ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ | ᠠᠷᠠᠳ ᠤᠨᠲ᠋ᠥ᠋ᠯᠥᠭᠡᠯᠡᠭᠴᠢᠳᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠤ | ᠪᠢᠴᠢᠭ ᠮᠠᠲ᠋ᠧᠷᠢᠶᠠᠯ ︵ᠭᠤᠷᠪᠠ︶ | | | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2021 ᠣᠨ ᠤ ᠤᠯᠤᠰ ᠠᠷᠠᠳ ᠤᠨ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ | ᠪᠠᠶᠢᠳᠠᠯ ᠬᠢᠭᠡᠳ 2022 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ | ᠤᠨ ᠬᠥᠭᠵᠢᠭᠦᠯᠦᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ | | | — 2022 ᠣᠨ ᠤ 1 ᠰᠠᠷ᠎ᠠ ᠶᠢᠨ7 ᠤ ᠡᠳᠦᠷ ᠤᠨ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | | ᠲᠥᠯᠥᠭᠡᠯᠡᠭᠴᠢᠳ ᠡ᠄ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠡᠳᠦᠭᠡ 2021 ᠣᠨ ᠤ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ | 2022 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ | ᠲᠥᠰᠦᠯ ᠢ ᠶᠡᠭᠡ ᠬᠤᠷᠠᠯ ᠳᠤ ᠳᠡᠪᠰᠢᠭᠦᠯᠦᠨ ᠬᠢᠨᠠᠨ | ᠵᠥᠪᠯᠡᠭᠦᠯᠬᠦ ᠶᠢᠨ ᠬᠠᠮᠲᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠬᠤᠷᠠᠯ ᠳᠤ ᠰᠤᠯᠠ ᠣᠷᠣᠯᠴᠠᠭᠰᠠᠨ | ᠨᠥᠬᠦᠳ ᠰᠠᠨᠠᠯ ᠢᠶᠠᠨ ᠳᠤᠷᠠᠳᠬᠤ ᠶᠢ ᠬᠦᠰᠡᠵᠦ ᠪᠠᠶᠢᠨ᠎ᠠ᠃ | ᠨᠢᠭᠡ᠂ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ | ᠥᠩᠭᠡᠷᠡᠭᠰᠡᠨ ᠨᠢᠭᠡ ᠵᠢᠯ ᠳᠤ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠲᠡᠶ ᠬᠢᠨᠠᠯᠲᠠ ᠳᠣᠣᠷ᠎ᠠ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠦᠴᠦᠲᠡᠶ ᠳᠡᠮᠵᠢᠯᠭᠡ ᠳᠣᠣᠷ᠎ᠠ᠂ ᠪᠦᠬᠦ ᠬᠤᠰᠢᠭᠤ ᠪᠠᠷ ᠢᠶᠠᠨ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠡᠯ᠎ᠡ ᠬᠤᠭᠤᠴᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠵᠦ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ | ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠬᠤᠰᠢᠭᠤᠨ ᠤ | ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠪᠠ ᠠᠷᠪᠠᠨ | ᠲᠠᠪᠤᠳᠤᠭᠠᠷ ᠬᠤᠭᠤᠴᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠤᠨ ᠡᠯ᠎ᠡ ᠵᠦᠢᠯ ᠤᠨ ᠰᠢᠢᠳᠪᠤᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠪᠥᠬᠦ ᠬᠤᠰᠢᠭᠤᠨ ᠤ ᠭᠤᠤᠯ ᠪᠣᠯᠬᠤ ᠠᠵᠤ ᠠᠬᠤᠶ ᠶᠢᠨ | ᠭᠦᠢᠴᠡᠳᠬᠡᠯ ᠲᠤᠭ᠎ᠠ ᠶᠢᠨ ᠨᠡᠮᠡᠭᠳᠡᠯ ᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠨ᠎ᠠ᠃ | ︵ᠨᠢᠭᠡ︶ ᠭᠤᠣᠯ ᠭᠤᠣᠯ ᠵᠢᠱᠢᠭᠰᠡᠨ ᠬᠠᠷᠠᠯᠲᠠ ᠶᠢ ᠢᠮᠠᠭᠲᠠ ᠵᠦᠢ ᠵᠣᠬᠢᠰᠲᠠᠶ ᠨᠡᠮᠡᠭᠳᠡᠯ ᠤᠨ ᠬᠤᠷᠳᠤᠴᠠ ᠲᠠᠢ | ᠪᠠᠶᠢᠯᠭᠠᠵᠤ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ | —— ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠲᠣᠭᠲᠠᠭᠤᠨ ᠢᠶᠠᠷ ᠨᠡᠮᠡᠭᠳᠡᠭᠦᠯᠵᠦ᠂ ᠨᠡᠶᠢᠭᠡᠮ ᠤᠨ ᠶᠡᠭᠡ | ᠲᠠᠯ᠎ᠠ ᠶᠢ ᠢᠮᠠᠭᠲᠠ ᠲᠣᠭᠲᠠᠭᠤᠨ ᠪᠠᠶᠢᠯᠭᠠᠨ᠎ᠠ᠃ 2021 ᠣᠨ ᠳᠤ ᠮᠠᠨ ᠤ ᠬᠤᠰᠢᠭᠤᠨ ᠤ ᠵᠢᠱᠢᠯᠲᠡ ᠪᠠᠷ | ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠥᠬᠦ ᠥᠷᠲᠡᠭ ︵GDP︶ ᠢ 107 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠪᠡ᠃ ᠵᠢᠱᠢᠯᠲᠡ ᠪᠠᠷ ᠨᠢᠭᠡᠳᠦᠭᠡᠷ | ᠠᠵᠤ ᠦᠢᠯᠡᠰ ᠤᠨ ᠨᠡᠮᠡᠭᠳᠡᠯ 5.5%᠂ ᠬᠤᠶᠠᠳᠤᠭᠠᠷ ᠠᠵᠤ ᠦᠢᠯᠡᠰ ᠢ 5% ᠪᠠᠷ ᠪᠠᠭᠤᠷᠠᠭᠤᠯᠤᠨ᠎ᠠ᠃ | ᠭᠤᠷᠪᠠᠳᠤᠭᠠᠷ ᠠᠵᠤ ᠦᠢᠯᠡᠰ 12% ᠢᠶᠠᠷ ᠨᠡᠮᠡᠭᠳᠡᠪᠡ᠃ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳᠠᠯᠲᠠ ᠶᠢᠨ ᠨᠤᠷᠮ᠎ᠠ ᠶᠢ 3.09% ᠪᠠᠷ ᠬᠢᠵᠠᠭᠠᠷᠯᠠᠵᠤ᠂ ᠵᠢᠯ ᠤᠨ ᠡᠬᠢᠨ ᠤ ᠬᠢᠵᠠᠭᠠᠷᠯᠠᠬᠤ ᠬᠠᠷᠠᠯᠲᠠ ᠠᠴᠠ 0. | 81 ᠵᠠᠭᠤᠨ ᠤ ᠨᠢᠭᠡᠴᠢ ᠳᠣᠣᠷ᠎ᠠ ᠪᠣᠯᠭᠠᠪᠠ᠃ | ——ᠡᠳ᠋ ᠤᠨ ᠵᠠᠰᠠᠭ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠮᠥᠩᠭᠦᠨ ᠭᠦᠢᠯᠭᠡᠭᠡ | ᠳᠠᠭᠠᠳᠬᠠᠯ ᠤᠨ ᠦᠢᠯᠡᠰ ᠤᠨ ᠡᠵᠡᠩᠨᠡᠯᠲᠡ ᠶᠢ ᠲᠣᠭᠲᠠᠭᠤᠨ ᠪᠠᠶᠢᠯᠭᠠᠨ᠎ᠠ᠃ 2021 ᠣᠨ ᠤ ᠡᠩ ᠤᠨ | ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠱᠢᠯᠲᠡ ᠪᠠᠷ 5.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 53.5% ᠪᠠᠷ ᠨᠡᠮᠡᠭᠳᠡᠬᠦ ᠪᠣᠯᠤᠨ᠎ᠠ᠃ 11 ᠰᠠᠷ᠎ᠠ ᠶᠢᠨ ᠡᠴᠦᠰ ᠪᠣᠯᠲᠠᠯ᠎ᠠ᠂ ᠪᠥᠬᠦ | ᠬᠤᠰᠢᠭᠤᠨ ᠤ ᠡᠯ᠎ᠡ ᠵᠦᠢᠯ ᠤᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ ᠲᠣᠰ ᠲᠣᠰ 76.39 | ᠳ᠋ᠦᠩᠰᠢᠭᠤᠷ ᠲᠥᠭᠦᠷᠢᠭ ᠪᠠ 91.81 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ ᠲᠣᠰ ᠲᠣᠰ 7.2 ᠳ᠋ᠦᠩᠰᠢᠭᠤᠷ ᠲᠥᠭᠦᠷᠢᠭ ᠪᠠ 18.6 ᠳ᠋ᠦᠩᠰᠢᠭᠤᠷ ᠲᠥᠭᠦᠷᠢᠭ | ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 10.41% ᠪᠠ 25.41% ᠨᠡᠮᠡᠭᠳᠡᠵᠡᠶ᠃ | ᠬᠠᠳᠠᠭᠠᠯᠠᠮᠵᠢ ᠵᠢᠭᠡᠯᠡᠯᠭᠡ ᠶᠢᠨ ᠬᠠᠷᠢᠴᠠᠯ 120% ᠠᠴᠠ ᠳᠠᠪᠠᠵᠤ᠂ ᠮᠠᠨ ᠤ ᠬᠤᠰᠢᠭᠤᠨ ᠤ ᠪᠠᠯᠠ ᠣᠷᠣᠭᠤᠯᠤᠯᠲᠠ᠂ | ᠬᠡᠷᠡᠭᠯᠡᠭᠡᠨ ᠤ ᠵᠠᠬ᠎ᠠ ᠳᠡᠯᠭᠡᠭᠦᠷ ᠢ ᠨᠡᠭᠡᠭᠡᠬᠦ ᠳᠤ ᠰᠠᠭᠤᠷᠢ ᠲᠠᠯᠪᠢᠵᠤ ᠥᠭᠴᠡᠶ᠃ | —— ᠪᠡᠯᠡ ᠣᠷᠣᠭᠤᠯᠤᠯᠲᠠ ᠶᠢᠨ ᠬᠡᠪᠴᠢᠶ᠎ᠡ ᠲᠣᠭᠲᠠᠭᠤᠨ ᠢᠶᠠᠷ ᠨᠡᠮᠡᠭᠳᠡᠵᠦ᠂ ᠴᠢᠬᠤᠯᠠ ᠶᠡᠭᠡ ᠲᠦᠷᠦᠯ | ᠵᠦᠢᠯ ᠤᠨ ᠠᠬᠢᠴᠠ ᠤᠷᠤᠭᠰᠢᠲᠠᠶ ᠪᠠᠶᠢᠨ᠎ᠠ᠃ ᠮᠠᠨ ᠤ ᠬᠤᠰᠢᠭᠤ ᠳᠡᠭᠡᠷ᠎ᠡ ᠳᠣᠤᠷ᠎ᠠ ᠱᠠᠲᠤ ᠪᠠᠷ ᠢᠶᠠᠨ ᠪᠦᠯᠬᠦᠮᠳᠡᠨ | ᠨᠢᠭᠲᠠᠷᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠨᠧᠷᠭᠢ ᠶᠢᠨ ᠬᠤᠷᠣᠭᠳᠠᠯ ᠢ ᠬᠤᠶᠠᠷ ᠢ ᠡᠵᠡᠮᠳᠡᠬᠦ | ᠵᠢᠴᠢ ᠠᠵᠤ ᠠᠬᠤᠶ ᠶᠢᠨ ᠪᠠᠭᠤᠷᠠᠯᠲᠠ ᠵᠡᠷᠭᠡ ᠳᠠᠪᠬᠤᠷ ᠳᠠᠪᠬᠤᠷ ᠳᠠᠷᠤᠯᠲᠠ ᠶᠢᠨ ᠳᠤᠤᠷ᠎ᠠ᠂ 2021 ᠣᠨ ᠤ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠵᠢᠱᠢᠯᠲᠡ ᠪᠠᠷ 74 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | ᠵᠢᠯ ᠤᠨ ᠡᠬᠢᠨ ᠤ ᠬᠠᠷᠠᠯᠲᠠ ᠶᠢᠨ ᠡᠭᠦᠷᠭᠡ ᠠᠴᠠ 3 ᠳ᠋ᠦᠩᠰᠢᠭᠤᠷ ᠲᠥᠭᠦᠷᠢᠭ ᠳᠠᠪᠠᠵᠤ᠂ ᠠᠳᠠᠯᠢ | ᠬᠤᠭᠤᠴᠠᠭᠠᠨ ᠤ ᠬᠢ ᠠᠴᠠ 12.8% ᠪᠠᠷ ᠨᠡᠮᠡᠭᠳᠡᠪᠡ᠃ ᠡᠭᠦᠨ ᠳᠤ 5000 ᠲᠦᠮᠡᠨ ᠲᠥᠭᠦᠷᠢᠭ ᠠᠴᠠ | ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 53.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 0.7% ᠨᠡᠮᠡᠭᠳᠡᠪᠡ᠃ 500—5000 ᠲᠦᠮᠡᠨ ᠲᠥᠭᠦᠷᠢᠭ ᠤᠨ ᠲᠥᠷᠥᠯ | ᠵᠦᠢᠯ ᠳᠤ 1.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 57.7% ᠪᠠᠷ ᠪᠠᠭᠤᠷᠠᠪᠠ᠃ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ | ᠲᠥᠷᠥᠯ ᠵᠦᠢᠯ ᠳᠤ 19 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠠᠳᠠᠯᠢ ᠬᠤᠭᠤᠴᠠᠭᠠᠨ ᠤ ᠬᠢ ᠠᠴᠠ | 107% ᠪᠠᠷ ᠨᠡᠮᠡᠭᠳᠡᠪᠡ᠃ | —— ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠪᠠᠶᠢᠵᠤ᠂ ᠪᠠᠷᠠᠭᠠᠨ ᠤ ᠦᠨ᠎ᠡ ᠶᠢᠨ ᠥᠰᠥᠯᠲᠡ ᠶᠢᠨ | ᠬᠡᠮᠵᠢᠶ᠎ᠡ ᠲᠣᠭᠲᠠᠭᠤᠨ ᠪᠠᠶᠢᠨ᠎ᠠ᠃ ᠪᠥᠬᠦ ᠬᠤᠰᠢᠭᠤᠨ ᠤ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠣᠭᠲᠠᠭᠤᠨ | ᠪᠠᠶᠢᠳᠠᠯ ᠢᠶᠠᠨ ᠪᠠᠲᠤᠯᠠᠵᠤ᠂ ᠪᠥᠬᠦ ᠵᠢᠯ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠪᠥᠬᠦ ᠲᠤᠭ᠎ᠠ ᠵᠢᠱᠢᠯᠲᠡ ᠪᠠᠷ 19.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 3% ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠵᠢᠯ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠵᠢᠱᠢᠯᠲᠡ ᠪᠠᠷ 32092 ᠲᠥᠭᠦᠷᠢᠭ ᠪᠠ 14315 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ ᠲᠣᠰ ᠲᠣᠰ 7.3% ᠪᠠ 11.6% ᠪᠠᠷ ᠨᠡᠮᠡᠭᠳᠡᠪᠡ᠃ | ︵ᠬᠤᠶᠠᠷ︶ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠠᠶᠢᠳᠠᠯ ᠰᠠᠶᠢᠨ ᠪᠠᠶᠢᠵᠤ᠂ ᠬᠥᠳᠡᠭᠡ | ᠲᠣᠰᠬᠤᠨ ᠤ ᠠᠵᠤ ᠠᠬᠤᠶ ᠲᠣᠭᠲᠠᠭᠤᠨ ᠢᠶᠠᠷ ᠨᠡᠮᠡᠭᠳᠡᠪᠡ | ᠲᠠᠷᠢᠮᠠᠯ ᠤᠨᠦᠢᠯᠡᠰ ᠤᠨ ᠲᠠᠯ᠎ᠠ ᠪᠠᠷ᠂ ᠪᠥᠬᠦ ᠬᠤᠰᠢᠭᠤᠨ ᠤ 416 ᠲᠦᠮᠡᠨ ᠮᠥ ᠲᠠᠷᠢᠶᠠᠨ ᠭᠠᠵᠠᠷ ᠢ | ᠳᠦᠭᠦᠷᠡᠩ ᠳᠠᠷᠢᠵᠤ᠂ ᠡᠭᠦᠨ ᠳᠤ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠶᠢ 396.5 ᠲᠦᠮᠡᠨ ᠮᠥ᠂ ᠠᠵᠤ | ᠠᠬᠤᠶ ᠶᠢᠨ ᠲᠠᠷᠢᠮᠠᠯ ᠤᠨ ᠲᠠᠯᠠᠪᠠᠶ ᠶᠢ 10.96 ᠲᠦᠮᠡᠨ ᠮᠥ᠂ ᠡᠪᠡᠰᠦ ᠪᠣᠷᠳᠤᠭ᠎ᠠ ᠶᠢᠨ ᠲᠠᠷᠢᠮᠠᠯ ᠤᠨ ᠲᠠᠯᠠᠪᠠᠶ ᠶᠢ | 8.54 ᠲᠦᠮᠡᠨ ᠮᠥ ᠳᠠᠷᠢᠨ᠎ᠠ᠃ ᠠᠮᠤ ᠪᠤᠳᠠᠭᠠᠨ ᠤ ᠶᠡᠷᠦᠩᠬᠡᠶ ᠤᠨᠠᠯᠲᠠ 30.91 ᠳ᠋ᠦᠩᠰᠢᠭᠤᠷ ᠵᠢᠩ ᠳᠤ ᠬᠦᠷᠴᠦ | ᠂ 6 ᠵᠢᠯ ᠳᠠᠷᠠᠭᠠᠯᠠᠨ ᠨᠡᠮᠡᠭᠳᠡᠪᠡ᠃ ᠣᠶ ᠵᠢᠮᠢᠰ ᠤᠨ ᠲᠠᠯᠠᠪᠠᠶ ᠢ 23.5 ᠲᠦᠮᠡᠨ ᠮᠥ ᠳᠤ ᠬᠦᠷᠴᠦ᠂ 1.75 | ᠳ᠋ᠦᠩᠰᠢᠭᠤᠷ ᠲᠥᠭᠦᠷᠢᠭ ᠤᠨ ᠠᠰᠢᠭ ᠣᠷᠣᠯᠭ᠎ᠠ ᠶᠢ ᠪᠡᠶᠡᠯᠡᠭᠦᠯᠵᠦ᠂ ︽ᠵᠢᠵᠢᠭ ᠠᠭᠠᠯᠢᠭ ᠵᠢᠮᠢᠰ︾ ᠨᠢ ᠶᠠᠭ ︽ | ᠲᠣᠮᠣ ᠠᠵᠤ ᠦᠢᠯᠡᠰ︾ ᠪᠣᠯᠵᠣ ᠪᠠᠶᠢᠨ᠎ᠠ᠃ ᠲᠡᠵᠢᠭᠡᠨ ᠦᠷᠡᠵᠢᠭᠦᠯᠬᠦ ᠦᠢᠯᠡᠰ ᠤᠨ ᠲᠠᠯ᠎ᠠ ᠪᠠᠷ᠂ ᠮᠠᠯ ᠤᠨ ᠲᠤᠭ᠎ᠠ | ᠲᠣᠯᠣᠭᠠᠶ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ ᠪᠥᠬᠦ ᠬᠤᠰᠢᠭᠤᠨ ᠤ ᠮᠠᠯ ᠠᠵᠤ ᠠᠬᠤᠶ ᠶᠢᠨ ᠣᠨ ᠤ | ᠮᠠᠯ ᠤᠨ ᠲᠤᠭ᠎ᠠ ᠲᠣᠯᠣᠭᠠᠶ 435 ᠲᠦᠮᠡ ︵ᠲᠣᠯᠣᠭᠠᠶ︶ ᠬᠦᠷᠴᠦ᠂ ᠡᠭᠦᠨ ᠳᠤ ᠠᠯᠠᠰᠢᠨ ᠦᠬᠡᠷ 28 ᠲᠦᠮᠡ᠂ | ᠠᠳᠠᠯᠢ ᠬᠤᠭᠤᠴᠠᠭᠠᠨ ᠤ ᠬᠢ ᠠᠴᠠ 9.2% ᠨᠡᠮᠡᠭᠳᠡᠵᠦ᠂ ᠰᠠᠭᠠᠯᠢ ᠶᠢᠨ ᠦᠨᠢᠶ᠎ᠡ 3 ᠲᠦᠮᠡ ᠪᠠᠶᠢᠵᠤ ᠂ ᠠᠯᠠᠰᠢᠨ | ᠬᠤᠨᠢᠨ ᠤ ᠲᠤᠭ᠎ᠠ 380 ᠲᠦᠮᠡ᠂ ᠠᠮᠢᠳᠤ ᠭᠠᠭ᠋ᠠᠶ ᠶᠢᠨ ᠲᠤᠭ᠎ᠠ 21 ᠲᠦᠮᠡ᠂ ᠪᠤᠰᠤᠳ ᠮᠠᠯ ᠤᠨ ᠲᠤᠭ᠎ᠠ 3 | ᠲᠦᠮᠡ ᠪᠠᠶᠢᠨ᠎ᠠ᠃ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠲᠠᠯ᠎ᠠ ᠪᠠᠷ᠂ ᠠᠯᠠᠰᠢᠨ ᠦᠬᠡᠷ ᠪᠠ ᠰᠠᠭᠠᠯᠢ ᠶᠢᠨ | ᠦᠨᠢᠶ᠎ᠡ ᠶᠢᠨ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠬᠡᠮᠵᠢᠶ᠎ᠡ ᠲᠣᠰ ᠲᠣᠰ 11.2 ᠲᠦᠮᠡᠨ ᠲᠣᠯᠣᠭᠠᠶ ᠪᠠ | 5 ᠲᠦᠮᠡᠨ ᠲᠣᠯᠣᠭᠠᠶ ᠳᠤ ᠬᠦᠷᠴᠦ᠂ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠨᠣᠷᠮ᠎ᠠ ᠲᠣᠰ ᠲᠣᠰ 43% | ᠪᠠ 100% ᠳᠤ ᠬᠥᠷᠪᠡ ᠃ ᠠᠯᠠᠰᠢᠨ ᠬᠤᠨᠢ ᠪᠠ ᠭᠠᠭ᠋ᠠᠶ ᠶᠢᠨ ᠪᠠᠷᠢᠮᠵᠢᠶᠠᠵᠢᠭᠤᠯᠤᠭᠰᠠᠨ ᠲᠡᠵᠢᠭᠡᠪᠦᠷᠢ ᠶᠢᠨ | ᠬᠡᠮᠵᠢᠶ᠎ᠡ ᠶᠢ ᠲᠣᠰ ᠲᠣᠰ 228 ᠲᠦᠮᠡ ᠪᠠ 17.3 ᠲᠦᠮᠡ ᠳᠤ ᠬᠦᠷᠦᠭᠦᠯᠵᠦ᠂ ᠪᠠᠷᠢᠮᠵᠢᠶᠠᠵᠢᠭᠤᠯᠤᠭᠰᠠᠨ | ᠲᠡᠵᠢᠭᠡᠪᠦᠷᠢ ᠶᠢᠨ ᠨᠣᠷᠮ᠎ᠠ ᠶᠢ ᠲᠣᠰ ᠲᠣᠰ 60% ᠪᠠ 82.4% ᠳᠤ ᠬᠦᠷᠦᠭᠦᠯᠦᠨ᠎ᠡ᠃ | ︵ᠭᠤᠷᠪᠠ︶ ᠣᠷᠣᠨ ᠨᠤᠲᠤᠭ ᠤᠨ ᠠᠵᠤ ᠦᠢᠯᠡᠳᠪᠦᠷᠢ ᠲᠣᠭᠲᠠᠭᠤᠨ ᠢᠶᠠᠷ ᠨᠡᠮᠡᠭᠳᠡᠵᠦ᠂ ᠪᠦᠬᠦᠯᠢ | ᠴᠣᠭᠴᠠ ᠶᠢᠨ ᠪᠣᠳᠠᠲᠤ ᠬᠦᠴᠦᠨ ᠤᠯᠠᠮ ᠨᠢᠭᠡ ᠠᠯᠬᠤᠮ ᠳᠡᠭᠡᠭᠰᠢᠯᠡᠪᠡ | 2021 ᠣᠨ ᠳᠤ᠂ ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ | ᠵᠢᠱᠢᠯᠲᠡ ᠪᠠᠷ 18 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠪᠦᠬᠦ ᠵᠢᠯ ᠳᠤ ᠮᠢᠩᠭᠠᠨ ᠲᠦᠮᠡᠨ ᠲᠥᠭᠦᠷᠢᠭ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ 16 ᠲᠦᠷᠦᠯ ᠵᠦᠢᠯ ᠢ ᠬᠡᠷᠡᠭᠵᠢᠭᠦᠯᠵᠦ᠂ ᠵᠢᠱᠢᠯᠲᠡ ᠪᠠᠷ | 25 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠮᠧᠩ ᠵᠢᠶᠠ ᠠᠮᠤ ᠪᠤᠳᠠᠭ᠎ᠠ᠂ | ᠠᠶᠢᠮᠠ ᠠᠭᠤᠷᠬᠠᠶ ᠶᠢᠨ ᠦᠢᠯᠡᠰ ᠵᠡᠷᠭᠡ ᠭᠤᠤᠯᠯᠠᠭᠴᠢ ᠠᠵᠤ ᠠᠬᠤᠶᠢᠯᠠᠯ ᠤᠨ ᠠᠵᠢᠯᠯᠠᠭᠠᠨ ᠲᠣᠭᠲᠠᠭᠤᠨ ᠢᠶᠠᠷ | ᠶᠠᠪᠤᠭᠳᠠᠵᠤ ᠪᠠᠶᠢᠨ᠎ᠠ᠃ ᠬᠤᠩ ᠳ᠋ᠠ ᠳᠠᠷᠤᠨ ᠴᠢᠳᠬᠤᠬᠤ ᠦᠢᠯᠡᠳᠬᠦᠨ ᠤ ᠦᠷᠳᠡᠭ ᠠᠳᠠᠯᠢ | ᠬᠤᠭᠤᠴᠠᠭᠠᠨ ᠤ ᠬᠢ ᠠᠴᠠ 10% ᠨᠡᠮᠡᠭᠳᠡᠪᠡ᠃ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠲᠠᠰᠤᠷᠠᠯᠲᠠ ᠦᠭᠡᠢ | ᠬᠥᠭᠵᠢᠨ ᠪᠤᠵᠠᠭᠠᠶᠢᠷᠠᠵᠤ᠂ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ | 60 ᠲᠦᠮᠡᠨ ᠺᠢᠯᠣᠸᠠᠲ ᠲᠤ ᠬᠦᠷᠴᠦ᠂ 2021 ᠣᠨ ᠳᠤ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢᠨ | ᠴᠠᠬᠢᠯᠭᠠᠨ ᠭᠠᠷᠭᠠᠭᠰᠠᠨ ᠬᠡᠮᠵᠢᠶ᠎ᠡ 11.47 ᠳ᠋ᠦᠩᠰᠢᠭᠤᠷ ᠺᠢᠯᠣᠸᠠᠲ ᠴᠠᠭ ᠲᠤ ᠬᠦᠷᠴᠡᠶ᠂ ᠡᠭᠦᠨ ᠳᠤ ᠰᠢᠶᠧ ᠰᠢᠨ | ᠬᠡᠷᠡᠯ ᠴᠡᠨᠡᠭ᠂ ᠰᠢᠨ ᠲᠢᠶᠠᠨ ᠰᠠᠯᠬᠢᠨ ᠡᠨᠧᠷᠭᠢ ᠵᠡᠷᠭᠡ 9 ᠡᠨᠧᠷᠭᠢ ᠶᠢᠨ ᠰᠤᠷᠪᠤᠯᠵᠢ ᠶᠢᠨ ᠠᠵᠤ ᠠᠬᠤᠶᠢᠯᠠᠯ ᠤᠨ | ᠴᠠᠬᠢᠯᠭᠠᠨ ᠭᠠᠷᠭᠠᠭᠰᠠᠨ ᠬᠡᠮᠵᠢᠶ᠎ᠡ 7.45 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 30% ᠪᠠᠷ ᠨᠡᠮᠡᠭᠳᠡᠪᠡ᠃ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠲᠠᠰᠤᠷᠠᠯᠲᠠ ᠥᠬᠡᠶ ᠲᠡᠭᠦᠯᠳᠡᠷᠵᠢᠵᠦ᠂ ᠴᠢᠨᠠᠷ ᠰᠠᠶᠢᠲᠠᠶ ᠲᠠᠪᠴᠠᠩ ᠤᠨ ᠦᠢᠯᠡᠳᠦᠯ | ᠤᠯᠠᠮ ᠨᠢᠭᠡ ᠠᠯᠬᠤᠮ ᠲᠣᠪᠤᠶᠢᠮ᠎ᠠ ᠪᠣᠯᠵᠣ᠂ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ ᠳᠠᠩᠰᠠᠯᠠᠭᠤᠯᠤᠭᠰᠠᠨ | ᠠᠵᠤ ᠠᠬᠤᠶᠢᠯᠠᠯ 114 ᠪᠣᠯᠵᠣ᠂ ᠪᠣᠷᠣᠯᠠᠭᠤᠯᠤᠯᠲᠠ ᠶᠢᠨ ᠶᠡᠷᠦᠩᠬᠡᠶ ᠬᠡᠮᠵᠢᠶ᠎ᠡ ᠶᠢ 32.18 ᠳ᠋ᠦᠩᠰᠢᠭᠤᠷ | ᠲᠥᠭᠦᠷᠢᠭ ᠪᠡᠶᠡᠯᠡᠭᠦᠯᠵᠦ᠂ 0.7 ᠳ᠋ᠦᠩᠰᠢᠭᠤᠷ ᠲᠥᠭᠦᠷᠢᠭ ᠤᠨ ᠭᠠᠶᠢᠯᠢ ᠶᠢᠨ ᠮᠥᠩᠭᠦ ᠶᠢ ᠪᠡᠶᠡᠯᠡᠭᠦᠯᠪᠡ᠃ | ᠡᠭᠦᠨ ᠳᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ 11.01 ᠳ᠋ᠦᠩᠰᠢᠭᠤᠷ ᠲᠥᠭᠦᠷᠢᠭ᠂ | ᠠᠰᠢᠭ ᠭᠠᠶᠢᠯᠢ 0.48 ᠳ᠋ᠦᠩᠰᠢᠭᠤᠷ ᠲᠥᠭᠦᠷᠢᠭ ᠪᠠᠶᠢᠨ᠎ᠠ᠃ | ︵ᠲᠦᠷᠪᠡ︶ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠲᠣᠭᠲᠠᠭᠤᠨ ᠪᠠᠶᠢᠵᠤ᠂ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠶ ᠲᠠᠰᠤᠷᠠᠯᠳᠠ ᠦᠭᠡᠢ ᠪᠤᠵᠠᠭᠠᠶᠢᠷᠠᠪᠠ | ︽ᠳᠤᠮᠳᠠᠳᠤ ᠤᠯᠤᠰ ᠤᠨ ᠰᠢᠨ᠎ᠡ ᠪᠠᠷ ᠮᠠᠨᠳᠤᠭᠰᠠᠨ ᠲᠠᠯ᠎ᠠ ᠨᠤᠲᠤᠭ ᠤᠨ ᠵᠢᠭᠤᠯᠴᠢᠯᠠᠯ ᠤᠨ ᠵᠣᠷᠢᠭᠰᠠᠨ ᠭᠠᠵᠠᠷ︾ | ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ | ᠡᠭᠦᠳᠦᠨ ᠪᠠᠶᠢᠭᠤᠯᠬᠤ ᠡᠭᠦᠷᠭᠡ ᠶᠢᠨ ᠲᠣᠭᠤᠷᠢᠨ ᠳᠤ ᠠᠯᠲᠠᠨ ᠡᠮᠡᠭᠡᠯ ᠤᠨ 4A ᠲᠠᠰ ᠤᠨ ᠦᠵᠡᠮᠵᠢ ᠶᠢᠨ ᠣᠷᠣᠨ ᠢ | ᠡᠭᠦᠳᠦᠨ ᠪᠠᠶᠢᠭᠤᠯᠬᠤ ᠢᠨᠵᠧᠨᠧᠷᠢᠩ ᠢ ᠳᠥᠯᠭᠢᠨ ᠠᠬᠢᠭᠤᠯᠤᠨ᠎ᠠ᠃ ᠬᠠᠶᠢᠯᠠᠰᠤᠲᠠᠶ ᠭᠤᠤ ᠶᠢᠨ ᠲᠠᠯ᠎ᠠ ᠨᠤᠲᠤᠭ ᠤᠨ | ᠬᠤᠨᠤᠭ ᠤᠨ ᠴᠤᠭᠯᠠᠭ᠎ᠠ ᠤᠷᠤᠭᠰᠢᠲᠠᠶ ᠶᠠᠪᠤᠭᠳᠠᠵᠤ᠂ ᠡᠭᠦᠨ ᠳᠤ ︽ᠳ᠋ᠠ ᠯᠧ ᡁᠢ ᠶᠧ︾᠂ ︽ᠨᠠᠨ ᠠᠨ︾ ᠭᠡᠬᠦ | ᠬᠤᠶᠠᠷ ᠬᠡᠷ ᠤᠨ ᠠᠷᠠᠳ ᠤᠨ ᠣᠷᠣᠨ ᠰᠠᠭᠤᠴᠠ ᠶᠢᠨ ᠨᠠᠷᠠᠲᠤ ᠲᠥᠷᠥᠯ ᠲᠡᠮᠳᠡᠭᠲᠦ ᠶᠢᠨ ᠭᠤᠤᠯ ᠴᠣᠭᠴᠠ ᠶᠢᠨ | ᠪᠥᠲᠥᠭᠡᠨ ᠪᠠᠶᠢᠭᠤᠯᠤᠯᠲᠠ ᠢ ᠳᠠᠭᠤᠰᠬᠠᠵᠦ᠂ ︽ ᠮᠦ ᠶᠠ︾ ︽ᠹᠸᠢ ᠮᠢᠩ ᠵᠢᠶ︾ ᠪᠠ ︽ᠰᠢ ᠫᠦᠸᠧ︾ | ᠠᠷᠠᠳ ᠤᠨ ᠣᠷᠣᠨ ᠰᠠᠭᠤᠴᠠ ᠶᠢᠨ ᠨᠠᠷᠠᠲᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠡᠮᠬᠢ | ᠵᠢᠷᠤᠮ ᠲᠠᠢ ᠶᠠᠪᠤᠭᠳᠠᠵᠤ ᠪᠠᠶᠢᠨ᠎ᠠ᠃ ᠵᠦᠩ ᠶᠤᠸᠠᠨ ᠵᠣᠴᠢᠳ ᠤᠨ ᠪᠠᠭᠤᠳᠠᠯ ᠵᠢᠩᠬᠢᠨᠢ ᠪᠠᠷ ᠡᠵᠡᠩᠨᠡᠯᠲᠡ ᠳᠤ | ᠣᠷᠣᠵᠤ᠂ ᠬᠡᠭᠡᠷ᠎ᠡ ᠲᠠᠯ᠎ᠠ ᠶᠢᠨ ᠬᠡᠭᠡᠨᠴᠢᠷ ᠮᠠᠶᠢᠬᠠᠨ᠂ ᠬᠠᠷ᠎ᠠ ᠪᠠᠶᠢᠰᠢᠩ ᠤᠨ ᠠᠷᠠᠳ ᠤᠨ ᠣᠷᠣᠨ ᠰᠠᠭᠤᠴᠠ ᠶᠢᠨ | ᠲᠦᠷᠦᠯ ᠲᠡᠮᠳᠡᠭ ᠢ ᠦᠷᠭᠦᠯᠵᠢᠯᠡᠨ ᠬᠦᠴᠦᠷᠬᠡᠭᠵᠢᠭᠦᠯᠪᠡ᠃ ᠪᠥᠬᠦ ᠬᠤᠰᠢᠭᠤᠨ ᠤ ᠪᠥᠬᠦ ᠵᠢᠯ ᠳᠤ 205 ᠲᠦᠮᠡᠨ | ᠵᠤᠭᠠᠴᠠᠭᠰᠠᠳ ᠢ ᠭᠥᠯᠢᠶᠡᠨ ᠠᠪᠴᠤ᠂ 8.57 ᠳ᠋ᠦᠩᠰᠢᠭᠤᠷ ᠲᠥᠭᠦᠷᠢᠭ ᠤᠨ ᠵᠤᠭᠠᠴᠠᠯ ᠤᠨ ᠣᠷᠣᠯᠭ᠎ᠠ ᠶᠢ | ᠪᠡᠶᠡᠯᠡᠭᠦᠯᠪᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠨᠡᠭᠡᠭᠡᠯᠲᠡ ᠶᠢᠨ ᠭᠦᠭᠵᠢᠯᠲᠡ ᠶᠢ ᠲᠦᠷᠭᠡᠳᠬᠡᠨ᠂ | 11 ᠰᠠᠷ᠎ᠠ ᠶᠢᠨ ᠰᠡᠭᠦᠯᠴᠢ ᠪᠣᠯᠲᠠᠯ᠎ᠠ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ 3.2 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33.9% ᠪᠠᠷ ᠨᠡᠮᠡᠭᠳᠡᠪᠡ᠃ | ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠲᠤᠭ᠎ᠠ 2472.35 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 90% ᠨᠡᠮᠡᠭᠳᠡᠵᠡᠶ᠃ ᠭᠠᠳᠠᠭᠠᠳᠤ ᠠᠷᠠᠯᠵᠢᠶᠠᠨ ᠤ ᠠᠵᠢᠯ ᠢ ᠡᠮᠬᠢ ᠵᠢᠷᠤᠮ ᠲᠠᠢ ᠪᠠᠷ | ᠲᠦᠯᠬᠢᠨ ᠠᠬᠢᠭᠤᠯᠵᠤ᠂ ᠳ᠋ᠢᠩ ᠴᠧᠩ ᠰᠤᠪᠤᠳ ᠡᠷᠳᠡᠨᠢ ᠶᠢᠨ ᠠᠵᠤ ᠦᠢᠯᠡᠰ ᠤᠨ ᠬᠦᠷᠢᠶᠡᠯᠡᠩ᠂ ᠰᠢᠵᠢᠷ ᠠᠯᠲᠠᠨ | ᠴᠠᠭ ᠤᠨ ᠦᠢᠯᠡᠳᠪᠦᠷᠢᠯᠡᠯ ᠤᠨ ᠲᠠᠰᠤᠭ ᠤᠨ ᠦᠨᠳᠦᠰᠦᠨ ᠪᠦᠳᠦᠭᠡᠨ ᠪᠠᠶᠢᠭᠤᠯᠤᠯᠲᠠ ᠶᠢ ᠨᠢᠭᠡᠨᠲᠡ ᠪᠡᠶᠡᠯᠡᠭᠦᠯᠪᠡ᠃ | ᠢ ᡁᠢ ᠶᠢᠨ ᠦᠨᠳᠦᠰᠦᠲᠡᠨ ᠤ ᠬᠤᠪᠴᠠᠰᠤ ᠵᠠᠰᠠᠯ ᠢᠶᠠᠷ ᠤᠷᠤᠰ ᠲᠠᠢ 5700 ᠰᠢᠷᠬᠡᠭ ᠰᠢᠷᠠᠭᠳᠠᠬᠤ ᠠᠴᠠ | ᠰᠡᠷᠭᠡᠶᠢᠯᠡᠬᠦ ᠬᠤᠪᠴᠠᠰᠤ ᠶᠢ ᠭᠠᠳᠠᠭᠠᠳᠤ ᠳᠤ ᠭᠠᠷᠭᠠᠬᠤ ᠭᠡᠷ᠎ᠡ ᠲᠣᠭᠲᠠᠪᠠ᠃ ᠢ ᠶᠤᠸᠠᠨ ᠮᠠᠯ ᠠᠵᠤ ᠠᠬᠤᠶ ᠶᠢᠨ | ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠵᠡᠩᠨᠡᠯᠲᠡ ᠶᠢᠨ ᠬᠢᠷᠢ | ᠬᠡᠮ ᠢ ᠳᠠᠩᠰᠠᠯᠠᠭᠤᠯᠬᠤ ᠭᠠᠷ ᠭᠦᠢᠴᠡᠳᠬᠡᠯ ᠢ ᠨᠢᠭᠡᠨᠲᠡ ᠭᠦᠢᠴᠡᠭᠡᠪᠡ ᠃ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠶ ᠦᠳᠲᠡᠷ ᠲᠦᠷᠭᠡᠨ ᠬᠥᠭᠵᠢᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 18778 ᠪᠣᠯᠵᠣ᠂ | ᠠᠳᠠᠯᠢ ᠬᠤᠭᠤᠴᠠᠭᠠᠨ ᠤ ᠬᠢ ᠠᠴᠠ 19.86% ᠪᠠᠷ ᠨᠡᠮᠡᠭᠳᠡᠪᠡ᠃ ᠬᠤᠪᠢ ᠶᠢᠨ ᠡᠵᠡᠩᠨᠡᠯᠲᠡ ᠶᠢᠨ ᠠᠵᠤ | ᠠᠬᠤᠶᠢᠯᠠᠯ 5682 ᠪᠤᠯᠵᠤ᠂ ᠠᠳᠠᠯᠢ ᠬᠤᠭᠤᠴᠠᠭᠠᠨ ᠤ ᠬᠢ ᠠᠴᠠ 12.85% ᠨᠡᠮᠡᠭᠳᠡᠪᠡ᠃ | ︵ᠲᠠᠪᠤ︶ ᠠᠵᠤ ᠠᠬᠤᠶᠢᠯᠠᠯ ᠤᠨ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠵᠤ᠂ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠪᠠ ᠴᠢᠬᠤᠯᠠ ᠶᠡᠭᠡ ᠵᠦᠢᠯᠡᠰ ᠤᠨ ᠪᠦᠳᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ | ᠤᠯᠪᠠ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠲᠠᠰᠤᠷᠠᠯᠲᠠ ᠥᠬᠡᠶ ᠰᠢᠯᠢᠳᠡᠭᠵᠢᠪᠡ᠃ ᠵᠠᠰᠠᠭ ᠤᠨ ᠶᠠᠪᠤᠳᠠᠯ ᠤᠨ | ᠣᠷᠴᠢᠨ ᠨᠥᠬᠦᠴᠡᠯ ᠢ ᠦᠷᠭᠦᠯᠵᠢᠯᠡᠨ ᠳᠡᠭᠡᠭᠰᠢᠯᠡᠭᠦᠯᠵᠦ᠂ 34 ᠰᠠᠯᠠᠭ᠎ᠠ ᠮᠥᠴᠢᠷ᠂ 753 ᠵᠦᠢᠯ ᠤᠨ ᠤᠴᠢᠷ | ᠶᠠᠪᠤᠳᠠᠯ ᠢ 100% ᠪᠠᠷ ᠲᠢᠩᠬᠢᠮ ᠳᠤ ᠣᠷᠣᠭᠤᠯᠤᠨ ᠰᠢᠢᠳᠪᠦᠷᠢᠯᠡᠬᠦ ᠶᠢ ᠪᠡᠶᠡᠯᠡᠭᠦᠯᠵᠦ᠂ ︽ᠲᠦᠷᠪᠡ ᠶᠢ | ᠰᠢᠢᠳᠪᠦᠷᠢᠯᠡᠬᠦ︾ ᠠᠵᠢᠯ ᠢ ᠪᠦᠬᠦ ᠲᠠᠯ᠎ᠠ ᠪᠠᠷ ᠭᠦᠨᠵᠡᠭᠡᠶᠢᠷᠡᠭᠦᠯᠪᠡ᠃ ᠬᠤᠯᠪᠣᠭᠠᠯᠠᠨ ᠱᠠᠩᠨᠠᠵᠤ ᠲᠣᠷᠭᠠᠬᠤ | ᠲᠣᠭᠲᠠᠴᠠ ᠶᠢ ᠪᠦᠲᠦᠮᠵᠢᠲᠡᠶ ᠪᠠᠳᠠᠷᠠᠭᠤᠯᠵᠤ᠂ ᠨᠡᠶᠢᠲᠡ 204 ᠤᠯᠠᠭᠠᠨ ᠬᠠᠷ᠎ᠠ ᠲᠠᠩᠰᠠᠨ ᠳᠠᠬᠢ ᠠᠵᠤ ᠠᠬᠤᠶᠢᠯᠠᠯ ᠢ | ᠢᠯᠡ ᠪᠠᠷ ᠨᠡᠶᠢᠲᠡᠯᠡᠪᠡ᠃ ᠥᠪᠥᠷ ᠮᠣᠩᠭᠤᠯ ᠤᠨ ᠠᠵᠤ ᠠᠬᠤᠶᠢᠯᠠᠯ ᠤᠨ ᠨᠡᠪᠲᠡᠷᠡᠯᠭᠡ ᠶᠢᠨ ᠲᠠᠪᠴᠠᠩ ᠤᠨ | ᠳᠠᠩᠰᠠᠯᠠᠬᠤ ᠠᠵᠢᠯ ᠢ ᠤᠷᠤᠭᠰᠢᠲᠠᠶ ᠠᠬᠢᠭᠤᠯᠵᠤ᠂ ᠳᠠᠩᠰᠠᠯᠠᠭᠤᠯᠤᠭᠰᠠᠨ ᠠᠵᠤ ᠠᠬᠤᠶᠢᠯᠠᠯ ᠢ ᠵᠢᠷᠭᠤᠭᠠᠨ ᠮᠢᠩᠭ᠎ᠠ | ᠣᠷᠴᠢᠮ ᠳᠤ ᠬᠦᠷᠦᠭᠦᠯᠦᠨ᠎ᠡ᠃ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠬᠠᠨᠳᠤᠯᠭ᠎ᠠ ᠲᠠᠢ ᠪᠠᠷ ᠦᠢᠯᠡᠴᠢᠯᠡᠬᠦ | ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ 5000 ᠰᠢᠬᠠᠮ ᠬᠤᠰᠢᠭᠤ ᠰᠢᠶᠠᠨ ᠤ ᠤᠳᠤᠷᠢᠳᠬᠤ ᠺᠠᠳ᠋ᠷ ᠪᠣᠯᠤᠨ | 300 ᠭᠠᠷᠤᠶ ᠠᠶᠢᠮᠠᠭ ᠤᠨ ᠰᠢᠭᠤᠳ ᠬᠠᠷᠢᠶᠠᠲᠦ ᠪᠠᠶᠢᠭᠤᠯᠭ᠎ᠠ ᠤᠳᠤᠷᠢᠳᠬᠤ ᠺᠠᠳ᠋ᠷ ᠬᠠᠨᠳᠤᠯᠭ᠎ᠠ ᠲᠠᠢ ᠪᠠᠷ | ᠦᠢᠯᠡᠴᠢᠯᠡᠬᠦ ᠠᠵᠢᠯ ᠳᠤ ᠣᠷᠣᠯᠴᠠᠵᠤ᠂ ᠲᠦᠮᠡ ᠭᠠᠷᠤᠶ ᠠᠵᠤ ᠠᠬᠤᠶᠢᠯᠠᠯ ᠳᠤ ᠦᠢᠯᠡᠴᠢᠯᠡᠪᠡ᠃ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠪᠥᠬᠦ ᠵᠢᠯ ᠳᠤ 58 ᠬᠤᠳᠠᠯᠳᠤᠭᠠᠴᠢᠨ | ᠤᠷᠢᠬᠤ ᠲᠥᠷᠥᠯ ᠵᠦᠢᠯ ᠢ ᠣᠷᠣᠭᠤᠯᠤᠨ ᠠᠪᠴᠢᠷᠠᠵᠤ᠂ 54.8 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ | ᠪᠣᠳᠠᠲᠠᠶᠢᠵᠢᠭᠤᠯᠵᠤ᠂ 3 ᠳ᠋ᠦᠩᠰᠢᠭᠤᠷ ᠲᠥᠭᠦᠷᠢᠭ ᠠᠴᠠ ᠳᠠᠪᠠᠭᠤᠯᠤᠨ ᠵᠢᠯ ᠤᠨ ᠡᠬᠢᠨ ᠤ ᠲᠣᠭᠲᠠᠭᠰᠠᠨ | ᠬᠠᠷᠠᠯᠲᠠ ᠪᠠᠨ ᠪᠡᠶᠡᠯᠡᠭᠦᠯᠪᠡ᠃ ᠴᠢᠬᠤᠯᠠ ᠶᠡᠭᠡ ᠵᠦᠢᠯᠡᠰ ᠤᠨ ᠪᠦᠳᠦᠭᠡᠨ ᠪᠠᠶᠢᠭᠤᠯᠤᠯᠲᠠ ᠡᠮᠬᠢ ᠵᠢᠷᠤᠮ ᠲᠠᠢ ᠪᠠᠷ | ᠠᠬᠢᠪᠠ᠃ ᠪᠥᠬᠦ ᠵᠢᠯ ᠳᠤ 36 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ ᠠᠵᠢᠯ ᠡᠬᠢᠯᠡᠭᠦᠯᠦᠭᠰᠡᠨ ᠪᠠ | ᠰᠡᠷᠭᠦᠭᠡᠭᠰᠡᠨ ᠨᠣᠷᠮ᠎ᠠ ᠶᠢ 100% ᠳᠤ ᠬᠦᠷᠭᠡᠵᠦ᠂ ᠵᠢᠱᠢᠯᠲᠡ ᠪᠠᠷ 49 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠵᠦ᠂ ᠭᠦᠢᠴᠡᠳᠬᠡᠯ ᠲᠤᠭ᠎ᠠ ᠶᠢᠨ ᠡᠭᠦᠷᠭᠡ ᠶᠢ ᠳᠠᠪᠠᠭᠤᠯᠤᠨ ᠪᠡᠶᠡᠯᠡᠭᠦᠯᠦᠨ᠎ᠡ᠃ | ︵ᠵᠢᠷᠭᠤᠭ᠎ᠠ︶ ᠬᠤᠲᠠ ᠬᠥᠳᠡᠭᠡ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠲᠦᠷᠭᠡᠨ ᠳᠡᠭᠡᠭᠰᠢᠯᠡᠭᠦᠯᠵᠦ᠂ | ᠬᠥᠭᠵᠢᠯᠲᠡ ᠶᠢᠨ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ | ᠬᠤᠳᠠ ᠶᠢᠨ ᠴᠢᠳᠠᠮᠵᠢ ᠪᠠ ᠴᠢᠨᠠᠷ ᠴᠢᠨᠰᠠᠭ᠎ᠠ ᠪᠦᠬᠦ ᠲᠠᠯ᠎ᠠ ᠪᠠᠷ ᠲᠡᠪᠰᠢᠪᠡ᠃ ᠬᠤᠲᠠ ᠪᠠᠯᠭᠠᠰᠤ ᠵᠢᠴᠢ ᠭᠤᠤᠯ | ᠪᠣᠯᠬᠤ ᠵᠠᠮ ᠤᠨ ᠠᠭᠤᠯᠵᠠᠷ ᠤᠨ ᠨᠣᠭᠤᠭᠠᠷᠠᠭᠤᠯᠤᠯᠲᠠ ᠶᠢᠨ ᠲᠠᠯᠠᠪᠠᠶ ᠶᠢ 43.16 ᠲᠦᠮᠡᠨ ᠲᠡᠭᠰᠢ ᠳᠥᠷᠪᠡᠯᠵᠢᠨ | ᠮᠧᠲᠷ ᠪᠡᠶᠡᠯᠡᠭᠦᠯᠵᠦ᠂ 0.68 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ 8 ᠵᠦᠢᠯ | ᠤᠨ ᠬᠤᠲᠠ ᠶᠢᠨ ᠶᠠᠪᠤᠳᠠᠯ ᠤᠨ ᠵᠡᠭᠡᠯᠢ ᠭᠤᠳᠤᠮᠵᠢ ᠶᠢᠨ ᠢᠨᠵᠧᠨᠧᠷᠢᠩ ᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ | 0.46 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠰᠢᠤᠸᠠᠨ ᠬᠤᠸᠠ ᠵᠠᠮ᠂ | ᠬᠤᠷᠴᠢᠨ ᠵᠡᠭᠡᠯᠢ ᠶᠢ ᠵᠡᠭᠦᠨᠰᠢ ᠦᠷᠭᠦᠯᠵᠢᠯᠡᠭᠦᠯᠬᠦ ᠵᠡᠷᠭᠡ 4 ᠵᠤᠷᠪᠤᠰ ᠬᠤᠲᠠ ᠶᠢᠨ ᠶᠠᠪᠤᠳᠠᠯ ᠤᠨ ᠵᠠᠮ ᠤᠨ ᠲᠡᠷᠭᠡ | ᠨᠡᠪᠲᠡᠷᠡᠬᠦ ᠶᠢ ᠪᠡᠶᠡᠯᠡᠭᠦᠯᠵᠦ᠂ ᠸᠧᠶ ᠪᠠ ᠵᠡᠭᠡᠯᠢ᠂ ᠳ᠋ᠠᠱᠢᠵᠠᠢ ᠵᠡᠭᠡᠯᠢ ᠵᠡᠷᠭᠡ 4 ᠵᠤᠷᠪᠤᠰ ᠬᠤᠲᠠ ᠶᠢᠨ ᠶᠠᠪᠤᠳᠠᠯ ᠤᠨ | ᠵᠠᠮ ᠤᠨ ᠢᠨᠵᠧᠨᠧᠷᠢᠩ ᠢ ᠡᠮᠬᠢ ᠵᠢᠷᠤᠮ ᠲᠠᠢ ᠠᠬᠢᠭᠤᠯᠪᠠ᠃ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ | ᠳᠤᠲᠠᠭᠤᠳᠠᠯ ᠢ ᠨᠥᠬᠦᠪᠥᠷᠢᠯᠡᠬᠦ ᠡᠷᠴᠢᠮ ᠢ ᠴᠢᠩᠭᠠᠷᠠᠭᠤᠯᠵᠤ᠂ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠢ 3. | 7 ᠺᠢᠯᠣᠮᠧᠲᠷ᠂ ᠪᠣᠬᠢᠷ ᠤᠰᠤᠨ ᠤ ᠬᠤᠭᠤᠯᠠᠶ ᠶᠢᠨ ᠲᠣᠤᠷ ᠢ 2.13 ᠺᠢᠯᠣᠮᠧᠲᠷ᠂ ᠤᠰᠤ ᠬᠠᠩᠭᠠᠬᠤ | ᠬᠤᠭᠤᠯᠠᠶ ᠶᠢᠨ ᠲᠣᠤᠷ ᠢ 2.15 ᠺᠢᠯᠣᠮᠧᠲᠷ ᠰᠢᠨ᠎ᠡ ᠪᠠᠷ ᠪᠠᠶᠢᠭᠤᠯᠵᠤ᠂ ᠢᠯᠴᠢ ᠬᠠᠩᠭᠠᠬᠤ ᠬᠤᠭᠤᠯᠠᠶ ᠶᠢᠨ | ᠲᠣᠤᠷ ᠢ 11.2 ᠺᠢᠯᠣᠮᠧᠲᠷ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ᠂ 70 ᠭᠠᠷᠤᠶ ᠲᠦᠮᠡᠨ ᠲᠡᠭᠰᠢ | ᠳᠥᠷᠪᠡᠯᠵᠢᠨ ᠮᠧᠲᠷ ᠤᠨ ᠣᠷᠣᠨ ᠪᠦᠰᠡ ᠶᠢᠨ ᠢᠯᠴᠢ ᠬᠠᠩᠭᠠᠬᠤ ᠰᠢᠰᠲ᠋ᠧᠮ ᠢ ᠰᠢᠯᠢᠳᠡᠭᠵᠢᠭᠦᠯᠦᠨ | ᠳᠡᠭᠡᠭᠰᠢᠯᠡᠭᠦᠯᠦᠨ᠎ᠡ᠃ ᠪᠥᠬᠦ ᠵᠢᠯ ᠳᠤ ᠬᠤᠲᠠ ᠶᠢᠨ ᠲᠣᠭᠤᠷᠢᠭ ᠤᠨ ᠤᠰᠤ ᠬᠠᠩᠭᠠᠬᠤ ᠶᠡᠷᠦᠩᠬᠡᠶ ᠬᠡᠮᠵᠢᠶ᠎ᠡ 530 | ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠬᠤᠭᠤᠯᠠᠶ ᠲᠣᠤᠷ ᠤᠨ ᠤᠰᠤᠨ ᠤ ᠴᠢᠨᠠᠷ ᠤᠨ ᠶᠡᠷᠦᠩᠬᠡᠶ | ᠬᠢᠷᠢ ᠲᠡᠩᠴᠡᠭᠰᠡᠨ ᠨᠣᠷᠮ᠎ᠠ 100% ᠳᠤ ᠬᠥᠷᠪᠡ᠃ ᠪᠥᠬᠦ ᠵᠢᠯ ᠳᠤ ᠨᠡᠶᠢᠲᠡ 490 ᠲᠦᠮᠡᠨ ᠪᠣᠰᠤᠭ᠎ᠠ | ᠳᠥᠷᠪᠡᠯᠵᠢᠨ ᠮᠧᠲᠷ ᠤᠨ ᠪᠣᠬᠢᠷ ᠤᠰᠤ ᠶᠢ ᠰᠢᠢᠳᠪᠦᠷᠢᠯᠡᠵᠦ᠂ ᠪᠥᠬᠦ ᠬᠤᠰᠢᠭᠤᠨ ᠤ ᠭᠤᠤᠯ ᠪᠣᠯᠬᠤ ᠪᠣᠬᠢᠷᠲᠤᠯ | ᠪᠣᠳᠠᠰ ᠢ ᠭᠠᠳᠠᠭᠰᠢᠯᠠᠭᠤᠯᠬᠤ ᠬᠠᠷᠠᠯᠲᠠ ᠶᠢ ᠪᠡᠶᠡᠯᠡᠭᠦᠯᠪᠡ᠃ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ | ᠦᠢᠯᠡᠰ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠵᠦ᠂ ᠪᠥᠬᠦ ᠵᠢᠯ ᠤᠨ ᠬᠡᠷ ᠪᠠᠶᠢᠰᠢᠩ ᠭᠠᠵᠠᠷ ᠰᠢᠷᠣᠶ ᠶᠢᠨ | ᠬᠥᠷᠥᠩᠭᠡ ᠶᠢᠨ ᠨᠡᠭᠡᠭᠡᠨ ᠬᠥᠭᠵᠢᠭᠦᠯᠦᠭᠰᠡᠨ ᠲᠠᠯᠠᠪᠠᠶ 59.4 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ | ᠠᠷᠠᠯᠵᠢᠶ᠎ᠠ ᠪᠦᠲᠦᠭᠰᠡᠨ ᠲᠠᠯᠠᠪᠠᠶ 54.8 ᠲᠦᠮᠡᠨ ᠲᠡᠭᠰᠢ ᠳᠥᠷᠪᠡᠯᠵᠢᠨ ᠮᠧᠲᠷ ᠲᠤ ᠬᠥᠷᠪᠡ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠣᠭᠲᠠᠭᠤᠨ ᠢᠶᠠᠷ ᠲᠦᠯᠬᠢᠨ ᠠᠬᠢᠭᠤᠯᠪᠠ ᠃ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠶᠡᠬᠡᠪᠡᠷ | ᠥᠷᠨᠢᠭᠦᠯᠵᠦ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠦᠷᠭᠦᠯᠵᠢᠯᠡᠨ ᠳᠡᠭᠡᠭᠰᠢᠯᠡᠭᠦᠯᠪᠡ᠃ ᠪᠡᠭᠡᠵᠢᠩ ᠥᠪᠥᠷ | ᠮᠣᠩᠭᠤᠯ ᠤᠨ ᠬᠠᠪᠰᠤᠷᠤᠨ ᠲᠡᠳᠬᠦᠬᠦ ᠪᠠᠷ ᠬᠦᠴᠦᠯᠡᠬᠦ ᠴᠡᠭ ᠪᠣᠯᠭᠠᠵᠤ᠂ ᠥᠨᠳᠥᠷ ᠪᠠᠷᠢᠮᠵᠢᠶ᠎ᠠ ᠪᠠᠷ ︽ᠡᠮᠦᠨᠡᠳᠦ | ᠬᠤᠰᠢᠭᠤ · ᠬᠠᠶᠢᠳᠢᠶᠠᠨ︾ ᠤᠯᠠᠭ᠎ᠠ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ 8606 | ᠲᠦᠮᠡᠨ ᠲᠥᠭᠦᠷᠢᠭ ᠤᠨ ᠬᠠᠮᠵᠢᠯᠴᠠᠭᠠᠨ ᠤ ᠪᠠᠯᠠ ᠮᠥᠩᠭᠦ ᠣᠷᠣᠭᠤᠯᠤᠨ᠂ ᠤᠯᠠᠭᠠᠨᠮᠤᠳᠤ ᠶᠢᠨ ᠠᠮᠢ ᠠᠬᠤᠶ ᠶᠢᠨ | ᠵᠢᠭᠤᠯᠴᠢᠯᠠᠯ ᠤᠨ ᠵᠢᠵᠢᠭ ᠪᠠᠯᠭᠠᠰᠤ ᠵᠡᠷᠭᠡ 30 ᠲᠥᠷᠥᠯ ᠵᠦᠢᠯ ᠢ ᠬᠡᠷᠡᠭᠵᠢᠭᠦᠯᠪᠡ ᠃ 2.76 ᠳ᠋ᠦᠩᠰᠢᠭᠤᠷ | ᠲᠥᠭᠦᠷᠢᠭ ᠤᠨ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠭᠰᠠᠨ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ᠂ | ᠬᠦᠷᠢᠶᠡᠨ ᠤ ᠠᠵᠤ ᠠᠬᠤᠶ᠂ ᠠᠵᠤ ᠦᠢᠯᠡᠰ ᠤᠨ ᠬᠥᠭᠵᠢᠯᠲᠡ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ᠂ | ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ 73 ᠲᠥᠷᠥᠯ ᠵᠦᠢᠯ ᠢ ᠬᠡᠷᠡᠭᠵᠢᠭᠦᠯᠪᠡ᠃ ᠬᠤᠷᠴᠢᠨ ᠪᠠᠯᠭᠠᠰᠤ ᠶᠢᠨ | ᠫᠢᠩ ᠠᠨ ᠲᠣᠰᠬᠤᠨ ᠤ ᠤᠰᠤ ᠬᠠᠩᠭᠠᠬᠤ ᠤᠰᠤ ᠵᠠᠯᠠᠬᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠵᠦ᠂ ᠪᠥᠬᠦ ᠠᠶᠢᠮᠠᠭ ᠲᠤ ᠭᠠᠴᠠᠭ᠎ᠠ ᠲᠣᠰᠬᠤᠨ ᠤ ᠤᠰᠤ ᠬᠠᠩᠭᠠᠬᠤ ᠤᠰᠤ ᠵᠠᠯᠠᠬᠤ ᠶᠢ ᠨᠢᠭᠡ | ᠴᠣᠭᠴᠠᠵᠢᠭᠤᠯᠬᠤ ᠶᠢ ᠤᠷᠢᠳᠠᠪᠠᠷ ᠪᠡᠶᠡᠯᠡᠭᠦᠯᠦᠨ᠎ᠡ᠃ ᠵᠢᠷᠦᠬᠡᠨ ᠪᠠᠯᠭᠠᠰᠤᠨ ᠤ ᠬᠤᠩ ᠰᠢᠨ ᠲᠣᠰᠬᠤᠨ ᠤ ᠴᠡᠪᠡᠷ | ᠡᠨᠧᠷᠭᠢ ᠶᠢᠨ ᠳᠤᠯᠠᠭᠠᠯᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 5.2 | ᠲᠦᠮᠡᠨ ᠭᠷᠠᠳᠦ᠋ᠰ ᠲᠤ ᠬᠦᠷᠭᠡᠨ᠎ᠡ ᠃ ᠠᠮᠢ ᠠᠬᠤᠶ ᠶᠢᠨ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠪᠠ᠃ ᠬᠥᠬᠡ | ᠣᠭᠲᠠᠷᠭᠤᠶ᠂ ᠴᠡᠩᠬᠡᠷ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠪᠠᠶᠢᠯᠳᠤᠭᠠᠨ ᠢ ᠭᠦᠨᠵᠡᠭᠡᠶ ᠠᠬᠢᠭᠤᠯᠵᠤ᠂ 67 | ᠲᠣᠰᠣ ᠨᠡᠮᠡᠬᠦ ᠥᠷᠲᠡᠭᠡ ᠶᠢᠨ ᠲᠣᠰᠣ ᠬᠡᠶ ᠶᠢ ᠬᠤᠷᠢᠶᠠᠨ ᠠᠪᠴᠤ ᠵᠠᠰᠠᠬᠤ ᠶᠢ ᠪᠡᠶᠡᠯᠡᠭᠦᠯᠵᠦ᠂ ᠣᠶ ᠰᠢᠭᠤᠶ | ᠡᠪᠡᠰᠦᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ 24 ᠲᠦᠮᠡᠨ ᠮᠥ ᠪᠡᠶᠡᠯᠡᠭᠦᠯᠦᠨ᠎ᠡ᠃ | ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ | 100% ᠳᠤ ᠬᠦᠷᠭᠡᠵᠦ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ | 97% ᠳᠤ ᠬᠦᠷᠭᠡᠨ᠎ᠡ᠃ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ | ᠬᠢᠨᠠᠮᠠᠭᠠᠶ ᠨᠠᠶᠢᠳᠠᠪᠤᠷᠢᠵᠢᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠲᠥᠷᠥᠯ ᠬᠤᠪᠢᠶᠠᠨ | ᠡᠮᠬᠢᠯᠡᠵᠦ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠠᠮᠢ ᠠᠬᠤᠶ ᠶᠢᠨ ᠣᠷᠴᠢᠨ | ᠲᠣᠭᠤᠷᠢᠨ᠂ ᠪᠠᠶᠢᠭᠠᠯᠢ ᠶᠢᠨ ᠠᠮᠢ ᠠᠬᠤᠶ ᠶᠢᠨ ᠣᠷᠴᠢᠨ ᠲᠣᠭᠤᠷᠢᠨ ᠵᠡᠷᠭᠡ 27 ᠠᠰᠠᠭᠤᠳᠠᠯ ᠢ ᠪᠠᠶᠢᠴᠠᠭᠠᠨ | ᠳᠡᠯᠭᠡᠵᠦ᠂ ᠣᠲᠣ ᠪᠣᠯᠲᠠᠯ᠎ᠠ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ | ︵ᠳᠣᠯᠤᠭ᠎ᠠ︶ ᠨᠡᠶᠢᠭᠡᠮ ᠤᠨ ᠠᠵᠢᠯ ᠦᠢᠯᠡᠰ ᠪᠥᠬᠦ ᠲᠠᠯ᠎ᠠ ᠪᠠᠷ ᠳᠡᠪᠰᠢᠵᠦ᠂ ᠵᠣᠯ ᠵᠢᠷᠭᠠᠯ ᠤᠨ ᠵᠢᠭᠠᠯᠲᠠ | ᠲᠤᠭ᠎ᠠ ᠪᠥᠬᠦ ᠲᠠᠯ᠎ᠠ ᠪᠠᠷ ᠳᠡᠭᠡᠭᠰᠢᠯᠡᠪᠡ | ᠨᠡᠶᠢᠭᠡᠮ ᠤᠨ ᠦᠢᠯᠡᠰ ᠴᠡᠴᠡᠭᠯᠡᠨ ᠬᠥᠭᠵᠢᠪᠡ᠃ ᠳᠥᠷᠪᠡᠳᠦᠭᠡᠷ ᠬᠡᠦᠬᠡᠳ ᠤᠨ ᠴᠡᠴᠡᠷᠯᠢᠭ᠂ ᠰᠣᠯᠣᠨ | ᠮᠠᠯᠵᠢᠯ ᠤᠨ ᠲᠠᠯᠠᠪᠠᠢ ᠶᠢᠨ ᠲᠠᠪᠤᠳᠤᠭᠠᠷ ᠰᠤᠮᠤᠨ ᠤ ᠪᠠᠭ᠎ᠠ ᠰᠤᠷᠭᠠᠭᠤᠯᠢ ᠪᠣᠯᠤᠨ ᠨᠢᠭᠡᠳᠦᠭᠡᠷ ᠪᠠᠭ᠎ᠠ | ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠡᠷᠦᠩᠬᠡᠶᠢᠯᠡᠭᠰᠡᠨ ᠠᠰᠠᠷ ᠢ ᠠᠰᠢᠭᠯᠠᠯᠲᠠ ᠳᠤ ᠣᠷᠣᠭᠤᠯᠵᠤ᠂ ᠨᠢᠭᠡᠳᠦᠭᠡᠷ | ᠪᠠᠭ᠎ᠠ ᠰᠤᠷᠭᠠᠭᠤᠯᠢ ᠶᠢ ᠥᠭᠡᠷᠡᠴᠢᠯᠡᠨ ᠪᠠᠶᠢᠭᠤᠯᠬᠤ ᠥᠷᠭᠡᠳᠬᠡᠨ ᠪᠠᠶᠢᠭᠤᠯᠬᠤ ᠵᠡᠷᠭᠡ ᠢᠨᠵᠧᠨᠧᠷᠢᠩ ᠤᠨ ᠠᠬᠢᠴᠠ | ᠤᠷᠤᠭᠰᠢᠲᠠᠢ ᠶᠠᠪᠤᠭᠳᠠᠵᠤ᠂ ᠪᠦᠦ ᠮᠧᠨ ᠪᠠᠭᠰᠢ ᠶᠢᠨ ᠡᠷᠭᠢᠯᠲᠡ ᠶᠢᠨ ᠭᠡᠷ ᠵᠡᠷᠭᠡ ᠢᠨᠵᠧᠨᠧᠷᠢᠩ ᠢ ᠨᠢᠭᠡᠨᠲᠡ | ᠳᠣᠲᠣᠭᠠᠳᠤ ᠳᠠᠭᠠᠨ ᠵᠠᠰᠠᠵᠤ ᠴᠢᠮᠡᠭᠯᠡᠵᠦ ᠡᠬᠢᠯᠡᠪᠡ ᠃ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ᠂ ᠵᠢᠷᠦᠬᠡᠨ | ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ᠂ 20 ᠤᠷᠢᠳᠴᠢᠯᠠᠨ | ᠪᠠᠶᠢᠴᠠᠭᠠᠬᠤ ᠪᠠ ᠰᠠᠯᠭᠠᠨ ᠣᠨᠣᠰᠢᠯᠠᠬᠤ ᠳᠤ ᠬᠡᠷᠡᠭᠯᠡᠬᠦ ᠬᠡᠷ ᠵᠢᠴᠢ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ | ᠲᠥᠪ ᠤᠨ ᠰᠢᠨ᠎ᠡ ᠪᠠᠷ ᠪᠠᠶᠢᠭᠤᠯᠤᠭᠰᠠᠨ ᠬᠡᠭᠡᠷ᠎ᠡ ᠶᠢᠨ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠥᠷᠲᠡᠭᠡ ᠶᠢ | ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠶᠢᠨ ᠪᠢᠨ ᠢ ᠶᠠᠩ ᠨᠢᠭᠡᠳᠦᠭᠡᠷ ᠬᠤᠭᠤᠴᠠᠭᠠᠨ ᠤ | ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠦ᠂ ᠬᠤᠷᠴᠢᠨ ᠨᠡᠶᠢᠭᠡᠮ ᠲᠤᠭᠤᠷᠢᠭ ᠪᠣᠯᠤᠨ ᠵᠠᠰᠠᠭᠲᠦ ᠨᠡᠶᠢᠭᠡᠮ | ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠦᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠳᠠᠭᠤᠰᠬᠠᠪᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠪᠠ᠃ ᠪᠥᠬᠦ | ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠵᠦ | ᠂ ᠪᠥᠬᠦ ᠠᠵᠢᠯᠲᠠᠨ ᠤ ᠪᠥᠭᠡᠮ ᠬᠦᠴᠢᠯ ᠤᠨ ᠰᠣᠷᠢᠯᠲᠠ ᠶᠢ 36 ᠲᠠᠯᠠᠪᠤᠷ ᠵᠣᠬᠢᠶᠠᠨ ᠪᠠᠶᠢᠭᠤᠯᠵᠤ᠂ ᠨᠡᠶᠢᠲᠡ 45. | 63 ᠲᠦᠮᠡᠨ ᠤᠳᠠᠭ᠎ᠠ ᠰᠢᠨ᠎ᠡ ᠸᠠᠺᠼᠢᠨ ᠢ ᠳᠠᠷᠢᠵᠤ᠂ ᠬᠢᠵᠢᠭ ᠤᠨ ᠪᠠᠶᠢᠳᠠᠯ ᠢ ︽ᠣᠷᠣᠭᠤᠯᠬᠤ ᠥᠬᠡᠶ᠂ | ᠣᠨᠣᠰᠢᠯᠠᠬᠤ ᠥᠬᠡᠶ︾ ᠪᠠᠶᠢᠯᠭᠠᠬᠤ ᠶᠢ ᠪᠡᠶᠡᠯᠡᠭᠦᠯᠪᠡ᠃ ᠠᠷᠠᠳ ᠤᠨ ᠠᠮᠢᠳᠤᠷᠠᠯ ᠤᠨ ᠪᠠᠲᠤᠯᠠᠭ᠎ᠠ ᠡᠷᠡᠰ ᠴᠢᠩᠭ᠎ᠠ | ᠬᠦᠴᠦᠨ ᠲᠠᠢ᠃ ᠬᠤᠲᠠ ᠪᠠᠯᠭᠠᠰᠤᠨ ᠤ 1348 