠵᠢ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠲᠤᠬᠠᠶ ᠰᠠᠨᠠᠭᠤᠯᠭ᠎ᠠ︾᠂ ︽ᠬᠢᠲᠠᠳ ᠡᠮ ᠤᠨ | ᠠᠵᠤ ᠦᠢᠯᠡᠰ ᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠬᠦ ᠲᠤᠬᠠᠶ ᠰᠠᠨᠠᠭᠤᠯᠭ᠎ᠠ︾ | ᠵᠡᠷᠭᠡ ᠨᠢᠭᠡ ᠪᠦᠯᠦᠭ ᠲᠥᠯᠥᠭᠡᠯᠡᠭᠴᠢᠳ ᠤᠨ ᠰᠠᠨᠠᠭᠤᠯᠭ᠎ᠠ ᠶᠢ ᠮᠠᠰᠢ ᠰᠠᠶᠢᠨ ᠨᠠᠶᠢᠳᠠᠪᠤᠷᠢᠵᠢᠭᠤᠯᠵᠤ᠂ ᠠᠷᠠᠳ | ᠣᠯᠠᠨ ᠤ ᠢᠲᠡᠭᠡᠯ ᠪᠠ ᠨᠤᠲᠠᠯᠠᠯ ᠢ ᠣᠯᠤᠭᠰᠠᠨ ᠪᠠᠶᠢᠨ᠎ᠠ᠃ | ᠲᠠᠪᠴᠠᠩ ᠪᠠᠶᠢᠭᠤᠯᠤᠭᠰᠠᠨ ᠠᠴᠠ ᠲᠥᠯᠥᠭᠡᠯᠡᠭᠴᠢᠳ ᠤᠨ ᠠᠵᠢᠯ ᠤᠨ ᠣᠨᠴᠠᠯᠢᠭ ᠤᠯᠠᠮ ᠢᠯᠡ ᠲᠣᠳᠣ ᠪᠣᠯᠪᠠ᠃ | ᠠᠷᠠᠳ ᠤᠨᠲ᠋ᠥ᠋ᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨᠦᠢᠯᠡᠳᠦᠯᠭᠡ ᠶᠢᠨ ᠣᠨᠴᠠᠯᠢᠭ ᠪᠠ ᠴᠠᠭ ᠦᠶ᠎ᠡ ᠶᠢᠨ | ᠣᠨᠴᠠᠯᠢᠭ ᠢ ᠪᠠᠶᠠᠯᠢᠭᠵᠢᠭᠤᠯᠤᠨ ᠥᠷᠭᠡᠳᠬᠡᠬᠦ ᠶᠢᠨ ᠲᠥᠯᠥᠭᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠥᠬᠦ ᠠᠶᠢᠮᠠᠭ ᠲᠤ ᠬᠠᠮᠤᠭ ᠤᠨ ᠲᠦᠷᠦᠭᠦᠨ ᠳᠤ ︽ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠤᠶᠤᠨᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︾ ᠤᠨ | ᠰᠦᠯᠵᠢᠶᠡᠨ ᠤ ᠠᠵᠢᠯ ᠤᠨ ᠲᠠᠪᠴᠠᠩ ᠢ ᠲᠠᠪᠴᠠᠩ ᠢᠶᠠᠷ ᠳᠡᠮᠵᠢᠨ᠂ ᠬᠤᠰᠢᠭᠤ ᠰᠢᠶᠠᠩ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠭ᠎ᠠ ᠪᠠᠷᠢᠮᠲᠠ ᠶᠢ ᠬᠠᠮᠲᠤᠪᠠᠷ ᠪᠠᠶᠢᠭᠤᠯᠵᠤ ᠬᠠᠮᠲᠤᠪᠠᠷ | ᠬᠡᠷᠡᠭᠯᠡᠬᠦ ᠶᠢ ᠪᠡᠶᠡᠯᠡᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠪᠦᠷᠢᠯᠳᠦᠬᠦᠨ ᠨᠡᠷ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠰᠢᠭᠤᠳ | ᠬᠠᠷᠢᠯᠴᠠᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠠᠷᠠᠳ ᠤᠨ | ᠰᠠᠨᠠᠭ᠎ᠠ ᠶᠢ ᠢᠯᠡᠳᠬᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠲᠥᠯᠥᠭᠡᠯᠡᠭᠴᠢᠳ ᠤᠨ ᠰᠠᠨᠠᠭᠤᠯᠭ᠎ᠠ ᠶᠢ | ᠰᠦᠯᠵᠢᠶᠡᠨ ᠳᠡᠭᠡᠷ᠎ᠡ ᠳᠤᠷᠠᠳᠬᠤ᠂ ᠳᠠᠭᠠᠭᠠᠨ ᠰᠢᠢᠳᠪᠦᠷᠢᠯᠡᠬᠦ᠂ ᠬᠠᠷᠢᠭᠤ ᠲᠤᠰᠬᠠᠬᠤ᠂ ᠦᠨᠡᠯᠡᠬᠦ ᠶᠢ ᠰᠦᠯᠵᠢᠶᠡᠨ | ᠳᠡᠭᠡᠷ᠎ᠡ ᠪᠢᠲᠡᠭᠦᠦ ᠴᠠᠭᠠᠷᠢᠭ ᠲᠠᠢ ᠪᠣᠯᠭᠠᠬᠤ ᠶᠢ ᠪᠡᠶᠡᠯᠡᠭᠦᠯᠪᠡ᠃ ᠪᠦᠬᠦ ᠶᠠᠪᠤᠴᠠ ᠳᠤ ᠬᠤᠷᠠᠯ ᠬᠤᠷᠠᠯᠳᠤᠭᠰᠠᠨ᠂ | ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ᠂ ᠮᠡᠳᠡᠭᠡ ᠵᠠᠩᠭᠢ ᠨᠡᠶᠢᠲᠡᠯᠡᠭᠰᠡᠨ᠂ ᠠᠵᠢᠯᠯᠠᠭ᠎ᠠ | ᠥᠷᠨᠢᠭᠦᠯᠦᠭᠰᠡᠨ᠂ ᠦᠢᠯᠡᠳᠦᠯᠴᠡᠨ ᠰᠣᠯᠢᠯᠴᠠᠭᠰᠠᠨ ᠵᠡᠷᠭᠡ ᠨᠠᠷᠢᠨ ᠲᠣᠳᠣᠷᠬᠠᠢ ᠲᠤᠭ᠎ᠠ ᠪᠠᠷᠢᠮᠲᠠ ᠶᠢ ᠲᠡᠮᠳᠡᠭᠯᠡᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠡᠷᠬᠡ | ᠲᠤᠰᠢᠶᠠᠯ ᠢᠶᠠᠨ ᠬᠡᠷᠡᠭᠵᠢᠭᠦᠯᠦᠭᠰᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠡᠭᠦᠷᠭᠡ ᠲᠤᠰᠢᠶᠠᠯ ᠢᠶᠠᠨ ᠭᠦᠢᠴᠡᠳᠬᠡᠭᠰᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠰᠦᠯᠵᠢᠶᠡᠨ ᠳᠡᠭᠡᠷᠡᠬᠢ ᠠᠵᠢᠯᠯᠠᠭᠠᠨ ᠳᠤ ᠬᠦᠴᠦᠲᠡᠢ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | ᠣᠲᠣ ᠪᠣᠯᠲᠠᠯ᠎ᠠ᠂ ᠲᠠᠪᠴᠠᠩ ᠳᠤ ᠨᠡᠶᠢᠲᠡ 7000 ᠭᠠᠷᠤᠶ ᠠᠵᠢᠯ ᠤᠨ ᠮᠡᠳᠡᠭᠡ ᠵᠠᠩᠭᠢ ᠶᠢ ᠣᠷᠣᠭᠤᠯᠵᠤ᠂ 2 | ᠲᠦᠮᠡ ᠭᠠᠷᠤᠶ ᠬᠡᠷᠡᠯ ᠵᠢᠷᠤᠭ ᠢ ᠬᠠᠳᠠᠭᠠᠯᠠᠵᠤ᠂ ᠥᠰᠥᠭ ᠪᠢᠴᠢᠭ᠂ ᠵᠢᠷᠤᠭ᠂ ᠸᠢᠳᠢᠣ᠋ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠤᠨ 2018 ᠣᠨ ᠠᠴᠠ ᠨᠠᠰᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠥᠬᠦ | ᠶᠠᠪᠤᠴᠠ ᠶᠢ ᠪᠥᠬᠦ ᠲᠠᠯ᠎ᠠ ᠪᠠᠷ ᠪᠦᠷᠢᠨ ᠪᠦᠲᠦᠨ ᠳᠡᠯᠭᠡᠨ ᠦᠵᠡᠭᠦᠯᠵᠡᠶ᠃ ᠲᠤᠰ ᠲᠠᠪᠴᠠᠩ ᠢ ᠪᠦᠷᠢᠮᠦᠰᠦᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠤᠯᠭ᠎ᠠ ᠪᠡᠶ᠎ᠡ ᠪᠠᠨ | ᠳᠠᠭᠠᠭᠠᠨ ᠰᠤᠳᠤᠯᠤᠨ ᠨᠡᠭᠡᠭᠡᠵᠦ᠂ ᠪᠡᠶ᠎ᠡ ᠪᠠᠨ ᠳᠠᠭᠠᠭᠠᠭᠰᠠᠨ ᠬᠡᠪᠯᠡᠯ ᠤᠨ ᠡᠷᠬᠡ ᠲᠠᠢ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠦᠨᠳᠦᠰᠦᠨ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢᠨ ᠨᠡᠶᠢᠲᠡᠯᠢᠭ ᠵᠢᠱᠢᠶ᠎ᠡ ᠪᠠᠷ ᠦᠨᠡᠯᠡᠭᠳᠡᠵᠦ᠂ ᠪᠦᠬᠦ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠤᠨ ᠲᠤᠬᠠᠢ ᠵᠢᠨᠲ᠋ᠠᠯᠠᠪᠠᠢ ᠶᠢᠨ ᠬᠤᠷᠠᠯ ᠳᠡᠭᠡᠷ᠎ᠡ ᠰᠠᠨᠠᠯ ᠨᠢᠭᠡᠲᠡᠢ ᠮᠡᠳᠡᠷᠡᠭᠳᠡᠭᠰᠡᠨ ᠪᠦᠭᠡᠳ | ᠰᠠᠶᠢᠨ ᠦᠨᠡᠯᠡᠯᠲᠡ ᠶᠢ ᠣᠯᠵᠠᠢ ᠃ | ᠵᠢᠷᠭᠤᠭ᠎ᠠ᠂ ᠰᠢᠨ᠎ᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠲᠣᠰ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠠᠵᠤ᠂ ᠠᠷᠠᠳ ᠤᠨ ᠲᠥᠯᠥᠭᠡ ᠡᠭᠦᠷᠭᠡ ᠲᠤᠰᠢᠶᠠᠯ ᠢᠶᠠᠨ ᠭᠦᠢᠴᠡᠳᠭᠡᠬᠦ ᠠᠵᠢᠯ ᠤᠨ ᠰᠠᠭᠤᠷᠢ ᠪᠠᠨ | ᠲᠠᠰᠤᠷᠠᠯᠲᠠ ᠥᠬᠡᠶ ᠪᠠᠲᠤᠳᠬᠠᠪᠠ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠢᠮᠠᠭᠲᠠ ᠨᠠᠮ ᠤᠨ | ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠬᠤ ᠶᠢ ᠪᠠᠷᠢᠮᠲᠠᠯᠠᠨ᠂ ᠠᠵᠢᠯ ᠤᠨ | ᠲᠣᠭᠲᠠᠴᠠ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠰᠢᠯᠭᠠᠷᠠᠭᠰᠠᠨ ᠡᠩᠨᠡᠭᠡ ᠶᠢ ᠪᠠᠶᠢᠭᠤᠯᠤᠨ᠂ ᠰᠢᠯᠢᠳᠡᠭ | ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ | ᠪᠠ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠡᠯ᠎ᠡ ᠲᠠᠯ᠎ᠠ ᠶᠢᠨ ᠠᠵᠢᠯ ᠨᠢ ᠳᠡᠭᠡᠳᠦ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠠᠬ᠎ᠠ | ᠳᠡᠭᠦᠤ ᠭᠠᠵᠠᠷ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠥᠷᠭᠡᠨ ᠢᠶᠠᠷ ᠮᠡᠳᠡᠷᠡᠭᠳᠡᠭᠰᠡᠨ | ᠪᠠᠶᠢᠨ᠎ᠠ᠃ 2018 ᠣᠨ ᠠᠴᠠ ᠨᠠᠰᠢ᠂ ᠮᠠᠨ ᠤ ᠬᠤᠰᠢᠭᠤ ᠤᠷᠢᠳ ᠬᠤᠵᠢᠳ ︽ᠪᠥᠬᠦ ᠣᠷᠣᠨ ᠤ ᠰᠢᠶᠠᠨ | ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠵᠢᠴᠢ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠦᠶ᠋ᠯ ᠤᠨ ᠠᠷᠠᠳ ᠤᠨ ᠲᠥᠯᠥᠭᠡᠯᠡᠭᠴᠢᠳ ᠤᠨ ᠪᠢᠯᠧᠲ ᠢᠶᠠᠷ ᠲᠣᠭᠲᠠᠭᠠᠬᠤ | ᠲᠦᠷᠢᠮ ᠤᠨ ᠲᠤᠬᠠᠶ ᠶᠢᠨ ᠲᠠᠯᠠᠪᠠᠶ ᠶᠢᠨ ᠬᠤᠷᠠᠯ︾᠂ ︽ᠪᠥᠬᠦ ᠠᠶᠢᠮᠠᠭ ᠤᠨ ᠰᠢᠨ᠎ᠡ ᠴᠠᠭ ᠦᠶ᠎ᠡ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠬᠠᠶ ᠶᠢᠨ ᠲᠠᠯᠠᠪᠠᠶ ᠶᠢᠨ ᠰᠣᠯᠢᠯᠴᠠᠭᠠᠨ ᠤ ᠬᠤᠷᠠᠯ︾ ᠪᠠ ︽ | ᠪᠥᠬᠦ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠢ ᠰᠦᠯᠵᠢᠶᠡᠵᠢᠭᠦᠯᠦᠨ ᠬᠢᠨᠠᠬᠤ | ᠠᠵᠢᠯ ᠤᠨ ᠲᠤᠬᠠᠶ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠤᠳᠠᠭ᠎ᠠ ᠪᠦᠷᠢ ᠶᠢᠨ ᠲᠤᠬᠠᠶ ᠶᠢᠨ ᠲᠠᠯᠠᠪᠠᠶ ᠶᠢᠨ | ᠬᠤᠷᠠᠯ ᠤᠨ ᠬᠡᠪᠴᠢᠶ᠎ᠡ ᠨᠢ ᠠᠳᠠᠯᠢ ᠪᠤᠰᠤ᠂ ᠠᠭᠤᠯᠭ᠎ᠠ ᠨᠢ ᠠᠳᠠᠯᠢ ᠪᠤᠰᠤ ᠪᠠᠶᠢᠳᠠᠭ ᠪᠣᠯᠪᠠᠴᠤ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠶᠤᠨᠲᠤ ᠲᠠᠪᠴᠠᠩ᠂ | ᠲᠥᠰᠦᠪ ᠤᠨ ᠰᠦᠯᠵᠢᠶ᠎ᠡ ᠶᠢᠨ ᠬᠢᠨᠠᠯᠲᠠ ᠲᠠᠯᠪᠢᠬᠤ ᠠᠵᠢᠯ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠦᠰᠦᠯ ᠤᠨ ᠠᠷᠠᠳ ᠤᠨ ᠲᠥᠯᠥᠭᠡᠯᠡᠭᠴᠢᠳ ᠤᠨ ᠪᠢᠯᠧᠲ ᠢᠶᠠᠷ ᠲᠣᠭᠲᠠᠭᠠᠬᠤ ᠲᠦᠷᠢᠮ ᠤᠨ ᠠᠵᠢᠯ᠂ ᠪᠥᠬᠦ | ᠣᠷᠣᠨ ᠤ ᠬᠠᠤᠯᠢ ᠲᠣᠭᠲᠠᠭᠠᠬᠤ ᠠᠵᠢᠯ ᠳᠤ ᠣᠷᠣᠯᠴᠠᠭᠰᠠᠨ ᠵᠡᠷᠭᠡ ᠲᠠᠯ᠎ᠠ ᠪᠠᠷ ᠣᠯᠤᠭᠰᠠᠨ ᠡᠯᠪᠡᠭ ᠪᠠᠶᠠᠯᠢᠭ ᠦᠷ᠎ᠡ | ᠪᠦᠲᠦᠭᠡᠯ ᠪᠠ ᠦᠢᠯᠡᠳᠦᠯᠭᠡ ᠶᠢᠨ ᠲᠤᠷᠰᠢᠯᠭ᠎ᠠ ᠨᠢ ᠴᠥᠮ ᠬᠤᠷᠠᠯ ᠳᠤ ᠣᠷᠣᠯᠴᠠᠭᠰᠠᠳ ᠤᠨ ᠬᠠᠮᠲᠤ ᠶᠢᠨ ᠮᠠᠭᠲᠠᠭᠠᠯ | ᠰᠠᠶᠢᠰᠢᠶᠠᠯ ᠢ ᠣᠯᠤᠭᠰᠠᠨ ᠪᠠᠶᠢᠨ᠎ᠠ᠃ 2019 ᠣᠨ ᠤ 9 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ | ᠨᠤᠲᠤᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠶᠢᠭᠤᠯᠤᠭᠳᠠᠭᠰᠠᠨ | 40 ᠵᠢᠯ ᠤᠨ ᠣᠶ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷ᠎ᠡ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠤᠷᠢᠯᠭ᠎ᠠ ᠪᠠᠷ | ᠲᠤᠬᠠᠶ ᠶᠢᠨ ᠲᠠᠯᠠᠪᠤᠷ ᠲᠤ ᠶᠠᠷᠢᠶ᠎ᠠ ᠲᠠᠯᠪᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠡᠮᠦᠨ᠎ᠡ ᠬᠤᠰᠢᠭᠤᠨ ᠤ ᠲᠤᠷᠰᠢᠯᠭ᠎ᠠ ᠪᠠᠨ ᠪᠥᠬᠦ ᠣᠷᠣᠨ ᠳᠤ ᠳᠡᠯᠭᠡᠨ ᠦᠵᠡᠭᠦᠯᠵᠡᠶ᠃ | ᠦᠵᠡᠯ ᠰᠠᠨᠠᠭ᠎ᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠪᠠᠶᠢᠭᠤᠯᠤᠯᠲᠠ ᠶᠢ | ᠲᠡᠰᠦᠷᠡᠯᠳᠠ ᠤᠢᠭᠡᠢ ᠴᠢᠩᠭᠠᠳᠬᠠᠪᠠ᠃ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠨᠠᠮ ᠤᠨ | ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠪᠠᠶᠢᠭᠤᠯᠭ᠎ᠠ ᠶᠢᠨ | ᠨᠠᠮ ᠤᠨ ᠪᠠᠶᠢᠭᠤᠯᠤᠯᠲᠠ ᠶᠢ ᠴᠥᠬᠦᠷᠡᠰᠢ ᠦᠭᠡᠢ ᠲᠦᠯᠬᠢᠨ ᠠᠬᠢᠭᠤᠯᠤᠨ᠎ᠠ᠃ ᠠᠷᠠᠳᠴᠢᠯᠠᠯ ᠤᠨ ᠠᠮᠢᠳᠤᠷᠠᠯ ᠤᠨ | ᠬᠤᠷᠠᠯ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ | ᠂ ᠠᠷᠠᠳᠴᠢᠯᠠᠯ ᠢᠶᠠᠷ ᠦᠨᠡᠯᠡᠬᠦ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠨᠠᠮ ᠤᠨ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠶᠢᠩᠭᠤᠵᠢᠭᠰᠠᠨ | ᠰᠤᠷᠤᠯᠴᠠᠬᠤ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ | ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠢ ᠠᠬᠢᠭᠤᠯᠬᠤ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ | ᠲᠦᠷᠢᠮ ᠢᠶᠠᠷ ᠬᠥᠲᠥᠯᠪᠦᠷᠢ ᠪᠣᠯᠭᠠᠬᠤ ᠶᠢ ᠪᠠᠷᠢᠮᠲᠠᠯᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠰᠠᠭᠤᠷᠢ ᠶᠢ ᠴᠢᠷᠮᠠᠶᠢᠨ ᠪᠠᠲᠤᠳᠬᠠᠪᠠ᠃ ᠥᠩᠭᠡᠷᠡᠭᠰᠡᠨ ᠤ ᠬᠤᠭᠤᠴᠠᠭ᠎ᠠ ᠪᠦᠷᠢ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠦᠷᠢᠮ ᠤᠨ ᠦᠷ᠎ᠡ ᠪᠦᠲᠦᠭᠡᠯ ᠢ ᠰᠢᠩᠭᠡᠭᠡᠨ ᠠᠪᠤᠭᠰᠠᠨ | ᠰᠠᠭᠤᠷᠢᠨ ᠳᠡᠭᠡᠷ᠎ᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠶᠢᠩᠭᠤ ᠶᠢᠨ | ᠬᠤᠷᠢᠶᠠᠨ ᠤ ᠠᠵᠢᠯ ᠤᠨ ᠲᠦᠷᠢᠮ ᠪᠠ ᠵᠢᠷᠤᠮ ᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠯ᠎ᠡ | ᠲᠦᠷᠦᠯ ᠤᠨ 16 ᠵᠦᠢᠯ ᠤᠨ ᠲᠦᠷᠢᠮ ᠲᠣᠭᠲᠠᠭᠠᠯ ᠢ ᠲᠣᠭᠲᠠᠭᠠᠭᠰᠠᠨ ᠪᠠ ᠵᠠᠰᠠᠪᠤᠷᠢᠯᠠᠨ ᠲᠣᠭᠲᠠᠭᠠᠵᠤ᠂ | ᠪᠠᠶᠢᠩᠭᠤ ᠶᠢᠨ ᠬᠤᠷᠢᠶᠠᠨ ᠤ ᠲᠦᠷᠢᠮ᠂ ᠲᠦᠷᠢᠮ ᠤᠨ ᠰᠢᠰᠲ᠋ᠧᠮ ᠢ ᠨᠡᠩ ᠪᠦᠷᠢᠨ ᠲᠡᠭᠦᠯᠳᠡᠷ ᠪᠣᠯᠭᠠᠵᠤ᠂ ᠠᠷᠪᠠᠨ | ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠯ᠎ᠡ ᠵᠦᠢᠯ ᠤᠨ ᠠᠵᠢᠯ ᠢ ᠥᠷᠨᠢᠭᠦᠯᠬᠦ ᠳᠤ ᠨᠠᠶᠢᠳᠠᠪᠤᠷᠢᠲᠠᠶ ᠲᠦᠷᠢᠮ ᠤᠨ ᠪᠠᠲᠤᠯᠠᠭ᠎ᠠ ᠬᠠᠩᠭᠠᠵᠠᠶ᠃ | ᠴᠢᠳᠠᠪᠤᠷᠢ ᠪᠠᠷ ᠰᠠᠭᠤᠷᠢ ᠪᠣᠯᠭᠠᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ | ᠪᠠᠶᠢᠭᠤᠯᠤᠯᠲᠠ ᠶᠢ ᠳᠡᠭᠦᠯᠳᠡᠷᠵᠢᠭᠦᠯᠪᠡ᠃ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠪᠠᠷᠢᠮᠲᠠᠯᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠺᠠᠳ᠋ᠷ ᠤᠨ ᠬᠥᠮᠦᠵᠢᠯ ᠂ ᠰᠣᠯᠢᠯᠴᠠᠭ᠎ᠠ ᠪᠠ ᠬᠢᠨᠠᠯᠲᠠ | ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ ᠲᠠᠪᠴᠠᠩ ᠢ | ᠪᠠᠶᠢᠭᠤᠯᠵᠤ᠂ ᠺᠠᠳ᠋ᠷ ᠤᠨ ᠤᠷᠤᠭᠰᠢᠯᠠᠬᠤ ᠤᠬᠤᠷᠢᠬᠤ ᠰᠢᠯᠵᠢᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ | ᠺᠠᠳ᠋ᠷ ᠤᠨ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠵᠦ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠵᠦ ᠠᠵᠢᠯ ᠦᠢᠯᠡᠰ | ᠪᠦᠲᠦᠭᠡᠬᠦ ᠶᠢ ᠤᠷᠮᠠᠰᠢᠭᠤᠯᠤᠨ ᠵᠣᠷᠢᠭᠵᠢᠭᠤᠯᠤᠨ᠎ᠠ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠳᠣᠲᠣᠭᠠᠳᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ︽ᠲᠠᠪᠤᠨ ᠵᠥᠪᠯᠡᠯ ᠨᠢᠭᠡ ᠠᠯᠪᠠᠨ ᠭᠡᠷ︾ ᠪᠣᠯᠭᠠᠨ | ᠲᠣᠬᠢᠷᠠᠭᠤᠯᠵᠤ᠂ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠡᠩ ᠵᠢᠷᠤᠮᠵᠢᠭᠤᠯᠤᠨ | ᠲᠡᠭᠦᠯᠳᠡᠷᠵᠢᠭᠦᠯᠪᠡ᠃ | ᠤᠬᠠᠭᠤᠯᠭ᠎ᠠ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠲᠦᠷᠢᠮ ᠤᠨ ᠢᠲᠡᠭᠡᠯ ᠢ ᠭᠦᠢᠴᠡᠳ | ᠢᠯᠡᠷᠡᠭᠦᠯᠪᠡ᠃ ᠰᠤᠷᠲᠠᠯ ᠤᠬᠠᠭᠤᠯᠭ᠎ᠠ ᠶᠢᠨ ᠠᠵᠢᠯ ᠢ ᠢᠮᠠᠭᠲᠠ ᠴᠢᠬᠤᠯᠠ ᠪᠠᠶᠢᠷᠢᠨ ᠳᠤ ᠲᠠᠯᠪᠢᠵᠤ᠂ ᠴᠥᠬᠦᠷᠡᠰᠢ | ᠦᠭᠡᠢ ᠪᠠᠶᠢᠩᠭᠤ ᠠᠳᠬᠤᠬᠤ ᠬᠡᠷᠡᠭᠲᠡᠶ᠃ ︽ᠠᠷᠠᠳ ᠤᠨᠰᠡᠳᠭᠢᠯ ᠢ ᠨᠢᠭᠲᠠᠷᠠᠭᠤᠯᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠥᠯᠢᠭᠡᠷ ᠢ ᠶᠠᠷᠢᠬᠤ︾ ᠪᠠᠷ ᠬᠠᠷᠠᠯᠲᠠ ᠪᠣᠯᠭᠠᠵᠤ᠂ ︽ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠣᠩᠬᠤ︾ ᠭᠡᠬᠦ | ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢ ᠰᠠᠶᠢᠲᠤᠷ ᠬᠢᠬᠦ ᠶᠢ ᠪᠠᠷᠢᠮᠲᠠᠯᠠᠨ᠎ᠠ᠃ ᠤᠯᠠᠷᠢᠯ ᠪᠦᠷᠢ ᠳᠤ ᠨᠢᠭᠡ | ᠬᠤᠭᠤᠴᠠᠭ᠎ᠠ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ︾ ᠤᠨ ᠤᠯᠠᠷᠢᠯ ᠤᠨ ᠰᠡᠳᠬᠦᠯ ᠢ ᠨᠠᠶᠢᠷᠠᠭᠤᠯᠤᠨ ᠬᠡᠪᠯᠡᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ︽ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡ ᠵᠠᠩᠭᠢ ᠶᠢᠨ ᠲᠣᠪᠴᠢᠯᠠᠯ︾ ᠢ ᠳᠠᠷᠤᠮᠠᠯᠯᠠᠨ | ᠲᠠᠷᠬᠠᠭᠠᠨ᠎ᠠ᠃ ᠭᠠᠳᠠᠭᠠᠳᠤ ᠤᠬᠠᠭᠤᠯᠭ᠎ᠠ ᠪᠠ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠴᠢᠩᠭᠠᠳᠬᠠᠵᠤ᠂ | 2018 ᠣᠨ ᠠᠴᠠ ᠨᠠᠰᠢ᠂ ︽ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︾ ︽ | ᠬᠢᠩᠭᠠᠨ ᠡᠳᠦᠷ ᠤᠨ ᠰᠣᠨᠢᠨ︾ ᠵᠡᠷᠭᠡ ᠠᠶᠢᠮᠠᠭ ᠤᠨ ᠲᠠᠰ ᠠᠴᠠ ᠳᠡᠭᠡᠭᠰᠢᠬᠢ ᠵᠠᠭᠤᠴᠢᠯᠠᠭᠤᠷ ᠲᠤ ᠨᠡᠶᠢᠲᠡ 197 | ᠬᠤᠪᠢ ᠡᠬᠡ ᠪᠢᠴᠢᠭ ᠨᠡᠶᠢᠲᠡᠯᠡᠵᠦ᠂ ᠵᠢᠯ ᠳᠠᠷᠠᠭᠠᠯᠠᠨ ︽ᠪᠥᠬᠦ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ ᠲᠡᠷᠢᠭᠦᠨ ᠤ ᠬᠠᠮᠲᠤ︾ ᠶᠢᠨ ᠴᠣᠯᠠ ᠶᠢ | ᠭᠥᠷᠳᠡᠪᠡ᠃ | ᠬᠠᠮᠲᠤᠷᠠᠨ ᠬᠥᠳᠡᠯᠦᠯᠴᠡᠬᠦ ᠪᠠᠷ ᠵᠠᠮ ᠪᠣᠯᠭᠠᠬᠤ ᠶᠢ ᠪᠠᠷᠢᠮᠲᠠᠯᠠᠵᠤ᠂ ᠪᠦᠬᠦᠯᠢ ᠴᠣᠭᠴᠠ ᠶᠢᠨ ᠬᠢᠷᠢ ᠲᠦᠪᠰᠢᠨ ᠢ | ᠴᠢᠷᠮᠠᠶᠢᠨ ᠳᠡᠭᠡᠭᠰᠢᠯᠡᠭᠦᠯᠵᠡᠢ᠃ ᠪᠠᠶᠢᠩᠭᠤ ᠶᠢᠨ ᠬᠤᠷᠢᠶ᠎ᠠ ᠵᠢᠯ ᠪᠦᠷᠢ ︽ᠰᠤᠮᠤ ᠰᠢᠶᠠᠩ ᠪᠠᠯᠭᠠᠰᠤ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠵᠢᠯᠣᠭᠤᠳᠬᠤ ᠰᠠᠨᠠᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ | ᠂ ᠰᠤᠮᠤ ᠰᠢᠶᠠᠩ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠶᠠᠰᠤ ᠴᠢᠨᠠᠷ ᠢ | ᠳᠡᠭᠡᠭᠰᠢᠯᠡᠭᠦᠯᠬᠦ᠂ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ᠂ ᠲᠥᠯᠥᠭᠡᠯᠡᠭᠴᠢᠳ ᠤᠨ ᠠᠵᠢᠯ ᠢ ᠬᠥᠭᠵᠢᠶᠡᠨᠲᠡᠶ | ᠪᠣᠯᠭᠠᠬᠤ᠂ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠵᠢᠷᠤᠮᠵᠢᠭᠤᠯᠤᠨ᠂ ᠰᠤᠮᠤ | ᠰᠢᠶᠠᠩ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠵᠢᠯᠣᠭᠤᠳᠬᠤ ᠳᠤ | ᠵᠢᠷᠤᠮᠯᠠᠬᠤ ᠠᠴᠠ ᠲᠦᠷᠢᠮ ᠲᠠᠢ ᠪᠤᠯᠭᠠᠵᠤ᠂ ᠠᠵᠢᠯᠯᠠᠭ᠎ᠠ ᠶᠢ ᠵᠢᠷᠤᠮᠵᠢᠭᠤᠯᠪᠠ ᠃ ᠲᠤᠷᠰᠢᠯᠭ᠎ᠠ ᠪᠠᠨ ᠰᠣᠯᠢᠯᠴᠠᠬᠤ᠂ | ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠪᠣᠯᠪᠠᠰᠤᠷᠠᠭᠤᠯᠤᠯ ᠪᠠ ᠡᠳᠦᠷ ᠲᠤᠲᠤᠮ ᠤᠨ ᠵᠢᠯᠣᠭᠤᠳᠣᠯᠭ᠎ᠠ ᠶᠢᠨ | ᠬᠠᠷᠢᠯᠴᠠᠭ᠎ᠠ ᠶᠢ ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ ᠪᠠᠷ ᠡᠯ᠎ᠡ ᠭᠠᠵᠠᠷ ᠤᠨ ᠰᠢᠨ᠎ᠡ ᠶᠢ ᠡᠭᠦᠳᠬᠦ ᠠᠷᠭ᠎ᠠ | ᠪᠠᠷᠢᠯ ᠪᠠ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠪᠥᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠠᠶᠢᠮᠠᠭ ᠤᠨ ᠳᠣᠲᠣᠨ᠎ᠠ ᠭᠠᠳᠠᠨᠠᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠯᠤᠭ᠎ᠠ ᠶᠢᠨ ᠠᠵᠢᠯ ᠤᠨ | ᠰᠣᠯᠢᠯᠴᠠᠭ᠎ᠠ ᠶᠢ ᠴᠢᠩᠭᠠᠳᠬᠠᠵᠤ᠂ ᠲᠣᠰ ᠬᠤᠭᠤᠴᠠᠭᠠᠨ ᠳᠤ ᠨᠡᠶᠢᠲᠡ 25 ᠭᠠᠵᠠᠷ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠮᠠᠨ ᠤ ᠬᠤᠰᠢᠭᠤᠨ ᠳᠤ ᠢᠷᠡᠵᠦ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨᠠᠵᠢᠯ ᠢ ᠰᠢᠨᠵᠢᠯᠡᠨ ᠪᠠᠶᠢᠴᠠᠭᠠᠵᠤ ᠰᠤᠯᠢᠯᠴᠠᠭ᠎ᠠ ᠬᠢᠪᠡ ᠃ | ᠲᠥᠯᠥᠭᠡᠯᠡᠭᠴᠢᠳ ᠡ︕ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 2018 ᠣᠨ ᠳᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠭᠰᠡᠨ ᠠᠴᠠ ᠨᠠᠰᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠮᠦᠨᠡᠬᠢ | ᠬᠤᠭᠤᠴᠠᠭᠠᠨ ᠤ ᠤᠯᠠᠨ ᠵᠦᠢᠯ ᠤᠨ ᠦᠢᠯᠡᠳᠦᠯᠭᠡ ᠶᠢ ᠬᠠᠶᠢᠨ ᠰᠦᠪᠡᠭᠴᠢᠯᠡᠵᠦ᠂ ᠡᠯᠪᠡᠭ ᠪᠠᠶᠠᠯᠢᠭ | ᠦᠢᠯᠡᠳᠦᠯᠭᠡ ᠶᠢᠨ ᠦᠷ᠎ᠡ ᠪᠦᠲᠦᠭᠡᠯ ᠢ ᠣᠯᠤᠭᠰᠠᠨ ᠪᠠᠶᠢᠨ᠎ᠠ᠃ ᠡᠳᠡᠭᠡᠷ ᠦᠷ᠎ᠡ ᠪᠦᠲᠦᠭᠡᠯ ᠢ ᠣᠯᠤᠭᠰᠠᠨᠨᠢ | ᠬᠤᠰᠢᠭᠤᠨ ᠤ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠷᠡᠰ ᠴᠢᠩᠭ᠎ᠠ ᠤᠳᠤᠷᠢᠳᠤᠭᠰᠠᠨ ᠤ | ᠦᠷ᠎ᠡ ᠳ᠋ᠦᠩ ᠮᠥᠨ᠂ ᠪᠠᠶᠢᠩᠭᠤ ᠶᠢᠨ ᠬᠤᠷᠢᠶᠠᠨ ᠤ ᠲᠦᠯᠦᠭᠡᠯᠡᠭᠴᠢᠳ ᠬᠢᠭᠡᠳ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠯᠠᠪᠳᠠᠭᠤᠨ ᠪᠠᠲᠤᠲᠠᠶ | ᠠᠵᠢᠯᠯᠠᠭᠰᠠᠨ ᠤ ᠦᠷ᠎ᠡ ᠳ᠋ᠦᠩ ᠮᠥᠨ᠂ ︽ᠨᠢᠭᠡ ᠵᠠᠰᠠᠭ ᠤᠨ ᠣᠷᠳᠣᠨ ᠨᠢᠭᠡ ᠵᠦᠪᠯᠡᠯ ᠬᠤᠶᠠᠷ ᠬᠤᠷᠢᠶ᠎ᠠ︾ ᠶᠢᠨ | ᠬᠦᠴᠦᠲᠡᠶ ᠳᠡᠮᠵᠢᠵᠦ᠂ ᠨᠢᠭᠲᠠ ᠬᠠᠮᠵᠢᠯᠴᠠᠭᠰᠠᠨ ᠤ ᠦᠷ᠎ᠡ ᠳ᠋ᠦᠩ ᠮᠥᠨ᠂ ᠰᠤᠮᠤ ᠰᠢᠶᠠᠩ ᠪᠠᠯᠭᠠᠰᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠠᠮᠵᠢᠯᠴᠠᠨ ᠬᠥᠳᠡᠯᠦᠯᠴᠡᠵᠦ᠂ ᠬᠠᠮᠲᠤ ᠪᠠᠷ ᠬᠦᠴᠦᠯᠡᠭᠰᠡᠨ ᠤ | ᠦᠷ᠎ᠡ ᠳ᠋ᠦᠩ ᠮᠥᠨ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠪᠠ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠨᠢᠭᠲᠠ ᠠᠩᠬᠠᠷᠴᠤ᠂ ᠭᠦᠢᠴᠡᠳ ᠢᠲᠡᠭᠡᠭᠰᠡᠨ ᠤ ᠦᠷ᠎ᠡ ᠳ᠋ᠦᠩ ᠮᠥᠨ᠃ ᠠᠳᠡ ᠪᠢ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ᠃ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶᠠᠨ ᠤ ᠠᠵᠢᠯ ᠢ ᠪᠦᠭᠦ ᠲᠠᠯ᠎ᠠ ᠪᠠᠷ ᠡᠷᠭᠢᠴᠡᠭᠦᠯᠵᠦ ᠦᠵᠡᠪᠡᠯ᠂ ᠪᠠᠶᠢᠩᠭᠤ ᠶᠢᠨ ᠬᠤᠷᠢᠶᠠᠨ ᠤ ᠡᠯ᠎ᠡ | ᠵᠦᠢᠯ ᠤᠨ ᠠᠵᠢᠯ ᠨᠢ ᠴᠠᠭ ᠦᠶ᠎ᠡ ᠶᠢᠨ ᠬᠦᠭᠵᠢᠯᠲᠡ᠂ ᠠᠷᠠᠳ ᠲᠦᠮᠡᠨ ᠤ ᠬᠦᠰᠡᠯ ᠡᠷᠡᠮᠡᠯᠵᠡᠯ᠂ | ᠲᠥᠯᠥᠭᠡᠯᠡᠭᠴᠢᠳ ᠤᠨ ᠱᠠᠭᠠᠷᠳᠠᠯᠭ᠎ᠠ ᠠᠴᠠ ᠪᠠᠰᠠ ᠵᠣᠬᠢᠬᠤ ᠵᠥᠷᠢᠶ᠎ᠡ ᠲᠠᠢ ᠪᠠᠶᠢᠨ᠎ᠠ᠂ ᠬᠢᠨᠠᠯᠲᠠ ᠲᠠᠯᠪᠢᠬᠤ ᠠᠷᠭ᠎ᠠ | ᠬᠡᠯᠪᠡᠷᠢ ᠶᠢ ᠪᠠᠰᠠ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠂ ᠲᠥᠯᠥᠭᠡᠯᠡᠭᠴᠢ ᠶᠢᠨ ᠪᠡᠶᠡᠴᠢ | ᠴᠣᠭᠴᠠ ᠶᠢᠨ ᠦᠢᠯᠡᠳᠦᠯ ᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠲᠠᠢ ᠪᠠᠶᠢᠨ᠎ᠠ᠂ ᠰᠢᠢᠳᠪᠦᠷᠢ ᠲᠣᠭᠲᠠᠭᠠᠯ | ᠪᠠ ᠬᠢᠨᠠᠨ ᠶᠠᠷᠢᠯᠴᠠᠭᠰᠠᠨ ᠰᠠᠨᠠᠯ ᠢ ᠮᠥᠷᠳᠡᠨ ᠬᠢᠨᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ | ᠴᠢᠬᠤᠯᠲᠠᠢ ᠪᠠᠶᠢᠨ᠎ᠠ᠂ ᠲᠤᠰ ᠪᠡᠶ᠎ᠡ ᠶᠢᠨ ᠪᠠᠶᠢᠭᠤᠯᠤᠯᠲᠠ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠴᠢᠳᠠᠪᠤᠷᠢ ᠪᠠᠨ ᠪᠠᠰᠠ ᠳᠡᠭᠡᠭᠰᠢᠯᠡᠭᠦᠯᠬᠦ ᠴᠢᠬᠤᠯᠠᠲᠠᠶ ᠪᠠᠶᠢᠬᠤ ᠵᠡᠷᠭᠡ ᠪᠣᠯᠤᠨ᠎ᠠ᠃ ᠡᠳᠡᠭᠡᠷ ᠠᠰᠠᠭᠤᠳᠠᠯ ᠢ | ᠬᠤᠶᠢᠰᠢᠳᠠ ᠶᠢᠨ ᠠᠵᠢᠯ ᠤᠨ ᠳᠤᠮᠳᠠ ᠪᠠᠨ ᠰᠠᠶᠢᠲᠤᠷ ᠰᠢᠢᠳᠪᠦᠷᠢᠯᠡᠬᠦ ᠬᠡᠷᠡᠭᠲᠡᠶ᠃ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠣᠯ | ᠣᠶᠢᠯᠠᠭᠠᠯᠲᠠ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠭᠰᠡᠨ ᠠᠴᠠ ᠨᠠᠰᠢᠬᠢ ᠦᠢᠯᠡᠳᠦᠯᠭᠡ ᠪᠠ ᠰᠦᠪᠡᠭᠴᠢᠯᠡᠯᠲᠡ ᠶᠢ ᠡᠷᠭᠢᠴᠡᠭᠦᠯᠪᠡᠯ᠂ | ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠳᠤ ︽ | ᠵᠢᠷᠭᠤᠭ᠎ᠠ ᠶᠢ ᠡᠷᠬᠡᠪᠰᠢ ᠢᠮᠠᠭᠲᠠ ᠪᠠᠷᠢᠮᠲᠠᠯᠠᠬᠤ︾ ᠶᠢ ᠪᠡᠶᠡᠯᠡᠭᠦᠯᠬᠦ ᠬᠡᠷᠡᠭᠲᠡᠶ ᠭᠡᠳᠡᠭ ᠢ ᠪᠢᠳᠡ ᠨᠡᠩ ᠭᠦᠨᠵᠡᠭᠡᠶ | ᠲᠠᠨᠢᠵᠤ ᠣᠯᠪᠠ᠃ | — ᠡᠷᠬᠡᠪᠰᠢ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠬᠤ ᠬᠡᠷᠡᠭᠲᠡᠶ᠃ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠬᠤ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠤᠨ ᠮᠥᠨ | ᠴᠢᠨᠠᠷ ᠤᠨ ᠣᠨᠴᠠᠯᠢᠭ ᠪᠠ ᠬᠠᠮᠤᠭ ᠤᠨ ᠶᠡᠭᠡ ᠳᠠᠪᠠᠭᠤᠯᠢᠭ ᠮᠥᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠲᠡᠷᠢᠭᠦᠨ ᠴᠢᠬᠤᠯᠠ ᠤᠯᠤᠰ ᠲᠦᠷᠦ ᠶᠢᠨ ᠵᠠᠷᠴᠢᠮ ᠪᠠ ᠦᠨᠳᠦᠰᠦᠨ ᠤᠯᠤᠰ ᠲᠦᠷᠦ ᠶᠢᠨ | ᠪᠠᠲᠤᠯᠠᠭ᠎ᠠ ᠮᠥᠨ᠃ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠵᠢᠯ ᠠᠴᠠ ᠵᠢᠯ ᠬᠥᠭᠵᠢᠵᠦ ᠪᠠᠶᠢᠭ᠎ᠠ ᠨᠢ ᠬᠤᠰᠢᠭᠤᠨ ᠤ | ᠨᠠᠮ ᠤᠨ ᠬᠤᠷᠢᠶᠠᠨ ᠤ ᠳᠡᠭᠡᠳᠦ ᠬᠡᠮᠵᠢᠶᠡᠨ ᠤ ᠴᠢᠬᠤᠯᠠᠴᠢᠯᠠᠭ᠎ᠠ᠂ ᠪᠠᠲᠤ ᠴᠢᠩᠭ᠎ᠠ ᠤᠳᠤᠷᠢᠳᠤᠯᠭ᠎ᠠ ᠪᠠ ᠬᠦᠴᠦᠲᠡᠶ | ᠳᠡᠮᠵᠢᠯᠭᠡ ᠠᠴᠠ ᠰᠠᠯᠠᠵᠤ ᠴᠢᠳᠠᠬᠤ ᠦᠭᠡᠢ᠂ ᠪᠢᠳᠡ ᠨᠠᠮ ᠤᠨ ᠤᠳᠤᠷᠢᠳᠤᠯᠭ᠎ᠠ ᠳᠤ ᠲᠦᠰᠢᠭᠯᠡᠬᠦ ᠲᠠᠯ᠎ᠠ ᠪᠠᠷ | ᠲᠠᠷᠢᠬᠢ ᠲᠣᠯᠣᠭᠠᠶ ᠰᠡᠷᠭᠡᠭ᠂ ᠵᠣᠭᠰᠣᠯᠲᠠ ᠪᠠᠲᠤ᠂ ᠲᠤᠭ ᠲᠡᠮᠳᠡᠭ ᠲᠣᠳᠣᠷᠬᠠᠶ ᠪᠠᠶᠢᠵᠤ᠂ ᠬᠤᠰᠢᠭᠤᠨ ᠤ ᠨᠠᠮ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠭᠯᠡᠯ ᠪᠠ ᠭᠤᠤᠯᠳᠠᠯᠭ᠎ᠠ ᠪᠣᠯᠭᠠᠨ ᠬᠤᠪᠢᠷᠠᠭᠤᠯᠵᠤ᠂ | ᠬᠤᠰᠢᠭᠤᠨ ᠤ ᠨᠠᠮ ᠤᠨ ᠬᠤᠷᠢᠶᠠᠨ ᠤ ᠤᠷᠢᠶᠠᠯᠠᠭ᠎ᠠ ᠲᠠᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠦᠢᠯᠡ ᠠᠵᠢᠯᠯᠠᠭ᠎ᠠ ᠲᠠᠢ ᠪᠠᠶᠢᠬᠤ ᠶᠢ ᠳᠡᠭᠡᠳᠦ ᠬᠡᠮᠵᠢᠶᠡᠨ ᠤ ᠤᠬᠠᠮᠰᠠᠷ ᠲᠠᠢ ᠪᠣᠯᠭᠠᠬᠤ ᠶᠢ ᠳᠥᠯᠭᠢᠨ ᠠᠬᠢᠭᠤᠯᠤᠨ᠎ᠠ᠃ | | — ᠡᠷᠬᠡᠪᠰᠢ ᠶᠡᠭᠡ ᠲᠠᠯ᠎ᠠ ᠳᠤ ᠦᠢᠯᠡᠴᠢᠯᠡᠬᠦ ᠶᠢ ᠢᠮᠠᠭᠲᠠ ᠪᠠᠷᠢᠮᠲᠠᠯᠠᠬᠤ ᠬᠡᠷᠡᠭᠲᠡᠶ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠪᠣᠯ ᠨᠠᠮ ᠪᠠ ᠤᠯᠤᠰ ᠤᠨ ᠠᠵᠢᠯ ᠤᠨ ᠴᠢᠬᠤᠯᠠ ᠪᠦᠷᠢᠯᠳᠦᠬᠦᠨ | ᠬᠡᠰᠡᠭ ᠮᠥᠨ᠂ ᠭᠤᠣᠯᠳᠠᠯᠭ᠎ᠠ ᠲᠠᠢ ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠬᠦ ᠪᠣᠯ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠵᠦ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠬᠦ | ᠴᠢᠭᠯᠡᠯ ᠮᠥᠨ᠃ ᠭᠠᠭᠴᠠ ᠬᠦ ᠶᠡᠭᠡ ᠲᠠᠯ᠎ᠠ ᠶᠢᠨ ᠲᠣᠭᠤᠷᠢᠨ ᠳᠤ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠵᠦ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠥᠬᠦ ᠬᠤᠰᠢᠭᠤᠨ ᠤ | ᠬᠥᠭᠵᠢᠯᠲᠡ ᠶᠢᠨ ᠶᠡᠭᠡ ᠲᠠᠯ᠎ᠠ ᠳᠠᠬᠢ ᠪᠠᠶᠢᠷᠢ ᠲᠣᠭᠲᠠᠭᠠᠯᠲᠠ ᠶᠢ ᠣᠨᠣᠪᠴᠢᠲᠠᠶ ᠣᠯᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠠᠨᠳᠤᠯᠭᠠᠲᠤ ᠴᠢᠨᠠᠷ᠂ ᠪᠣᠳᠠᠲᠤ ᠦᠷ᠎ᠡ ᠠᠰᠢᠭᠲᠤ ᠴᠢᠨᠠᠷ ᠪᠠ | ᠡᠷᠬᠡ ᠰᠦᠷᠲᠦ ᠴᠢᠨᠠᠷ ᠢ ᠲᠠᠰᠤᠷᠠᠯᠲᠠ ᠥᠬᠡᠶ ᠴᠢᠩᠭᠠᠳᠬᠠᠪᠠᠯ ᠰᠠᠶ᠋ᠢ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠦᠢᠯᠡᠳᠦᠯ ᠢᠶᠠᠨ ᠪᠠᠳᠠᠷᠠᠭᠤᠯᠵᠤ ᠴᠢᠳᠠᠨ᠎ᠠ ᠭᠡᠳᠡᠭ ᠢ ᠦᠢᠯᠡᠳᠦᠯᠭᠡ ᠭᠡᠷᠡᠴᠢᠯᠡᠭᠰᠡᠨ ᠪᠠᠶᠢᠨ᠎ᠠ᠃ | — ᠠᠷᠠᠳ ᠢᠶᠠᠷ ᠭᠤᠣᠯᠯᠠᠭᠤᠯᠬᠤ ᠶᠢ ᠡᠷᠬᠡᠪᠰᠢ ᠢᠮᠠᠭᠲᠠ ᠪᠠᠷᠢᠮᠲᠠᠯᠠᠬᠤ ᠬᠡᠷᠡᠭᠲᠡᠶ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠤᠨ ᠬᠦᠴᠦᠷᠬᠡᠭ ᠶᠡᠭᠡ ᠠᠮᠢᠵᠢᠷᠠᠯ ᠤᠨ ᠬᠦᠴᠦᠨ ᠪᠠ ᠢᠯᠡᠳᠲᠡ | ᠳᠠᠪᠠᠭᠤᠯᠢᠭ ᠴᠢᠨᠠᠷ ᠲᠠᠢ ᠪᠠᠶᠢᠬᠤ ᠶᠢᠨ ᠵᠠᠩᠭᠢᠯᠠᠭ᠎ᠠ ᠨᠢ ᠠᠷᠠᠳ ᠲᠦᠮᠡᠨ ᠤ ᠳᠤᠮᠳᠠᠭᠦ᠋ᠨᠵᠡᠭᠡᠶᠢᠷᠡᠭᠰᠡᠨ ᠳᠤ ᠪᠠᠶᠢᠬᠤ | ᠶᠤᠮ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠢᠶᠠᠷ ᠳᠠᠮᠵᠢᠭᠤᠯᠤᠨ ᠲᠦᠷᠦ ᠶᠢᠨ ᠡᠷᠬᠡ ᠪᠠᠨ ᠬᠡᠷᠡᠭᠵᠢᠭᠦᠯᠬᠦ ᠪᠠᠷ ᠲᠡᠮᠵᠢᠨ | ᠪᠠᠲᠤᠯᠠᠪᠠᠯ ᠰᠠᠶ᠋ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢᠮᠠᠭᠲᠠ ᠪᠠᠲᠤ ᠪᠠᠬᠢ | ᠰᠠᠭᠤᠷᠢ ᠲᠠᠢ ᠪᠤᠯᠵᠤ᠂ ᠮᠠᠨ ᠤ ᠦᠢᠯᠡᠰ ᠰᠠᠶ᠋ᠢ ᠲᠠᠰᠤᠷᠠᠯᠳᠠ ᠦᠭᠡᠢ ᠰᠢᠨ᠎ᠡ ᠢᠯᠠᠯᠲᠠ ᠵᠦᠭ ᠤᠷᠤᠭᠰᠢᠯᠠᠵᠤ | ᠴᠢᠳᠠᠨ᠎ᠠ ᠭᠡᠳᠡᠭ ᠢ ᠦᠢᠯᠡᠳᠦᠯᠭᠡ ᠭᠡᠷᠡᠴᠢᠯᠡᠵᠡᠶ᠃ | — ᠡᠷᠬᠡᠪᠰᠢ ᠬᠠᠤᠯᠢ ᠪᠠᠷ ᠵᠠᠰᠠᠬᠤ ᠰᠡᠳᠬᠢᠬᠦᠶ ᠶᠢ ᠢᠮᠠᠭᠲᠠ ᠪᠠᠷᠢᠮᠲᠠᠯᠠᠬᠤ ᠬᠡᠷᠡᠭᠲᠡᠶ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠨᠢ ᠠᠷᠠᠳᠴᠢᠯᠠᠯ ᠪᠠ ᠬᠠᠤᠯᠢ ᠪᠠᠷ | ᠵᠠᠰᠠᠬᠤ ᠪᠠᠶᠢᠭᠤᠯᠤᠯᠲᠠ ᠶᠢᠨ ᠨᠢᠭᠡᠳᠦᠭᠡᠷ ᠹᠷᠣᠨᠲ ᠲᠤ ᠪᠠᠶᠢᠵᠤ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ | ᠵᠠᠰᠠᠬᠤ ᠳᠤᠮᠳᠠ ᠴᠢᠬᠤᠯᠠ ᠶᠡᠭᠡ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃ ᠦᠢᠯᠡᠳᠦᠯᠭᠡ | ᠭᠡᠷᠡᠴᠢᠯᠡᠭᠰᠡᠨ ᠨᠢ᠂ ᠭᠠᠭᠴᠠ ᠬᠦ ᠬᠡᠯᠡᠬᠦ ᠳᠡᠭᠡᠨ ᠬᠠᠤᠯᠢ ᠶᠢ ᠡᠷᠬᠢᠮᠯᠡᠵᠦ᠂ ᠬᠢᠬᠦ ᠳᠡᠭᠡᠨ ᠬᠠᠤᠯᠢ ᠶᠢ ᠵᠢᠷᠤᠮᠯᠠᠨ᠂ | ᠤᠴᠢᠷ ᠶᠠᠪᠤᠳᠠᠯ ᠰᠢᠢᠳᠪᠦᠷᠢᠯᠡᠬᠦ ᠳᠡᠭᠡᠨ ᠬᠠᠤᠯᠢ ᠳᠤ ᠲᠦᠰᠢᠭᠯᠡᠬᠦ ᠶᠢ ᠪᠠᠷᠢᠮᠲᠠᠯᠠᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠳᠤᠮᠳᠠᠬᠢ ᠡᠭᠦᠷᠭᠡ | ᠴᠢᠳᠠᠪᠤᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠪᠠᠯ ᠰᠠᠶ᠋ᠢ ᠲᠦᠷᠢᠮ ᠤᠨ ᠳᠠᠪᠠᠭᠤᠯᠢᠭ ᠴᠢᠨᠠᠷ ᠢ ᠵᠠᠰᠠᠯᠲᠠ ᠶᠢᠨ | ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠥᠭᠡᠷᠡᠴᠢᠯᠡᠯᠲᠡ ᠶᠢ ᠠᠬᠢᠭᠤᠯᠬᠤ᠂ ᠬᠥᠭᠵᠢᠯᠲᠡ ᠶᠢ ᠠᠬᠢᠭᠤᠯᠬᠤ᠂ | ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠴᠢᠩᠭ᠎ᠠ ᠬᠦᠴᠦᠲᠡᠢ ᠬᠠᠤᠯᠢ ᠪᠠᠷ ᠵᠠᠰᠠᠬᠤ ᠪᠠᠲᠤᠯᠠᠭ᠎ᠠ ᠶᠢ ᠬᠠᠩᠭᠠᠵᠤ | ᠴᠢᠳᠠᠨ᠎ᠠ᠃ | — ᠲᠥᠯᠥᠭᠡᠯᠡᠭᠴᠢᠳ ᠢ ᠲᠦᠰᠢᠭᠯᠡᠬᠦ ᠶᠢ ᠡᠷᠬᠡᠪᠰᠢ ᠢᠮᠠᠭᠲᠠ ᠪᠠᠷᠢᠮᠲᠠᠯᠠᠬᠤ ᠬᠡᠷᠡᠭᠲᠡᠶ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯ ᠠᠷᠠᠳ ᠲᠦᠮᠡᠨ ᠤ ᠳᠤᠮᠳᠠ ᠠᠴᠠ ᠢᠷᠡᠵᠤ᠂ ᠠᠷᠠᠳ | ᠲᠦᠮᠡᠨ ᠤ ᠳᠤᠮᠳᠠ ᠦᠨᠳᠦᠰᠦᠯᠡᠵᠦ᠂ ᠠᠷᠠᠳ ᠲᠦᠮᠡᠨ ᠤ ᠠᠰᠢᠭ ᠲᠤᠰᠠ ᠪᠠ ᠵᠣᠷᠢᠭ ᠰᠠᠨᠠᠭ᠎ᠠ ᠶᠢ ᠲᠥᠯᠥᠭᠡᠯᠡᠵᠦ | ᠪᠠᠶᠢᠳᠠᠭ᠂ ᠲᠡᠷᠡ ᠪᠣᠯ ᠨᠠᠮ ᠪᠠ ᠲᠦᠷᠦ ᠶᠢᠨ ᠠᠷᠠᠳ ᠤᠯᠠᠨ ᠲᠠᠢ ᠬᠠᠷᠢᠯᠴᠠᠬᠤ ᠴᠢᠬᠤᠯᠠ ᠬᠥᠭᠦᠷᠭᠡ ᠪᠠ | ᠬᠤᠯᠪᠣᠭᠠᠰᠤ ᠮᠥᠨ᠃ ᠭᠠᠭᠴᠠ ᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠤ | ᠴᠢᠩᠭ᠎ᠠ ᠲᠦᠰᠢᠭᠯᠡᠵᠦ᠂ ᠪᠦᠬᠦ ᠲᠥᠯᠥᠭᠡᠯᠡᠭᠴᠢᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ | ᠴᠢᠨᠠᠷ ᠢ ᠭᠦᠢᠴᠡᠳ ᠲᠠᠶᠢᠴᠢᠯᠠᠨ ᠬᠥᠭᠵᠢᠭᠡᠪᠡᠯ ᠰᠠᠶ᠋ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ | ᠨᠡᠩ ᠴᠤᠭ ᠪᠠᠳᠠᠷᠠᠩᠭᠤᠶ ᠠᠮᠢᠵᠢᠷᠠᠯ ᠤᠨ ᠬᠦᠴᠦᠨᠲ᠋ᠠᠢ ᠪᠤᠯᠵᠤ ᠴᠢᠳᠠᠨ᠎ᠠ ᠭᠡᠳᠡᠭ ᠢ ᠦᠢᠯᠡᠳᠦᠯᠭᠡ ᠭᠡᠷᠡᠴᠢᠯᠡᠵᠡᠶ᠃ | — ᠡᠷᠬᠡᠪᠰᠢ ᠵᠠᠯᠭᠠᠮᠵᠢᠯᠠᠨ ᠬᠥᠭᠵᠢᠭᠦᠯᠬᠦ ᠶᠢ ᠢᠮᠠᠭᠲᠠ ᠪᠠᠷᠢᠮᠲᠠᠯᠠᠬᠤ ᠬᠡᠷᠡᠭᠲᠡᠶ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠷᠢᠮ ᠪᠣᠯ ᠨᠠᠮ ᠠᠴᠠ ᠠᠷᠠᠳ ᠲᠦᠮᠡᠨ ᠢ ᠤᠳᠤᠷᠢᠳᠤᠨ | ᠰᠦᠪᠡᠭᠴᠢᠯᠡᠨ ᠪᠠᠶᠢᠭᠤᠯᠵᠤ᠂ ᠪᠠᠬᠢᠵᠢᠭᠦᠯᠦᠨ ᠲᠡᠭᠦᠯᠳᠡᠷᠵᠢᠭᠦᠯᠦᠭᠰᠡᠨ ᠶᠤᠮ᠂ ᠮᠥᠨ ᠴᠦ ᠨᠠᠮ ᠪᠠ ᠠᠷᠠᠳ | ᠲᠦᠮᠡᠨ ᠤ ᠰᠢᠨ᠎ᠡ ᠶᠢ ᠡᠭᠦᠳᠬᠦ ᠦᠢᠯᠡᠳᠦᠯᠭᠡ ᠶᠢᠨ ᠳᠤᠮᠳᠠ ᠦᠷᠭᠦᠯᠵᠢᠯᠡᠨ ᠲᠡᠭᠦᠯᠳᠡᠷᠵᠢᠨ ᠬᠦᠭᠵᠢᠬᠦ ᠨᠢ ᠵᠠᠶᠢᠯᠠᠰᠢ | ᠥᠭᠡᠢ ᠶᠤᠮ᠃ ᠭᠠᠭᠴᠠ ᠬᠦ ᠰᠢᠨ᠎ᠡ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠰᠢᠨ᠎ᠡ ᠡᠭᠦᠷᠭᠡ ᠶᠢ | ᠲᠣᠳᠣᠷᠬᠠᠶᠢᠯᠠᠨ᠂ ᠰᠢᠨ᠎ᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ ᠰᠡᠳᠬᠢᠴᠡ ᠪᠠᠨ ᠰᠢᠨ᠎ᠡ ᠪᠠᠷ | ᠡᠭᠦᠳᠴᠦ᠂ ᠠᠵᠢᠯ ᠤᠨ ᠠᠷᠭ᠎ᠠ ᠪᠠᠨ ᠪᠠᠶᠠᠯᠢᠭᠵᠢᠭᠤᠯᠤᠨ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠪᠡᠯ ᠰᠠᠶ᠋ᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠨᠡᠩ ᠵᠢᠮ᠎ᠡ ᠶᠣᠰᠣᠴᠢ ᠴᠢᠨᠠᠷ ᠲᠠᠢ ᠂ ᠴᠠᠭ ᠦᠶᠡᠴᠢ | ᠴᠢᠨᠠᠷ ᠲᠠᠢ ᠂ ᠪᠣᠳᠠᠲᠤ ᠦᠷ᠎ᠡ ᠪᠦᠳᠦᠮᠵᠢᠳᠤ ᠴᠢᠨᠠᠷ ᠲᠠᠢ ᠪᠤᠯᠵᠤ ᠴᠢᠳᠠᠨ᠎ᠠ ᠭᠡᠳᠡᠭ ᠢ ᠦᠢᠯᠡᠳᠦᠯᠭᠡ ᠭᠡᠷᠡᠴᠢᠯᠡᠭᠰᠡᠨ | ᠪᠠᠶᠢᠨ᠎ᠠ᠃ | | ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠰᠠᠨᠠᠭᠤᠯᠭ᠎ᠠ | | ᠲᠥᠯᠥᠭᠡᠯᠡᠭᠴᠢᠳ ᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ | ᠪᠦᠬᠦᠳᠡ ᠬᠤᠷᠠᠯ ᠠᠴᠠ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ | ᠲᠡᠦᠬᠡ ᠶᠢᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ᠂ ᠪᠢᠳᠡᠨ ᠤ ᠰᠢᠨ᠎ᠡ ᠴᠠᠭ ᠦᠶ᠎ᠡ ᠶᠢᠨ ᠲᠡᠮᠡᠴᠡᠯ᠂ ᠰᠢᠨ᠎ᠡ | ᠠᠶᠠᠨ ᠳᠤ ᠡᠷᠡᠯᠬᠡᠭᠯᠡᠨ ᠤᠷᠤᠭᠰᠢᠯᠠᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠤᠨ ᠰᠢᠨᠵᠢᠯᠡᠬᠦ ᠤᠬᠠᠭᠠᠨᠴᠢ | ᠵᠦᠭᠯᠡᠭᠦᠷ ᠬᠠᠩᠭᠠᠵᠠᠢ᠃ 2021 ᠣᠨ ᠤ 10 ᠰᠠᠷ᠎ᠠ ᠳᠤ᠂ ᠲᠥᠪ ᠠᠴᠠ ᠠᠩᠬ᠎ᠠ ᠤᠳᠠᠭ᠎ᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ | ᠫᠢᠩ ᠴᠢᠬᠤᠯᠠ ᠶᠠᠷᠢᠶ᠎ᠠ ᠲᠠᠯᠪᠢᠵᠤ᠂ ᠰᠢᠨ᠎ᠡ ᠴᠠᠭ ᠦᠶ᠎ᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠢ ᠴᠢᠩᠭᠠᠳᠬᠠᠨ ᠰᠠᠶᠢᠵᠢᠷᠠᠭᠤᠯᠬᠤ ᠵᠢᠯᠣᠭᠤᠳᠬᠤ ᠦᠵᠡᠯ ᠰᠠᠨᠠᠭ᠎ᠠ᠂ ᠴᠢᠬᠤᠯᠠ ᠶᠡᠭᠡ ᠵᠠᠷᠴᠢᠮ ᠪᠣᠯᠤᠨ ᠭᠤᠣᠯ | ᠡᠭᠦᠷᠭᠡ ᠶᠢ ᠲᠣᠳᠣᠷᠬᠠᠢ ᠳᠤᠷᠠᠳᠴᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ | ᠵᠢᠷᠤᠮᠯᠠᠯ ᠬᠠᠩᠭᠠᠵᠠᠢ᠃ ᠬᠤᠰᠢᠭᠤᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠨᠢ ᠪᠦᠬᠦ ᠬᠤᠰᠢᠭᠤᠨ ᠤ ᠢᠷᠡᠭᠡᠳᠦᠶ ᠶᠢᠨ ᠲᠠᠪᠤᠨ ᠵᠢᠯ ᠤᠨ ᠬᠥᠭᠵᠢᠯᠲᠡ ᠶᠢᠨ ᠵᠢᠷᠤᠭ ᠲᠥᠰᠦᠪ ᠢ | ᠵᠢᠷᠤᠭᠯᠠᠵᠤ᠂ ᠭᠤᠣᠯ ᠡᠭᠦᠷᠭᠡ ᠪᠠ ᠲᠡᠮᠡᠴᠡᠬᠦ ᠬᠠᠷᠠᠯᠲᠠ ᠪᠠᠨ ᠲᠣᠳᠣᠷᠬᠠᠶ ᠲᠣᠭᠲᠠᠭᠠᠵᠠᠶ᠃ ᠰᠢᠨ᠎ᠡ ᠨᠢᠭᠡ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠤᠯᠭᠠᠵᠦ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠦ᠂ ᠰᠢ ᠶᠢᠨ ᠫᠢᠩ ᠶᠡᠷᠦᠩᠬᠡᠶ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠦ᠂ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ | ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠪᠠᠷᠢᠮᠲᠠᠯᠠᠵᠤ᠂ ᠪᠥᠬᠦ ᠶᠠᠪᠤᠴᠠ ᠶᠢᠨ ᠠᠷᠠᠳ ᠤᠨ | ᠠᠷᠠᠳᠴᠢᠯᠠᠯ ᠢ ᠦᠢᠯᠡᠳᠦᠯᠭᠡᠵᠢᠭᠦᠯᠵᠦ᠂ ︽ᠳᠥᠷᠪᠡᠨ ᠪᠠᠶᠢᠭᠤᠯᠤᠯᠭ᠎ᠠ︾ ᠶᠢᠨ ᠪᠠᠶᠢᠭᠤᠯᠤᠯᠲᠠ ᠶᠢ ᠠᠬᠢᠭᠤᠯᠤᠨ᠂ | ᠬᠤᠰᠢᠭᠤᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ | ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ | ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠰᠢᠨ᠎ᠡ ᠴᠠᠭ ᠦᠶ᠎ᠡ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ | ᠬᠢᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ | ᠴᠢᠳᠠᠯ ᠢᠶᠠᠨ ᠡᠷᠭᠦᠨ᠎ᠡ᠃ | ᠰᠢᠨ᠎ᠡ ᠨᠢᠭᠡ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠤᠳᠠᠯ ᠦᠭᠡᠢ ᠡᠬᠢᠯᠡᠬᠦ ᠭᠡᠵᠦ ᠪᠠᠶᠢᠭ᠎ᠠ ᠦᠶ᠎ᠡ ᠳᠤ᠂ ᠪᠢᠳᠡ ᠳᠣᠣᠷᠠᠬᠢ ᠮᠡᠲᠦ ᠰᠠᠨᠠᠭᠤᠯᠭ᠎ᠠ ᠳᠤᠷᠠᠳᠤᠶ᠎ᠠ᠄ | ᠨᠢᠭᠡ᠂ ᠵᠥᠪ ᠴᠢᠭᠯᠡᠯ ᠢ ᠪᠠᠷᠢᠮᠲᠠᠯᠠᠵᠤ᠂ ᠲᠦᠷᠢᠮ ᠤᠨ ᠳᠠᠪᠠᠭᠤᠯᠢᠭ ᠢ ᠢᠯᠡᠷᠡᠭᠦᠯᠬᠦ ᠲᠠᠯ᠎ᠠ ᠪᠠᠷ ᠲᠣᠭᠲᠠᠯ | ᠬᠦᠴᠦᠨ ᠢᠶᠠᠨ ᠪᠠᠲᠤᠯᠠᠨ᠎ᠠ | ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯᠤᠨ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ ︽ᠵᠢᠷᠭᠤᠭᠠᠨ ᠡᠷᠬᠡᠪᠰᠢ︾ ᠶᠢᠨ ᠰᠢᠨ᠎ᠡ | ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠠᠮ ᠤᠨ ᠤᠳᠤᠷᠢᠳᠤᠯᠭ᠎ᠠ | ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠦᠨᠡᠨᠬᠦ | ᠣᠷᠭᠠᠨᠢᠭ ᠢᠶᠠᠷ ᠤᠶᠠᠯᠳᠤᠭᠤᠯᠤᠨ᠎ᠠ᠃ ᠤᠯᠤᠰ ᠲᠦᠷᠦ ᠶᠢᠨ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠵᠦ᠂ | ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠢᠮᠠᠭᠲᠠ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ | ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠵᠤ᠂ ︽ | ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠤᠬᠠᠮᠰᠠᠷ ᠠᠴᠠ ᠪᠠᠨ ᠰᠢ ᠶᠢᠨ ᠫᠢᠩ ᠤᠨ ᠬᠠᠤᠯᠢ ᠪᠠᠷ ᠵᠠᠰᠠᠬᠤ | ᠦᠵᠡᠯ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠴᠢᠬᠤᠯᠠ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪ ᠤᠯᠤᠰ ᠲᠦᠷᠦ ᠶᠢᠨ ᠴᠢᠭᠯᠡᠯ ᠢ ᠢᠮᠠᠭᠲᠠ | ᠪᠠᠷᠢᠮᠲᠠᠯᠠᠬᠤ ᠶᠢ ᠪᠠᠲᠤᠯᠠᠬᠤ ᠬᠡᠷᠡᠭᠲᠡᠢ᠃ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠥᠪᠡᠷᠲᠡᠭᠡᠨ | ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠠᠷᠪᠠᠨ ᠲᠠᠪᠤᠳᠤᠭᠠᠷ | ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ | ᠲᠣᠭᠤᠷᠢᠨ ᠳᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠦᠨᠡᠨᠬᠦ ᠠᠳᠬᠤᠨ ᠪᠣᠳᠠᠲᠠᠶ ᠪᠠᠷ ᠠᠵᠢᠯᠯᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠭᠠᠷᠳᠠᠬᠤ ᠴᠡᠭ ᠪᠠ ᠬᠦᠴᠦᠯᠡᠬᠦ ᠴᠡᠭ ᠢ | ᠣᠨᠣᠪᠴᠢᠲᠠᠶ ᠣᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠭᠤᠤᠯᠳᠠᠯᠭ᠎ᠠ ᠶᠢ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠡᠭᠡᠷ᠎ᠡ ᠦᠨᠡᠨᠬᠦ | ᠲᠥᠪᠯᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠦᠷ᠎ᠡ ᠪᠦᠲᠦᠮᠵᠢ ᠶᠢ ᠠᠷᠠᠳ | ᠣᠯᠠᠨ ᠤ ᠠᠵᠠ ᠵᠢᠷᠭᠠᠯ ᠢ ᠨᠡᠮᠡᠭᠳᠡᠭᠦᠯᠬᠦ ᠳᠡᠭᠡᠷ᠎ᠡ ᠢᠯᠡᠷᠡᠭᠦᠯᠬᠦ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠴᠢᠭᠯᠡᠯ ᠢ ᠡᠵᠡᠮᠳᠡᠬᠦ᠂ ᠶᠡᠭᠡ | ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠴᠢᠬᠤᠯᠠ ᠦᠢᠯᠡᠳᠦᠯ ᠢ ᠤᠯᠠᠮ ᠨᠢᠭᠡ ᠠᠯᠬᠤᠮ | ᠰᠠᠶᠢᠲᠤᠷ ᠪᠠᠳᠠᠷᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠵᠣᠷᠢᠯᠲᠠ ᠶᠢ ᠬᠠᠤᠯᠢ ᠶᠣᠰᠣᠭᠠᠷ | ᠪᠦᠭᠦ ᠬᠤᠰᠢᠭᠤᠨ ᠤ ᠠᠷᠠᠳ ᠲᠦᠮᠡᠨ ᠤ ᠬᠠᠮᠲᠤ ᠶᠢᠨ ᠵᠣᠷᠢᠭ ᠰᠠᠨᠠᠭ᠎ᠠ ᠪᠣᠯᠭᠠᠨ ᠬᠤᠪᠢᠷᠠᠭᠤᠯᠬᠤ ᠬᠡᠷᠡᠭᠲᠡᠶ᠃ | ᠬᠤᠶᠠᠷ᠂ ᠪᠣᠳᠠᠲᠠᠢ ᠪᠠᠷ ᠠᠵᠢᠯᠯᠠᠬᠤ ᠰᠤᠷᠲᠠᠯ ᠢ ᠪᠠᠷᠢᠮᠲᠠᠯᠠᠵᠤ᠂ ᠦᠢᠯᠡᠴᠢᠯᠡᠭᠡᠨ ᠤ ᠬᠥᠭᠵᠢᠯᠲᠡ ᠶᠢᠨ ᠲᠠᠯ᠎ᠠ ᠪᠠᠷ | ᠬᠠᠮᠲᠤᠷᠠᠯ ᠤᠨ ᠬᠦᠴᠦᠨ ᠢ ᠨᠢᠭᠲᠠᠷᠠᠭᠤᠯᠤᠨ᠎ᠠ | ᠭᠤᠤᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠬᠤᠰᠢᠭᠤᠨ ᠤ ᠨᠠᠮ ᠤᠨ | ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ | ᠠᠷᠠᠳ ᠣᠯᠠᠨ ᠤ ᠪᠣᠳᠣᠯ᠂ ᠬᠦᠰᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠥᠪ ᠣᠨᠣᠪᠴᠢᠲᠠᠶ ᠬᠢᠨᠠᠯᠲᠠ | ᠲᠠᠯᠪᠢᠬᠤ᠂ ᠪᠦᠲᠦᠮᠵᠢᠲᠡᠶ ᠬᠢᠨᠠᠯᠲᠠ ᠲᠠᠯᠪᠢᠬᠤ ᠶᠢ ᠬᠠᠤᠯᠢ ᠶᠣᠰᠣᠭᠠᠷ ᠥᠷᠨᠢᠭᠦᠯᠦᠨ᠎ᠡ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠴᠢᠩᠭᠠᠳᠬᠠᠬᠤ᠂ ᠬᠠᠮᠲᠤᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠵᠡᠷᠭᠡ ᠭᠤᠣᠯᠳᠠᠯᠭ᠎ᠠ ᠲᠠᠢ ᠬᠦᠷᠢᠶ᠎ᠡ | ᠪᠣᠯᠤᠨ ᠴᠢᠬᠤᠯᠠ ᠠᠵᠢᠯ ᠤᠨ ᠲᠣᠭᠤᠷᠢᠨ ᠳᠤ᠂ ᠬᠢᠨᠠᠯᠲᠠ ᠲᠠᠯᠪᠢᠬᠤ ᠭᠤᠣᠯᠳᠠᠯᠭ᠎ᠠ ᠶᠢ ᠲᠤᠪᠤᠶᠢᠯᠭᠠᠵᠦ᠂ ᠬᠢᠨᠠᠯᠲᠠ | ᠲᠠᠯᠪᠢᠬᠤ ᠠᠷᠭ᠎ᠠ ᠬᠡᠯᠪᠡᠷᠢ ᠶᠢ ᠪᠠᠶᠠᠯᠢᠭᠵᠢᠭᠤᠯᠵᠤ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠲᠥᠰᠦᠪ ᠪᠠ ᠲᠥᠰᠦᠪ ᠤᠨ ᠭᠦᠢᠴᠡᠳᠬᠡᠯ ᠢ ᠬᠢᠨᠠᠨ ᠪᠠᠶᠢᠴᠠᠭᠠᠬᠤ᠂ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠪᠠ ᠵᠠᠰᠠᠭ ᠤᠨ ᠣᠷᠳᠣᠨ ᠤ ᠥᠷᠢ ᠥᠭᠴᠡᠭᠡ ᠳᠤ ᠬᠢᠨᠠᠯᠲᠠ | ᠲᠠᠯᠪᠢᠬᠤ ᠠᠵᠢᠯ ᠢ ᠬᠠᠤᠯᠢ ᠶᠣᠰᠣᠭᠠᠷ ᠰᠠᠶᠢᠲᠤᠷ ᠬᠢᠵᠦ᠂ ᠬᠢᠨᠠᠨ ᠪᠤᠳᠤᠯᠳᠠ ᠪᠠᠷ ᠪᠠᠶᠢᠴᠠᠭᠠᠵᠤ ᠭᠠᠷᠭᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠥᠷᠳᠡᠨ ᠬᠢᠨᠠᠬᠤ ᠡᠷᠴᠢᠮ ᠢᠶᠠᠨ ᠴᠢᠩᠭᠠᠷᠠᠭᠤᠯᠵᠤ᠂ | ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠬᠦᠴᠦ ᠪᠡᠨᠨᠡᠮᠡᠷᠢᠯᠡᠨᠡ᠃ ︽ | ᠬᠠᠤᠯᠢ ᠴᠠᠭᠠᠵᠠ ᠶᠢᠨ ᠲᠣᠭᠤᠷᠢᠨ ᠪᠠᠶᠢᠴᠠᠭᠠᠯᠲᠠ︾ ᠶᠢᠨ ᠬᠢᠨᠠᠯᠲᠠ ᠲᠠᠯᠪᠢᠬᠤ ᠬᠤᠷᠴᠠ ᠰᠡᠯᠡᠮ᠎ᠡ ᠶᠢᠨ ᠦᠢᠯᠡᠳᠦᠯ ᠢ | ᠰᠠᠶᠢᠲᠤᠷ ᠪᠠᠳᠠᠷᠠᠭᠤᠯᠵᠤ᠂ ︽ᠨᠢᠭᠡ ᠵᠠᠰᠠᠭ ᠤᠨ ᠣᠷᠳᠣᠨ ᠨᠢᠭᠡ ᠵᠦᠪᠯᠡᠯ ᠬᠤᠶᠠᠷ ᠬᠤᠷᠢᠶ᠎ᠠ︾ ᠶᠢᠨ ᠬᠠᠤᠯᠢ | ᠴᠠᠭᠠᠵᠠ ᠶᠢᠨ ᠦᠵᠡᠯᠲᠡ ᠶᠢ ᠪᠠᠲᠤ ᠪᠠᠬᠢ ᠪᠤᠢ ᠪᠣᠯᠭᠠᠬᠤ᠂ ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠬᠤ᠂ | ᠬᠠᠤᠯᠢ ᠶᠢ ᠴᠢᠩᠭ᠎ᠠ ᠵᠢᠷᠤᠮᠯᠠᠨ ᠠᠵᠢᠯᠯᠠᠬᠤ ᠶᠢ ᠠᠬᠢᠭᠤᠯᠤᠨ᠎ᠠ᠃ ᠴᠢᠬᠤᠯᠠ ᠶᠡᠭᠡ ᠤᠴᠢᠷ ᠶᠠᠪᠤᠳᠠᠯ ᠢ ᠲᠣᠭᠲᠠᠭᠠᠬᠤ | ᠡᠷᠬᠡ ᠪᠠ ᠠᠵᠢᠯᠲᠠᠨ ᠢ ᠲᠣᠮᠢᠯᠠᠵᠤ ᠪᠠᠭᠤᠯᠭᠠᠬᠤ ᠡᠷᠬᠡ ᠶᠢ ᠬᠠᠤᠯᠢ ᠶᠣᠰᠣᠭᠠᠷ ᠬᠡᠷᠡᠭᠵᠢᠭᠦᠯᠵᠦ᠂ ᠪᠥᠬᠦ ᠬᠤᠰᠢᠭᠤᠨ ᠤ | ᠬᠥᠭᠵᠢᠯᠲᠡ ᠶᠢᠨ ᠶᠡᠭᠡ ᠲᠠᠯ᠎ᠠ ᠶᠢᠨ ᠶᠡᠭᠡ ᠶᠠᠪᠤᠳᠠᠯ ᠴᠢᠬᠤᠯᠠ ᠶᠠᠪᠤᠳᠠᠯ ᠳᠤ ᠴᠢᠭᠯᠡᠭᠦᠯᠦᠨ᠂ ᠪᠣᠯᠭᠤᠮᠵᠢᠲᠠᠶ᠂ | ᠰᠢᠨᠵᠢᠯᠡᠬᠦ ᠤᠬᠠᠭᠠᠨᠴᠢ ᠪᠠᠷ ᠰᠢᠢᠳᠪᠦᠷᠢ ᠭᠠᠷᠭᠠᠬᠤ ᠬᠡᠷᠡᠭᠲᠡᠶ᠃ ᠨᠠᠮ ᠠᠴᠠ ᠺᠠᠳ᠋ᠷ ᠢ ᠬᠠᠮᠢᠶᠠᠷᠬᠤ ᠪᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠺᠠᠳ᠋ᠷ ᠢ ᠲᠣᠮᠢᠯᠠᠵᠤ ᠪᠠᠭᠤᠯᠭᠠᠬᠤ ᠶᠢ ᠣᠷᠭᠠᠨᠢᠭ ᠢᠶᠠᠷ | ᠨᠢᠭᠡᠳᠬᠡᠬᠦ ᠶᠢ ᠪᠠᠷᠢᠮᠲᠠᠯᠠᠵᠤ᠂ ᠲᠤᠰᠢᠶᠠᠯ ᠳᠤ ᠲᠣᠮᠢᠯᠠᠵᠤ ᠪᠠᠭᠤᠯᠭᠠᠬᠤ ᠡᠷᠬᠡ ᠲᠤᠰᠢᠶᠠᠯ ᠢ ᠬᠠᠤᠯᠢ ᠶᠣᠰᠣᠭᠠᠷ | ᠭᠦᠢᠴᠡᠳᠭᠡᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ ᠳᠤ ᠨᠢᠭᠡᠳᠦᠯᠲᠡᠶ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠬᠦᠴᠦᠨ ᠴᠢᠳᠠᠯ ᠢ | ᠨᠢᠭᠲᠠᠷᠠᠭᠤᠯᠤᠨ᠎ᠠ᠃ | ᠭᠤᠷᠪᠠ᠂ ᠠᠷᠠᠳ ᠢᠶᠠᠷ ᠦᠨᠳᠦᠰᠦ ᠪᠣᠯᠭᠠᠬᠤ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠲᠠᠢ | ᠨᠢᠭᠲᠠ ᠬᠠᠷᠢᠯᠴᠠᠬᠤ ᠲᠠᠯ᠎ᠠ ᠪᠠᠷ ᠲᠠᠯᠳᠠ ᠬᠦᠴᠦᠨ ᠢ ᠭᠦᠨ ᠠᠭᠤᠳᠠᠯᠤᠨ᠎ᠠ | ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠶᠡᠭᠡ ᠣᠶᠢᠯᠠᠭᠠᠭᠳᠠᠬᠤᠨ ᠢ ᠬᠢᠨᠠᠮᠠᠭᠠᠶ | ᠦᠢᠯᠡᠳᠦᠯᠭᠡᠵᠢᠭᠦᠯᠵᠦ᠂ ᠠᠷᠠᠳ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ | ᠬᠢᠨᠠᠯᠲᠠ ᠲᠠᠯᠪᠢᠬᠤ ᠡᠷᠬᠡ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠯ᠎ᠡ ᠲᠠᠯ᠎ᠠ ᠡᠯ᠎ᠡ | ᠵᠠᠩᠭᠢᠯᠠᠭ᠎ᠠ ᠶᠢᠨ ᠪᠦᠬᠦ ᠶᠠᠪᠤᠴᠠ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠲᠥᠯᠥᠭᠡᠯᠡᠭᠴᠢᠳ ᠤᠨ ᠪᠡᠶᠡᠴᠢ | ᠴᠣᠭᠴᠠ ᠶᠢᠨ ᠦᠢᠯᠡᠳᠦᠯ ᠪᠠ ᠲᠥᠯᠥᠭᠡᠯᠡᠭᠴᠢᠳ ᠲᠤ ᠦᠢᠯᠡᠴᠢᠯᠡᠬᠦ ᠤᠬᠠᠮᠰᠠᠷ ᠢ ᠤᠯᠠᠮ ᠨᠢᠭᠡ ᠠᠯᠬᠤᠮ | ᠴᠢᠩᠭᠠᠷᠠᠭᠤᠯᠵᠤ᠂ ᠲᠥᠯᠥᠭᠡᠯᠡᠭᠴᠢᠳ ᠢ ᠬᠦᠨᠳᠦᠳᠬᠡᠨ᠂ ᠲᠥᠯᠥᠭᠡᠯᠡᠭᠴᠢᠳ ᠲᠤ ᠲᠦᠰᠢᠭᠯᠡᠵᠦ᠂ | ᠲᠥᠯᠥᠭᠡᠯᠡᠭᠴᠢᠳ ᠲᠤ ᠦᠢᠯᠡᠴᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠠᠶᠢᠪᠠᠯ ᠪᠢᠳᠡ ᠬᠠᠷᠢᠭᠤ | ᠳᠤᠰᠬᠠᠯ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠲᠥᠯᠥᠭᠡᠯᠡᠭᠴᠢᠳ ᠤᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠲᠥᠯᠥᠭᠡᠯᠡᠭᠴᠢᠳ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ | ᠲᠥᠯᠥᠭᠡᠯᠡᠭᠴᠢᠳ ᠤᠨ ᠲᠦᠷᠦ ᠶᠢᠨ ᠬᠡᠷᠡᠭ ᠶᠠᠪᠤᠳᠠᠯ ᠢ ᠬᠠᠮᠢᠶᠠᠷᠬᠤ ᠳᠤ ᠣᠷᠣᠯᠴᠠᠬᠤ ᠴᠢᠳᠠᠪᠤᠷᠢ ᠶᠢ ᠳᠡᠭᠡᠭᠰᠢᠯᠡᠭᠦᠯᠬᠦ | ᠬᠡᠷᠡᠭᠲᠡᠶ᠃ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠵᠠᠮ ᠤᠨ | ᠪᠠᠶᠢᠭᠤᠯᠤᠯᠲᠠ ᠶᠢ ᠴᠢᠩᠭᠠᠳᠬᠠᠵᠤ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠭᠡᠷ︾ ᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠤᠨ ᠲᠥᠯᠥᠭᠡᠯᠡᠭᠴᠢᠳ ᠲᠠᠢ ᠬᠠᠷᠢᠯᠴᠠᠬᠤ᠂ | ᠲᠥᠯᠥᠭᠡᠯᠡᠭᠴᠢᠳ ᠤᠨ ᠠᠷᠠᠳ ᠤᠯᠠᠨ ᠲᠠᠢ ᠨᠢᠭᠲᠠ ᠬᠠᠷᠢᠯᠴᠠᠬᠤ ︽ᠬᠤᠣᠰ ᠬᠠᠷᠢᠯᠴᠠᠭ᠎ᠠ︾ ᠶᠢᠨ ᠠᠵᠢᠯ ᠢ | ᠭᠦᠨᠵᠡᠭᠡᠶᠢᠷᠡᠭᠦᠯᠵᠦ᠂ ᠬᠤᠷᠠᠯ ᠲᠡᠭᠦᠰᠦᠭᠰᠡᠨ ᠬᠤᠭᠤᠴᠠᠭᠠᠨ ᠳᠠᠬᠢ ᠲᠥᠯᠥᠭᠡᠯᠡᠭᠴᠢᠳ ᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯᠯᠠᠭ᠎ᠠ ᠶᠢ ᠪᠠᠶᠠᠯᠢᠭᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠤᠶᠤᠨᠲᠤ ᠲᠠᠪᠴᠠᠩ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠲᠡᠭᠦᠯᠳᠡᠷᠵᠢᠭᠦᠯᠬᠦ ᠬᠡᠷᠡᠭᠲᠡᠶ᠃ | ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠪᠠᠳᠠᠨ ᠰᠢᠢᠳᠪᠦᠷᠢᠯᠡᠬᠦ ᠶᠢ ᠴᠢᠩᠭᠠᠳᠬᠠᠵᠤ᠂ ᠰᠢᠢᠳᠪᠦᠷᠢᠯᠡᠬᠦ ᠶᠠᠰᠤ ᠴᠢᠨᠠᠷ | ᠪᠠ ᠰᠢᠢᠳᠪᠦᠷᠢᠯᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠦᠨᠳᠦᠰᠦᠨ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠯᠤᠭ᠎ᠠ ᠶᠢᠨ ᠬᠠᠷᠢᠯᠴᠠᠭ᠎ᠠ ᠪᠠ ᠵᠢᠯᠣᠭᠤᠳᠣᠯᠭ᠎ᠠ ᠪᠠᠨ | ᠴᠢᠩᠭᠠᠳᠬᠠᠵᠤ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠤᠮᠵᠢᠭᠰᠠᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠰᠤᠮᠤ ᠰᠢᠶᠠᠩ ᠪᠠᠯᠭᠠᠰᠤ ᠶᠢᠨ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠬᠤ ᠲᠦᠷᠢᠮ ᠤᠨ ᠠᠵᠢᠯ ᠥᠷᠨᠢᠭᠦᠯᠬᠦ ᠶᠢ ᠭᠦᠨᠵᠡᠭᠡᠶ ᠵᠢᠯᠣᠭᠤᠳᠴᠤ᠂ | ᠡᠨᠡ ᠬᠦ ᠠᠷᠠᠳ ᠤᠨ ᠰᠡᠳᠬᠢᠯ ᠢ ᠨᠢᠭᠲᠠᠷᠠᠭᠤᠯᠬᠤ᠂ ᠠᠷᠠᠳ ᠤᠨ ᠬᠦᠴᠦᠨ ᠢ ᠨᠢᠭᠲᠠᠷᠠᠭᠤᠯᠬᠤ | ᠲᠦᠷᠢᠮ ᠤᠨᠦᠢᠯᠡᠳᠦᠯᠭᠡ ᠳᠤ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ | ᠲᠦᠷᠪᠡ᠂ ᠰᠢᠨ᠎ᠡ ᠶᠢ ᠡᠭᠦᠳᠬᠦ ᠰᠡᠳᠬᠢᠬᠦᠢ ᠶᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠴᠢᠳᠠᠪᠤᠷᠢ ᠪᠠᠨ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠯᠤᠰ ᠲᠥᠷᠥ ᠶᠢᠨ ᠪᠠᠶᠢᠭᠤᠯᠤᠯᠭ᠎ᠠ ᠶᠢᠨ ᠤᠬᠠᠮᠰᠠᠷ ᠢ | ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ ᠪᠠᠷᠢᠮᠲᠠᠯᠠᠵᠤ᠂ ᠤᠯᠤᠰ | ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ | ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠳᠤᠷᠢᠳᠤᠯᠭ᠎ᠠ ᠶᠢ ᠤᠬᠠᠮᠰᠠᠷ ᠠᠴᠠ ᠪᠠᠨ ᠪᠠᠷᠢᠮᠲᠠᠯᠠᠬᠤ ᠤᠯᠤᠰ ᠲᠦᠷᠦ ᠶᠢᠨ ᠪᠠᠶᠢᠭᠤᠯᠭ᠎ᠠ᠂ ᠠᠷᠠᠳ | ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ ᠪᠠᠲᠤᠯᠠᠬᠤ ᠲᠦᠷᠦ ᠶᠢᠨ ᠡᠷᠬᠡᠲᠦ ᠪᠠᠶᠢᠭᠤᠯᠭ᠎ᠠ᠂ ᠦᠨᠳᠦᠰᠦᠨ | ᠬᠠᠤᠯᠢ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠲᠤᠰᠢᠶᠠᠯ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠡᠭᠦᠷᠭᠡᠯᠡᠬᠦ ᠠᠵᠢᠯ ᠤᠨ ᠪᠠᠶᠢᠭᠤᠯᠭ᠎ᠠ᠂ ᠠᠷᠠᠳ ᠤᠯᠠᠨ ᠲᠠᠢ ᠢᠮᠠᠭᠲᠠ ᠨᠢᠭᠲᠠ ᠬᠠᠷᠢᠯᠴᠠᠭ᠎ᠠ ᠲᠠᠢ ᠪᠠᠶᠢᠬᠤ | ᠲᠥᠯᠥᠭᠡᠯᠡᠬᠦ ᠪᠠᠶᠢᠭᠤᠯᠭ᠎ᠠ ᠪᠣᠯᠭᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ | ᠠᠳᠬᠤᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠪᠠᠷ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂ ᠠᠷᠠᠳ ᠲᠦᠮᠡᠨ ᠳᠤ | ᠦᠢᠯᠡᠴᠢᠯᠡᠬᠦ᠂ ᠬᠠᠤᠯᠢᠵᠢᠯ ᠢ ᠡᠷᠬᠢᠮᠯᠡᠬᠦ᠂ ᠠᠷᠠᠳᠴᠢᠯᠠᠯ ᠢ ᠪᠠᠳᠠᠷᠠᠭᠤᠯᠬᠤ᠂ ᠬᠢᠴᠢᠶᠡᠨ ᠴᠢᠷᠮᠠᠶᠢᠵᠤ | ᠬᠠᠷᠢᠭᠤᠴᠠᠯᠭ᠎ᠠ ᠪᠠᠨ ᠭᠦᠢᠴᠡᠳᠬᠡᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠩᠨᠡᠭᠡ ᠶᠢ | ᠪᠠᠶᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ | ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠲᠥᠪ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠭᠤᠶᠢᠪᠢᠰᠢ ᠥᠬᠡᠶ ᠪᠠᠷᠢᠮᠲᠠᠯᠠᠨ | ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠲᠡᠭᠦᠯᠳᠡᠷᠵᠢᠭᠦᠯᠵᠦ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ | ᠦᠢᠯᠡᠳᠦᠯᠭᠡᠵᠢᠭᠦᠯᠭᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠢᠷᠢ | ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ ᠂ ᠣᠨᠴᠠᠯᠢᠭ ᠢᠯᠡ ᠲᠣᠳᠣ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ︽ᠡᠮᠦᠨᠡᠳᠦ ᠬᠤᠰᠢᠭᠤᠨ ᠤ ᠨᠠᠷᠠᠲᠤ ᠲᠡᠮᠳᠡᠭ︾ ᠢ ᠡᠭᠦᠳᠦᠨ᠎ᠡ | ᠃ | | 2022 ᠣᠨ ᠤ ᠠᠵᠢᠯ ᠤᠨ ᠰᠠᠨᠠᠭᠤᠯᠭ᠎ᠠ | | 2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠮᠥᠨ᠂ ᠲᠥᠪ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠮᠥᠨ ᠴᠦ ᠬᠤᠰᠢᠭᠤᠨ ᠤ ᠠᠷᠪᠠᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ | ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠭᠡᠬᠦ ᠠᠩᠬᠠᠨ ᠤ ᠵᠢᠯ ᠮᠥᠨ᠂ ᠲᠣᠰ ᠤᠳᠠᠭᠠᠨ ᠤ ᠬᠤᠷᠠᠯ ᠤᠨ ᠡᠯ᠎ᠡ | ᠵᠦᠢᠯ ᠤᠨ ᠰᠢᠢᠳᠪᠦᠷᠢ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠳᠣᠤᠷᠠᠬᠢ ᠠᠵᠢᠯ ᠤᠳ ᠢ ᠭᠤᠤᠯᠳᠠᠯᠭ᠎ᠠ ᠲᠠᠢ | ᠰᠠᠶᠢᠲᠤᠷ ᠬᠢᠬᠦ ᠶᠢ ᠰᠠᠨᠠᠭᠤᠯᠤᠶ᠎ᠠ᠄ | ᠨᠢᠭᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠨᠠᠮ ᠤᠨ ᠰᠢᠨ᠎ᠡ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ | ᠪᠠᠶᠢᠳᠠᠯ ᠢ ᠴᠢᠷᠮᠠᠶᠢᠨ ᠡᠭᠦᠳᠦᠨ᠎ᠡ | ᠲᠤᠭ ᠲᠡᠮᠳᠡᠭ ᠲᠣᠳᠣᠷᠬᠠᠶ ᠪᠠᠶᠢᠬᠤ ᠶᠢ ᠪᠠᠷᠢᠮᠲᠠᠯᠠᠨ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠡᠨᠡ ᠬᠦ | ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠢ ᠭᠤᠶᠢᠪᠢᠰᠢ ᠥᠬᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠂ ᠬᠤᠰᠢᠭᠤᠨ ᠤ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ ᠠᠵᠢᠯ ᠢᠶᠠᠨ ᠮᠡᠳᠡᠭᠦᠯᠬᠦ ᠲᠦᠷᠢᠮ ᠢ ᠴᠢᠩᠭ᠎ᠠ | ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠢ ᠴᠥᠮ ᠨᠠᠮ ᠤᠨ | ᠤᠳᠤᠷᠢᠳᠤᠯᠭ᠎ᠠ ᠳᠣᠤᠷ᠎ᠠ ᠶᠠᠪᠤᠭᠳᠠᠭᠤᠯᠬᠤ ᠶᠢ ᠦᠨᠡᠨ ᠬᠦ ᠪᠠᠲᠤᠯᠠᠨ᠎ᠠ᠃ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ | ᠂ ᠴᠠᠭ ᠢᠮᠠᠭᠲᠠ ᠴᠠᠭ ᠦᠶ᠎ᠡ ᠲᠠᠢ ᠠᠳᠠᠯᠢ ᠳᠠᠪᠲᠠᠮᠵᠢ ᠲᠠᠢ ᠪᠠᠶᠢᠬᠤ ᠶᠢ ᠪᠠᠷᠢᠮᠲᠠᠯᠠᠨ᠎ᠠ᠃ ᠤᠨᠤᠯ ᠤᠨ | ᠰᠤᠷᠤᠯᠴᠠᠯᠭ᠎ᠠ ᠶᠢᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠴᠢᠩᠭ᠎ᠠ ᠬᠡᠷᠡᠭᠵᠢᠭᠦᠯᠵᠦ᠂ ᠰᠤᠷᠤᠯᠴᠠᠨ | ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠬᠤ ᠬᠡᠷᠡᠭᠲᠡᠶ᠃ | ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠬᠤᠰᠢᠭᠤᠨ ᠤ ᠨᠠᠮ ᠤᠨ ᠬᠤᠷᠢᠶ᠎ᠠ ᠲᠠᠢ ᠠᠳᠠᠯᠢ ᠴᠢᠭᠯᠡᠯ ᠲᠠᠢ | ᠪᠠᠶᠢᠬᠤ ᠶᠢ ᠴᠠᠭ ᠢᠮᠠᠭᠲᠠ ᠪᠠᠷᠢᠮᠲᠠᠯᠠᠨ᠎ᠠ᠃ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠭᠤᠣᠯᠳᠠᠯᠭ᠎ᠠ ᠨᠢ | ᠬᠠᠮᠢᠭ᠎ᠠ ᠪᠠᠶᠢᠪᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠨᠢ ᠲᠡᠨᠳᠡ ᠬᠦᠷᠴᠦ᠂ | ᠬᠦᠴᠦᠨ ᠢᠶᠠᠨ ᠲᠡᠨᠳᠡ ᠲᠥᠪᠯᠡᠷᠡᠭᠦᠯᠵᠦ᠂ ᠦᠢᠯᠡᠳᠦᠯ ᠢᠶᠠᠨ ᠲᠡᠨᠳᠡ ᠬᠦᠷᠲᠡᠯ᠎ᠡ ᠪᠠᠳᠠᠷᠠᠭᠤᠯᠬᠤ ᠶᠢ ᠦᠨᠡᠨᠬᠦ | ᠪᠡᠶᠡᠯᠡᠭᠦᠯᠦᠨ᠎ᠡ᠃ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠵᠤ᠂ ᠴᠠᠭ | ᠢᠮᠠᠭᠲᠠ ᠬᠥᠭᠵᠢᠯᠲᠡ ᠯᠦᠭᠡ ᠢᠵᠢᠯ ᠠᠯᠬᠤᠮ ᠲᠠᠢ ᠪᠠᠶᠢᠯᠭᠠᠬᠤ ᠶᠢ ᠪᠠᠷᠢᠮᠲᠠᠯᠠᠨ᠎ᠠ᠃ ᠬᠤᠰᠢᠭᠤᠨ ᠤ ᠨᠠᠮ ᠤᠨ | ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠡᠯ᠎ᠡ ᠵᠦᠢᠯ ᠤᠨ ᠠᠵᠢᠯ ᠢ ᠲᠥᠯᠥᠪᠵᠢᠭᠦᠯᠵᠦ᠂ ᠴᠢᠬᠤᠯᠠ ᠶᠡᠭᠡ ᠲᠣᠭᠲᠠᠭᠠᠯ ᠳᠤ ᠬᠤᠰᠢᠭᠤᠨ ᠤ | ᠨᠠᠮ ᠤᠨ ᠬᠤᠷᠢᠶᠠᠨ ᠤ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠢᠯᠡᠷᠡᠭᠦᠯᠬᠦ ᠪᠠᠷ ᠴᠢᠷᠮᠠᠶᠢᠵᠤ᠂ ᠠᠵᠢᠯᠲᠠᠨ ᠤ | ᠶᠠᠪᠤᠳᠠᠯ ᠢ ᠲᠣᠮᠢᠯᠠᠵᠤ ᠪᠠᠭᠤᠯᠭᠠᠬᠤ ᠳᠤ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ | ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠬᠤ ᠭᠤᠤᠯᠳᠠᠯᠭ᠎ᠠ ᠶᠢ ᠬᠤᠰᠢᠭᠤᠨ ᠤ ᠨᠠᠮ ᠤᠨ | ᠬᠤᠷᠢᠶᠠᠨ ᠤ ᠠᠵᠢᠯ ᠤᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠭᠤᠯᠤᠯ ᠤᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠤᠯᠭᠠᠨ᠎ᠠ᠃ | ᠬᠤᠶᠠᠷ᠂ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠬᠢᠨᠠᠯᠲᠠ ᠲᠠᠯᠪᠢᠵᠤ᠂ ᠴᠢᠨᠠᠷ | ᠰᠠᠶᠢᠲᠠᠶ ᠬᠥᠭᠵᠢᠯᠲᠡ ᠶᠢᠨ ᠰᠢᠨ᠎ᠡ ᠠᠬᠢᠴᠠ ᠲᠠᠢ ᠪᠣᠯᠬᠤ ᠶᠢ ᠴᠢᠷᠮᠠᠶᠢᠨ ᠠᠬᠢᠭᠤᠯᠤᠨ᠎ᠠ | ᠬᠤᠰᠢᠭᠤᠨ ᠤ ᠨᠠᠮ ᠤᠨ ᠬᠤᠷᠢᠶᠠᠨ ᠤ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠶ | ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠬᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠲᠤᠰᠬᠠᠶ | ᠰᠡᠳᠦᠪᠲᠦ ᠪᠠᠶᠢᠴᠠᠭᠠᠨ ᠰᠤᠳᠤᠯᠤᠯᠲᠠ ᠵᠡᠷᠭᠡ ᠬᠢᠨᠠᠯᠲᠠ ᠲᠠᠯᠪᠢᠬᠤ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ | ᠬᠢᠨᠠᠯᠲᠠ ᠲᠠᠯᠪᠢᠬᠤ ︽ᠬᠠᠮ ᠠᠷᠭ᠎ᠠ︾ ᠶᠢ ᠰᠠᠶᠢᠲᠤᠷ ᠠᠳᠬᠤᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠨ᠎ᠠ᠃ | ᠡᠳ᠋ ᠤᠨ ᠵᠠᠰᠠᠭ ᠠᠵᠤ ᠠᠬᠤᠶ ᠶᠢᠨ ᠲᠣᠭᠲᠠᠭᠤᠨ ᠠᠵᠢᠯᠯᠠᠭᠠᠨ ᠢ ᠬᠦᠴᠦᠯᠡᠨ ᠠᠬᠢᠭᠤᠯᠤᠨ᠎ᠠ᠃ ᠪᠥᠬᠦ | ᠰᠢᠰᠲ᠋ᠧᠮ ᠤᠨ ᠲᠥᠰᠦᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠲᠥᠰᠦᠪ ᠢ | ᠰᠦᠯᠵᠢᠶᠡᠵᠢᠭᠦᠯᠦᠨ ᠬᠢᠨᠠᠯᠲᠠ ᠲᠠᠯᠪᠢᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠰᠦᠯᠵᠢᠶᠡᠵᠢᠭᠦᠯᠦᠨ ᠬᠢᠨᠠᠯᠲᠠ | ᠲᠠᠯᠪᠢᠬᠤ ᠰᠢᠰᠲ᠋ᠧᠮ ᠤᠨ ᠴᠢᠳᠠᠮᠵᠢ ᠶᠢ ᠲᠡᠭᠦᠯᠳᠡᠷᠵᠢᠭᠦᠯᠦᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠶ ᠵᠣᠯᠭᠠᠭᠤᠯᠬᠤ ᠲᠤᠰᠬᠠᠶ ᠪᠠᠯᠠ ᠮᠥᠩᠭᠦ ᠶᠢ ᠬᠢᠨᠠᠯᠲᠠ ᠲᠠᠯᠪᠢᠬᠤ ᠠᠵᠢᠯ ᠤᠨ ᠭᠤᠤᠯᠳᠠᠯᠭ᠎ᠠ ᠪᠠᠨ | ᠪᠣᠯᠭᠠᠵᠤ᠂ ᠪᠠᠯᠠ ᠮᠥᠩᠭᠦ ᠶᠢ ᠴᠠᠭ ᠲᠤᠬᠠᠶ ᠳᠤᠨᠢ ᠪᠣᠳᠠᠲᠠᠶᠢᠵᠢᠭᠤᠯᠵᠤ᠂ ᠬᠠᠤᠯᠢ ᠲᠣᠭᠲᠠᠭᠠᠯ ᠶᠣᠰᠣᠭᠠᠷ | ᠬᠡᠷᠡᠭᠯᠡᠬᠦ ᠶᠢ ᠦᠨᠡᠨ ᠬᠦ ᠪᠠᠲᠤᠯᠠᠨ᠎ᠠ᠃ ᠲᠥᠰᠦᠪ ᠪᠠ ᠲᠥᠰᠦᠪ ᠤᠨ ᠭᠦᠢᠴᠡᠳᠬᠡᠯ ᠢ ᠬᠢᠨᠠᠨ ᠪᠠᠶᠢᠴᠠᠭᠠᠬᠤ᠂ | ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠪᠠ ᠵᠠᠰᠠᠭ ᠤᠨ ᠣᠷᠳᠣᠨ ᠤ ᠥᠷᠢ ᠥᠭᠴᠡᠭᠡ ᠳᠤ | ᠬᠢᠨᠠᠯᠲᠠ ᠲᠠᠯᠪᠢᠬᠤ ᠠᠵᠢᠯ ᠢ ᠬᠠᠤᠯᠢ ᠶᠣᠰᠣᠭᠠᠷ ᠰᠠᠶᠢᠲᠤᠷ ᠬᠢᠵᠦ᠂ ᠬᠢᠨᠠᠨ ᠪᠤᠳᠤᠯᠳᠠ ᠪᠠᠷ ᠪᠠᠶᠢᠴᠠᠭᠠᠵᠤ | ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠥᠷᠳᠡᠨ ᠬᠢᠨᠠᠬᠤ ᠡᠷᠴᠢᠮ ᠢᠶᠠᠨ | ᠴᠢᠩᠭᠠᠷᠠᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠬᠦᠴᠦᠨ | ᠨᠡᠮᠡᠷᠢᠯᠡᠨ᠎ᠡ᠃ | ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠬᠦᠴᠦᠯᠡᠨ ᠠᠬᠢᠭᠤᠯᠤᠨ᠎ᠠ᠃ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠵᠦᠢᠯᠡᠰ ᠤᠨ ᠬᠡᠷᠡᠭᠵᠢᠭᠦᠯᠦᠯᠲᠡ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ | ᠨᠡᠶᠢᠭᠡᠮ ᠤᠨ ᠵᠠᠰᠠᠯᠲᠠ ᠵᠡᠷᠭᠡ ᠠᠵᠢᠯ ᠢ ᠭᠤᠣᠯᠳᠠᠯᠭ᠎ᠠ ᠲᠠᠢ ᠪᠠᠷ ᠠᠩᠬᠠᠷᠴᠤ᠂ ᠠᠷᠠᠳ ᠤᠯᠠᠨ ᠤ ᠵᠣᠯ ᠵᠢᠷᠭᠠᠯ ᠤᠨ | ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ | ᠳᠡᠭᠡᠭᠰᠢᠯᠡᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠦᠨ᠂ ᠬᠤᠰᠢᠭᠤ | ᠰᠢᠶᠠᠩ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠳᠣᠪᠤᠶᠢᠯᠭᠠᠨ᠂ ᠲᠤᠰᠬᠠᠶ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠬᠠᠨᠳᠤᠯᠭᠠᠲᠤ ᠴᠢᠨᠠᠷᠲᠠᠶ ᠰᠠᠨᠠᠯ | ᠰᠠᠨᠠᠭᠤᠯᠭ᠎ᠠ ᠶᠢ ᠬᠢᠨᠠᠨ ᠵᠥᠪᠯᠡᠬᠦ ᠶᠢᠨ ᠬᠠᠮᠲᠤ ᠳᠤᠷᠠᠳᠤᠨ ᠭᠠᠷᠭᠠᠨ᠎ᠠ᠃ ᠰᠢ ᠶᠢᠨ ᠫᠢᠩ ᠤᠨ ᠠᠮᠢ ᠠᠬᠤᠶ ᠶᠢᠨ | ᠪᠣᠯᠪᠠᠰᠤᠨ ᠤ ᠦᠵᠡᠯ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠳᠤᠮᠳᠠᠳᠤ ᠤᠯᠤᠰ ᠤᠨ ᠰᠢᠨ᠎ᠡ ᠪᠠᠷ | ᠬᠥᠭᠵᠢᠭᠰᠡᠨ ᠲᠠᠯ᠎ᠠ ᠨᠤᠲᠤᠭ ᠤᠨ ᠵᠢᠭᠤᠯᠴᠢᠯᠠᠯ ᠤᠨ ᠵᠣᠷᠢᠭᠰᠠᠨ ᠭᠠᠵᠠᠷ︾ ᠶᠢ ᠴᠣᠭᠴᠠᠯᠠᠨ ᠪᠠᠶᠢᠭᠤᠯᠬᠤ᠂ ︽ | ᠥᠪᠡᠷᠲᠡᠭᠡᠨ ᠵᠠᠰᠠᠬᠤ ᠣᠷᠣᠨ ᠤ ᠲᠡᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠣᠷᠣᠨ︾ ᠢ ᠡᠭᠦᠳᠦᠨ ᠪᠠᠶᠢᠭᠤᠯᠬᠤ ᠵᠡᠷᠭᠡ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠥᠷᠨᠢᠭᠦᠯᠵᠦ᠂ | ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠳᠤ ᠠᠷᠭ᠎ᠠ ᠤᠬᠠᠭᠠᠨ ᠡᠷᠭᠦᠵᠦ᠂ ᠬᠥᠬᠡᠮᠳᠦᠭ ᠨᠣᠭᠤᠭᠠᠨ | ᠠᠭᠤᠯᠠ ᠤᠰᠤ ᠶᠢ ᠠᠯᠳᠠᠨ ᠠᠭᠤᠯᠠ ᠮᠥᠩᠭᠦᠨ ᠠᠭᠤᠯᠠ ᠪᠣᠯᠭᠠᠨ ᠬᠤᠪᠢᠷᠠᠭᠤᠯᠬᠤ ᠶᠢ ᠲᠥᠯᠬᠢᠨ ᠠᠬᠢᠭᠤᠯᠤᠨ᠎ᠠ᠃ | ᠪᠥᠬᠦ ᠬᠤᠰᠢᠭᠤᠨ ᠤ ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ | ᠵᠢᠴᠢ ᠤᠤᠭᠤᠬᠤ ᠤᠰᠤᠨ ᠤ ᠠᠮᠤᠷ ᠲᠦᠪᠰᠢᠨ ᠢ ᠪᠠᠲᠤᠳᠬᠠᠨ ᠳᠡᠭᠡᠭᠰᠢᠯᠡᠭᠦᠯᠬᠦ ᠢᠨᠵᠧᠨᠧᠷᠢᠩ ᠢ ᠪᠠᠶᠢᠴᠠᠭᠠᠨ | ᠦᠵᠡᠵᠦ᠂ ᠣᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ᠎ᠠ᠃ | ᠠᠷᠠᠳᠴᠢᠯᠠᠯ ᠪᠠ ᠬᠠᠤᠯᠢ ᠪᠠᠷ ᠵᠠᠰᠠᠬᠤ ᠪᠠᠲᠤᠯᠠᠭ᠎ᠠ ᠶᠢ ᠬᠦᠴᠦᠯᠡᠨ ᠴᠢᠩᠭᠠᠳᠬᠠᠨ᠎ᠠ᠃ ᠬᠠᠤᠯᠢ ᠪᠠᠷᠢᠬᠤ | ᠥᠭᠡᠷᠡᠴᠢᠯᠡᠯᠲᠡ ᠶᠢ ᠲᠦᠯᠬᠢᠨ ᠠᠬᠢᠭᠤᠯᠤᠭᠰᠠᠨ ᠪᠠᠶᠢᠳᠠᠯ ᠢ ᠭᠦᠨᠵᠡᠭᠡᠶ ᠪᠠᠶᠢᠴᠠᠭᠠᠨ ᠰᠤᠳᠤᠯᠵᠤ᠂ ᠠᠷᠠᠳ ᠤᠯᠠᠨ ᠤ | ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠠᠤᠯᠢ ᠪᠠᠷᠢᠬᠤ ᠬᠡᠷᠡᠭᠴᠡᠭᠡ ᠶᠢ ᠠᠯᠬᠤᠮ ᠠᠯᠬᠤᠮ ᠢᠶᠠᠷ ᠬᠠᠩᠭᠠᠨ᠎ᠠ᠃ ᠪᠥᠬᠦ | ᠬᠤᠰᠢᠭᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠨᠢᠭᠡ ᠠᠴᠠ ᠬᠤᠶᠠᠷ | ᠬᠠᠤᠯᠢ ᠴᠠᠭᠠᠵᠠ ᠶᠢ ᠬᠡᠷᠡᠭᠵᠢᠭᠦᠯᠦᠭᠰᠡᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠬᠠᠮᠢᠶ᠎ᠠ ᠪᠥᠬᠦᠶ ᠬᠠᠤᠯᠢ | ᠴᠠᠭᠠᠵᠠ ᠬᠠᠤᠯᠢ ᠲᠣᠭᠲᠠᠭᠠᠯ ᠢ ᠮᠠᠨ ᠤ ᠬᠤᠰᠢᠭᠤᠨ ᠳᠤ ᠪᠦᠲᠦᠮᠵᠢᠲᠡᠶ ᠬᠡᠷᠡᠭᠵᠢᠭᠦᠯᠬᠦ ᠶᠢ ᠪᠠᠲᠤᠯᠠᠨ᠎ᠠ᠃ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠬᠤ ᠪᠠ ᠬᠢᠨᠠᠯᠲᠠ ᠲᠠᠯᠪᠢᠬᠤ ᠶᠢ | ᠴᠢᠩᠭᠠᠳᠬᠠᠵᠤ᠂ ᠳᠠᠩᠰᠠᠯᠠᠵᠤ ᠬᠢᠨᠠᠨ ᠪᠠᠶᠢᠴᠠᠭᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠬᠠᠤᠯᠢ | ᠳᠦᠷᠢᠮ ᠤᠨ ᠨᠢᠭᠡᠳᠦᠯᠲᠡᠶ ᠪᠠᠶᠢᠬᠤ ᠶᠢ ᠬᠠᠮᠠᠭᠠᠯᠠᠨ᠎ᠠ᠃ ᠤᠯᠠᠭᠠᠨᠮᠣᠳᠣ ᠶᠢᠨ ᠬᠠᠤᠯᠢ ᠲᠣᠭᠲᠠᠭᠠᠬᠤ ᠬᠠᠷᠢᠯᠴᠠᠬᠤ | ᠴᠡᠭ ᠤᠨ ᠠᠵᠢᠯ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠬᠠᠤᠯᠢ | ᠲᠣᠭᠲᠠᠭᠠᠬᠤ ᠠᠵᠢᠯ ᠢ ᠠᠷᠠᠳ ᠤᠨ ᠳᠤᠮᠳᠠ ᠦᠨᠳᠦᠰᠦᠯᠡᠵᠦ᠂ ᠠᠷᠠᠳ ᠲᠤ ᠦᠢᠯᠡᠴᠢᠯᠡᠭᠦᠯᠦᠨ᠎ᠡ᠃ | ᠭᠤᠷᠪᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠲᠥᠯᠥᠭᠡᠯᠡᠭᠴᠢᠳ ᠤᠨ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠴᠢᠷᠮᠠᠶᠢᠨ | ᠠᠬᠢᠭᠤᠯᠤᠨ᠎ᠠ | ᠰᠢᠨ᠎ᠡ ᠨᠢᠭᠡ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠪᠦᠲᠦᠴᠡ ᠪᠠ ᠣᠨᠴᠠᠯᠢᠭ ᠢ ᠦᠨᠳᠦᠰᠦᠯᠡᠨ᠂ ᠪᠣᠳᠠᠲᠤ ᠪᠠᠶᠢᠳᠠᠯ ᠳᠤ ᠨᠡᠶᠢᠴᠡᠭᠰᠡᠨ ᠰᠤᠷᠤᠯᠴᠠᠯᠭ᠎ᠠ ᠪᠠ | ᠪᠣᠯᠪᠠᠰᠤᠷᠠᠭᠤᠯᠤᠯ ᠤᠨ ᠲᠥᠯᠥᠪᠯᠡᠭᠡ ᠶᠢ ᠲᠣᠭᠲᠠᠭᠠᠵᠤ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠲᠥᠯᠥᠭᠡᠯᠡᠭᠴᠢᠳ ᠢ ᠤᠷᠢᠵᠤ ᠪᠠᠶᠢᠩᠭᠤ ᠶᠢᠨ | ᠬᠤᠷᠢᠶᠠᠨ ᠤ ᠬᠤᠷᠠᠯᠳᠤᠭᠠᠨ ᠳᠤ ᠰᠤᠯᠠ ᠣᠷᠣᠯᠴᠠᠭᠤᠯᠬᠤ ᠶᠢ ᠪᠠᠷᠢᠮᠲᠠᠯᠠᠵᠤ᠂ ᠪᠠᠶᠢᠴᠠᠭᠠᠨ ᠦᠵᠡᠵᠦ ᠪᠠᠶᠢᠴᠠᠭᠠᠨ | ᠰᠤᠳᠤᠯᠬᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ᠂ ᠠᠵᠢᠯ ᠤᠨ ᠦᠨᠡᠯᠡᠯᠲᠡ ᠬᠢᠬᠦ ᠵᠡᠷᠭᠡ | ᠠᠵᠢᠯᠯᠠᠭ᠎ᠠ ᠳᠤ ᠣᠷᠤᠯᠴᠠᠭᠤᠯᠤᠨ᠎ᠠ᠃ ᠰᠢᠨ᠎ᠡ ᠨᠢᠭᠡ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠢ ᠲᠠᠬᠢᠨ ᠵᠣᠬᠢᠶᠠᠨ ᠪᠠᠶᠢᠭᠤᠯᠵᠤ᠂ ︽ᠬᠡᠷ︾ ︵ᠠᠵᠢᠯᠯᠠᠬᠤ ᠲᠠᠰᠤᠭ︶ ᠲᠤ | ᠣᠷᠣᠭᠤᠯᠬᠤ ᠠᠵᠢᠯ ᠢ ᠰᠠᠶᠢᠲᠤᠷ ᠬᠢᠵᠦ᠂ ᠭᠤᠣᠯ ᠰᠡᠳᠦᠪᠲᠦ ᠬᠦᠯᠢᠶᠡᠨ ᠠᠪᠤᠯᠲᠠ᠂ ︽ᠤᠯᠠᠨ ᠡᠳᠦᠷ ᠲᠤ | ᠨᠢᠭᠡᠳᠬᠡᠬᠦ︾ ᠵᠡᠷᠭᠡ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠪᠠᠬᠢᠵᠢᠭᠦᠯᠦᠨ ᠥᠷᠭᠡᠳᠬᠡᠵᠦ᠂ ︽ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠤᠶᠤᠨᠲᠤ ᠲᠠᠪᠴᠠᠩ︾ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ | ᠰᠢᠩᠭᠡᠭᠡᠨ ᠣᠷᠣᠭᠤᠯᠬᠤ ᠪᠠ ᠰᠦᠯᠵᠢᠶᠡᠨ ᠤ ᠲᠠᠪᠴᠠᠩ ᠤᠨ ᠬᠠᠮᠢᠶᠠᠷᠤᠯᠲᠠ ᠶᠢ ᠯᠠᠪᠳᠠᠭᠤᠨ ᠪᠠᠲᠤᠲᠠᠶ ᠰᠠᠶᠢᠲᠤᠷ | ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠶᠢᠩᠭᠤᠵᠢᠭᠤᠯᠬᠤ᠂ ᠳᠦᠷᠢᠮᠵᠢᠭᠦᠯᠬᠦ ᠶᠢ ᠪᠡᠶᠡᠯᠡᠭᠦᠯᠦᠨ᠎ᠡ᠃ | ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠲᠥᠯᠥᠭᠡᠯᠡᠭᠴᠢᠳ ᠤᠨ | ᠰᠠᠨᠠᠭᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠤᠨ ᠲᠤᠬᠠᠶ ᠪᠠᠶᠢᠴᠠᠭᠠᠯᠲᠠ ᠶᠢ ᠥᠷᠨᠢᠭᠦᠯᠵᠦ᠂ ᠠᠷᠠᠳ ᠤᠯᠠᠨ ᠤ | ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠶᠢᠨ | ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠤᠨ᠎ᠠ᠃ | ᠲᠦᠷᠪᠡ᠂ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯᠳᠤᠭᠠᠨ ᠤ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠵᠢᠯ ᠤᠨ ᠦᠷ᠎ᠡ ᠪᠦᠲᠦᠮᠵᠢ ᠶᠢ ᠰᠢᠨ᠎ᠡ | ᠳᠡᠭᠡᠭᠰᠢᠯᠡᠯᠲᠡ ᠲᠠᠢ ᠪᠤᠯᠭᠠᠨ᠎ᠠ | ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ | ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠬᠤ ᠶᠢ 2022 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠭᠤᠣᠯ | ᠰᠡᠳᠦᠪ ᠭᠤᠣᠯ ᠰᠢᠵᠢᠮ ᠪᠣᠯᠭᠠᠵᠤ᠂ ︽ᠲᠦᠷᠪᠡᠨ ᠪᠠᠶᠢᠭᠤᠯᠤᠯᠭ᠎ᠠ︾ ᠶᠢᠨ ᠰᠢᠨ᠎ᠡ ᠪᠠᠶᠢᠷᠢ ᠲᠣᠭᠲᠠᠭᠠᠯᠲᠠ ᠰᠢᠨ᠎ᠡ | ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ | ᠂ ᠴᠠᠭᠠᠷᠠᠭᠰᠠᠨ ᠰᠤᠷᠲᠠᠯ ᠢᠶᠠᠨ ᠳᠠᠪᠲᠠᠨ ᠪᠣᠯᠪᠠᠰᠤᠷᠠᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠡᠷᠡᠭ ᠵᠥᠪᠯᠡᠬᠦ᠂ ᠰᠢᠢᠳᠪᠦᠷᠢᠳᠦ ᠪᠤᠳᠤᠯᠭ᠎ᠠ ᠲᠣᠭᠲᠠᠭᠠᠬᠤ᠂ ᠬᠢᠨᠠᠯᠲᠠ | ᠲᠠᠯᠪᠢᠬᠤ ᠵᠡᠷᠭᠡ ᠡᠯ᠎ᠡ ᠵᠦᠢᠯ ᠤᠨ ᠲᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠭᠤᠯᠭ᠎ᠠ ᠶᠢᠨ ᠡᠯ᠎ᠡ ᠵᠦᠢᠯ ᠤᠨ ᠠᠵᠢᠯ ᠤᠨ ᠲᠦᠷᠢᠮ ᠳᠤ ᠵᠠᠰᠠᠪᠤᠷᠢ ᠣᠷᠣᠭᠤᠯᠵᠤ᠂ | ᠪᠠᠶᠢᠩᠭᠤ ᠶᠢᠨ ᠬᠤᠷᠢᠶ᠎ᠠ ᠵᠢᠴᠢ ᠪᠠᠶᠢᠭᠤᠯᠭ᠎ᠠ ᠶᠢᠨ ᠬᠠᠤᠯᠢ ᠶᠣᠰᠣᠭᠠᠷ᠂ ᠥᠨᠳᠥᠷ ᠪᠦᠲᠦᠮᠵᠢᠲᠡᠶ᠂ ᠵᠢᠷᠤᠮᠵᠢᠯ ᠲᠠᠢ | ᠠᠵᠢᠯᠯᠠᠭᠠᠨ ᠳᠤ ᠲᠦᠷᠢᠮ ᠤᠨ ᠪᠠᠲᠤᠯᠠᠭ᠎ᠠ ᠬᠠᠩᠭᠠᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠢᠯᠣᠭᠤᠳᠣᠯᠭ᠎ᠠ ᠶᠢ ᠴᠢᠩᠭᠠᠳᠬᠠᠵᠤ᠂ ᠵᠢᠷᠤᠮᠵᠢᠯ ᠲᠠᠢ | ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ | ᠬᠤᠯᠪᠣᠭᠠᠯᠠᠨ ᠬᠢᠨᠠᠯᠲᠠ ᠲᠠᠯᠪᠢᠵᠤ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠤᠨ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠬᠤ᠂ ᠬᠠᠮᠵᠢᠯᠴᠠᠨ ᠥᠨᠳᠥᠷ | ᠦᠷ᠎ᠡ ᠪᠦᠲᠦᠮᠵᠢᠲᠡᠶ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠎ᠠ᠃ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠠᠷᠢᠭᠤᠨ ᠴᠢᠬᠡᠴᠢ ᠪᠥᠭᠡᠳ ᠥᠨᠳᠥᠷ ᠪᠦᠲᠦᠮᠵᠢᠲᠡᠶ᠂ | ᠪᠣᠳᠠᠲᠠᠶ ᠶᠢ ᠡᠷᠬᠢᠮᠯᠡᠨ ᠠᠷᠠᠳ ᠤᠨ ᠲᠥᠯᠥᠭᠡ ᠵᠢᠳᠬᠦᠬᠦ ᠰᠠᠶᠢᠨ ᠰᠠᠶᠢᠬᠠᠨ ᠲᠦᠷᠢ ᠲᠥᠷᠬᠦ ᠶᠢ ᠪᠠᠲᠤ ᠪᠠᠬᠢ ᠪᠤᠢ | ᠪᠣᠯᠭᠠᠨ᠎ᠠ᠃ | ᠲᠥᠯᠥᠭᠡᠯᠡᠭᠴᠢᠳ ᠡ᠂ ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠪᠢᠳᠡ ᠡᠮᠦᠨᠡᠲᠦ ᠬᠤᠰᠢᠭᠤᠨ ᠤ ᠬᠥᠭᠵᠢᠯ | ᠴᠡᠴᠡᠭᠯᠡᠯ ᠳᠤ ᠮᠠᠰᠢ ᠣᠮᠣᠭᠰᠢᠵᠤ ᠪᠠᠶᠢᠨ᠎ᠠ᠂ ᠢᠷᠡᠭᠡᠳᠦᠶ ᠪᠠᠨ ᠪᠠᠷᠠᠯᠠᠬᠤᠶ᠎ᠠ᠂ ᠪᠢᠳᠡ ᠡᠮᠦᠨ᠎ᠡ ᠬᠤᠰᠢᠭᠤᠨ ᠤ ᠪᠠᠨ | ᠰᠠᠶᠢᠨ ᠰᠠᠶᠢᠬᠠᠨ ᠢᠷᠡᠭᠡᠳᠦᠶ ᠳᠤ ᠢᠲᠡᠭᠡᠯ ᠳᠦᠭᠦᠷᠡᠩ ᠪᠠᠶᠢᠨ᠎ᠠ᠃ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠲᠦᠷᠭᠡᠳᠬᠡᠬᠦ ᠳᠤ ᠪᠢᠳᠡ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠪᠠᠶᠢᠨ᠎ᠠ᠂ ᠠᠷᠠᠳᠴᠢᠯᠠᠯ | ᠬᠠᠤᠯᠢᠵᠢᠯ ᠤᠨ ᠠᠬᠢᠴᠠ ᠶᠢ ᠠᠬᠢᠭᠤᠯᠬᠤ ᠳᠤ ᠪᠢᠳᠡ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠲᠠᠢ ᠶᠤᠮ᠃ | ᠡᠭᠦᠨ ᠢ ᠪᠢᠳᠡ ᠪᠠᠲᠤ ᠢᠲᠡᠭᠡᠵᠦ ᠪᠠᠶᠢᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠣᠯᠭ᠎ᠠ ᠳᠣᠣᠷ᠎ᠠ᠂ ᠳᠡᠭᠡᠳᠦ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠷᠢᠨ ᠨᠢᠮᠪᠠᠶ ᠵᠢᠯᠣᠭᠤᠳᠣᠯᠭ᠎ᠠ ᠳᠣᠣᠷ᠎ᠠ᠂ ᠬᠤᠰᠢᠭᠤᠨ ᠤ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠬᠠᠮᠲᠤ ᠶᠢᠨ ᠴᠢᠷᠮᠠᠶᠢᠯᠭ᠎ᠠ ᠪᠠᠷ ᠰᠢᠨ᠎ᠡ ᠨᠢᠭᠡ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠥᠪᠡᠷ ᠢ ᠪᠠᠨ ᠦᠷᠡᠭᠳᠡᠭᠦᠯᠬᠦ | ᠡᠭᠦᠷᠭᠡ ᠬᠠᠷᠢᠭᠤᠴᠠᠯᠭ᠎ᠠ ᠪᠣᠯᠤᠨ ᠴᠢᠷᠮᠠᠶᠢᠨ ᠠᠵᠢᠯᠯᠠᠬᠤ ᠣᠷᠭᠢᠯᠤᠮ᠎ᠠ ᠰᠡᠳᠬᠢᠯᠭᠡ ᠪᠠᠷ ᠬᠤᠰᠢᠭᠤᠨ ᠤ ᠠᠷᠪᠠᠨ | ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠤᠭᠯᠠᠭᠰᠠᠨ ᠠᠤᠭ᠎ᠠ ᠵᠢᠷᠤᠭ | ᠲᠥᠯᠥᠪᠯᠡᠭᠡ ᠪᠠᠷ ᠭᠤᠣᠯᠳᠠᠭᠤᠯᠵᠤ᠂ ᠤᠬ ᠰᠠᠨᠠᠭ᠎ᠠ ᠪᠠᠨ ᠦᠯᠦ ᠮᠠᠷᠲᠠᠵᠤ᠂ ᠬᠠᠤᠯᠢ ᠶᠣᠰᠣᠭᠠᠷ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠴᠠᠭ ᠦᠶ᠎ᠡ ᠶᠢ ᠲᠠᠭᠠᠨ ᠪᠦᠬᠦ | ᠲᠠᠯ᠎ᠠ ᠪᠠᠷ ᠤᠷᠤᠭᠰᠢᠯᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ︕ | ᠨᠡᠷᠡᠰ ᠦᠭᠡ ᠶᠢᠨ ᠲᠠᠶᠢᠯᠪᠤᠷᠢ | 1. ᠤᠯᠠᠭᠠᠨᠮᠣᠳᠤ ᠶᠢᠨ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ᠄ 2015 ᠣᠨ ᠤ | 10 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 54 ᠳ᠋ᠦ᠋ᠭᠡᠷ | ᠤᠳᠠᠭ᠎ᠠ ᠶᠢᠨ ᠡᠷᠬᠢᠯᠡᠭᠴᠢᠳ ᠤᠨ ᠬᠤᠷᠠᠯ ᠠᠴᠠ ᠪᠥᠬᠦ ᠣᠷᠣᠨ ᠳᠤ 14 ᠦᠨᠳᠦᠰᠦᠨ ᠱᠠᠲᠤᠨ ᠤ ᠬᠠᠤᠯᠢ | ᠲᠣᠭᠲᠠᠭᠠᠬᠤ ᠬᠠᠷᠢᠯᠴᠠᠬᠤ ᠴᠡᠭ ᠭᠠᠷᠭᠠᠬᠤ ᠶᠢ ᠵᠥᠪᠰᠢᠶᠡᠷᠡᠪᠡ᠂ ᠤᠯᠠᠭᠠᠨᠮᠣᠳᠤ ᠶᠢᠨ ᠬᠠᠤᠯᠢ ᠲᠣᠭᠲᠠᠭᠠᠬᠤ | ᠬᠠᠷᠢᠯᠴᠠᠬᠤ ᠴᠡᠭ ᠪᠣᠯ ᠳᠠᠷᠤᠶ ᠲᠡᠭᠦᠨ ᠤ ᠳᠣᠲᠣᠷᠠᠬᠢ ᠨᠢᠭᠡ ᠨᠢ ᠪᠣᠯᠤᠨ᠎ᠠ᠃ 2016 ᠣᠨ ᠤ 1 ᠰᠠᠷ᠎ᠠ ᠶᠢᠨ | 27 ᠤ ᠡᠳᠦᠷ᠂ ᠤᠯᠠᠭᠠᠨᠮᠣᠳᠣ ᠶᠢᠨ ᠬᠠᠤᠯᠢ ᠲᠣᠭᠲᠠᠭᠠᠬᠤ ᠬᠠᠷᠢᠯᠴᠠᠬᠤ ᠴᠡᠭ ᠲᠤ ᠵᠢᠩᠬᠢᠨᠢ ᠪᠠᠷ ᠫᠠᠶᠢᠰᠠ ᠡᠯᠭᠦᠬᠦ | ᠠᠵᠢᠯ ᠡᠬᠢᠯᠡᠪᠡ᠃ 2018 ᠣᠨ ᠤ 7 ᠰᠠᠷ᠎ᠠ ᠶᠢᠨ 4 ᠤ ᠡᠳᠦᠷ᠂ ᠬᠢᠩᠭᠠᠨ ᠠᠶᠢᠮᠠᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠥᠪᠯᠡᠯ ᠠᠴᠠ ᠤᠯᠠᠭᠠᠨᠮᠤᠲᠤ ᠶᠢᠨ ᠬᠠᠤᠯᠢ ᠲᠣᠭᠲᠠᠭᠠᠬᠤ | ᠬᠠᠷᠢᠯᠴᠠᠬᠤ ᠴᠡᠭ ᠢ ᠪᠥᠬᠦ ᠠᠶᠢᠮᠠᠭ ᠤᠨ ᠬᠤᠶᠠᠷ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠨᠢᠭᠡ ᠪᠠᠷ | ᠲᠣᠭᠲᠠᠭᠠᠪᠠ᠂ ᠢᠩᠭᠢᠭᠡᠳ ᠤᠯᠠᠭᠠᠨᠮᠤᠲᠤ ᠶᠢᠨ ᠬᠠᠤᠯᠢ ᠲᠣᠭᠲᠠᠭᠠᠬᠤ ᠬᠠᠷᠢᠯᠴᠠᠬᠤ ᠴᠡᠭ ᠢ ᠣᠷᠣᠨ᠂ ᠠᠶᠢᠮᠠᠭ | ᠬᠤᠶᠠᠷ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠪᠣᠯᠭᠠᠪᠠ᠃ 2020 ᠣᠨ ᠳᠤ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠪᠥᠬᠦ | ᠣᠷᠣᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠲᠤ ᠲᠣᠬᠢᠷᠠᠭᠤᠯᠤᠯᠲᠠ ᠬᠢᠵᠦ᠂ ᠤᠯᠠᠭᠠᠨᠮᠤᠳᠤ ᠶᠢᠨ ᠬᠠᠤᠯᠢ | ᠲᠣᠭᠲᠠᠭᠠᠬᠤ ᠬᠠᠷᠢᠯᠴᠠᠬᠤ ᠴᠡᠭ ᠢ ᠪᠥᠬᠦ ᠣᠷᠣᠨ ᠤ 15 ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠨᠢᠭᠡ ᠪᠠᠷ | ᠲᠣᠭᠲᠠᠭᠠᠪᠠ᠃ | 2. ︽123︾ ᠠᠵᠢᠯ ᠤᠨ ᠲᠣᠭᠲᠠᠴᠠ᠄ ᠳᠠᠷᠤᠶ ᠪᠥᠬᠦ ᠬᠤᠰᠢᠭᠤᠨ ᠤ ᠬᠡᠪᠴᠢᠶᠡᠨ ᠳᠤ ᠬᠠᠤᠯᠢ ᠲᠣᠭᠲᠠᠭᠠᠬᠤ | ᠬᠦᠰᠡᠯ ᠡᠷᠡᠮᠡᠯᠵᠡᠯ ᠤᠨ ᠮᠡᠳᠡᠭᠡ ᠵᠠᠩᠭᠢ ᠴᠤᠭᠯᠠᠭᠤᠯᠤᠭᠴᠢ ᠶᠢ 100 ᠰᠢᠬᠠᠮ ᠰᠣᠩᠭᠤᠨ ᠲᠣᠮᠢᠯᠠᠵᠤ᠂ ᠬᠠᠤᠯᠢ | ᠴᠠᠭᠠᠵᠠ ᠶᠢᠨ ᠲᠤᠰᠬᠠᠶ ᠮᠡᠷᠭᠡᠵᠢᠯᠲᠡᠨ ᠪᠤᠶᠤ ᠬᠠᠤᠯᠢ ᠪᠠᠷ ᠵᠠᠰᠠᠬᠤ ᠦᠢᠯᠡᠳᠦᠯᠭᠡ ᠶᠢᠨ ᠲᠤᠷᠰᠢᠯᠭ᠎ᠠ ᠲᠠᠢ 20 | ᠨᠥᠬᠦᠳ ᠢ ᠰᠣᠩᠭᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠪᠦᠷᠢᠯᠳᠦᠭᠦᠯᠵᠦ᠂ 30 ᠰᠢᠬᠠᠮ ᠨᠢᠭᠡᠴᠡ ᠶᠢ | ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠪᠦᠷᠢᠯᠳᠦᠬᠦᠨ ᠨᠢᠭᠡᠴᠢ ᠪᠠᠷ ᠲᠣᠭᠲᠠᠭᠠᠵᠤ᠂ ᠬᠠᠤᠯᠢ ᠲᠣᠭᠲᠠᠭᠠᠬᠤ | ᠬᠦᠰᠡᠯ ᠡᠷᠡᠮᠡᠯᠵᠡᠯ ᠤᠨ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ | 3. ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ᠄ 2019 ᠣᠨ ᠤ 11 ᠰᠠᠷ᠎ᠠ ᠶᠢᠨ 2 ᠤᠨ ᠡᠳᠦᠷ᠂ | ᠶᠡᠷᠦᠩᠬᠡᠶ ᠱᠦᠵᠢ ᠰᠢ ᠶᠢᠨ ᠫᠢᠩ ᠱᠠᠩᠬᠠᠶ ᠬᠤᠲᠠ ᠶᠢᠨ ᠴᠠᠩᠨᠢᠩ ᠲᠣᠭᠤᠷᠢᠭ ᠤᠨ ᠬᠤᠩᠴᠢᠶᠤᠤ ᠵᠡᠭᠡᠯᠢ | ᠭᠤᠳᠤᠮᠵᠢ ᠶᠢᠨ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠲᠤ ᠰᠢᠨᠵᠢᠯᠡᠨ | ᠪᠠᠶᠢᠴᠠᠭᠠᠬᠤ ᠳᠠᠭᠠᠨ᠂ ︽ᠠᠷᠠᠳ ᠤᠨ ᠠᠷᠠᠳᠴᠢᠯᠠᠯ ᠪᠣᠯ ᠨᠢᠭᠡ ᠵᠦᠢᠯ ᠤᠨ ᠪᠥᠬᠦ ᠶᠠᠪᠤᠴᠠ ᠶᠢᠨ ᠠᠷᠠᠳᠴᠢᠯᠠᠯ ᠮᠥᠨ | ︾ ᠭᠡᠵᠦ ᠠᠩᠬ᠎ᠠ ᠤᠳᠠᠭ᠎ᠠ ᠳᠤᠷᠠᠳᠤᠨ ᠭᠠᠷᠭᠠᠪᠠ᠃ 2021 ᠣᠨ ᠤ 7 ᠰᠠᠷ᠎ᠠ ᠶᠢᠨ 1 ᠤ ᠡᠳᠦᠷ᠂ ᠳᠤᠮᠳᠠᠳᠤ | ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ | ᠴᠢᠬᠤᠯᠠ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ︽ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ | ᠬᠥᠭᠵᠢᠭᠦᠯᠬᠦ ᠬᠡᠷᠡᠭᠲᠡᠢ︾ ᠭᠡᠵᠦ ᠣᠨᠴᠠᠭᠠᠶᠢᠯᠠᠨ ᠳᠤᠷᠠᠳᠴᠠᠢ᠃ 2021 ᠣᠨ ᠤ 10 ᠰᠠᠷ᠎ᠠ ᠶᠢᠨ 13 ᠤ | ᠡᠳᠦᠷ ᠠᠴᠠ 14 ᠤ ᠡᠳᠦᠷ ᠪᠣᠯᠲᠠᠯ᠎ᠠ᠂ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠬᠤᠷᠠᠯᠳᠤᠭᠠᠨ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠪᠥᠬᠦ ᠶᠠᠪᠤᠴᠠ ᠶᠢᠨ ᠠᠷᠠᠳ ᠤᠨ | ᠠᠷᠠᠳᠴᠢᠯᠠᠯ ᠭᠡᠬᠦ ᠡᠨᠡ ᠬᠦ ᠴᠢᠬᠤᠯᠠ ᠶᠡᠭᠡ ᠣᠶᠢᠯᠠᠭᠠᠭᠳᠠᠬᠤᠨ ᠢ ᠠᠩᠬ᠎ᠠ ᠤᠳᠠᠭ᠎ᠠ ᠪᠥᠬᠦ ᠲᠠᠯ᠎ᠠ ᠪᠠᠷ | ᠲᠣᠳᠣᠷᠬᠠᠶᠢᠯᠠᠨ ᠥᠭᠦᠯᠡᠵᠦ᠂ ᠨᠡᠶᠢᠭᠡᠮ ᠵᠢᠷᠤᠮ ᠤᠨ ᠠᠷᠠᠳᠴᠢᠯᠠᠯ ᠤᠨ ᠭᠦᠨ ᠭᠦᠨᠵᠡᠭᠡᠶ ᠠᠭᠤᠯᠤᠭᠳᠠᠬᠤᠨ ᠢ | ᠪᠠᠶᠠᠯᠢᠭᠵᠢᠭᠤᠯᠤᠨ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠲᠦᠷᠢᠮ ᠤᠨ ᠰᠢᠰᠲ᠋ᠧᠮ ᠤᠨ ᠮᠥᠨ | ᠴᠢᠨᠠᠷ ᠤᠨ ᠣᠨᠴᠠᠯᠢᠭ ᠢ ᠢᠯᠡᠷᠡᠭᠦᠯᠵᠦ᠂ ᠰᠢᠨ᠎ᠡ ᠠᠶᠠᠨ ᠵᠠᠮ ᠳᠤ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ | ᠵᠢᠷᠤᠮ ᠤᠨ ᠠᠷᠠᠳᠴᠢᠯᠠᠯ ᠢ ᠬᠥᠭᠵᠢᠭᠦᠯᠬᠦ ᠦᠨᠳᠦᠰᠦᠨ ᠴᠢᠭᠯᠡᠯ ᠢ ᠲᠣᠳᠣᠷᠬᠠᠶ ᠵᠢᠭᠠᠭᠰᠠᠨ ᠪᠠᠶᠢᠨ᠎ᠠ᠃ | 4. ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠪᠢᠯᠧᠲ ᠢᠶᠠᠷ ᠲᠠᠰᠤᠯᠠᠬᠤ ᠳᠦᠷᠢᠮ ᠄ ᠵᠠᠰᠠᠭ ᠤᠨ ᠣᠷᠳᠣᠨ ᠠᠴᠠ ᠠᠷᠠᠳ ᠤᠯᠠᠨ ᠤ | ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠵᠢᠱᠢᠭᠳᠡᠭᠴᠢ ᠶᠢᠨ ᠵᠦᠢᠯᠡᠰ ᠢ ᠳᠤᠷᠠᠳᠴᠤ᠂ ᠨᠠᠮ ᠤᠨ ᠬᠤᠷᠢᠶ᠎ᠠ ᠳᠤ ᠮᠡᠳᠡᠭᠦᠯᠦᠨ | ᠰᠤᠳᠤᠯᠤᠭᠤᠯᠤᠭᠰᠠᠨ ᠤ ᠲᠠᠷᠠᠭ᠎ᠠ᠂ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠠᠷ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯᠳᠤᠭᠠᠨ ᠤ | ᠬᠤᠭᠤᠴᠠᠭᠠᠨ ᠳᠤ ᠪᠢᠯᠧᠲ ᠥᠭᠬᠦ ᠬᠡᠯᠪᠡᠷᠢ ᠪᠠᠷ ᠵᠢᠩᠬᠢᠨᠢ ᠵᠦᠢᠯᠡᠰ ᠢ ᠰᠣᠩᠭᠤᠨ ᠲᠣᠭᠲᠠᠭᠠᠯᠭᠠᠵᠤ᠂ ᠵᠠᠰᠠᠭ ᠤᠨ | ᠣᠷᠳᠣᠨ ᠳᠤ ᠲᠤᠰᠢᠶᠠᠨ ᠥᠭᠴᠦ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠠᠷᠠᠳ ᠤᠯᠠᠨ ᠤ ᠬᠢᠨᠠᠯᠲᠠ ᠶᠢ ᠬᠦᠯᠢᠶᠡᠬᠦ ᠲᠦᠷᠢᠮ ᠢ | ᠵᠢᠭᠠᠵᠤ ᠪᠠᠶᠢᠨ᠎ᠠ᠃ | 5. ︽ᠣᠯᠠᠨ ᠡᠳᠦᠷ ᠢ ᠨᠢᠭᠡᠳᠬᠡᠬᠦ︾᠄ ᠰᠤᠷᠤᠯᠴᠠᠬᠤ ᠡᠳᠦᠷ + ᠭᠥᠯᠢᠶᠡᠨ ᠠᠪᠬᠤ ᠡᠳᠦᠷ + ᠠᠵᠢᠯᠯᠠᠭ᠎ᠠ ᠶᠢᠨ | ᠡᠳᠦᠷ + ᠰᠣᠩᠭᠤᠭᠤᠯᠢ ᠶᠢᠨ ᠠᠷᠠᠳ ᠲᠤ ᠲᠤᠰᠢᠶᠠᠯ ᠤᠨ ᠮᠡᠳᠡᠭᠦᠯᠦᠯᠲᠡ ᠬᠢᠬᠦ ᠡᠳᠦᠷ ᠤᠨ ︽ᠳᠥᠷᠪᠡᠨ ᠡᠳᠦᠷ ᠢ | ᠨᠢᠭᠡᠳᠬᠡᠬᠦ︾ ᠠᠵᠢᠯᠯᠠᠭ᠎ᠠ᠂ ᠡᠰᠡᠬᠦᠯ᠎ᠡ ᠰᠤᠷᠤᠯᠴᠠᠬᠤ ᠡᠳᠦᠷ + ᠪᠠᠶᠢᠴᠠᠭᠠᠨ ᠦᠵᠡᠵᠦ ᠪᠠᠶᠢᠴᠠᠭᠠᠨ ᠰᠤᠳᠤᠯᠤᠯᠲᠠ | ᠬᠢᠬᠦ ᠡᠳᠦᠷ + ᠰᠣᠩᠭᠤᠭᠤᠯᠢ ᠶᠢᠨ ᠠᠷᠠᠳ ᠲᠠᠢ ᠬᠠᠷᠢᠯᠴᠠᠬᠤ ᠡᠳᠦᠷ ᠤᠨ ︽ᠭᠤᠷᠪᠠᠨ ᠡᠳᠦᠷ ᠢ ᠨᠢᠭᠡᠳᠬᠡᠬᠦ︾ | ᠠᠵᠢᠯᠯᠠᠭ᠎ᠠ ᠵᠡᠷᠭᠡ᠃ | 6. ︽ᠭᠤᠣᠯ ᠰᠡᠳᠦᠪᠲᠦ ᠬᠦᠯᠢᠶᠡᠨ ᠠᠪᠤᠯᠲᠠ︾᠄ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠭᠡᠷ ᠪᠦᠯᠢ ᠤᠯᠠᠷᠢᠯ ᠪᠦᠷᠢ ᠳᠤ ᠨᠢᠭᠡ ᠭᠤᠣᠯ ᠰᠡᠳᠦᠪ ᠢ ᠰᠣᠩᠭᠤᠨ ᠲᠣᠭᠲᠠᠭᠠᠵᠤ᠂ ᠡᠨᠡ ᠬᠦ | ᠭᠤᠣᠯ ᠰᠡᠳᠦᠪ ᠤᠨ ᠲᠣᠭᠤᠷᠢᠨ ᠳᠤ ᠬᠤᠷᠠᠯ ᠲᠡᠭᠦᠰᠦᠭᠰᠡᠨ ᠬᠤᠭᠤᠴᠠᠭᠠᠨ ᠳᠠᠬᠢ ᠲᠥᠯᠥᠭᠡᠯᠡᠭᠴᠢᠳ ᠤᠨ | ᠠᠵᠢᠯᠯᠠᠭ᠎ᠠ ᠶᠢ ᠥᠷᠨᠢᠭᠦᠯᠦᠨ᠎ᠡ᠃ | 7. ︽ᠲᠣᠭᠲᠠᠮᠠᠯ + ᠨᠡᠭᠦᠳᠡᠯ︾᠄ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠬᠡᠷ ᠪᠦᠯᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯᠯᠠᠬᠤ ᠲᠠᠰᠤᠭ | ᠤᠤᠯ ᠤᠨ ᠲᠣᠭᠲᠠᠮᠠᠯ ᠭᠥᠯᠢᠶᠡᠨ ᠠᠪᠬᠤ ᠡᠳᠦᠷ ᠤᠨ ᠰᠠᠭᠤᠷᠢᠨ ᠳᠡᠭᠡᠷ᠎ᠡ᠂ ᠲᠥᠯᠥᠭᠡᠯᠡᠭᠴᠢᠳ ᠤᠨ ᠠᠵᠢᠯᠯᠠᠭ᠎ᠠ ᠶᠢ | ᠲᠥᠯᠥᠪᠯᠡᠭᠡ ᠲᠠᠢ ᠪᠠᠷ ᠡᠯ᠎ᠡ ᠭᠠᠴᠠᠭ᠎ᠠ ᠲᠣᠰᠬᠤᠨ ᠳᠤ ᠰᠢᠯᠵᠢᠭᠦᠯᠵᠦ᠂ 228 ᠭᠠᠴᠠᠭ᠎ᠠ ᠲᠣᠰᠬᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯᠯᠠᠭ᠎ᠠ ᠶᠢ ᠪᠦᠷᠢᠨ ᠬᠠᠮᠤᠷᠬᠤ ᠶᠢ ᠪᠡᠶᠡᠯᠡᠭᠦᠯᠦᠨ᠎ᠡ | ᠃ | 8. ︽ᠬᠤᠣᠰ ᠬᠠᠷᠢᠯᠴᠠᠭ᠎ᠠ︾᠄ ᠲᠤᠬᠠᠶᠢᠯᠠᠪᠠᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠲᠠᠢᠬᠠᠷᠢᠯᠴᠠᠵᠤ ᠪᠠᠶᠢᠭᠠᠳ ᠠᠷᠠᠳ ᠢ ᠰᠤᠩᠭᠤᠨ᠎ᠠ ᠃ | 9. ︽ᠬᠤᠶᠠᠷ ᠠᠭᠤᠯᠵᠠᠯᠲᠠ︾᠂ ︽ᠭᠤᠷᠪᠠ ᠶᠢ ᠢᠯᠡ ᠪᠣᠯᠭᠠᠬᠤ︾᠄ ︽ᠬᠤᠶᠠᠷ ᠠᠭᠤᠯᠵᠠᠯᠲᠠ︾᠂ | ᠲᠤᠬᠠᠶᠢᠯᠠᠪᠠᠯ ᠲᠥᠯᠥᠭᠡᠯᠡᠭᠴᠢᠳ ᠤᠨ ᠰᠠᠨᠠᠭᠤᠯᠭ᠎ᠠ ᠶᠢ ᠲᠤᠰᠢᠶᠠᠨ ᠥᠭᠴᠦ ᠰᠢᠢᠳᠪᠦᠷᠢᠯᠡᠭᠰᠡᠨ ᠤ ᠳᠠᠷᠠᠭᠠᠬᠢ ᠨᠢᠭᠡ | ᠰᠠᠷ᠎ᠠ ᠶᠢᠨ ᠳᠣᠲᠣᠷ᠎ᠠ᠂ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠨᠢ ᠰᠤᠷᠪᠤᠯᠵᠢᠯᠠᠬᠤ᠂ ᠶᠠᠷᠢᠯᠴᠠᠬᠤ ᠵᠡᠷᠭᠡ | ᠬᠡᠯᠪᠡᠷᠢ ᠪᠠᠷ ᠲᠥᠯᠥᠭᠡᠯᠡᠭᠴᠢᠳ ᠲᠠᠢ ᠰᠠᠨᠠᠭᠠᠴᠢᠯᠠᠭ᠎ᠠ ᠠᠴᠠ ᠪᠠᠨ ᠠᠭᠤᠯᠵᠠᠬᠤ᠃ ᠲᠥᠯᠥᠭᠡᠯᠡᠭᠴᠢᠳ ᠤᠨ | ᠰᠠᠨᠠᠭᠤᠯᠭ᠎ᠠ ᠶᠢ ᠲᠤᠰᠢᠶᠠᠨ ᠰᠢᠢᠳᠪᠦᠷᠢᠯᠡᠭᠰᠡᠨ ᠤ ᠲᠠᠷᠠᠭ᠎ᠠ ᠭᠤᠷᠪᠠᠨ ᠰᠠᠷ᠎ᠠ ᠶᠢᠨ ᠳᠣᠲᠣᠷ᠎ᠠ ᠳᠠᠭᠠᠭᠠᠨ ᠠᠪᠴᠤ | ᠰᠢᠢᠳᠪᠦᠷᠢᠯᠡᠬᠦ ᠨᠢᠭᠡᠴᠢ ᠨᠦᠭᠦᠳ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠢ | ᠲᠥᠯᠥᠭᠡᠯᠡᠭᠴᠢᠳ ᠲᠤ ᠬᠠᠷᠢᠭᠤᠯᠲᠠ ᠥᠭᠬᠦ ᠶᠢᠨ ᠬᠠᠮᠲᠤ ᠲᠥᠯᠥᠭᠡᠯᠡᠭᠴᠢᠳ ᠲᠠᠢ ᠠᠭᠤᠯᠵᠠᠨ᠎ᠠ᠃ ︽ᠭᠤᠷᠪᠠ ᠶᠢ | ᠢᠯᠡ ᠪᠣᠯᠭᠠᠬᠤ︾ ᠭᠡᠳᠡᠭ ᠨᠢ ᠰᠠᠨᠠᠭᠤᠯᠭ᠎ᠠ ᠶᠢ ᠰᠢᠢᠳᠪᠦᠷᠢᠯᠡᠬᠦ ᠠᠴᠠ ᠡᠮᠦᠨ᠎ᠡ ᠰᠠᠨᠠᠭᠤᠯᠭ᠎ᠠ ᠳᠤᠷᠠᠳᠤᠭᠰᠠᠨ | ᠲᠥᠯᠥᠭᠡᠯᠡᠭᠴᠢ᠂ ᠰᠠᠨᠠᠭᠤᠯᠭ᠎ᠠ ᠶᠢᠨ ᠠᠭᠤᠯᠭ᠎ᠠ᠂ ᠰᠠᠨᠠᠭᠤᠯᠭ᠎ᠠ ᠶᠢ ᠳᠠᠭᠠᠭᠠᠨ ᠰᠢᠢᠳᠪᠦᠷᠢᠯᠡᠬᠦ ᠪᠠ | ᠰᠢᠪᠠᠳᠠᠨᠰᠢᠢᠳᠪᠦᠷᠢᠯᠡᠬᠦ ᠨᠢᠭᠡᠴᠢ ᠶᠢ ᠢᠯᠡ ᠪᠣᠯᠭᠠᠬᠤ ᠶᠢ ᠬᠡᠯᠡᠵᠦ ᠪᠠᠶᠢᠨ᠎ᠠ᠃ ᠰᠠᠨᠠᠭᠤᠯᠭ᠎ᠠ ᠶᠢ ᠰᠢᠢᠳᠪᠦᠷᠢᠯᠡᠭᠰᠡᠨ ᠤ | ᠲᠠᠷᠠᠭ᠎ᠠ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠶᠢᠨ ᠰᠢᠢᠳᠪᠦᠷᠢᠯᠡᠭᠰᠡᠨ ᠲᠥᠯᠥᠭᠡᠯᠡᠭᠴᠢ ᠶᠢᠨ | ᠰᠠᠨᠠᠭᠤᠯᠭ᠎ᠠ ᠶᠢᠨ ᠦᠷ᠎ᠡ ᠳ᠋ᠦᠩ ᠢ ᠢᠯᠡ ᠪᠣᠯᠭᠠᠨ᠎ᠠ᠃ ᠵᠢᠯ ᠤᠨ ᠡᠴᠦᠰ ᠲᠤ ᠡᠯ᠎ᠡ ᠳᠠᠭᠠᠭᠠᠨ ᠠᠪᠴᠤ | ᠰᠢᠢᠳᠪᠦᠷᠢᠯᠡᠬᠦ ᠨᠢᠭᠡᠴᠡ ᠶᠢᠨ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠳᠤ ᠬᠠᠨᠤᠮᠵᠢ ᠶᠢᠨ | ᠬᠡᠮᠵᠢᠶ᠎ᠡ ᠶᠢ ᠰᠢᠯᠭᠠᠨ ᠦᠨᠡᠯᠡᠬᠦ ᠶᠢᠨ ᠬᠠᠮᠲᠤ ᠰᠢᠯᠭᠠᠨ ᠦᠨᠡᠯᠡᠭᠰᠡᠨ ᠦᠷ᠎ᠡ ᠳ᠋ᠦᠩ ᠢ ᠢᠯᠡ ᠪᠣᠯᠭᠠᠨ᠎ᠠ᠃ | 10᠂ ︽ᠲᠠᠪᠤᠨ ᠵᠥᠪᠯᠡᠯ ᠨᠢᠭᠡ ᠠᠯᠪᠠᠨ ᠬᠡᠷ︾᠄ 2019 ᠣᠨ ᠤ 12 ᠰᠠᠷ᠎ᠠ ᠳᠤ᠂ ︽ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠵᠡᠷᠭᠡ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠣᠲᠣᠭᠠᠳᠤ ᠶᠢᠨ | ᠪᠠᠶᠢᠭᠤᠯᠤᠮᠵᠢ ᠳᠤ ᠥᠭᠡᠷᠡᠴᠢᠯᠡᠯᠲᠡ ᠬᠢᠵᠦ ᠳᠠᠬᠢᠨ ᠵᠣᠬᠢᠶᠠᠨ ᠪᠠᠶᠢᠭᠤᠯᠤᠨ᠎ᠠ᠃ ᠥᠭᠡᠷᠡᠴᠢᠯᠡᠯᠲᠡ ᠬᠢᠭᠰᠡᠨ ᠤ ᠳᠠᠷᠠᠭ᠎ᠠ | ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠣᠲᠣᠭᠠᠳᠤ ᠳᠠᠭᠠᠨ 5 | ᠵᠥᠪᠯᠡᠯ 1 ᠠᠯᠪᠠᠨ ᠬᠡᠷ ᠪᠠᠶᠢᠭᠤᠯᠤᠮᠵᠢ ᠲᠠᠢ ᠪᠣᠯᠪᠠ᠂ ᠲᠤᠬᠠᠶᠢᠯᠠᠪᠠᠯ ᠠᠯᠪᠠᠨ ᠬᠡᠷ ︵ᠦᠨᠳᠦᠰᠦᠲᠡᠨ ᠬᠠᠷᠢᠶᠠᠲᠤ | ᠨᠠᠷ ᠤᠨ ᠶᠠᠪᠤᠳᠠᠯ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ︶᠂ ᠬᠢᠨᠠᠨ ᠪᠠᠶᠢᠴᠠᠭᠠᠬᠤ ᠪᠠ ᠬᠠᠤᠯᠢ | ᠴᠠᠭᠠᠵᠠ ᠶᠢᠨ ᠠᠵᠢᠯ ᠤᠨ ᠵᠥᠪᠯᠡᠯ ︵ᠬᠠᠤᠯᠢ ᠲᠦᠷᠢᠮ ᠤᠨ ᠠᠵᠢᠯ ᠤᠨ ᠵᠥᠪᠯᠡᠯ︶᠂ ᠡᠳ᠋ ᠤᠨ ᠵᠠᠰᠠᠭ ᠠᠵᠤ | ᠠᠬᠤᠶ ᠶᠢᠨ ᠠᠵᠢᠯ ᠤᠨ ᠵᠥᠪᠯᠡᠯ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ | ᠠᠵᠢᠯ ᠤᠨ ᠵᠥᠪᠯᠡᠯ ︵ᠨᠡᠶᠢᠭᠡᠮ ᠤᠨ ᠪᠠᠶᠢᠭᠤᠯᠤᠯᠲᠠ ᠶᠢᠨ ᠠᠵᠢᠯ ᠤᠨ ᠵᠥᠪᠯᠡᠯ︶᠂ ᠲᠠᠷᠢᠶᠠᠯᠠᠩ ᠮᠠᠯ ᠠᠵᠤ | ᠠᠬᠤᠶ ᠶᠢᠨ ᠠᠵᠢᠯ ᠤᠨ ᠵᠥᠪᠯᠡᠯ ︵ᠣᠷᠴᠢᠨ ᠲᠣᠭᠤᠷᠢᠨ ᠡᠬᠢ ᠪᠠᠶᠠᠯᠢᠭ ᠬᠤᠲᠠ ᠬᠥᠳᠡᠭᠡ ᠶᠢᠨ ᠪᠠᠶᠢᠭᠤᠯᠤᠯᠲᠠ ᠶᠢᠨ | ᠠᠵᠢᠯ ᠤᠨ ᠵᠥᠪᠯᠡᠯ︶᠂ ᠠᠵᠢᠯᠲᠠᠨ ᠤ ᠶᠠᠪᠤᠳᠠᠯ ᠤᠨ ᠲᠥᠯᠥᠭᠡᠯᠡᠭᠴᠢ ᠶᠢ ᠰᠣᠩᠭᠤᠬᠤ ᠠᠵᠢᠯ ᠤᠨ ᠵᠥᠪᠯᠡᠯ ᠪᠣᠯᠤᠨ᠎ᠠ᠃ | | 11. ︽ᠳᠥᠷᠪᠡᠨ ᠪᠠᠶᠢᠭᠤᠯᠭ᠎ᠠ︾᠄ 2021 ᠣᠨ ᠤ 10 ᠰᠠᠷ᠎ᠠ ᠶᠢᠨ 13 ᠤ ᠡᠳᠦᠷ ᠠᠴᠠ 14 ᠤ ᠡᠳᠦᠷ | ᠪᠣᠯᠲᠠᠯ᠎ᠠ᠂ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯᠳᠤᠭᠠᠨ ᠳᠡᠭᠡᠷ᠎ᠡ᠂ | ᠶᠡᠷᠦᠩᠬᠡᠶ ᠱᠦᠵᠢ ᠰᠢ ᠶᠢᠨ ᠫᠢᠩ ᠴᠢᠬᠤᠯᠠᠴᠢᠯᠠᠬᠤ ᠳᠠᠭᠠᠨ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ | ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ | ᠳᠡᠭᠡᠭᠰᠢᠯᠡᠭᠦᠯᠬᠦ ᠬᠡᠷᠡᠭᠲᠡᠶ᠃ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠤᠬᠠᠮᠰᠠᠷ ᠠᠴᠠ ᠪᠠᠨ ᠪᠠᠷᠢᠮᠲᠠᠯᠠᠬᠤ ᠤᠯᠤᠰ ᠲᠦᠷᠦ ᠶᠢᠨ | ᠪᠠᠶᠢᠭᠤᠯᠭ᠎ᠠ᠂ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ ᠪᠠᠲᠤᠯᠠᠬᠤ ᠲᠦᠷᠦ ᠶᠢᠨ ᠡᠷᠬᠡᠲᠦ | ᠪᠠᠶᠢᠭᠤᠯᠭ᠎ᠠ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠲᠤᠰᠢᠶᠠᠯ | ᠬᠠᠷᠢᠭᠤᠴᠠᠯᠭ᠎ᠠ ᠶᠢ ᠪᠦᠬᠦ ᠲᠠᠯ᠎ᠠ ᠪᠠᠷ ᠡᠭᠦᠷᠭᠡᠯᠡᠬᠦ ᠠᠵᠢᠯ ᠤᠨ ᠪᠠᠶᠢᠭᠤᠯᠭ᠎ᠠ᠂ ᠠᠷᠠᠳ ᠤᠯᠠᠨ ᠲᠠᠢ ᠢᠮᠠᠭᠲᠠ ᠨᠢᠭᠲᠠ | ᠬᠠᠷᠢᠯᠴᠠᠭ᠎ᠠ ᠲᠠᠢ ᠪᠠᠶᠢᠬᠤ ᠲᠥᠯᠥᠭᠡᠯᠡᠬᠦ ᠪᠠᠶᠢᠭᠤᠯᠭ᠎ᠠ ᠪᠣᠯᠭᠠᠨ᠎ᠠ᠃ | 12. ︽ᠵᠢᠷᠭᠤᠭᠠᠨ ᠡᠷᠬᠡᠪᠰᠢ︾᠄ 2021 ᠣᠨ ᠤ 10 ᠰᠠᠷ᠎ᠠ ᠶᠢᠨ 13 ᠠᠴᠠ 14 ᠤ ᠡᠳᠦᠷ ᠪᠣᠯᠲᠠᠯ᠎ᠠ᠂ | ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯᠳᠤᠭᠠᠨ ᠳᠡᠭᠡᠷ᠎ᠡ ᠰᠢ ᠶᠢᠨ ᠫᠢᠩ | ᠶᠡᠷᠦᠩᠬᠡᠶ ᠱᠦᠵᠢ ᠴᠢᠬᠤᠯᠠᠴᠢᠯᠠᠬᠤ ᠳᠠᠭᠠᠨ᠂ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠵᠤ᠂ ᠡᠷᠬᠡᠪᠰᠢ ᠲᠦᠷᠢᠮ ᠤᠨ ᠰᠢᠰᠲ᠋ᠧᠮ ᠢᠶᠠᠷ ᠠᠷᠠᠳ ᠲᠦᠮᠡᠨ ᠤ ᠡᠷᠬᠡ ᠮᠡᠳᠡᠵᠦ | ᠡᠵᠡᠨ ᠰᠠᠭᠤᠬᠤ ᠶᠢ ᠪᠠᠲᠤᠯᠠᠵᠤ᠂ ᠡᠷᠬᠡᠪᠰᠢ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ | ᠪᠠᠷᠢᠮᠲᠠᠯᠠᠵᠤ᠂ ᠡᠷᠬᠡᠪᠰᠢ ᠠᠷᠠᠳᠴᠢᠯᠠᠯ ᠲᠥᠪᠯᠡᠷᠡᠯ ᠤᠨ ᠶᠣᠰᠣ ᠶᠢ ᠪᠠᠷᠢᠮᠲᠠᠯᠠᠵᠤ᠂ ᠡᠷᠬᠡᠪᠰᠢ ᠳᠤᠮᠳᠠᠳᠤ ᠤᠯᠤᠰ ᠤᠨ | ᠣᠨᠴᠠᠯᠢᠭ ᠪᠥᠬᠦᠶ ᠨᠡᠶᠢᠭᠡᠮ ᠵᠢᠷᠤᠮ ᠤᠨ ᠤᠯᠤᠰ ᠲᠥᠷᠥ ᠶᠢᠨ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠡᠷᠬᠡᠪᠰᠢ | ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢ | ᠪᠠᠷᠢᠮᠲᠠᠯᠠᠬᠤ ᠬᠡᠷᠡᠭᠲᠡᠶ ᠭᠡᠵᠡᠶ᠃ |