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.09% ᠪᠠᠷ ᠬᠢᠵᠠᠭᠠᠷᠯᠠᠨ᠎ᠠ᠃ ᠪᠥᠬᠦ | ᠬᠤᠰᠢᠭᠤᠨ ᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠨᠠᠰᠤᠵᠢᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ | ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 31 ᠲᠦᠮᠡᠨ ᠬᠥᠮᠦᠨ ᠤᠳᠠᠭ᠎ᠠ ᠳᠤ ᠬᠦᠷᠴᠦ᠂ | ᠵᠢᠯ ᠤᠨ ᠡᠭᠦᠷᠭᠡ ᠪᠠᠨ 100% ᠪᠠᠷ ᠪᠡᠶᠡᠯᠡᠭᠦᠯᠵᠡᠶ᠃ ᠪᠦᠬᠦ ᠵᠢᠯ ᠳᠤ ᠡᠯ᠎ᠡ ᠲᠦᠷᠦᠯ ᠤᠨ ᠠᠪᠤᠷᠠᠨ ᠲᠤᠰᠠᠯᠠᠯᠲᠠ᠂ | ᠨᠥᠬᠦᠪᠥᠷᠢ ᠶᠢᠨ ᠪᠡᠯᠡ ᠮᠥᠩᠭᠦ ᠶᠢ 1.92 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠬᠤᠳᠠ ᠬᠥᠳᠡᠭᠡ ᠶᠢᠨ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠬᠤ | ᠨᠥᠬᠦᠪᠥᠷᠢ ᠶᠢᠨ ᠪᠠᠷᠢᠮᠵᠢᠶ᠎ᠠ ᠶᠢ ᠲᠤᠰ ᠲᠤᠰ 6% ᠪᠠ 5% ᠪᠠᠷ ᠳᠡᠭᠡᠭᠰᠢᠯᠡᠭᠦᠯᠪᠡ᠃ | ᠬᠤᠶᠠᠷ᠂ 2022 ᠣᠨ ᠤ ᠭᠤᠣᠯ ᠪᠣᠯᠬᠤ ᠠᠵᠤ ᠠᠬᠤᠶ ᠶᠢᠨ ᠭᠦᠢᠴᠡᠳᠬᠡᠬᠦ ᠲᠤᠭ᠎ᠠ ᠶᠢᠨ ᠲᠥᠯᠥᠪᠯᠡᠭᠡ | 2022 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ | ᠵᠠᠩᠭᠢᠯᠠᠭ᠎ᠠ ᠶᠢᠨ ᠵᠢᠯ ᠮᠥᠨ᠂ ᠪᠠᠰᠠ ᠴᠤ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠵᠢᠯ ᠮᠥᠨ᠂ | ᠡᠨᠡ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ︵ᠨᠢᠭᠡ︶ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠡᠯ᠎ᠡ ᠬᠤᠭᠤᠴᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠵᠦ᠂ ᠬᠤᠰᠢᠭᠤᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ | ᠬᠥᠭ ᠠᠶᠠᠰ ᠢ ᠪᠠᠷᠢᠮᠲᠠᠯᠠᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠠᠬᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ︽ᠵᠢᠷᠭᠤᠭ᠎ᠠ ᠶᠢ | ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ | ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ︵ᠬᠤᠶᠠᠷ︶ ᠭᠤᠣᠯ ᠵᠢᠱᠢᠭᠰᠡᠨ ᠬᠠᠷᠠᠯᠲᠠ | — ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ ᠠᠳᠠᠯᠢ ᠬᠤᠭᠤᠴᠠᠭᠠᠨ ᠤ ᠬᠢ ᠠᠴᠠ | 6% ᠤᠷᠴᠢᠮ ᠨᠡᠮᠡᠭᠳᠡᠭᠦᠯᠦᠨ᠎ᠡ ᠃ | — ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠦᠷᠳᠡᠭ ᠢ | ᠠᠳᠠᠯᠢ ᠬᠤᠭᠤᠴᠠᠭᠠᠨ ᠤ ᠬᠢ ᠠᠴᠠ 100% ᠤᠷᠴᠢᠮ ᠨᠡᠮᠡᠭᠳᠡᠭᠦᠯᠦᠨ᠎ᠡ ᠃ | — ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠶᠢ ᠠᠳᠠᠯᠢ | ᠬᠤᠭᠤᠴᠠᠭᠠᠨ ᠤ ᠬᠢ ᠠᠴᠠ 9% ᠤᠷᠴᠢᠮ ᠨᠡᠮᠡᠭᠳᠡᠭᠦᠯᠦᠨ᠎ᠡ᠃ | — ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠠᠳᠠᠯᠢ | ᠬᠤᠭᠤᠴᠠᠭᠠᠨ ᠤ ᠬᠢ ᠠᠴᠠ ᠲᠣᠰ ᠲᠣᠰ 11% ᠪᠠ 13% ᠤᠷᠴᠢᠮ ᠨᠡᠮᠡᠭᠳᠡᠭᠦᠯᠦᠨ᠎ᠡ ᠃ | — ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ ᠠᠳᠠᠯᠢ | ᠬᠤᠭᠤᠴᠠᠭᠠᠨ ᠤ ᠬᠢ ᠠᠴᠠ 10% ᠠᠴᠠ ᠳᠡᠭᠡᠭᠰᠢ ᠨᠡᠮᠡᠭᠳᠡᠭᠦᠯᠦᠨ᠎ᠡ ᠃ | — ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.5% ᠶᠢᠨ | ᠳᠣᠲᠣᠷ᠎ᠠ ᠬᠢᠵᠠᠭᠠᠷᠯᠠᠨ᠎ᠠ᠃ | ᠭᠤᠷᠪᠠ᠂ 2022 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠭᠤᠣᠯᠳᠠᠯᠭ᠎ᠠ ᠲᠠᠢ ᠠᠵᠢᠯ | ᠲᠥᠯᠥᠭᠡᠯᠡᠭᠴᠢᠳ ᠡ᠂ 2021 ᠣᠨ ᠳᠤ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ | ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠱᠠᠲᠤ ᠦᠶ᠎ᠡ ᠶᠢᠨ ᠴᠢᠨᠠᠷᠲᠠᠶ | ᠢᠯᠠᠯᠲᠠ ᠤᠯᠪᠠ᠃ ᠡᠭᠦᠨ ᠤ ᠬᠠᠮᠲᠤ ᠪᠢᠳᠡ ᠪᠠᠰᠠ ᠭᠠᠳᠠᠭᠠᠳᠤ ᠳᠠᠷᠤᠯᠲᠠ ᠪᠠ ᠥᠪᠡᠷ ᠤᠨ ᠪᠡᠶ᠎ᠡ ᠶᠢᠨ ᠬᠦᠷᠦᠯᠴᠡᠬᠦ | ᠦᠭᠡᠢ ᠲᠠᠯ᠎ᠠ ᠪᠠᠨ ᠰᠡᠷᠭᠡᠭ ᠢᠶᠠᠷ ᠲᠠᠨᠢᠵᠤ ᠮᠡᠳᠡᠬᠦ ᠬᠡᠷᠡᠭᠲᠡᠶ᠃ ᠬᠢᠵᠢᠭ ᠤᠨ ᠪᠠᠶᠢᠳᠠᠯ ᠤᠨ ᠬᠤᠪᠢᠷᠠᠯᠲᠠ ᠶᠢᠨ | ᠲᠣᠭᠲᠠᠭᠠᠯᠲᠤ ᠪᠤᠰᠤ ᠴᠢᠨᠠᠷ᠂ ᠡᠨᠧᠷᠭᠢ ᠶᠢᠨ ᠬᠤᠷᠣᠭᠳᠠᠭᠤᠯᠤᠯ ᠤᠨ ᠬᠤᠣᠰ ᠬᠢᠵᠠᠭᠠᠷᠯᠠᠯ ᠤᠨ ᠳᠠᠷᠤᠯᠲᠠ᠂ ᠠᠵᠤ | ᠦᠢᠯᠡᠰ ᠤᠨ ᠬᠡᠯᠬᠢᠶ᠎ᠡ ᠲᠡᠭᠦᠯᠳᠡᠷᠵᠢᠭᠡᠳᠦᠶ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠲᠡᠩᠴᠡᠭᠦᠷᠢ ᠦᠭᠡᠢ᠂ | ᠰᠢᠨ᠎ᠡ ᠶᠢ ᠡᠭᠦᠳᠬᠦ ᠴᠢᠳᠠᠪᠤᠷᠢ ᠬᠦᠷᠦᠯᠴᠡᠬᠦ ᠦᠭᠡᠢ᠂ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠬᠢᠵᠠᠭᠠᠷᠲᠠᠶ | ᠪᠠᠶᠢᠬᠤ ᠵᠡᠷᠭᠡ ᠠᠰᠠᠭᠤᠳᠠᠯ ᠮᠥᠨ ᠯᠡ ᠣᠷᠣᠰᠢᠭᠰᠠᠭᠠᠷ ᠪᠠᠶᠢᠨ᠎ᠠ᠃ 2022 ᠣᠨ ᠤ ᠬᠥᠭᠵᠢᠯᠲᠡ ᠶᠢᠨ | ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠳᠣᠣᠷᠠᠬᠢ ᠬᠡᠳᠦᠨ ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠬᠦ ᠬᠡᠷᠡᠭᠲᠡᠶ᠃ | ︵ᠨᠢᠭᠡ︶ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠬᠦᠴᠦᠯᠡᠨ ᠲᠥᠯᠬᠢᠨ ᠠᠬᠢᠭᠤᠯᠤᠨ᠎ᠠ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠭᠦᠢᠴᠡᠳ ᠮᠦᠷᠲᠡᠭᠡᠨ ᠰᠢᠯᠢᠳᠡᠭᠵᠢᠭᠦᠯᠵᠦ᠂ ᠰᠢᠨ᠎ᠡ | ᠬᠡᠯᠪᠡᠷᠢ ᠶᠢᠨ ᠠᠵᠤ ᠦᠢᠯᠡᠳᠪᠦᠷᠢ ᠶᠢ ᠯᠠᠪᠳᠠᠭᠤᠨ ᠲᠤᠭᠲᠠᠭᠤᠨ ᠮᠦᠷᠲᠡᠭᠡᠨ ᠬᠦᠴᠦᠷᠬᠡᠭᠵᠢᠭᠦᠯᠵᠦ᠂ | ᠵᠢᠭᠤᠯᠴᠢᠯᠠᠯ ᠤᠨ ᠠᠵᠤ ᠦᠢᠯᠡᠰ ᠢ ᠪᠤᠵᠠᠭᠠᠶᠢᠷᠠᠭᠤᠯᠤᠨ ᠨᠠᠷᠢᠯᠢᠭ ᠪᠣᠯᠭᠠᠬᠤ ᠶᠡᠷᠦᠩᠬᠡᠶ ᠱᠠᠭᠠᠷᠳᠠᠯᠭ᠎ᠠ ᠶᠣᠰᠣᠭᠠᠷ | ᠪᠥᠬᠦ ᠬᠤᠰᠢᠭᠤᠨ ᠤ 2022 ᠣᠨ ᠤ ᠲᠥᠯᠥᠪᠯᠡᠭᠡ ᠶᠢ 236 ᠲᠥᠷᠥᠯ ᠵᠦᠢᠯ ᠢ ᠠᠩᠬ᠎ᠠ ᠠᠯᠬᠤᠮ ᠳᠣᠭᠢᠷᠠᠭᠤᠯᠵᠤ | ᠂ ᠨᠡᠶᠢᠲᠡ 339.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 2022 ᠣᠨ ᠳᠤ 71.8 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠡᠭᠦᠨ ᠳᠤ 80 ᠲᠥᠷᠥᠯ ᠵᠦᠢᠯ ᠢ | ᠦᠷᠭᠦᠯᠵᠢᠯᠡᠨ ᠪᠠᠶᠢᠭᠤᠯᠵᠤ᠂ ᠨᠡᠶᠢᠲᠡ 215 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠡᠨᠡ ᠵᠢᠯ ᠤᠨ | ᠳᠣᠲᠣᠷ᠎ᠠ 46.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ ᠃ | 89 ᠲᠦᠷᠦᠯ ᠵᠦᠢᠯ ᠢ ᠰᠢᠨ᠎ᠡ ᠪᠠᠷ ᠪᠠᠶᠢᠭᠤᠯᠵᠤ᠂ 95.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ | ᠵᠢᠯ ᠤᠨ ᠳᠣᠲᠣᠷ᠎ᠠ 25.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ | ᠪᠣᠶ ᠃ 67ᠲᠦᠷᠦᠯ ᠵᠦᠢᠯ ᠤᠨ ᠪᠡᠯᠡᠳᠬᠡᠯ ᠠᠵᠢᠯ ᠢ ᠡᠬᠢᠯᠡᠭᠦᠯᠵᠦ᠂ ᠶᠡᠷᠦᠩᠬᠡᠶ ᠪᠠᠯᠠ ᠣᠷᠣᠭᠤᠯᠤᠯᠲᠠ 29.3 | ᠳ᠋ᠦᠩᠰᠢᠭᠤᠷ ᠲᠥᠭᠦᠷᠢᠭ ᠲᠤ ᠬᠦᠷᠴᠦ᠂ ᠡᠨᠡ ᠵᠢᠯ ᠤᠨ ᠳᠣᠲᠣᠷ᠎ᠠ ᠬᠡᠰᠡᠭ ᠪᠠᠯᠠ ᠣᠷᠣᠭᠤᠯᠤᠯᠲᠠ ᠶᠢ ᠡᠬᠢᠯᠡᠭᠦᠯᠦᠨ | ᠪᠥᠲᠥᠭᠡᠨ ᠪᠠᠶᠢᠭᠤᠯᠬᠤ ᠶᠢ ᠪᠡᠶᠡᠯᠡᠭᠦᠯᠬᠦ ᠪᠠᠷ ᠴᠢᠷᠮᠠᠶᠢᠵᠤ᠂ ᠪᠠᠯᠠ ᠣᠷᠣᠭᠤᠯᠤᠯᠲᠠ ᠶᠢᠨ ᠨᠡᠮᠡᠭᠳᠡᠯ ᠳᠤ ᠪᠠᠲᠤ | ᠰᠠᠭᠤᠷᠢ ᠶᠢ ᠲᠠᠯᠪᠢᠨ᠎ᠠ᠃ ᠨᠢᠭᠡ ᠳᠤ ᠪᠠᠯᠠ ᠮᠥᠩᠭᠦ ᠶᠢᠨ ᠲᠥᠷᠥᠯ ᠵᠦᠢᠯ ᠢᠶᠠᠷ ᠨᠢ ᠲᠥᠷᠥᠯ ᠬᠤᠪᠢᠶᠠᠨ᠎ᠠ᠃ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠤᠨ ᠲᠦᠷᠦᠯ ᠵᠦᠢᠯ 103 ᠪᠠᠶᠢᠵᠤ᠂ ᠶᠡᠷᠦᠩᠬᠡᠢ | ᠪᠡᠯᠡ ᠣᠷᠣᠭᠤᠯᠤᠯᠲᠠ 125.2 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠳᠤ 11.9 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠵᠢᠱᠢᠵᠦ ᠪᠤᠢ᠃ ᠠᠵᠤ ᠠᠬᠤᠶᠢᠯᠠᠯ ᠤᠨ | ᠪᠡᠯᠡ ᠣᠷᠣᠭᠤᠯᠤᠯᠲᠠ ᠶᠢᠨ ᠲᠦᠷᠦᠯ ᠤᠨ ᠲᠦᠷᠦᠯ ᠵᠦᠢᠯ 133 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ | 214.4 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠳᠤ 60 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠬᠦ ᠪᠠᠷ ᠵᠢᠱᠢᠵᠦ ᠪᠤᠢ᠃ ᠬᠤᠶᠠᠷ ᠲᠤ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠪᠠᠷ ᠲᠥᠷᠥᠯ ᠬᠤᠪᠢᠶᠠᠨ᠎ᠠ᠃ ᠲᠠᠷᠢᠶᠠᠯᠠᠩ ᠮᠠᠯ ᠠᠵᠤ ᠠᠬᠤᠶ ᠣᠶ ᠰᠢᠭᠤᠶ | ᠤᠰᠤᠨ ᠤ ᠲᠥᠷᠥᠯ ᠵᠦᠢᠯ 40 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ 92.53 ᠳ᠋ᠦᠩᠰᠢᠭᠤᠷ | ᠲᠥᠭᠦᠷᠢᠭ ᠲᠤ ᠬᠦᠷᠴᠦ᠂ 2022 ᠣᠨ ᠳᠤ 8.08 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠡᠶᠡᠯᠡᠭᠦᠯᠬᠦ ᠪᠠᠷ ᠵᠢᠱᠢᠵᠦ ᠪᠣᠶ᠃ ᠡᠳ᠋ᠰᠢᠭᠦᠯᠦᠨ ᠦᠢᠯᠡᠳᠬᠦ ᠦᠢᠯᠡᠰ ᠤᠨ ᠲᠥᠷᠥᠯ ᠵᠦᠢᠯ 34 ᠪᠠᠶᠢᠵᠤ᠂ ᠶᠡᠷᠦᠩᠬᠡᠶ | ᠪᠠᠯᠠ ᠣᠷᠣᠭᠤᠯᠤᠯᠲᠠ ᠨᠢ 20.1 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠳᠤ 4.24 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠵᠢᠱᠢᠵᠦ ᠪᠣᠶ᠃ ᠬᠤᠲᠠ ᠶᠢᠨ | ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ 42 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ | 25.29 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠳᠤ 5.43 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠬᠦ ᠪᠠᠷ ᠵᠢᠱᠢᠵᠦ ᠪᠣᠶ᠃ ᠨᠡᠶᠢᠭᠡᠮ ᠤᠨ ᠦᠢᠯᠡᠰ ᠤᠨ ᠲᠦᠷᠦᠯ ᠵᠦᠢᠯ 41 ᠪᠠᠶᠢᠵᠤ᠂ | ᠶᠡᠷᠦᠩᠬᠡᠢ ᠪᠡᠯᠡ ᠣᠷᠣᠭᠤᠯᠤᠯᠲᠠ 39.33 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠳᠤ 7.55 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠵᠢᠱᠢᠵᠦ ᠪᠤᠢ᠃ ᠡᠨᠧᠷᠭᠢ ᠶᠢᠨ | ᠲᠦᠷᠦᠯ ᠤᠨ ᠲᠦᠷᠦᠯ ᠵᠦᠢᠯ 9 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ 22.6 ᠳ᠋ᠦᠩᠰᠢᠭᠤᠷ ᠲᠥᠭᠦᠷᠢᠭ ᠲᠤ | ᠬᠦᠷᠴᠦ᠂ 2022 ᠣᠨ ᠳᠤ 5.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ | ᠵᠢᠱᠢᠵᠦ ᠪᠤᠢ᠃ ᠠᠵᠤ ᠠᠬᠤᠶ ᠠᠷᠠᠯᠵᠢᠶᠠᠨ ᠤ ᠭᠦᠢᠯᠭᠡᠭᠡᠨ ᠤ ᠲᠥᠷᠥᠯ ᠵᠦᠢᠯ 9 ᠪᠠᠶᠢᠵᠤ᠂ ᠶᠡᠷᠦᠩᠬᠡᠶ ᠪᠠᠯᠠ | ᠣᠷᠣᠭᠤᠯᠤᠯᠲᠠ ᠨᠢ 26.2 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠳᠤ 1.7 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠵᠢᠱᠢᠵᠦ ᠪᠣᠶ᠃ ᠳᠡᠭᠡᠳᠦ ᠰᠢᠨ᠎ᠡ ᠮᠡᠷᠭᠡᠵᠢᠯ ᠤᠨ | ᠲᠥᠷᠥᠯ ᠵᠦᠢᠯ 4 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 24.4 ᠳ᠋ᠦᠩᠰᠢᠭᠤᠷ ᠲᠥᠭᠦᠷᠢᠭ ᠲᠤ ᠬᠦᠷᠴᠦ᠂ | 2022 ᠣᠨ ᠳᠤ 4.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠵᠢᠱᠢᠵᠦ ᠪᠣᠶ᠃ | ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠲᠥᠷᠥᠯ ᠵᠦᠢᠯ 57 ᠪᠠᠶᠢᠵᠤ᠂ ᠶᠡᠷᠦᠩᠬᠡᠶ ᠪᠠᠯᠠ | ᠣᠷᠣᠭᠤᠯᠤᠯᠲᠠ ᠨᠢ 89.3 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠳᠤ 35 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠵᠢᠱᠢᠵᠦ ᠪᠣᠶ᠃ | ︵ᠬᠤᠶᠠᠷ︶ ᠪᠡᠯᠡ ᠣᠷᠣᠭᠤᠯᠤᠯᠲᠠ ᠪᠠ ᠳᠣᠲᠣᠭᠠᠳᠤ ᠬᠡᠷᠡᠭᠴᠡᠭᠡ ᠶᠢ ᠬᠦᠴᠦᠯᠡᠨ ᠥᠷᠭᠡᠳᠬᠡᠨ᠎ᠡ | ᠪᠠᠯᠠ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠤᠯᠤᠰ ᠤᠨ | ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠶᠢᠨ ᠪᠠ ᠤᠯᠠᠨ | ᠤᠯᠤᠰ ᠤᠨ ᠬᠤᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠪᠴᠢᠯᠡᠨ | ᠪᠤᠢ ᠪᠣᠯᠭᠠᠵᠤ᠂ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠴᠢᠩᠭᠠᠷᠠᠭᠤᠯᠬᠤ ᠬᠡᠷᠡᠭᠲᠡᠶ᠃ ᠴᠢᠬᠤᠯᠠ | ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠴᠢᠬᠤᠯᠠ ᠶᠡᠭᠡ ᠲᠥᠷᠥᠯ | ᠵᠦᠢᠯ ᠤᠨ 53.8 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ | ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠪᠡ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ 2022 ᠣᠨ ᠳᠤ ᠠᠶᠢᠮᠠᠭ ᠤᠨ ᠭᠠᠳᠠᠨᠠᠬᠢ ︵ᠤᠯᠤᠰ ᠤᠨ | ᠳᠣᠲᠣᠭᠠᠳᠤ ᠶᠢᠨ︶ ᠠᠷᠠᠯᠵᠢᠶᠠᠴᠢᠨ ᠤᠷᠢᠬᠤ ᠪᠠᠯᠠ ᠮᠥᠩᠭᠦ ᠶᠢ 56 ᠳ᠋ᠦᠩᠰᠢᠭᠤᠷ ᠲᠥᠭᠦᠷᠢᠭ ᠠᠴᠠ ᠳᠡᠭᠡᠭᠰᠢ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ | ᠬᠦᠴᠦᠨ ᠢᠶᠠᠷ ᠢᠶᠠᠨ ᠰᠢᠯᠢᠳᠡᠭᠵᠢᠭᠦᠯᠦᠨ᠎ᠡ᠃ ︽ᠳᠥᠷᠪᠡ ᠶᠢ ᠡᠷᠭᠢᠯᠡᠬᠦ︾ ᠶᠢ ᠭᠦᠨᠵᠡᠭᠡᠶᠢᠷᠡᠭᠦᠯᠬᠦ᠂ ᠵᠠᠬ᠎ᠠ | ᠳᠡᠯᠭᠡᠭᠦᠷ ᠤᠨ ᠭᠤᠤᠯ ᠴᠣᠭᠴᠠ ᠳᠤ ᠬᠠᠨᠳᠤᠯᠭ᠎ᠠ ᠲᠠᠢ ᠪᠠᠷ ᠦᠢᠯᠡᠴᠢᠯᠡᠬᠦ ᠵᠡᠷᠭᠡ ᠠᠵᠢᠯ ᠢ ᠥᠷᠨᠢᠭᠦᠯᠬᠦ ᠪᠠᠷ ᠭᠠᠷᠳᠠᠬᠤ | ᠴᠡᠭ ᠪᠣᠯᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠵᠤ᠂ ᠪᠥᠬᠦ | ᠬᠤᠰᠢᠭᠤᠨ ᠤ ᠡᠵᠡᠩᠨᠡᠯᠲᠡ ᠶᠢᠨ ᠣᠷᠴᠢᠨ ᠲᠣᠭᠤᠷᠢᠨ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃ | ︽ᠪᠥᠬᠦ ᠴᠤᠪᠤᠷᠠᠯ︾ ᠤᠨ ᠬᠢᠨᠠᠨ ᠵᠥᠪᠰᠢᠶᠡᠷᠡᠯ ᠤᠨ ᠰᠦᠯᠵᠢᠶ᠎ᠡ ᠪᠠᠷ ᠭᠦᠢᠴᠡᠳᠬᠡᠬᠦ ᠨᠣᠷᠮ᠎ᠠ ᠶᠢ 90% ᠠᠴᠠ | ᠳᠡᠭᠡᠭᠰᠢ ᠳᠤ ᠬᠦᠷᠦᠭᠦᠯᠬᠦ ᠶᠢ ᠠᠬᠢᠭᠤᠯᠵᠤ᠂ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ︾ | ᠤᠨ APP ᠤᠨ ᠳᠠᠩᠰᠠᠯᠠᠭᠤᠯᠤᠭᠰᠠᠨ ᠬᠡᠮᠵᠢᠶ᠎ᠡ ᠶᠢ ᠠᠷᠪᠠᠨ ᠲᠦᠮᠡᠨ ᠬᠥᠮᠦᠨ ᠪᠤᠯᠭᠠᠨ᠂ ᠳᠠᠩᠰᠠᠯᠠᠭᠤᠯᠤᠭᠰᠠᠨ | ᠨᠣᠷᠮ᠎ᠠ ᠶᠢ 50% ᠠᠴᠠ ᠳᠡᠭᠡᠭᠰᠢ ᠳᠤ ᠬᠦᠷᠦᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠥᠪᠥᠷ | ᠮᠣᠩᠭᠤᠯ ᠤᠨ ᠠᠵᠤ ᠠᠬᠤᠶᠢᠯᠠᠯ ᠤᠨ ᠨᠡᠶᠢᠳᠡᠮ ᠬᠡᠷᠡᠭᠯᠡᠬᠦ ᠳᠠᠩᠰᠠᠯᠠᠯ ᠳᠤ ᠨᠡᠶᠢᠳᠡᠮ ᠳᠠᠩᠰᠠᠯᠠᠭᠤᠯᠤᠭᠰᠠᠨ ᠬᠡᠮᠵᠢᠶ᠎ᠡ ᠶᠢ | ᠲᠦᠮᠡᠨ ᠡᠷᠦᠬᠡ ᠠᠴᠠ ᠳᠠᠪᠠᠭᠤᠯᠤᠨ᠎ᠠ᠃ ᠬᠡᠷᠡᠭᠯᠡᠭᠡᠨ ᠤ ᠬᠡᠷᠡᠭᠴᠡᠭᠡ ᠶᠢ ᠭᠦᠢᠴᠡᠳ ᠬᠥᠭᠵᠢᠭᠡᠨ᠎ᠡ᠃ ᠠᠷᠠᠯᠵᠢᠶ᠎ᠠ | ᠬᠤᠳᠠᠯᠳᠤᠭᠠᠨ ᠤ ᠠᠵᠤ ᠠᠬᠤᠶᠢᠯᠠᠯ ᠤᠨ ᠲᠠᠰ ᠳᠡᠪᠰᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ | ᠤᠯᠠᠮᠵᠢᠯᠠᠯᠲᠤ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠵᠣᠷᠢᠭᠵᠢᠭᠤᠯᠵᠤ᠂ ᠬᠢᠵᠠᠭᠠᠷᠲᠤ | ᠲᠣᠭᠠᠨ ᠤ ᠠᠵᠤ ᠠᠬᠤᠶᠢᠯᠠᠯ ᠢ 3 ᠣᠷᠴᠢᠮ ᠰᠢᠨ᠎ᠡ ᠪᠠᠷ ᠨᠡᠮᠡᠭᠳᠡᠭᠦᠯᠦᠨ᠎ᠡ᠃ ᠲᠣᠰᠬᠤᠨ ᠤ ᠱᠠᠲᠤᠨ ᠤ ᠡᠯᠧᠺᠲᠷᠣᠨ | ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ ᠴᠡᠭ ᠢ ᠲᠠᠰ ᠳᠡᠪᠰᠢᠭᠦᠯᠦᠨ ᠥᠭᠡᠷᠡᠴᠢᠯᠡᠵᠦ᠂ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠥᠷᠲᠡᠭᠡ ᠴᠡᠭ ᠢ 30 ᠪᠠᠶᠢᠭᠤᠯᠤᠨ᠎ᠠ᠃ ᠬᠤᠭᠤᠯᠠ ᠤᠮᠳᠠᠭᠠᠨ᠂ ᠰᠡᠯᠡᠭᠦᠴᠡᠯ᠂ | ᠵᠤᠭ᠎ᠠ ᠴᠡᠩᠭᠡᠯ ᠢ ᠨᠢᠭᠡ ᠴᠤᠭᠴᠠᠵᠢᠭᠤᠯᠤᠭᠰᠠᠨ 3 ᠵᠤᠷᠪᠤᠰ ᠤᠨᠴᠠᠯᠢᠬᠳᠤ ᠬᠤᠳᠠᠯᠳᠤᠭᠠᠨ ᠤ ᠵᠡᠭᠡᠯᠢ ᠲᠣᠭᠤᠷᠢᠭ ᠢ | ᠪᠠᠶᠢᠭᠤᠯᠤᠨ᠎ᠠ᠃ ︽ᠬᠤᠶᠠᠳᠤᠭᠠᠷ ᠬᠤᠭᠤᠴᠠᠭᠠᠨ ᠤ ᠢᠳᠡᠭᠡᠨ ᠰᠣᠶᠣᠯ ᠤᠨ ᠨᠠᠶᠢᠷ︾ ︽ᠲᠠᠪᠤᠳᠤᠭᠠᠷ | ᠬᠤᠭᠤᠴᠠᠭᠠᠨ ᠤ ᠮᠠᠰᠢᠨ ᠲᠡᠷᠭᠡᠨ ᠤ ᠰᠣᠶᠣᠯ ᠤᠨ ᠨᠠᠶᠢᠷ︾ ᠢ ᠡᠷᠭᠢᠯᠡᠬᠦ ᠶᠢᠨ ᠬᠠᠮᠲᠤ ᠬᠢᠩᠭᠠᠨ ᠠᠶᠢᠮᠠᠭ ᠤᠨ | ᠨᠠᠭᠠᠳᠤᠮ ᠤᠨ ᠬᠤᠭᠤᠴᠠᠭᠠᠨ ᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠳᠡᠯᠭᠡᠨ | ᠪᠣᠷᠣᠯᠠᠭᠤᠯᠬᠤ ᠠᠵᠢᠯᠯᠠᠭ᠎ᠠ ᠥᠷᠨᠢᠭᠦᠯᠵᠦ᠂ ᠬᠡᠷᠡᠭᠯᠡᠭᠡ ᠶᠢ ᠭᠦᠢᠴᠡᠳ ᠬᠥᠭᠵᠢᠭᠡᠪᠡ᠃ ᠪᠡᠭᠡᠵᠢᠩ ᠥᠪᠥᠷ | ᠮᠣᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭ᠎ᠠ ᠶᠢ ᠴᠢᠩᠭᠠᠳᠬᠠᠵᠤ᠂ ᠮᠠᠨ ᠤ ᠬᠤᠰᠢᠭᠤᠨ ᠤ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ︽ᠲᠣᠰᠬᠤᠨ ᠠᠴᠠ ᠭᠠᠷᠴᠤ ᠪᠡᠭᠡᠵᠢᠩ ᠳᠤ ᠣᠷᠣᠬᠤ︾ ᠳᠤ | ᠬᠦᠴᠦ ᠨᠡᠮᠡᠷᠢᠯᠡᠵᠦ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭ᠎ᠠ · ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠬᠡᠷᠡᠭᠯᠡᠭᠡ ᠪᠠᠷ ᠬᠠᠪᠰᠤᠷᠤᠨ ᠲᠡᠳᠬᠦᠬᠦ ᠳᠡᠯᠭᠡᠨ ᠪᠣᠷᠣᠯᠠᠭᠤᠯᠬᠤ ᠠᠵᠢᠯᠯᠠᠭ᠎ᠠ ᠶᠢ | ᠢᠳᠡᠪᠬᠢᠲᠡᠶ ᠡᠷᠭᠢᠯᠡᠪᠡ᠃ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠢᠳᠡᠪᠬᠢᠲᠡᠶ ᠪᠠᠷ | ᠠᠭᠤᠰᠤᠯᠴᠠᠨ᠎ᠠ᠃ ᠵᠡᠭᠦᠨ ᠬᠤᠶᠢᠲᠤ ᠶᠢᠨ ᠠᠵᠤ ᠠᠬᠤᠶ ᠶᠢᠨ ᠲᠣᠭᠤᠷᠢᠭ ᠲᠤ ᠰᠠᠨᠠᠭᠠᠴᠢᠯᠠᠭ᠎ᠠ ᠠᠴᠠ ᠪᠠᠨ | ᠠᠭᠤᠰᠤᠯᠴᠠᠵᠤ᠂ ᠰᠢᠩ ᠬᠡᠦ᠂ ᠰᠢᠩ ᠴᠢ ᠪᠠᠶ ᠵᠡᠷᠭᠡ ᠣᠷᠣᠨ ᠪᠦᠰᠡ ᠶᠢᠨ ᠬᠠᠮᠵᠢᠯᠴᠠᠭ᠎ᠠ ᠳᠤ ᠢᠳᠡᠪᠬᠢᠲᠡᠶ | ᠣᠷᠣᠯᠴᠠᠵᠤ᠂ ᠪᠡᠭᠡᠵᠢᠩ ᠲᠢᠶᠠᠨᠵᠢᠨ ᠾᠧᠪᠧᠢ᠂ ᠪᠦᠸᠧᠬᠠᠶ ᠲᠠᠩᠭᠢᠰ ᠢ ᠲᠣᠭᠤᠷᠢᠭᠰᠠᠨ᠂ ᠬᠥᠬᠡᠮᠥ᠋ᠷᠡᠨ ᠤ | ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠪᠠᠨ ᠴᠢᠩᠭᠠᠳᠬᠠᠨ᠂ ᠨᠡᠭᠡᠭᠡᠯᠲᠡᠲᠦ | ᠬᠡᠯᠪᠡᠷᠢ ᠶᠢᠨ ᠠᠵᠤ ᠠᠬᠤᠶ ᠶᠢ ᠲᠠᠰᠤᠷᠠᠯᠲᠠ ᠥᠬᠡᠶ ᠴᠣᠭᠴᠠᠯᠠᠨ᠎ᠠ᠃ ᠳᠤᠮᠳᠠᠳᠤ ᠮᠣᠩᠭᠤᠯ ᠣᠷᠣᠰ ᠤᠨ ᠠᠵᠤ | ᠠᠬᠤᠶ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ︽ᠨᠢᠭᠡ ᠪᠦᠰᠡ ᠨᠢᠭᠡ ᠵᠠᠮ︾ | ᠤᠨ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠪᠠ ᠦᠢᠯᠡᠴᠢᠯᠡᠵᠦ᠂ ᠠᠵᠤ | ᠠᠬᠤᠶᠢᠯᠠᠯ ᠬᠠᠮᠲᠤᠷᠠᠨ ᠮᠣᠩᠭᠤᠯ ᠣᠷᠣᠰ ᠯᠤᠭ᠎ᠠ ᠶᠢᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ | ᠥᠷᠨᠢᠭᠦᠯᠬᠦ ᠶᠢ ᠬᠥᠲᠥᠯᠥᠨ ᠵᠢᠯᠣᠭᠤᠳᠴᠤ᠂ ᠳ᠋ᠢᠩ ᠴᠧᠩ ᠰᠤᠪᠤᠳ ᠡᠷᠳᠡᠨᠢ ᠶᠢᠨ ᠠᠵᠤ ᠦᠢᠯᠡᠰ ᠤᠨ | ᠬᠦᠷᠢᠶᠡᠯᠡᠩ ᠤᠨ ᠭᠠᠶᠢᠯᠢ ᠪᠠᠲᠤᠯᠠᠬᠤ ᠬᠥᠮᠥᠷᠭᠡ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠵᠤ᠂ ᠢᠳᠡᠰᠢᠨ ᠨᠣᠭᠤᠭ᠎ᠠ᠂ ᠹᠦᠨᠲ᠋ᠢᠶᠤᠤᠷ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠳᠤ | ᠭᠠᠷᠭᠠᠬᠤ ᠶᠢ ᠵᠣᠷᠢᠭᠵᠢᠭᠤᠯᠤᠨ᠂ ᠬᠢᠯᠢ ᠪᠠᠷ ᠣᠷᠣᠭᠤᠯᠬᠤ ᠮᠢᠬᠠᠨ ᠤ ᠵᠦᠢᠯ ᠤᠨ ᠵᠢᠭᠠᠨ ᠲᠣᠭᠲᠠᠭᠠᠭᠰᠠᠨ ᠬᠢᠨᠠᠨ | ᠬᠠᠮᠢᠶᠠᠷᠬᠤ ᠲᠠᠯᠠᠪᠤᠷ ᠭᠠᠵᠠᠷ᠂ ᠬᠢᠯᠢ ᠪᠠᠷ ᠣᠷᠣᠭᠤᠯᠬᠤ ᠵᠢᠭᠠᠨ ᠲᠣᠭᠲᠠᠭᠠᠭᠰᠠᠨ ᠮᠥᠰᠥᠲᠦᠯᠭᠡ ᠶᠢᠨ ᠲᠠᠯᠠᠪᠤᠷ | ᠭᠠᠵᠠᠷ ᠪᠠ ᠭᠠᠶᠢᠯᠢ ᠪᠠᠲᠤᠯᠠᠬᠤ ᠬᠥᠮᠥᠷᠭᠡ ᠪᠠᠶᠢᠭᠤᠯᠬᠤ ᠪᠠᠷ ᠭᠤᠶᠤᠴᠢᠯᠠᠵᠤ᠂ ᠠᠵᠤ ᠠᠬᠤᠶᠢᠯᠠᠯ ᠤᠨ | ᠭᠠᠳᠠᠭᠠᠳᠤ ᠠᠴᠠ ᠣᠷᠣᠭᠤᠯᠬᠤ ᠣᠷᠣᠰ ᠤᠨ ᠮᠣᠳᠣᠨ ᠮᠠᠲ᠋ᠧᠷᠢᠶᠠᠯ ᠤᠨ ᠡᠬᠢ ᠪᠠᠶᠠᠯᠢᠭ ᠢ ᠠᠰᠢᠭᠯᠠᠨ ᠮᠣᠳᠣᠨ ᠤ | ᠠᠵᠤ ᠦᠢᠯᠡᠰ ᠢ ᠬᠥᠭᠵᠢᠭᠦᠯᠵᠦ᠂ ᠮᠠᠨ ᠤ ᠬᠤᠰᠢᠭᠤᠨ ᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ | ᠭᠠᠷᠭᠠᠬᠤ ᠠᠷᠠᠯᠵᠢᠶᠠᠨ ᠤ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ | ︵ᠭᠤᠷᠪᠠ︶ ᠠᠵᠤ ᠦᠢᠯᠡᠰ ᠤᠨ ᠬᠥᠭᠵᠢᠯᠲᠡ ᠶᠢ ᠬᠦᠴᠦᠯᠡᠨ ᠠᠬᠢᠭᠤᠯᠤᠨ᠎ᠠ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠢᠳᠡᠪᠬᠢᠲᠡᠶ ᠲᠦᠯᠬᠢᠨ ᠠᠬᠢᠭᠤᠯᠤᠨ᠎ᠠ ᠃ | ᠠᠮᠤ ᠪᠤᠳᠠᠭᠠᠨ ᠤ ᠲᠠᠷᠢᠮᠠᠯ ᠤᠨ ᠳᠠᠷᠢᠬᠤ ᠲᠠᠯᠠᠪᠠᠶ ᠶᠢ 390 ᠲᠦᠮᠡᠨ ᠮᠥ ᠳᠤ ᠲᠣᠭᠲᠠᠪᠤᠷᠢᠵᠢᠭᠤᠯᠵᠤ᠂ ᠠᠮᠤ | ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ 30 ᠳ᠋ᠦᠩᠰᠢᠭᠤᠷ ᠵᠢᠩ ᠳᠤ ᠪᠠᠶᠢᠯᠭᠠᠵᠤ᠂ ᠠᠮᠤ ᠪᠤᠳᠠᠭᠠᠨ ᠤ | ᠠᠮᠤᠷ ᠲᠦᠪᠰᠢᠨ ᠢ ᠦᠷᠭᠦᠯᠵᠢᠯᠡᠨ ᠪᠠᠲᠤᠯᠠᠨ᠎ᠠ᠃ 7.6 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠪᠥᠲᠥᠭᠡᠨ ᠪᠠᠶᠢᠭᠤᠯᠵᠤ᠂ ᠲᠠᠷᠢᠶᠠᠯᠠᠩ ᠤᠨ ᠮᠠᠰᠢᠨᠴᠢᠯᠠᠯᠲᠠ ᠶᠢᠨ ᠬᠢᠷᠢ ᠬᠡᠮᠵᠢᠶ᠎ᠡ ᠶᠢ 86% ᠳᠤ ᠬᠦᠷᠦᠭᠦᠯᠦᠨ᠎ᠡ᠃ | ᠴᠢᠨᠠᠷ ᠰᠠᠶᠢᠲᠠᠶ ᠰᠠᠭᠠᠯᠢ ᠶᠢᠨ ᠦᠨᠢᠶ᠎ᠡ ᠶᠢ 10 ᠲᠦᠮᠡ ᠠᠴᠠ ᠳᠡᠭᠡᠭᠰᠢ ᠪᠠᠶᠢᠯᠭᠠᠵᠤ᠂ ᠪᠥᠬᠦ ᠬᠤᠰᠢᠭᠤᠨ ᠤ ᠠᠯᠠᠰᠢᠨ | ᠦᠬᠡᠷ ᠤᠨ ᠲᠤᠭ᠎ᠠ ᠶᠢ 35 ᠲᠦᠮᠡ ᠠᠴᠠ ᠳᠡᠭᠡᠭᠰᠢ ᠪᠠᠶᠢᠯᠭᠠᠵᠤ᠂ 85 ᠲᠦᠮᠡᠨ ᠭᠠᠭ᠋ᠠᠶ ᠶᠢᠨ ᠲᠤᠭ᠎ᠠ ᠶᠢ | ᠪᠡᠶᠡᠯᠡᠭᠦᠯᠦᠨ᠎ᠡ᠃ 5 ᠲᠦᠮᠡᠨ ᠮᠥ ᠬᠢᠲᠠᠳ ᠡᠮ ᠤᠨ ᠮᠠᠲ᠋ᠧᠷᠢᠶᠠᠯ ᠤᠨ ᠪᠠᠷᠢᠮᠵᠢᠶᠠᠵᠢᠭᠤᠯᠤᠨ ᠳᠠᠷᠢᠬᠤ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠢ ᠪᠣᠶ ᠪᠣᠯᠭᠠᠵᠤ᠂ 25 ᠲᠦᠮᠡᠨ ᠮᠥ ᠥᠨᠳᠥᠷ ᠪᠠᠷᠢᠮᠵᠢᠶᠠᠲᠤ ᠣᠶ ᠵᠢᠮᠢᠰ ᠤᠨ | ᠵᠢᠱᠢᠶ᠎ᠡ ᠦᠵᠡᠭᠦᠯᠦᠨ ᠳᠠᠷᠢᠵᠤ᠂ ︽ᠵᠢᠵᠢᠭ ᠠᠭᠠᠯᠢᠭ ᠵᠢᠮᠢᠰ᠂ ᠲᠣᠮᠣ ᠠᠵᠤ ᠦᠢᠯᠡᠰ︾ ᠢ ᠠᠩᠬ᠎ᠠ ᠠᠯᠬᠤᠮ | ᠬᠡᠪᠴᠢᠶᠡᠵᠢᠭᠦᠯᠪᠡ᠃ ᠠᠵᠤ ᠦᠢᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ | ᠦᠷᠭᠦᠯᠵᠢᠯᠡᠨ ᠬᠡᠷᠡᠭᠵᠢᠭᠦᠯᠦᠨ᠎ᠡ᠃ ︽ᠠᠵᠤ ᠦᠢᠯᠡᠰ ᠢᠶᠠᠷ ᠬᠤᠰᠢᠭᠤ ᠪᠠᠨ ᠬᠦᠴᠦᠷᠬᠡᠭᠵᠢᠭᠦᠯᠬᠦ᠂ ᠠᠵᠤ | ᠦᠢᠯᠡᠳᠪᠦᠷᠢ ᠪᠠᠷ ᠠᠵᠤ ᠦᠢᠯᠡᠳᠪᠦᠷᠢ ᠪᠠᠨ ᠬᠦᠴᠦᠷᠬᠡᠭᠵᠢᠭᠦᠯᠬᠦ᠂ ᠶᠠᠰᠤ ᠴᠢᠨᠠᠷ ᠢᠶᠠᠷ ᠠᠵᠤ ᠠᠬᠤᠶᠢᠯᠠᠯ ᠢᠶᠠᠨ | ᠬᠦᠴᠦᠷᠬᠡᠭᠵᠢᠭᠦᠯᠬᠦ︾ ᠶᠢ ᠪᠠᠷᠢᠮᠲᠠᠯᠠᠵᠤ᠂ ᠣᠲᠣ ᠦᠶ᠎ᠡ ᠶᠢᠨ ᠠᠵᠤ ᠦᠢᠯᠡᠳᠪᠤᠷᠢ ᠶᠢᠨ ᠰᠢᠰᠲ᠋ᠧᠮ ᠢ ᠲᠦᠷᠭᠡᠳᠬᠡᠨ | ᠪᠠᠶᠢᠭᠤᠯᠤᠨ᠎ᠠ᠃ ᠪᠥᠬᠦ ᠵᠢᠯ ᠳᠤ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠤᠷᠢ ᠶᠢᠨ | ᠭᠤᠤᠯᠳᠠᠯᠭ᠎ᠠ ᠲᠠᠢ ᠲᠥᠷᠥᠯ ᠵᠦᠢᠯ ᠢ 11 ᠬᠡᠷᠡᠭᠵᠢᠭᠦᠯᠵᠦ᠂ 22.2 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠪᠡ᠃ ᠢᠯᠢ ᠶᠢᠨ ︽5G ᠶᠢᠨ ᠠᠵᠤ ᠦᠢᠯᠡᠳᠪᠤᠷᠢ ᠶᠢᠨ ᠢᠨᠲ᠋ᠤᠷ ᠰᠦᠯᠵᠢᠶᠡᠨ ᠤ | ᠲᠠᠪᠴᠠᠩ︾ ᠪᠠ ᠳᠡᠭᠡᠳᠦ ᠲᠠᠰ ᠤᠨ ᠴᠠᠭᠠᠨ ᠢᠳᠡᠭᠡᠨ ᠤ ᠦᠢᠯᠡᠳᠪᠤᠷᠢ᠂ ᠳ᠋ᠧ ᠺᠠᠩ ᠤᠨ ᠭᠠᠭ᠋ᠠᠶ ᠨᠢᠲᠤᠯᠵᠤ | ᠡᠳ᠋ᠰᠢᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ ᠃ ᠾᠧ ᠹᠧᠩ ᠤᠨ | ᠲᠠᠷᠢᠶᠠᠯᠠᠩ᠂ ᠮᠧᠩ ᠵᠢᠶᠠ ᠠᠮᠤ ᠪᠤᠳᠠᠭ᠎ᠠ ᠢᠳᠡᠰᠢᠨ ᠲᠣᠰᠣ᠂ ᠠᠷᠠᠳ ᠤᠨ ᠬᠦᠷᠢᠶᠡᠯᠡᠩ ᠤᠨ ᠮᠠᠯ ᠠᠵᠤ ᠠᠬᠤᠶ᠂ | ᠬᠤᠷᠴᠢᠨ ᠸᠠᠩ ᠤᠨ ᠠᠷᠢᠬᠢᠨ ᠤ ᠦᠢᠯᠡᠰ ᠵᠡᠷᠭᠡ ᠤᠯᠠᠮᠵᠢᠯᠠᠯᠲᠤ ᠭᠤᠤᠯᠯᠠᠭᠴᠢ ᠠᠵᠤ ᠠᠬᠤᠶᠢᠯᠠᠯ ᠤᠨ | ᠦᠢᠯᠡᠳᠪᠤᠷᠢᠯᠡᠯ ᠤᠨ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠨ᠎ᠡ ᠃ ᠠᠶᠢᠮᠠ ᠠᠭᠤᠷᠬᠠᠶ ᠶᠢᠨ | ᠦᠢᠯᠡᠰ ᠵᠡᠷᠭᠡ ᠭᠤᠤᠯᠯᠠᠭᠴᠢ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ ᠶᠢ | ᠠᠬᠢᠭᠤᠯᠵᠤ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠤᠨ᠎ᠠ ᠃ ᠵᠦᠩ ᠭᠤᠸᠠᠩ ᠾᠧ ᠶᠢᠨ | ᠴᠥᠮ᠎ᠡ ᠶᠢᠨ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠲᠣᠣᠷ ᠲᠤ | ᠨᠡᠶᠢᠯᠡᠭᠦᠯᠦᠨ ᠴᠠᠬᠢᠯᠭᠠᠨ ᠭᠠᠷᠭᠠᠬᠤ ᠶᠢ ᠠᠬᠢᠭᠤᠯᠵᠤ᠂ ᠬᠤᠸᠠ ᠱᠧᠩ 20 ᠲᠦᠮᠡᠨ ᠺᠢᠯᠣᠸᠠᠲ ᠤᠨ ᠲᠥᠪᠯᠡᠷᠡᠩᠭᠦᠶ | ᠬᠡᠯᠪᠡᠷᠢ ᠶᠢᠨ᠂ ᠬᠤᠸᠠ ᠱᠧᠩ 2 ᠲᠦᠮᠡᠨ ᠺᠢᠯᠣᠸᠠᠲ ᠤᠨ ᠲᠠᠷᠠᠬᠠᠶ ᠬᠡᠯᠪᠡᠷᠢ ᠶᠢᠨ ᠰᠠᠯᠬᠢᠨ ᠬᠦᠴᠦᠨ ᠤ | ᠴᠠᠬᠢᠯᠭᠠᠨ ᠤ ᠲᠥᠷᠥᠯ ᠵᠦᠶ᠋ᠯ ᠢ ᠪᠠᠶᠢᠭᠤᠯᠤᠨ ᠲᠣᠤᠷ ᠲᠤ ᠨᠡᠶᠢᠯᠡᠭᠦᠯᠬᠦ ᠶᠢ ᠪᠠᠲᠤᠯᠠᠵᠤ᠂ ᠵᠢᠩ ᠨᠧᠩ 10 ᠲᠦᠮᠡᠨ | ᠺᠢᠯᠣᠸᠠᠲ ᠤᠨ ᠮᠠᠯ ᠠᠵᠤ ᠠᠬᠤᠶ ᠬᠡᠷᠡᠯ ᠤᠨ ᠬᠠᠷᠢᠯᠴᠠᠨ ᠨᠥᠬᠦᠪᠥᠷᠢᠯᠡᠬᠦ ᠲᠥᠷᠥᠯ ᠵᠦᠢᠯ ᠤᠨ ᠵᠥᠪᠰᠢᠶᠡᠷᠡᠯ ᠤᠯᠬᠤ | ᠭᠦᠢᠴᠡᠳᠬᠡᠯ ᠲᠤᠭ᠎ᠠ ᠶᠢ ᠲᠦᠯᠬᠢᠨ ᠠᠬᠢᠭᠤᠯᠵᠤ᠂ ᠪᠥᠬᠦ ᠬᠤᠰᠢᠭᠤᠨ ᠤ ᠰᠠᠯᠬᠢᠨ ᠬᠦᠴᠦᠨ ᠢᠶᠠᠷ ᠴᠠᠬᠢᠯᠭᠠᠨ | ᠭᠠᠷᠭᠠᠬᠤ ᠮᠠᠰᠢᠨ ᠴᠣᠭᠴᠠᠯᠠᠪᠤᠷᠢ ᠶᠢᠨ ᠬᠡᠪᠴᠢᠶ᠎ᠡ 162 ᠲᠦᠮᠡᠨ ᠺᠢᠯᠣᠸᠠᠲ ᠲᠤ ᠬᠦᠷᠴᠦ᠂ ᠬᠡᠷᠡᠯ ᠴᠡᠨᠡᠭ ᠢᠶᠠᠷ | ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠬᠡᠪᠴᠢᠶ᠎ᠡ 22 ᠲᠦᠮᠡᠨ ᠺᠢᠯᠣᠸᠠᠲ ᠲᠤ ᠬᠦᠷᠴᠦ᠂ ᠪᠥᠬᠦ | ᠬᠤᠰᠢᠭᠤᠨ ᠤ ᠴᠡᠪᠡᠷ ᠡᠨᠧᠷᠭᠢ ᠪᠠᠷ ᠴᠠᠬᠢᠯᠭᠠᠨ ᠭᠠᠷᠭᠠᠬᠤ ᠶᠡᠷᠦᠩᠬᠡᠶ ᠮᠠᠰᠢᠨ ᠴᠣᠭᠴᠠᠯᠠᠪᠤᠷᠢ ᠶᠢᠨ ᠬᠡᠪᠴᠢᠶ᠎ᠡ 184 | ᠲᠦᠮᠡᠨ ᠮᠢᠩᠭᠠᠨ ᠲᠦᠮᠡ ᠳᠤ ᠬᠥᠷᠪᠡ᠃ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠢᠵᠢ | ᠪᠦᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠦᠷᠢᠶᠡᠯᠡᠩ | ᠲᠣᠭᠤᠷᠢᠭ ᠤᠨ ᠳᠠᠭᠠᠭᠠᠴᠠ ᠶᠢ ᠦᠨᠡᠨᠬᠦ ᠳᠡᠭᠡᠭᠰᠢᠯᠡᠭᠦᠯᠵᠦ᠂ ᠵᠢᠯ ᠤᠨ ᠳᠣᠲᠣᠷ᠎ᠠ ᠲᠣᠭᠲᠠᠭᠠᠯ ᠠᠴᠠ ᠳᠡᠭᠡᠭᠰᠢᠬᠢ ᠠᠵᠤ | ᠦᠢᠯᠡᠳᠪᠤᠷᠢ ᠶᠢᠨ ᠠᠵᠤ ᠠᠬᠤᠶᠢᠯᠠᠯ ᠢ 2 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ ᠃ ᠣᠲᠣ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︽ | ᠥᠪᠡᠷᠲᠡᠭᠡᠨ ᠵᠠᠰᠠᠬᠤ ᠣᠷᠣᠨ ᠤ ᠪᠦᠬᠦ ᠴᠠᠷᠠᠭ᠎ᠠ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ︾ ᠢ ᠡᠭᠦᠳᠦᠨ | ᠪᠠᠶᠢᠭᠤᠯᠬᠤ ᠪᠠᠷ ᠭᠠᠷᠳᠠᠴᠠ ᠪᠣᠯᠭᠠᠵᠤ᠂ ︽ᠬᠠᠩᠭᠠᠶ ᠲᠠᠯ᠎ᠠ ᠨᠤᠲᠤᠭ᠂ ᠣᠶᠤᠨ ᠰᠠᠨᠠᠭᠠᠨ ᠤ ᠮᠠᠯᠵᠢᠯ ᠤᠨ ᠲᠠᠯᠠᠪᠠᠶ︾ | ᠭᠡᠬᠦ ᠳᠠᠭᠤᠲᠤ ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ ᠶᠢ ᠤᠯᠠᠮ ᠨᠢᠭᠡ ᠠᠯᠬᠤᠮ ᠭᠢᠯᠠᠶᠢᠲᠠᠯ᠎ᠠ ᠠᠷᠴᠢᠵᠤ᠂ ︽ | ᠬᠢᠩᠭᠠᠨ ᠤ 500 ᠭᠠᠵᠠᠷ ᠤᠨ ᠰᠣᠶᠣᠯ ᠵᠢᠭᠤᠯᠴᠢᠯᠠᠯ ᠤᠨ ᠣᠷᠳᠣ ᠬᠤᠩᠭᠢᠯ︾ ᠳᠤ ᠢᠳᠡᠪᠬᠢᠲᠡᠶ ᠪᠠᠷ ᠠᠭᠤᠰᠤᠯᠴᠠᠨ | ᠂ ᠠᠯᠲᠠᠨ ᠡᠮᠡᠭᠡᠯ ᠤᠨ ᠦᠵᠡᠮᠵᠢ ᠶᠢᠨ ᠣᠷᠣᠨ᠂ ᠴᠠᠷᠠᠰᠤᠨ ᠵᠢᠭᠤᠯᠴᠢᠯᠠᠯ ᠤᠨ ᠣᠷᠣᠨ᠂ ᠬᠠᠶᠢᠯᠠᠰᠤᠲᠠᠶ ᠭᠤᠤ ᠶᠢᠨ | ᠲᠠᠯ᠎ᠠ ᠨᠤᠲᠤᠭ ᠤᠨ ᠬᠤᠨᠤᠭ ᠤᠨ ᠴᠤᠭᠯᠠᠭᠠᠨ᠂ ᠵᠢᠭᠤᠯᠴᠢᠯᠠᠯ ᠤᠨ ᠥᠷᠲᠡᠭᠡ ᠪᠠ ᠵᠢᠭᠤᠯᠴᠢᠯᠠᠯ ᠤᠨ ᠰᠣᠶᠣᠯ ᠤᠨ | ᠠᠶᠢᠯ ᠲᠣᠰᠬᠤᠨ ᠤ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠵᠤ᠂ ᠪᠤᠷᠭᠠᠰᠤᠲᠠᠢ ᠶᠢ ᠥᠪᠡᠷᠲᠡᠭᠡᠨ | ᠵᠠᠰᠠᠬᠤ ᠣᠷᠣᠨ ᠤ ᠤᠨᠴᠠᠯᠢᠬᠳᠤ ᠵᠢᠵᠢᠭ ᠪᠠᠯᠭᠠᠰᠤᠨ ᠤ ᠨᠡᠷᠡᠰ ᠤᠨ ᠵᠢᠭᠰᠠᠭᠠᠯᠲᠠ ᠳᠤ ᠣᠷᠣᠭᠤᠯᠬᠤ ᠶᠢ | ᠠᠬᠢᠭᠤᠯᠤᠨ᠎ᠠ᠃ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠲᠦᠯᠬᠢᠨ | ᠠᠬᠢᠭᠤᠯᠵᠤ᠂ ᠰᠣᠶᠣᠯ ᠤᠨ ᠠᠵᠢᠯᠯᠠᠭ᠎ᠠ ᠶᠢᠨ ᠲᠠᠩᠰᠠ ᠡᠪᠬᠡᠮᠡᠯ ᠢ ᠳᠡᠭᠡᠭᠰᠢᠯᠡᠭᠦᠯᠬᠦ ᠶᠢ ᠠᠬᠢᠭᠤᠯᠵᠤ᠂ ᠲᠦᠷᠦᠯ | ᠲᠡᠮᠳᠡᠭ ᠤᠨ ᠲᠦᠷᠢ ᠲᠥᠷᠬᠦ ᠶᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠵᠢᠭᠤᠯᠴᠢᠯᠠᠯ ᠤᠨ ᠠᠵᠤ ᠦᠢᠯᠡᠰ ᠢ | ᠦᠷᠭᠦᠯᠵᠢᠯᠡᠨ ᠪᠤᠵᠠᠭᠠᠶᠢᠷᠠᠭᠤᠯᠤᠨ ᠨᠠᠷᠢᠯᠢᠬᠵᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠥᠨᠳᠥᠷ | ᠪᠠᠶᠢᠷᠢᠨ ᠳᠤ ᠠᠵᠢᠯᠯᠠᠬᠤ ᠶᠢ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ | ᠲᠥᠪ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠦᠨ ᠨᠡᠪᠴᠢᠭᠦᠯᠬᠦ ᠰᠠᠭᠤᠷᠢᠨ ᠭᠠᠵᠠᠷ ᠲᠤ ᠲᠦᠰᠢᠭᠯᠡᠨ᠂ | ᠰᠦᠯᠵᠢᠶᠡᠨ ᠤ ᠤᠯᠠᠭᠠᠨ ᠠᠵᠤ ᠠᠬᠤᠶ᠂ ᠰᠢᠭᠤᠳ ᠨᠡᠪᠲᠡᠷᠡᠭᠦᠯᠬᠦ ᠠᠵᠤ ᠠᠬᠤᠶ ᠵᠡᠷᠭᠡ ᠡᠯᠧᠺᠲᠷᠣᠨ | ᠬᠤᠳᠠᠯᠳᠤᠭᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠡᠳᠬᠦᠨ ᠬᠥᠭᠵᠢᠭᠦᠯᠵᠦ᠂ ᠪᠥᠬᠦ ᠵᠢᠯ ᠤᠨ | ᠡᠯᠧᠺᠲᠷᠣᠨ ᠬᠤᠳᠠᠯᠳᠤᠭᠠᠨ ᠤ ᠠᠷᠠᠯᠵᠢᠶ᠎ᠠ ᠶᠢᠨ ᠲᠤᠭ᠎ᠠ ᠬᠡᠮᠵᠢᠶ᠎ᠡ ᠶᠢ 3.5 ᠳ᠋ᠦᠩᠰᠢᠭᠤᠷ ᠲᠥᠭᠦᠷᠢᠭ ᠠᠴᠠ | ᠳᠠᠪᠠᠭᠤᠯᠬᠤ ᠪᠠᠷ ᠴᠢᠷᠮᠠᠶᠢᠨ᠎ᠠ᠃ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠵᠤ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠦᠢᠯᠡᠳᠬᠦᠨ ᠤ ᠲᠠᠯ᠎ᠠ ᠪᠠᠷ ᠰᠢᠨ᠎ᠡ ᠶᠢ | ᠡᠭᠦᠳᠴᠦ᠂ ᠪᠣᠳᠠᠲᠤ ᠴᠣᠭᠴᠠ ᠶᠢᠨ ᠠᠵᠤ ᠠᠬᠤᠶ᠂ ᠵᠢᠵᠢᠭ ᠪᠢᠴᠢᠯ ᠠᠵᠤ ᠠᠬᠤᠶᠢᠯᠠᠯ ᠪᠠ ᠠᠷᠠᠳ ᠢ | ᠪᠠᠶᠠᠵᠢᠭᠤᠯᠬᠤ ᠠᠵᠤ ᠦᠢᠯᠡᠰ ᠤᠨ ᠲᠤᠯᠭᠠᠭᠤᠷᠢᠯᠠᠬᠤ ᠬᠦᠴᠦᠨ ᠢ ᠴᠢᠩᠭᠠᠷᠠᠭᠤᠯᠵᠤ᠂ ᠬᠠᠳᠠᠭᠠᠯᠠᠮᠵᠢ ᠪᠠ | ᠵᠢᠭᠡᠯᠡᠯᠭᠡ ᠶᠢᠨ ᠦᠯᠡᠳᠡᠪᠦᠷᠢ ᠲᠤᠭ᠎ᠠ ᠠᠳᠠᠯᠢ ᠬᠤᠭᠤᠴᠠᠭᠠᠨ ᠤ ᠬᠢ ᠠᠴᠠ ᠲᠤᠰ ᠲᠤᠰ 10% ᠪᠠ 15% ᠠᠴᠠ | ᠳᠡᠭᠡᠭᠰᠢ ᠨᠡᠮᠡᠭᠳᠡᠵᠦ᠂ ᠬᠠᠳᠠᠭᠠᠯᠠᠮᠵᠢ ᠪᠠ ᠵᠢᠭᠡᠯᠡᠯᠭᠡ ᠶᠢᠨ ᠬᠠᠷᠢᠴᠠᠯ ᠢ 5 ᠵᠠᠭᠤᠨ ᠤ ᠨᠢᠭᠡᠴᠢ ᠠᠴᠠ ᠳᠡᠭᠡᠭᠰᠢ | ᠳᠡᠭᠡᠭᠰᠢᠯᠡᠭᠦᠯᠬᠦ ᠶᠢ ᠪᠡᠶᠡᠯᠡᠭᠦᠯᠵᠦ᠂ ᠠᠵᠤ ᠠᠬᠤᠶ ᠶᠢᠨ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠨ᠎ᠡ᠃ | ︵ᠲᠦᠷᠪᠡ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ | ᠬᠥᠬᠡ ᠲᠩᠷᠢ᠂ ᠴᠡᠩᠬᠡᠷ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠪᠠᠶᠢᠯᠳᠤᠭᠠᠨ ᠤ ᠦᠷ᠎ᠡ ᠪᠦᠲᠦᠭᠡᠯ ᠢ | ᠲᠠᠰᠤᠷᠠᠯᠲᠠ ᠥᠬᠡᠶ ᠥᠷᠭᠡᠳᠬᠡᠨ᠎ᠡ᠃ ᠤᠰᠤᠨ ᠤ ᠪᠣᠬᠢᠷᠲᠤᠯ ᠢ ᠵᠠᠰᠠᠬᠤ ᠶᠢ ᠠᠬᠢᠭᠤᠯᠵᠤ᠂ ᠤᠰᠤᠨ ᠳᠤ | ᠬᠤᠯᠪᠣᠭᠳᠠᠬᠤ ᠠᠵᠤ ᠦᠢᠯᠡᠳᠪᠤᠷᠢ ᠶᠢᠨ ᠠᠵᠤ ᠠᠬᠤᠶᠢᠯᠠᠯ᠂ ᠪᠣᠬᠢᠷ ᠤᠰᠤ ᠰᠢᠢᠳᠪᠤᠷᠢᠯᠡᠬᠦ ᠦᠢᠯᠡᠳᠪᠤᠷᠢ᠂ | ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠣᠷᠴᠢᠨ ᠲᠣᠭᠤᠷᠢᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠪᠠᠷᠢᠮᠵᠢᠶ᠎ᠠ ᠳᠤ | ᠬᠦᠷᠦᠭᠰᠡᠨ ᠨᠣᠷᠮ᠎ᠠ ᠶᠢ 100% ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠬᠥᠷᠥᠰᠥ ᠰᠢᠷᠣᠶ ᠶᠢᠨ ᠪᠣᠬᠢᠷᠲᠤᠯ ᠢ | ᠰᠡᠷᠭᠡᠶᠢᠯᠡᠨ ᠵᠠᠰᠠᠵᠤ᠂ ᠪᠣᠬᠢᠷᠲᠤᠯ ᠤᠨ ᠡᠬᠢ ᠡᠭᠦᠰᠦᠯ ᠢ ᠵᠠᠰᠠᠬᠤ ᠠᠵᠢᠯ ᠢ ᠥᠷᠨᠢᠭᠦᠯᠦᠨ᠎ᠡ᠃ ᠠᠭᠠᠷ ᠮᠠᠨᠳᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ | ᠬᠠᠶᠠᠭᠳᠠᠮᠠᠯ ᠬᠡᠶ ᠶᠢ ᠪᠠᠷᠢᠮᠵᠢᠶ᠎ᠠ ᠳᠤ ᠬᠦᠷᠦᠭᠦᠯᠦᠨ ᠵᠠᠰᠠᠬᠤ ᠶᠢ ᠥᠷᠨᠢᠭᠦᠯᠵᠦ᠂ ︽ᠲᠠᠷᠠᠬᠠᠶ ᠪᠤᠲᠠᠷᠬᠠᠶ ᠡᠮᠬᠢ | ᠵᠠᠮᠪᠠᠷᠠᠭ᠎ᠠ ᠥᠬᠡᠶ ᠪᠣᠬᠢᠷᠲᠤᠯ︾ ᠤᠨ ᠠᠵᠤ ᠦᠢᠯᠡᠳᠪᠤᠷᠢ ᠶᠢᠨ ᠠᠵᠤ ᠠᠬᠤᠶᠢᠯᠠᠯ ᠢ ᠵᠠᠰᠠᠬᠤ ᠡᠭᠦᠷᠭᠡ ᠶᠢ ᠪᠥᠬᠦ | ᠲᠠᠯ᠎ᠠ ᠪᠠᠷ ᠪᠡᠶᠡᠯᠡᠭᠦᠯᠵᠦ᠂ ᠣᠷᠭᠠᠨᠢᠭ ᠬᠠᠶᠠᠭᠳᠠᠮᠠᠯ ᠬᠡᠶ ᠶᠢ ᠪᠥᠬᠦ ᠲᠠᠯ᠎ᠠ ᠪᠠᠷ ᠴᠡᠭᠴᠡᠯᠡᠨ ᠠᠮᠢ ᠠᠬᠤᠶ ᠶᠢ | ᠲᠡᠷᠢᠭᠦᠨ ᠳᠤ ᠲᠠᠯᠪᠢᠬᠤ ᠲᠣᠭᠲᠠᠯ ᠬᠦᠴᠦᠨ ᠢ ᠪᠠᠲᠤᠯᠠᠵᠤ᠂ ᠠᠮᠢ ᠠᠬᠤᠶᠢᠴᠢ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤ ᠶᠢ ᠪᠠᠶᠢᠭᠤᠯᠤᠨ᠎ᠠ᠃ ︽ᠬᠤᠶᠠᠷ ᠠᠭᠤᠯᠠ ᠶᠢᠨ ᠣᠨᠣᠯ︾ ᠢ ᠢᠳᠡᠪᠬᠢᠲᠡᠶ ᠦᠢᠯᠡᠳᠦᠯᠭᠡᠵᠢᠭᠦᠯᠵᠦ | ᠂ ︽ᠭᠤᠷᠪᠠᠨ ᠣᠷᠣᠨ ᠭᠤᠷᠪᠠᠨ ᠱᠤᠭᠤᠮ︾ ᠤᠨ ᠠᠮᠢ ᠠᠬᠤᠶ ᠶᠢᠨ ᠪᠠᠶᠢᠷᠢᠰᠢᠭᠤᠯᠤᠯᠲᠠ ᠶᠢ ᠴᠢᠩᠭ᠎ᠠ | ᠬᠡᠷᠡᠭᠵᠢᠭᠦᠯᠦᠨ᠎ᠡ᠃ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠪᠠ ᠡᠷᠴᠢᠮ ᠤᠨ ᠬᠤᠶᠠᠷ ᠢ ᠡᠵᠡᠮᠳᠡᠬᠦ | ᠬᠠᠷᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠢᠳᠡᠪᠬᠢᠲᠡᠶ ᠳᠠᠭᠠᠬᠤ ᠠᠷᠭ᠎ᠠ ᠬᠡᠮᠵᠢᠶ᠎ᠡ ᠠᠪᠴᠤ᠂ ᠣᠨ ᠤ | ᠡᠵᠡᠮᠳᠡᠬᠦ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠶᠡᠭᠡ ᠬᠢᠩᠭᠠᠨ ᠳᠠᠪᠠᠭ᠎ᠠ ᠶᠢᠨ ᠭᠠᠵᠠᠷ ᠣᠷᠣᠨ ᠤ | ᠨᠢᠭᠡᠨᠲᠡ ᠬᠠᠭᠠᠯᠪᠤᠷᠢᠯᠠᠭᠰᠠᠨ ᠣᠶᠢᠲᠤ ᠭᠠᠵᠠᠷ ᠤᠨ ᠨᠤᠲᠤᠭ ᠪᠡᠯᠴᠢᠭᠡᠷ ᠤᠨ ᠲᠠᠷᠢᠶᠠᠯᠠᠬᠤ ᠶᠢ ᠵᠣᠭᠰᠣᠭᠠᠵᠤ ᠣᠶ | ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠪᠥᠬᠦ ᠵᠢᠯ ᠳᠤ 3 ᠲᠦᠮᠡᠨ | ᠮᠥ ᠣᠶᠢᠵᠢᠭᠤᠯᠵᠤ ᠨᠣᠭᠤᠭᠠᠷᠠᠭᠤᠯᠬᠤ ᠶᠢ ᠪᠡᠶᠡᠯᠡᠭᠦᠯᠵᠦ᠂ 13 ᠲᠦᠮᠡᠨ ᠮᠥ ᠨᠤᠲᠤᠭ ᠪᠡᠯᠴᠢᠭᠡᠷ ᠤᠨ ᠠᠮᠢ | ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠨᠤᠭᠤ ᠭᠠᠵᠠᠷ ᠢ ᠬᠠᠮᠠᠭᠠᠯᠠᠬᠤ ᠪᠠ | ᠵᠠᠰᠠᠨ ᠰᠡᠷᠭᠦᠭᠡᠬᠦ ᠶᠢ ᠴᠢᠩᠭᠠᠳᠬᠠᠵᠤ᠂ ᠲᠦᠪᠲᠡᠶ ᠶᠢᠨ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ | ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | ︵ᠲᠠᠪᠤ︶ ᠬᠤᠳᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢ ᠬᠦᠴᠦᠯᠡᠨ ᠠᠬᠢᠭᠤᠯᠤᠨ᠎ᠠ | ᠬᠤᠲᠠ ᠶᠢᠨ ᠴᠢᠳᠠᠮᠵᠢ ᠶᠢᠨ ᠴᠢᠨᠠᠷ ᠳᠡᠰ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠰᠣᠶᠣᠯ ᠤᠨ ᠵᠢᠭᠤᠯᠴᠢᠯᠠᠯ ᠤᠨ ᠬᠤᠲᠠ ᠵᠡᠷᠭᠡ ᠰᠣᠳᠣᠨ ᠵᠢᠵᠢᠭ ᠲᠣᠭᠤᠷᠢᠭ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠦᠵᠡᠮᠵᠢ ᠶᠢᠨ ᠣᠷᠣᠨ ᠢ ᠡᠭᠦᠳᠦᠨ | ᠪᠠᠶᠢᠭᠤᠯᠬᠤ ᠠᠵᠢᠯ ᠢ ᠬᠦᠴᠦᠯᠡᠨ ᠲᠦᠷᠭᠡᠳᠬᠡᠨ᠎ᠡ ᠃ ᠳ᠋ᠠ ᠱᠢ ᠵᠠᠶ ᠵᠡᠭᠡᠯᠢ᠂ ᠸᠧᠶ ᠪᠠ ᠵᠡᠭᠡᠯᠢ ᠵᠡᠷᠭᠡ ᠬᠤᠳᠠ ᠶᠢᠨ | ᠶᠠᠪᠤᠳᠠᠯ ᠤᠨ ᠵᠠᠮ ᠤᠨ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠵᠢᠷᠤᠬᠡᠨ ᠵᠡᠭᠡᠯᠢ᠂ ᠰᠢᠤᠸᠠᠢ ᠶᠤᠸᠠᠨ ᠵᠠᠮ | ᠵᠡᠷᠭᠡ ᠬᠤᠳᠠ ᠶᠢᠨ ᠶᠠᠪᠤᠳᠠᠯ ᠤᠨ ᠵᠠᠮ ᠤᠨ ᠢᠨᠵᠧᠨᠧᠷᠢᠩ ᠢ ᠬᠡᠷᠡᠭᠵᠢᠭᠦᠯᠵᠦ᠂ ᠬᠤᠳᠠ ᠶᠢᠨ ᠵᠠᠮ ᠬᠠᠷᠢᠯᠴᠠᠭ᠎ᠠ ᠶᠢ | ᠲᠠᠰᠤᠷᠠᠯᠳᠠ ᠦᠭᠡᠢ ᠨᠡᠪᠲᠡᠷᠡᠭᠦᠯᠦᠨ᠎ᠡ᠃ 8 ᠵᠦᠢᠯ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠵᠦ᠂ 52 ᠲᠦᠮᠡᠨ ᠲᠡᠭᠰᠢ ᠳᠥᠷᠪᠡᠯᠵᠢᠨ ᠮᠧᠲᠷ ᠤᠨ ᠲᠠᠯᠠᠪᠠᠶ ᠲᠠᠢ ᠨᠣᠭᠤᠭᠠᠷᠠᠭᠤᠯᠤᠯᠲᠠ ᠶᠢ | ᠪᠡᠶᠡᠯᠡᠭᠦᠯᠪᠡ᠃ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠪᠠ ᠠᠮᠢ ᠠᠬᠤᠶ ᠶᠢ ᠵᠠᠰᠠᠬᠤ ᠢᠨᠵᠧᠨᠧᠷᠢᠩ ᠢ | ᠦᠷᠭᠦᠯᠵᠢᠯᠡᠨ ᠬᠡᠷᠡᠭᠵᠢᠭᠦᠯᠵᠦ᠂ ᠬᠤᠳᠠ ᠶᠢᠨ ᠤᠰᠤᠨ ᠤ ᠭᠠᠮᠰᠢᠭ ᠢ ᠠᠷᠢᠯᠭᠠᠨ᠎ᠠ᠃ ᠳ᠋ᠠ ᠱᠢ ᠵᠠᠶ ᠵᠡᠭᠡᠯᠢ᠂ ᠹᠦ᠋ | ᠳ᠋ᠦᠩ ᠪᠠᠭ᠎ᠠ ᠲᠣᠭᠤᠷᠢᠭ ᠵᠡᠷᠭᠡ ᠶᠢᠨ ᠤᠰᠤ ᠬᠠᠩᠭᠠᠬᠤ ᠬᠤᠭᠤᠯᠠᠶ ᠶᠢᠨ ᠲᠣᠣᠷ ᠤᠨ ᠥᠭᠡᠷᠡᠴᠢᠯᠡᠯᠲᠡ ᠶᠢ ᠲᠦᠯᠬᠢᠨ | ᠠᠬᠢᠭᠤᠯᠵᠤ᠂ ᠬᠤᠳᠠ ᠶᠢᠨ ᠲᠣᠭᠤᠷᠢᠭ ᠤᠨ ᠬᠤᠶᠠᠳᠠᠬᠢ ᠤᠳᠠᠭᠠᠨ ᠤ ᠳᠠᠷᠤᠯᠲᠠ ᠨᠡᠮᠡᠬᠦ ᠲᠥᠬᠦᠭᠡᠷᠦᠮᠵᠢ ᠶᠢ ᠲᠡᠰ | ᠳᠡᠪᠰᠢᠭᠦᠯᠦᠨ ᠥᠭᠡᠷᠡᠴᠢᠯᠡᠬᠦ ᠶᠢ ᠬᠡᠷᠡᠭᠵᠢᠭᠦᠯᠵᠦ᠂ ᠢᠯᠴᠢ ᠬᠠᠩᠭᠠᠬᠤ᠂ ᠤᠰᠤ ᠵᠠᠯᠠᠬᠤ ᠵᠡᠷᠭᠡ ᠭᠠᠵᠠᠷ ᠳᠣᠣᠷᠠᠬᠢ | ᠬᠤᠭᠤᠯᠠᠶ ᠶᠢᠨ ᠲᠣᠣᠷ ᠢ 63 ᠺᠢᠯᠣᠮᠧᠲᠷ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠪᠡ᠃ 5 ᠤᠶᠤᠨᠲᠤ | ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠵᠤ᠂ 3000 ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠪᠠ᠃ | ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ | ᠲᠡᠭᠦᠯᠳᠡᠷᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂ ︽ᠵᠣᠷᠯᠣᠩ ᠤᠨ ᠬᠤᠪᠢᠰᠬᠠᠯ︾ ᠵᠡᠷᠭᠡ ᠣᠯᠠᠨ | ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠨᠥᠯᠥᠭᠡᠯᠡᠬᠦ ᠳᠤᠲᠠᠭᠤᠳᠠᠯ ᠢ ᠨᠥᠬᠦᠪᠥᠷᠢᠯᠡᠬᠦ ᠲᠦᠷᠦᠯ ᠵᠦᠢᠯ ᠢ | ᠦᠷᠭᠦᠯᠵᠢᠯᠡᠨ ᠠᠬᠢᠭᠤᠯᠤᠨ᠎ᠠ᠃ ᠴᠠᠬᠢᠯᠭᠠᠨ ᠬᠠᠩᠭᠠᠬᠤ ᠴᠢᠳᠠᠪᠤᠷᠢ ᠶᠢᠨ ᠳᠡᠭᠡᠭᠰᠢᠯᠡᠯᠲᠡ ᠶᠢ ᠦᠷᠭᠦᠯᠵᠢᠯᠡᠨ | ᠠᠬᠢᠭᠤᠯᠵᠤ᠂ ᠰᠣᠯᠣᠨ᠂ ᠪᠠᠶᠠᠨ ᠴᠢᠨᠡᠭᠡᠯᠢᠭ 66 ᠺᠢᠯᠣᠸᠠᠲ ᠤᠨ ᠭᠤᠤᠯ ᠬᠤᠪᠢᠰᠤᠯᠲᠠ ᠶᠢ ᠥᠷᠭᠡᠳᠬᠡᠨ | ᠪᠠᠶᠢᠭᠤᠯᠬᠤ ᠢᠨᠵᠧᠨᠧᠷᠢᠩ ᠪᠠ ᠬᠤᠩ ᠴᠢ᠂ ᠬᠤᠣ ᠲᠢᠶᠠᠨ ᠤ 66 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ | ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ 10 ᠺᠢᠯᠣᠸᠠᠲ ᠵᠢᠴᠢ ᠲᠡᠭᠦᠨ ᠠᠴᠠ ᠳᠣᠷᠣᠭᠰᠢᠬᠢ ᠱᠤᠭᠤᠮ ᠢ | 323.8 ᠺᠢᠯᠣᠮᠧᠲᠷ ᠥᠭᠡᠷᠡᠴᠢᠯᠡᠨ ︵ᠥᠷᠭᠡᠳᠬᠡᠨ︶ ᠪᠠᠶᠢᠭᠤᠯᠵᠤ᠂ 119 ᠬᠦᠴᠦᠳᠡᠯ ᠥᠭᠡᠷᠡᠴᠢᠯᠡᠭᠴᠢ | ᠤᠭᠰᠠᠷᠠᠬᠤ ᠶᠢ ᠪᠡᠶᠡᠯᠡᠭᠦᠯᠦᠨ᠎ᠡ᠃ ᠵᠠᠮ ᠤᠨ ᠲᠣᠤᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠱᠠᠭᠠᠷᠭᠠᠨ ᠠᠴᠠ ᠬᠥᠬᠡᠴᠢᠯᠠᠭᠤ ᠬᠥᠷᠬᠦ᠂ ᠰᠢᠶᠠᠨ ᠤ ᠵᠠᠮ ᠤᠨ 411᠂ 416 ᠵᠠᠮ ᠤᠨ | ᠲᠣᠤᠷ ᠢ ᠰᠠᠶᠢᠵᠢᠷᠠᠭᠤᠯᠬᠤ ᠢᠨᠵᠧᠨᠧᠷᠢᠩ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠵᠤ᠂ | G5511 ᠶᠢᠨ ᠡᠮᠦᠨᠡᠰᠢ ᠬᠤᠲᠠ ᠲᠣᠭᠤᠷᠢᠬᠤ ᠳᠡᠭᠡᠳᠦ ᠬᠤᠷᠳᠤ ᠶᠢᠨ ᠵᠠᠰᠠᠮᠠᠯ ᠵᠠᠮ᠂ ᠰᠢᠶᠠᠨ ᠤ ᠵᠠᠮ ᠤᠨ 412 | ᠵᠡᠷᠭᠡ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠪᠥᠬᠦ ᠣᠷᠳᠣ ᠶᠢᠨ | ᠬᠡᠮᠵᠢᠶ᠎ᠡ ᠨᠢ 52.3 ᠺᠢᠯᠣᠮᠧᠲᠷ ᠤᠨ ᠲᠤᠬᠤᠮ ᠠᠴᠠ ᠤᠯᠠᠭᠠᠨ ᠭᠤᠤᠯ ᠬᠥᠷᠬᠦ᠂ ᠮᠠᠨᠵᠦᠲ᠋ᠦ᠋ᠨ ᠠᠴᠠ ᠲᠠᠪᠤᠨ ᠬᠡᠷ | ᠬᠥᠷᠬᠦ ᠵᠢᠭᠤᠯᠴᠢᠯᠠᠯ ᠤᠨ ᠵᠠᠰᠠᠮᠠᠯ ᠵᠠᠮ ᠤᠨ ᠭᠤᠤᠯ ᠴᠣᠭᠴᠠ ᠶᠢᠨ ᠪᠠᠷᠢᠯᠭ᠎ᠠ ᠶᠢ ᠳᠠᠭᠤᠰᠬᠠᠬᠤ ᠪᠠᠷ ᠴᠢᠷᠮᠠᠶᠢᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠬᠦᠴᠦᠯᠡᠨ ᠳᠡᠭᠡᠭᠰᠢᠯᠡᠭᠦᠯᠦᠨ᠎ᠡ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠠᠵᠢᠯ ᠢ ᠰᠠᠶᠢᠲᠤᠷ ᠠᠳᠬᠤᠨ᠎ᠠ᠃ | ᠠᠵᠢᠯᠲᠠᠨ᠂ ᠡᠳ᠋ ᠪᠣᠳᠠᠰ᠂ ᠮᠡᠷᠭᠡᠵᠢᠯ ᠤᠨ ᠨᠥᠭᠡᠴᠡᠯᠡᠯᠲᠡ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ | ᠰᠢᠢᠳᠪᠤᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ︾ ︽ | ᠭᠥᠯᠢᠶᠡᠨ ᠠᠪᠬᠤ ᠶᠣᠰᠣᠲᠠᠶ ᠶᠢ ᠨᠢ ᠴᠥᠮ ᠭᠥᠯᠢᠶᠡᠨ ᠠᠪᠬᠤ︾ ᠵᠠᠷᠴᠢᠮ ᠶᠣᠰᠣᠭᠠᠷ᠂ ᠪᠥᠭᠡᠮ ᠬᠦᠴᠢᠯ ᠢ | ᠪᠠᠶᠢᠴᠠᠭᠠᠨ ᠬᠡᠮᠵᠢᠬᠦ ᠪᠠ ᠸᠠᠺᠼᠢᠨ ᠤ ᠲᠠᠷᠢᠯᠭ᠎ᠠ ᠶᠢ ᠰᠠᠶᠢᠲᠤᠷ ᠬᠢᠵᠦ᠂ ᠤᠬᠠᠭᠤᠯᠵᠤ ᠬᠥᠲᠥᠯᠦᠨ ᠵᠢᠯᠣᠭᠤᠳᠬᠤ ᠶᠢ | ᠴᠢᠩᠭᠠᠳᠬᠠᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠵᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ | ᠪᠣᠶ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ | ᠠᠵᠢᠯ ᠣᠯᠭᠤᠯᠲᠠ ᠶᠢᠨ ᠬᠡᠷᠡᠭᠴᠡᠭᠡ ᠶᠢ ᠢᠳᠡᠪᠬᠢᠲᠡᠶ ᠰᠢᠢᠳᠪᠤᠷᠢᠯᠡᠨ᠎ᠡ᠃ ᠠᠵᠢᠯ ᠣᠯᠭᠤᠬᠤ ᠪᠠ ᠠᠳᠠᠯ ᠦᠢᠯᠡᠰ | ᠴᠣᠭᠴᠠᠯᠠᠬᠤ ᠠᠷᠭ᠎ᠠ ᠬᠡᠮᠵᠢᠶ᠎ᠡ ᠶᠢ ᠣᠨᠣᠪᠴᠢᠲᠠᠶ ᠠᠳᠬᠤᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ | ᠣᠯᠭᠤᠯᠲᠠ ᠶᠢ ᠳᠠᠶᠢᠴᠢᠯᠠᠬᠤ ᠶᠢ ᠲᠡᠮᠵᠢᠵᠤ᠂ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠪᠠ ᠦᠨᠳᠦᠰᠦᠨ | ᠵᠦᠢᠯ ᠢ ᠪᠠᠲᠤᠯᠠᠨ ᠲᠥᠪᠬᠢᠨᠡᠭᠦᠯᠬᠦ ᠠᠵᠢᠯ ᠢ ᠰᠠᠶᠢᠲᠤᠷ ᠬᠢᠵᠦ᠂ ᠭᠤᠣᠯᠳᠠᠯᠭ᠎ᠠ ᠲᠠᠢ ᠬᠠᠮᠲᠤᠯᠢᠭ ᠤᠨ ᠠᠵᠢᠯ | ᠣᠯᠭᠤᠯᠲᠠ ᠶᠢ ᠦᠨᠡᠨ ᠬᠦ ᠰᠢᠢᠳᠪᠤᠷᠢᠯᠡᠵᠦ᠂ ᠶᠡᠭᠡ ᠬᠡᠪᠴᠢᠶᠡᠨ ᠤ ᠬᠠᠮᠲᠤᠯᠢᠭ ᠤᠨ ᠴᠢᠨᠠᠷᠲᠠᠶ ᠠᠵᠢᠯ | ᠠᠯᠳᠠᠯᠲᠠ ᠶᠢᠨ ᠠᠶᠤᠯ ᠲᠦᠭᠰᠢᠭᠦᠷᠢ ᠦᠯᠦ ᠡᠭᠦᠰᠬᠦ ᠬᠢᠵᠠᠭᠠᠷ ᠱᠤᠭᠤᠮ ᠢ ᠰᠠᠬᠢᠵᠤ᠂ ᠬᠤᠳᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.5% ᠶᠢᠨ ᠳᠣᠲᠣᠷ᠎ᠠ ᠬᠢᠵᠠᠭᠠᠷᠯᠠᠬᠤ ᠶᠢ ᠦᠨᠡᠨ ᠬᠦ | ᠪᠠᠲᠤᠯᠠᠨ᠎ᠠ᠃ ᠨᠡᠶᠢᠭᠡᠮ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠲᠦᠯᠬᠢᠨ ᠠᠬᠢᠭᠤᠯᠤᠨ᠎ᠠ ᠃ ᠰᠢᠨ᠎ᠡ | ᠣᠷᠣᠨ ᠰᠠᠭᠤᠴᠠ ᠶᠢᠨ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ | ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠦᠷᠭᠦᠯᠵᠢᠯᠡᠨ | ᠪᠠᠶᠢᠭᠤᠯᠬᠤ ᠲᠥᠷᠥᠯ ᠵᠦᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠶᠦᠩ ᠰᠢᠩ ᠪᠠᠭ᠎ᠠ ᠰᠤᠷᠭᠠᠭᠤᠯᠢ᠂ ᠬᠡᠦᠬᠡᠳ ᠤᠨ | ᠴᠡᠴᠡᠷᠯᠢᠭ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠴᠢᠩᠬᠤᠸᠠ ᠶᠡᠭᠡ | ᠰᠤᠷᠭᠠᠭᠤᠯᠢ ᠶᠢᠨ ᠴᠢᠳᠠᠪᠤᠷᠢᠲᠠᠨ ᠬᠥᠮᠦᠵᠢᠭᠦᠯᠬᠦ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠪᠴᠢᠯᠡᠨ | ᠠᠬᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠨᠡᠶᠢᠭᠡᠮ ᠤᠨ | ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠲᠠᠰᠤᠷᠠᠯᠳᠠ ᠦᠭᠡᠢ ᠥᠷᠭᠡᠳᠬᠡᠨ᠎ᠡ᠃ ︽ᠡᠷᠡᠭᠦᠯ | ᠡᠩᠬᠡ ᠡᠮᠦᠨᠡᠳᠦ ᠬᠤᠰᠢᠭᠤ︾ ᠶᠢ ᠭᠦᠨᠵᠡᠭᠡᠶ ᠪᠣᠶ ᠪᠣᠯᠭᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠪᠣᠬᠢᠷ ᠤᠰᠤ ᠶᠢ ᠰᠢᠢᠳᠪᠤᠷᠢᠯᠡᠬᠦ ᠰᠢᠰᠲ᠋ᠧᠮ ᠢ ᠲᠡᠭᠦᠯᠳᠡᠷᠵᠢᠭᠦᠯᠦᠨ᠂ ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ 4 | ᠳ᠋ᠦ᠋ᠭᠡᠷ ᠨᠣᠮᠧᠷᠲᠤ ᠡᠪᠡᠳᠴᠢᠲᠡᠨ ᠤ ᠠᠰᠠᠷ᠂ ᠬᠠᠯᠠᠭᠠᠢ ᠪᠠ ᠪᠠᠳᠠᠷᠠᠩᠭᠤᠢ ᠶᠢᠨ ᠡᠷᠡᠭᠦᠯ ᠬᠠᠮᠠᠭᠠᠯᠠᠯ ᠤᠨ | ᠬᠤᠷᠢᠶ᠎ᠠ ᠶᠢᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠢ ᠡᠬᠢᠯᠡᠭᠦᠯᠦᠨ | ᠬᠡᠷᠡᠭᠵᠢᠭᠦᠯᠦᠨ᠎ᠡ᠃ | ᠲᠦᠷᠪᠡ᠂ ᠢᠷᠡᠬᠦ ᠲᠠᠪᠤᠨ ᠵᠢᠯ ᠤᠨ ᠬᠥᠭᠵᠢᠯᠲᠡ ᠶᠢᠨ ᠭᠤᠣᠯ ᠬᠠᠷᠠᠯᠲᠠ | ᠨᠢᠭᠡ ᠳᠤ᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠢᠷᠡᠬᠦ ᠲᠠᠪᠤᠨ | ᠵᠢᠯ ᠳᠤ᠂ ᠠᠵᠤ ᠠᠬᠤᠶ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠵᠦ᠂ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠵᠢᠯ ᠪᠦᠷᠢ ᠳᠤᠮᠳᠠᠴᠢ ᠪᠠᠷ 6% ᠣᠷᠴᠢᠮ ᠨᠡᠮᠡᠭᠳᠡᠵᠦ᠂ ᠪᠥᠬᠦ | ᠠᠶᠢᠮᠠᠭ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠥᠨᠳᠥᠷ ᠪᠣᠯᠪᠠ᠃ ᠠᠵᠤ ᠦᠢᠯᠡᠳᠪᠦᠷᠢ ᠶᠢᠨ ᠠᠵᠤ | ᠠᠬᠤᠶ ᠦᠳᠲᠡᠷ ᠲᠦᠷᠭᠡᠨ ᠬᠥᠭᠵᠢᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠦᠷᠳᠡᠭ ᠵᠢᠯ ᠪᠦᠷᠢ ᠳᠤᠮᠳᠠᠴᠢ ᠪᠠᠷ 6.5% ᠪᠠᠷ ᠨᠡᠮᠡᠭᠳᠡᠪᠡ᠃ ᠪᠦᠲᠦᠮᠵᠢᠲᠡᠶ ᠪᠡᠯᠡ ᠣᠷᠣᠭᠤᠯᠤᠯᠲᠠ ᠶᠢᠨ | ᠬᠡᠪᠴᠢᠶ᠎ᠡ ᠶᠢ ᠢᠮᠠᠭᠲᠠ ᠨᠡᠮᠡᠭᠳᠡᠭᠦᠯᠵᠦ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ ᠵᠢᠯ ᠪᠦᠷᠢ | ᠳᠤᠮᠳᠠᠴᠢ ᠪᠠᠷ 10% ᠪᠠᠷ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠬᠡᠷᠡᠭᠯᠡᠭᠡ ᠶᠢᠨ ᠬᠤᠪᠢ ᠨᠡᠮᠡᠷᠢ ᠶᠢ ᠤᠯᠠᠮ | ᠨᠢᠭᠡ ᠠᠯᠬᠤᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ | ᠲᠤᠭ᠎ᠠ ᠶᠢ ᠵᠢᠯ ᠪᠦᠷᠢ ᠳᠤᠮᠳᠠᠴᠢ ᠪᠠᠷ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠯ ᠪᠦᠷᠢ | ᠳᠤᠮᠳᠠᠴᠢ ᠪᠠᠷ 5% ᠪᠠᠷ ᠨᠡᠮᠡᠭᠳᠡᠭᠦᠯᠦᠨ᠎ᠡ᠃ | ᠬᠤᠶᠠᠷ ᠲᠤ᠂ ᠰᠢᠨ᠎ᠡ ᠶᠢ ᠡᠭᠦᠳᠬᠦ ᠠᠮᠢᠳᠤᠯᠢᠭ ᠬᠦᠴᠦᠨ ᠢ ᠲᠠᠰᠤᠷᠠᠯᠳᠠ ᠦᠭᠡᠢ ᠪᠠᠳᠠᠶ᠋ᠷᠠᠭᠤᠯᠤᠨᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ᠠᠵᠤ | ᠠᠬᠤᠶ ᠶᠢᠨ ᠨᠡᠮᠡᠭᠳᠡᠯ ᠳᠤ ᠦᠵᠡᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠨᠡᠮᠡᠷᠢ ᠶᠢᠨ ᠨᠤᠷᠮ᠎ᠠ ᠶᠢ | ᠦᠷᠭᠦᠯᠵᠢᠯᠡᠨ ᠳᠡᠭᠡᠭᠰᠢᠯᠡᠭᠦᠯᠵᠦ᠂ ᠰᠤᠳᠤᠯᠤᠨ ᠨᠡᠭᠡᠭᠡᠬᠦ ᠵᠠᠷᠤᠳᠠᠯ ᠢ ᠵᠢᠯ ᠪᠦᠷᠢ ᠳᠤᠮᠳᠠᠴᠢ ᠪᠠᠷ 2.5% ᠪᠠᠷ | ᠨᠡᠮᠡᠭᠳᠡᠭᠦᠯᠵᠦ᠂ ᠲᠦᠮᠡᠨ ᠬᠥᠮᠦᠨ ᠤ ᠡᠭᠦᠳᠦᠯᠲᠡ ᠶᠢᠨ ᠲᠤᠰᠬᠠᠶ ᠠᠰᠢᠭ ᠤᠨ ᠲᠤᠭ᠎ᠠ ᠶᠢ 3.3 ᠬᠤᠪᠢ ᠬᠦᠷᠭᠡᠵᠦ᠂ | ᠲᠣᠭᠠᠴᠢᠯᠠᠭᠰᠠᠨ ᠠᠵᠤ ᠠᠬᠤᠶ ᠶᠢᠨ ᠭᠤᠣᠯᠯᠠᠬᠤ ᠠᠵᠤ ᠦᠢᠯᠡᠰ ᠤᠨ ᠨᠡᠮᠡᠭᠳᠡᠯ ᠦᠷᠳᠡᠭ ᠤᠨ ᠦᠢᠯᠡᠳᠪᠦᠷᠢᠯᠡᠯ ᠤᠨ | ᠪᠦᠬᠦ ᠦᠷᠳᠡᠭ ᠲᠤ ᠡᠵᠡᠯᠡᠬᠦ ᠬᠤᠪᠢ ᠶᠢᠨ ᠵᠢᠩ ᠢ 3% ᠳᠤ ᠬᠦᠷᠭᠡᠨ᠎ᠡ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠶ | ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠡᠵᠡᠯᠡᠬᠦ | ᠬᠠᠷᠢᠴᠠᠯ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠤ ᠲᠤᠭ᠎ᠠ ᠶᠢ | ᠢᠯᠡᠳᠲᠡ ᠳᠡᠭᠡᠭᠰᠢᠯᠡᠭᠦᠯᠵᠦ ᠂ ︽ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠦᠢᠯᠡᠰ ᠢ | ᠥᠷᠨᠢᠩᠭᠦᠶ ᠪᠠᠷ ᠬᠦᠭᠵᠢᠭᠦᠯᠵᠦ᠂ ᠬᠤᠳᠠ ᠶᠢᠨ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠴᠢᠩᠭᠠᠷᠠᠭᠤᠯᠤᠨ᠎ᠠ᠃ | | ᠭᠤᠷᠪᠠ ᠳᠤ᠂ ᠠᠮᠢ ᠠᠬᠤᠶ ᠶᠢᠨ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠭᠤᠯᠤᠨ᠎ᠠ᠃ ᠶᠡᠭᠡ | ᠬᠠᠮᠠᠭᠠᠯᠠᠯᠲᠠ ᠶᠢ ᠰᠠᠶᠢᠲᠤᠷ ᠠᠳᠬᠤᠵᠤ᠂ ᠶᠡᠭᠡ ᠵᠠᠰᠠᠯᠲᠠ ᠶᠢ ᠬᠠᠮᠵᠢᠯᠴᠠᠨ ᠠᠬᠢᠭᠤᠯᠵᠤ᠂ ᠪᠣᠬᠢᠷᠲᠤᠯ ᠦᠭᠡᠢ | ᠬᠥᠭᠵᠢᠯᠲᠡ ᠶᠢ ᠲᠤᠭᠤᠰᠢᠯᠠᠭᠤᠯᠤᠨ᠎ᠠ᠃ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ | ᠡᠵᠡᠯᠡᠬᠦ ᠬᠠᠷᠢᠴᠠᠯ ᠢ 97% ᠳᠤ ᠪᠠᠶᠢᠯᠭᠠᠵᠤ᠂ ᠭᠠᠵᠠᠷ ᠳᠡᠭᠡᠷᠡᠬᠢ ᠤᠰᠤᠨ ᠤ III ᠲᠥᠷᠥᠯ ᠤᠨ ᠤᠰᠤᠨ ᠤ | ᠬᠠᠷᠢᠴᠠᠯ ᠢ 100% ᠳᠤ ᠬᠦᠷᠦᠭᠦᠯᠦᠭᠰᠡᠨ ᠪᠤᠶᠤ ᠲᠡᠭᠦᠨ ᠠᠴᠠ ᠰᠠᠶᠢᠨ ᠪᠠᠶᠢᠯᠭᠠᠵᠤ᠂ ᠣᠶ ᠰᠢᠭᠤᠶ ᠶᠢᠨ | ᠪᠦᠷᠬᠦᠴᠡ ᠶᠢᠨ ᠨᠣᠷᠮ᠎ᠠ ᠶᠢ 26% ᠳᠤ ᠬᠦᠷᠦᠭᠦᠯᠵᠦ᠂ ᠲᠦᠮᠡᠨ ᠲᠥᠭᠦᠷᠢᠭ ᠤᠨ GDP ᠶᠢᠨ ᠡᠨᠧᠷᠭᠢ ᠶᠢᠨ | ᠬᠤᠷᠣᠭᠳᠠᠭᠤᠯᠤᠯ ᠢ 0.55 ᠲᠦᠮᠡᠨ ᠲᠣᠨ ᠣᠷᠴᠢᠮ ᠪᠣᠯᠲᠠᠯ᠎ᠠ ᠪᠠᠭᠤᠷᠠᠭᠤᠯᠤᠨ᠎ᠠ᠃ ᠴᠡᠪᠡᠷ ᠡᠨᠧᠷᠭᠢ ᠶᠢᠨ | ᠰᠤᠷᠪᠤᠯᠵᠢ ᠶᠢᠨ ᠶᠡᠷᠦᠩᠬᠡᠶ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 500 ᠲᠦᠮᠡᠨ ᠺᠢᠯᠣᠸᠠᠲ ᠲᠤ ᠬᠦᠷᠭᠡᠨ᠎ᠡ᠂ | ᠡᠭᠦᠨ ᠳᠤ ᠰᠠᠯᠬᠢᠨ ᠬᠦᠴᠦᠨ ᠤ ᠴᠠᠬᠢᠯᠭᠠᠨ ᠤ ᠵᠦᠢᠯᠡᠰ ᠢ 250 ᠲᠦᠮᠡᠨ ᠺᠢᠯᠣᠸᠠᠲ᠂ ᠭᠡᠷᠡᠯ ᠴᠠᠬᠢᠯᠭᠠᠨ ᠤ | ᠵᠦᠢᠯᠡᠰ ᠢ 150 ᠲᠦᠮᠡᠨ ᠺᠢᠯᠣᠸᠠᠲ᠂ 100 ᠲᠦᠮᠡᠨ ᠺᠢᠯᠣᠸᠠᠲ ᠤᠨ ᠤᠰᠤ ᠲᠠᠲᠠᠵᠤ ᠡᠨᠧᠷᠭᠢ ᠬᠠᠳᠠᠭᠠᠯᠠᠬᠤ | ᠴᠠᠬᠢᠯᠭᠠᠨ ᠰᠲ᠋ᠠᠨᠼᠢ ᠶᠢᠨ ᠵᠦᠢᠯᠡᠰ ᠢ ᠪᠠᠭᠲᠠᠭᠠᠨ᠎ᠠ᠃ | ᠳᠥᠷᠪᠡ ᠳᠤ᠂ ᠬᠤᠲᠠ ᠶᠢᠨ ᠲᠠᠲᠠᠬᠤ ᠬᠦᠴᠦᠨ ᠢ ᠭᠦᠶ᠋ᠴᠡᠳ ᠢᠯᠡᠷᠡᠭᠦᠯᠦᠨ᠎ᠡ᠃ ᠬᠤᠲᠠ ᠶᠢᠨ ᠬᠡᠷᠡᠯ ᠤᠨ | ᠲᠣᠤᠷ᠂ ᠴᠠᠬᠢᠯᠭᠠᠨ ᠤ ᠲᠣᠤᠷ᠂ ᠵᠠᠮ ᠤᠨ ᠲᠣᠤᠷ᠂ ᠬᠡᠶ ᠶᠢᠨ ᠲᠣᠤᠷ᠂ ᠤᠰᠤᠨ ᠤ ᠲᠣᠤᠷ ᠤᠨ ᠰᠠᠭᠤᠷᠢ | ᠪᠡᠯᠡᠳᠬᠡᠮᠵᠢ ᠶᠢᠨ ᠬᠠᠮᠤᠷᠬᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠠᠵᠤ ᠦᠶ᠋ᠯᠡᠰ ᠤᠨ ᠬᠦᠷᠢᠶᠡᠯᠡᠩ | ᠲᠣᠭᠤᠷᠢᠭ ᠤᠨ ᠳᠠᠭᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠤᠲᠠ ᠶᠢᠨ ᠣᠷᠴᠢᠨ | ᠲᠣᠭᠤᠷᠢᠨ ᠤ ᠵᠠᠰᠠᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠷᠠᠳ ᠠᠴᠠ ᠡᠵᠡᠩᠨᠡᠭᠰᠡᠨ ᠠᠵᠤ ᠠᠬᠤᠶ ᠪᠠ ᠦᠢᠯᠡᠴᠢᠯᠡᠭᠡᠨ ᠤ | ᠦᠢᠯᠡᠰ ᠢ ᠲᠦᠷᠭᠡᠨ ᠬᠥᠭᠵᠢᠭᠦᠯᠵᠦ᠂ ᠬᠥᠮᠦᠨ ᠠᠮᠠ ᠶᠢᠨ ᠲᠥᠪᠯᠡᠷᠡᠯ ᠤᠨ ᠴᠢᠳᠠᠪᠤᠷᠢ ᠶᠢ ᠢᠯᠡᠳᠲᠡ ᠨᠡᠮᠡᠭᠳᠡᠭᠦᠯᠦᠨ᠂ | ᠰᠢᠨ᠎ᠡ ᠪᠠᠷ ᠰᠠᠭᠤᠷᠢᠰᠢᠭᠰᠠᠨ ᠬᠥᠮᠦᠨ ᠠᠮᠠ ᠶᠢ 10 ᠲᠦᠮᠡ ᠠᠴᠠ ᠳᠡᠭᠡᠭᠰᠢ ᠬᠦᠷᠦᠭᠦᠯᠦᠨ᠎ᠡ᠃ | ᠲᠠᠪᠤ ᠳᠤ᠂ ᠨᠡᠭᠡᠭᠡᠯᠳᠡ ᠶᠢᠨ ᠪᠠᠶᠢᠷᠢᠰᠢᠯ ᠢ ᠲᠦᠷᠭᠡᠪᠴᠢᠯᠡᠨ ᠪᠦᠷᠢᠯᠳᠦᠭᠦᠯᠦᠨ᠎ᠡ᠃ ᠤᠯᠤᠰ ᠤᠨ ︽ᠨᠢᠭᠡ ᠪᠦᠰᠡ | ᠨᠢᠭᠡ ᠵᠠᠮ︾ ᠤᠨ ᠬᠥᠭᠵᠢᠯᠲᠡ ᠶᠢᠨ ᠶᠡᠭᠡ ᠪᠠᠶᠢᠷᠢᠰᠢᠯ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ | ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠠᠵᠤ ᠦᠢᠯᠡᠰ ᠤᠨ | ᠠᠵᠢᠯ ᠤᠨ ᠬᠤᠪᠢᠶᠠᠷᠢᠯᠠᠯ᠂ ᠠᠵᠤ ᠦᠢᠯᠡᠰ ᠤᠨ ᠰᠢᠰᠲ᠋ᠧᠮᠵᠢ ᠶᠢᠨ ᠪᠠᠶᠢᠭᠤᠯᠤᠯᠲᠠ ᠪᠠᠷ ᠬᠤᠯᠪᠣᠭᠠᠰᠤ ᠪᠣᠯᠭᠠᠨ᠂ | ᠳᠠᠪᠠᠭᠤᠯᠢᠭ ᠠᠵᠤ ᠦᠢᠯᠡᠰ ᠤᠨ ᠰᠦᠷᠦᠭᠵᠢᠯ ᠢ ᠬᠤᠯᠪᠣᠭᠠᠯᠠᠨ ᠪᠣᠶ ᠪᠣᠯᠭᠠᠵᠤ᠂ ᠣᠷᠣᠨ ᠪᠦᠰᠡ ᠶᠢᠨ | ᠬᠠᠮᠵᠢᠯᠴᠠᠭ᠎ᠠ ᠶᠢ ᠲᠠᠰᠤᠷᠠᠯᠲᠠ ᠥᠬᠡᠶ ᠴᠢᠩᠭᠠᠳᠬᠠᠨ᠂ ᠠᠵᠤ ᠠᠬᠤᠶ ᠶᠢᠨ ᠨᠡᠭᠡᠭᠡᠯᠲᠡ ᠶᠢᠨ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠵᠦ᠂ ᠡᠷᠭᠢᠯᠲᠡ ᠶᠢ ᠰᠠᠭᠠᠳ ᠥᠬᠡᠶ ᠨᠡᠪᠲᠡᠷᠡᠭᠦᠯᠵᠦ᠂ ᠳᠣᠲᠣᠭᠠᠳᠤ ᠭᠠᠳᠠᠭᠠᠳᠤ ᠶᠢ | ᠬᠤᠯᠪᠣᠯᠳᠤᠭᠤᠯᠤᠭᠰᠠᠨ ᠨᠡᠭᠡᠭᠡᠯᠲᠡ ᠶᠢᠨ ᠰᠢᠨ᠎ᠡ ᠡᠮᠦᠨᠡᠳᠦ ᠬᠤᠰᠢᠭᠤ ᠶᠢ ᠲᠦᠷᠭᠡᠳᠬᠡᠨ ᠪᠣᠶ ᠪᠣᠯᠭᠠᠨ᠎ᠠ᠃ | ᠵᠢᠷᠭᠤᠭ᠎ᠠ ᠳᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠢᠯᠡᠳᠲᠡ ᠨᠡᠮᠡᠭᠳᠡᠭᠦᠯᠦᠨ᠎ᠡ᠃ ᠠᠳᠠᠯ ᠦᠢᠯᠡᠰ | ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ | ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4.5% ᠶᠢᠨ ᠳᠣᠲᠣᠷ᠎ᠠ | ᠬᠢᠵᠠᠭᠠᠷᠯᠠᠵᠤ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢ ᠵᠢᠯ ᠪᠦᠷᠢ ᠳᠤᠮᠳᠠᠴᠢ ᠪᠠᠷ 7% ᠪᠠ 11% ᠪᠠᠷ ᠨᠡᠮᠡᠭᠳᠡᠭᠦᠯᠦᠨ᠎ᠡ᠃ ᠬᠤᠳᠠ | ᠬᠥᠳᠡᠭᠡ ᠶᠢ ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠪᠠ ᠤᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮ ᠢ ᠨᠡᠩ ᠳᠡᠭᠦᠯᠳᠡᠷᠵᠢᠭᠦᠯᠵᠦ᠂ ᠬᠤᠳᠠ ᠬᠥᠳᠡᠭᠡ ᠶᠢᠨ ᠵᠠᠮ ᠬᠠᠷᠢᠯᠴᠠᠭ᠎ᠠ᠂ ᠨᠠᠰᠤᠵᠢᠯ ᠤᠨ ᠠᠰᠠᠷᠠᠮᠵᠢ᠂ | ᠡᠮ ᠡᠮᠨᠡᠯᠭᠡ᠂ ᠰᠤᠷᠭᠠᠨ ᠬᠥᠮᠦᠵᠢᠯ᠂ ᠴᠡᠴᠡᠷᠯᠢᠭ ᠲᠤ ᠣᠷᠣᠬᠤ ᠵᠡᠷᠭᠡ ᠠᠷᠠᠳ ᠤᠨ ᠠᠮᠢᠳᠤᠷᠠᠯ ᠳᠤ ᠬᠤᠯᠪᠣᠭᠳᠠᠬᠤ | ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠨ᠎ᠡ᠃ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ | ᠣᠷᠣᠯᠴᠠᠭᠰᠠᠨ ᠨᠣᠷᠮ᠎ᠠ ᠶᠢ 95% ᠳᠤ ᠬᠦᠷᠦᠭᠦᠯᠵᠦ᠂ ᠮᠢᠩᠭᠠᠨ ᠬᠥᠮᠦᠨ ᠪᠦᠷᠢ ᠳᠤ ᠨᠣᠭᠳᠠᠬᠤ ᠠᠵᠢᠯ ᠡᠷᠭᠢᠯᠡᠬᠦ | ︵ᠲᠤᠰᠠᠯᠠᠭᠴᠢ︶ ᠡᠮᠴᠢ ᠶᠢᠨ ᠲᠤᠭ᠎ᠠ ᠶᠢ 3 ᠠᠴᠠ ᠳᠠᠪᠠᠭᠤᠯᠵᠤ᠂ ᠮᠢᠩᠭᠠᠨ ᠬᠥᠮᠦᠨ ᠪᠦᠷᠢ ᠳᠤ ᠨᠣᠭᠳᠠᠬᠤ | ᠭᠤᠷᠪᠠᠨ ᠨᠠᠰᠤᠨ ᠠᠴᠠ ᠳᠣᠷᠣᠭᠰᠢᠬᠢ ᠨᠢᠯᠬ᠎ᠠ ᠬᠡᠤᠬᠡᠳ ᠤᠨ ᠪᠠᠶᠢᠷᠢ ᠨᠠᠶᠢᠳᠠᠭᠰᠠᠨ ᠲᠤᠭ᠎ᠠ ᠶᠢ 0.42 ᠪᠣᠯᠭᠠᠵᠤ᠂ | ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠰᠤᠷᠭᠠᠭᠤᠯᠢ ᠳᠤ ᠣᠷᠣᠬᠤ ᠪᠥᠬᠦ ᠨᠣᠷᠮ᠎ᠠ᠂ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠪᠥᠬᠦ | ᠨᠣᠷᠮ᠎ᠠ᠂ ᠭᠤᠷᠪᠠᠨ ᠲᠥᠷᠥᠯ ᠤᠨ ᠵᠡᠮᠳᠡᠭ ᠬᠡᠤᠬᠡᠳ ᠤᠨ ᠰᠤᠷᠭᠠᠭᠤᠯᠢ ᠳᠤ ᠣᠷᠣᠬᠤ ᠪᠥᠬᠦ ᠨᠣᠷᠮ᠎ᠠ ᠶᠢ ᠴᠥᠮ | 95% ᠠᠴᠠ ᠳᠡᠭᠡᠭᠰᠢ ᠬᠦᠷᠦᠭᠦᠯᠦᠨ᠎ᠡ᠃ | ᠲᠤᠯᠤᠭ᠎ᠠ ᠳᠤ᠂ ᠵᠠᠰᠠᠯᠲᠠ ᠶᠢᠨ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠦᠨ᠎ᠡ᠃ ᠵᠠᠰᠠᠭ ᠤᠨ | ᠣᠷᠳᠣᠨ ᠤ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠨᠡᠶᠢᠲᠡ ᠶᠢᠨ ᠢᠲᠡᠭᠡᠮᠵᠢ ᠶᠢ ᠢᠯᠡᠳᠲᠡ ᠳᠡᠭᠡᠭᠰᠢᠯᠡᠭᠦᠯᠵᠦ᠂ | ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠤᠨ ᠪᠠᠶᠢᠳᠠᠯ ᠢ ᠪᠠᠬᠢᠵᠢᠭᠦᠯᠦᠨ ᠬᠥᠭᠵᠢᠭᠦᠯᠵᠦ᠂ ᠬᠦᠨᠳᠦ ᠶᠡᠭᠡ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠯ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠬᠦᠯᠵᠦ᠂ | ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠢᠯᠡᠳᠲᠡ | ᠳᠡᠭᠡᠭᠰᠢᠯᠡᠭᠦᠯᠵᠦ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠂ | ᠠᠮᠤᠭᠤᠯᠠᠩ ᠲᠠᠶᠢᠪᠤᠩ ᠡᠮᠦᠨᠡᠲᠦ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠨᠠᠩ ᠥᠨᠳᠥᠷ ᠲᠦᠪᠰᠢᠨ ᠳᠤ | ᠬᠦᠷᠭᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ | ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ | ᠲᠥᠯᠥᠭᠡᠯᠡᠭᠴᠢᠳ ᠡ᠂ ᠣᠳᠣᠬᠠᠨ ᠳᠤ ᠬᠤᠷᠸ᠎ᠠ ᠠᠵᠤ ᠠᠬᠤᠶ ᠶᠢᠨ ᠪᠠᠶᠢᠳᠠᠯ ᠮᠥᠨ ᠯᠡ ᠨᠠᠷᠢᠨ ᠪᠤᠳᠤᠯᠢᠶᠠᠨᠲᠠᠶ | ᠪᠠᠶᠢᠵᠤ᠂ ᠠᠵᠤ ᠠᠬᠤᠶ ᠶᠢᠨ ᠦᠷᠭᠦᠯᠵᠢᠯᠡᠨ ᠨᠡᠯᠢᠶᠡᠳ ᠲᠦᠷᠭᠡᠨ ᠬᠥᠭᠵᠢᠬᠦ ᠶᠢ ᠪᠠᠲᠤᠯᠠᠬᠤ ᠡᠭᠦᠷᠭᠡ ᠮᠥᠨ ᠯᠡ | ᠪᠡᠷᠬᠡ ᠬᠠᠲᠠᠭᠤᠵᠢᠯᠲᠠᠶ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠠᠷᠤᠯᠲᠠ ᠮᠥᠨ ᠯᠡ | ᠣᠷᠣᠰᠢᠭᠰᠠᠭᠠᠷ ᠪᠠᠶᠢᠨ᠎ᠠ᠃ ᠪᠢᠳᠡ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ | ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ | ᠬᠠᠤᠯᠢ ᠴᠠᠭᠠᠵᠠ ᠶᠢᠨ ᠬᠢᠨᠠᠯᠲᠠ ᠳᠡᠮᠵᠢᠯᠭᠡ ᠳᠣᠣᠷ᠎ᠠ᠂ ᠬᠤᠰᠢᠭᠤᠨ ᠤ ᠤᠯᠤᠰ ᠳᠦᠷᠤ ᠶᠢᠨ ᠵᠦᠪᠯᠡᠯᠭᠡᠨ ᠤ | ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠳᠡᠮᠵᠢᠯᠭᠡ ᠳᠣᠤᠷ᠎ᠠ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ | ᠪᠠᠲᠤ ᠴᠢᠩᠭ᠎ᠠ ᠢᠲᠡᠭᠡᠯ ᠵᠣᠷᠢᠭ᠂ ᠨᠠᠩ ᠨᠠᠷᠢᠨ ᠬᠢᠨᠠᠮᠠᠭᠠᠶ ᠣᠪᠣᠷ ᠢᠶᠠᠷ ᠠᠰᠢᠭᠲᠠᠶ ᠨᠥᠬᠦᠴᠡᠯ ᠢ ᠠᠰᠢᠭᠯᠠᠨ᠂ ᠠᠰᠢᠭ | ᠣᠢᠭᠡᠢ ᠬᠦᠴᠦᠨ ᠵᠦᠢᠯ ᠢ ᠢᠯᠠᠨ ᠳᠠᠪᠠᠵᠤ᠂ ᠡᠯ᠎ᠡ ᠵᠦᠢᠯ ᠤᠨ ᠠᠶᠤᠯ ᠲᠦᠭᠰᠢᠭᠦᠷᠢ ᠪᠠ ᠥᠷᠢᠰᠥᠯᠳᠦᠭᠡᠨ ᠢ | ᠢᠳᠡᠪᠬᠢᠲᠡᠶ ᠪᠠᠷ ᠠᠷᠭᠠᠴᠠᠨ᠂ ᠪᠦᠭᠦ ᠵᠢᠯ ᠪᠠ ᠬᠤᠶᠢᠰᠢᠳᠠ ᠶᠢᠨ ᠡᠯ᠎ᠡ ᠵᠦᠢᠯ ᠤᠨ ᠠᠵᠤ ᠠᠬᠤᠶ ᠶᠢᠨ | ᠭᠦᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠦᠭᠵᠢᠯᠲᠡ ᠶᠢᠨ ᠲᠥᠯᠥᠭᠡ ᠴᠢᠷᠮᠠᠶᠢᠨ ᠲᠡᠮᠡᠴᠡᠨ᠎ᠡ︕ | | |